ᠪᠣᠯᠪᠠᠰᠤᠨ ᠢᠶᠠᠷ ᠨᠣᠬᠠᠢ ᠲᠡᠵᠢᠭᠡᠵᠦ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠳᠤ ᠬᠦᠴᠦᠨ ᠨᠡᠮᠡᠷᠢᠯᠡᠶ᠎ᠡ
ᠨᠡᠶᠢᠲᠡᠯᠡᠭᠰᠡᠨ ᠴᠠᠭ᠄
2021/8/23
res01_attpic_briefoooo.jpg
      8  ᠳ᠋ᠤᠭᠠᠷ ᠰᠠᠷ᠎ᠠ ᠶᠢᠨ 22 ᠤᠨ ᠡᠳᠦᠷ᠂ ᠢᠦᠶ ᠴᠢᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠲᠠ ᠶᠢᠨ ᠬᠠᠮᠢᠶᠠᠷᠤᠯᠲᠠ ᠶᠢᠨ ᠰᠠᠯᠪᠤᠷᠢ ᠠᠩᠭᠢ ᠲᠠᠢ ᠬᠠᠮᠲᠤᠷᠠᠨ ᠰᠢᠯᠢ ᠶᠢᠨ ᠴᠡᠴᠡᠷᠯᠢᠭ ᠲᠤ ︽ᠪᠣᠯᠪᠠᠰᠤᠨ ᠢᠶᠠᠷ ᠨᠣᠬᠠᠶ ᠲᠡᠵᠢᠭᠡᠬᠦ ᠶᠢ ᠰᠠᠨᠠᠭᠠᠴᠢᠯᠠᠵᠤ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ︾ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃       ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠤᠬᠠᠭᠤᠯᠭ᠎ᠠ ᠶᠢᠨ ᠰᠠᠮᠪᠠᠷ᠎ᠠ ᠲᠠᠯᠪᠢᠬᠤ᠂ ᠤᠯᠠᠨ ᠲᠦᠮᠡᠨ ᠤ ᠯᠠᠪᠯᠠᠯᠭ᠎ᠠ ᠶᠢ ᠬᠦᠯᠢᠶᠡᠨ ᠠᠪᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ︽ᠬᠥᠬᠡᠬᠤᠲᠠ ᠶᠢᠨ ᠨᠣᠬᠠᠢ ᠲᠡᠵᠢᠭᠡᠬᠦ ᠬᠠᠮᠢᠶᠠᠷᠤᠯᠲᠠ ᠶᠢᠨ ᠲᠣᠭᠲᠠᠭᠠᠯ︾ ᠢ ᠨᠡᠪᠲᠡᠷᠡᠭᠦᠯᠬᠦ ᠵᠡᠷᠭᠡ ᠬᠡᠯᠪᠡᠷᠢ ᠪᠠᠷ ᠳᠠᠮᠵᠢᠭᠤᠯᠵᠤ᠂ ᠪᠣᠯᠪᠠᠰᠤᠨ ᠢᠶᠠᠷ ᠨᠣᠬᠠᠢ ᠲᠡᠵᠢᠭᠡᠬᠦ ᠮᠡᠳᠡᠯᠭᠡ ᠪᠣᠯᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠥᠷᠭᠡᠨ ᠢᠶᠠᠷ ᠤᠬᠠᠭᠤᠯᠵᠤ᠂ ᠬᠤᠳᠠ ᠶᠢᠨ ᠠᠷᠠᠳ ᠪᠣᠯᠪᠠᠰᠤᠨ ᠢᠶᠠᠷ ᠨᠣᠬᠠᠢ  ‍ᠡᠵᠢᠭᠡᠵᠦ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠳᠤ ᠬᠦᠴᠦᠨ ᠨᠡᠮᠡᠷᠢᠯᠡᠬᠦ ᠶᠢ ᠰᠠᠨᠠᠭᠠᠴᠢᠯᠠᠵᠠᠢ᠃         ᠰᠤᠷᠪᠤᠯᠵᠢᠯᠠᠭᠴᠢ ᠸᠠᠩ ᠵᠥᠩ ᠵᠸᠦ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ