ᠬᠡᠰᠡᠭ ᠣᠷᠣᠨ ᠨᠤᠲᠤᠭ ᠤᠨ ᠴᠢᠨᠠᠷᠲᠠᠢ ᠬᠠᠤᠯᠢ ᠳᠦᠷᠢᠮ ᠢ ᠬᠦᠴᠦᠨ ᠦᠭᠡᠢ ᠪᠣᠯᠭᠠᠬᠤ ᠲᠤᠬᠠᠢ ᠬᠥᠬᠡᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠰᠢᠢᠳᠪᠦᠷᠢ
ᠨᠡᠶᠢᠲᠡᠯᠡᠭᠰᠡᠨ ᠴᠠᠭ᠄
2021/8/24
             ᠬᠡᠰᠡᠭ ᠣᠷᠣᠨ ᠨᠤᠲᠤᠭ ᠤᠨ ᠴᠢᠨᠠᠷᠲᠠᠢ ᠬᠠᠤᠯᠢ ᠳᠦᠷᠢᠮ ᠢ ᠬᠦᠴᠦᠨ ᠦᠭᠡᠢ ᠪᠣᠯᠭᠠᠬᠤ ᠲᠤᠬᠠᠢ        ᠬᠥᠬᠡᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠰᠢᠢᠳᠪᠦᠷᠢ               ︵2021 ᠣᠨ ᠤ 4 ᠳ᠋ᠦ᠋ᠭᠡᠷ ᠰᠠᠷ᠎ᠠ ᠶᠢᠨ 29 ᠤ ᠡᠳᠦᠷ ᠤᠨ ᠬᠥᠬᠡᠬᠤᠲᠠ ᠶᠢᠨ ᠠᠷᠪᠠᠨ ᠲᠠᠪᠤᠳᠤᠭᠠᠷ               ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢ               ᠶᠢᠰᠦᠳᠦᠭᠡᠷ ᠤᠳᠠᠭ᠎ᠠ ᠶᠢᠨ ᠬᠤᠷᠠᠯ ᠢᠶᠠᠷ ᠪᠠᠲᠤᠯᠠᠵᠤ 2021 ᠣᠨ ᠤ 7 ᠳ᠋ᠤᠭᠠᠷ ᠰᠠᠷ᠎ᠠ ᠶᠢᠨ 29 ᠤ               ᠡᠳᠦᠷ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ               ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠳᠣᠯᠣᠳᠤᠭᠠᠷ               ᠤᠳᠠᠭ᠎ᠠ ᠶᠢᠨ ᠬᠤᠷᠠᠯ ᠢᠶᠠᠷ ᠵᠥᠪᠰᠢᠶᠡᠷᠡᠪᠡ︶           ᠬᠥᠬᠡᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢ ᠶᠢᠰᠦᠳᠦᠭᠡᠷ ᠤᠳᠠᠭ᠎ᠠ ᠶᠢᠨ ᠬᠤᠷᠠᠯ ᠠᠴᠠ ᠰᠢᠢᠳᠪᠦᠷᠢ ᠭᠠᠷᠭᠠᠵᠤ᠂ ᠳᠣᠣᠷ᠎ᠠ ᠵᠢᠭᠰᠠᠭᠠᠭᠰᠠᠨ ᠣᠷᠣᠨ ᠨᠤᠲᠤᠭ ᠤᠨ ᠴᠢᠨᠠᠷᠲᠠᠢ ᠬᠠᠤᠯᠢ ᠳᠦᠷᠢᠮ ᠢ ᠬᠦᠴᠦᠨ ᠦᠭᠡᠢ ᠪᠣᠯᠭᠠᠨ᠎ᠠ᠃      ᠨᠢᠭᠡ᠂ ︽ᠬᠥᠬᠡᠬᠤᠲᠠ ᠶᠢᠨ ᠰᠢᠤᠳᠠᠨ ᠤ ᠴᠢᠮᠡᠭᠡ ᠬᠤᠯᠪᠣᠭ᠎ᠠ ᠶᠢᠨ ᠬᠠᠮᠢᠶᠠᠷᠤᠯᠲᠠ ᠶᠢᠨ ᠳᠦᠷᠢᠮ︾ ︵1998 ᠣᠨ ᠤ 8 ᠳ᠋ᠤᠭᠠᠷ ᠰᠠᠷ᠎ᠠ ᠶᠢᠨ 27 ᠤ ᠡᠳᠦᠷ ᠤᠨ ᠬᠥᠬᠡᠬᠤᠲᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠨᠢᠭᠡᠳᠦᠭᠡᠷ ᠤᠳᠠᠭ᠎ᠠ ᠶᠢᠨ ᠬᠤᠷᠠᠯ ᠢᠶᠠᠷ ᠪᠠᠲᠤᠯᠠᠵᠤ 1998 ᠣᠨ ᠤ 11 ᠳ᠋ᠦ᠋ᠭᠡᠷ ᠰᠠᠷ᠎ᠠ ᠶᠢᠨ 27 ᠤ ᠡᠳᠦᠷ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠢᠰᠦᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠵᠢᠷᠭᠤᠳᠤᠭᠠᠷ ᠤᠳᠠᠭ᠎ᠠ ᠶᠢᠨ ᠬᠤᠷᠠᠯ ᠢᠶᠠᠷ ᠵᠥᠪᠰᠢᠶᠡᠷᠡᠪᠡ︶      ᠬᠤᠶᠠᠷ᠂ ︽ᠬᠥᠬᠡᠬᠤᠲᠠ ᠶᠢᠨ ᠤᠯᠤᠰ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠪᠣᠳᠣᠬᠤ ᠠᠷᠭ᠎ᠠ︾ ︵2005 ᠣᠨ ᠤ 10 ᠳ᠋ᠤᠭᠠᠷ ᠰᠠᠷ᠎ᠠ ᠶᠢᠨ 28 ᠤ ᠡᠳᠦᠷ ᠤᠨ ᠬᠥᠬᠡᠬᠤᠲᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠬᠤᠶᠠᠳᠤᠭᠠᠷ ᠤᠳᠠᠭ᠎ᠠ ᠶᠢᠨ ᠬᠤᠷᠠᠯ ᠢᠶᠠᠷ ᠪᠠᠲᠤᠯᠠᠵᠤ 2006 ᠣᠨ ᠤ 1 ᠳ᠋ᠦ᠋ᠭᠡᠷ ᠰᠠᠷ᠎ᠠ ᠶᠢᠨ 11 ᠤ ᠡᠳᠦᠷ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠳᠤᠭᠠᠷ ᠤᠳᠠᠭ᠎ᠠ ᠶᠢᠨ ᠬᠤᠷᠠᠯ ᠢᠶᠠᠷ ᠵᠥᠪᠰᠢᠶᠡᠷᠡᠪᠡ︶      ᠭᠤᠷᠪᠠ᠂ ︽ᠬᠥᠬᠡᠬᠤᠲᠠ ᠶᠢᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠳᠦᠷᠢᠮ︾ ︵2002 ᠣᠨ ᠤ 4 ᠳ᠋ᠦ᠋ᠭᠡᠷ ᠰᠠᠷ᠎ᠠ ᠶᠢᠨ 26 ᠤ ᠡᠳᠦᠷ ᠤᠨ ᠬᠥᠬᠡᠬᠤᠲᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠨᠠᠢᠮᠠᠳᠤᠭᠠᠷ ᠤᠳᠠᠭ᠎ᠠ ᠶᠢᠨ ᠬᠤᠷᠠᠯ ᠢᠶᠠᠷ ᠪᠠᠲᠤᠯᠠᠵᠤ 2002 ᠣᠨ ᠤ 5 ᠳ᠋ᠤᠭᠠᠷ ᠰᠠᠷ᠎ᠠ ᠶᠢᠨ 25 ᠤ ᠡᠳᠦᠷ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠢᠰᠦᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠳᠤᠭᠠᠷ ᠤᠳᠠᠭ᠎ᠠ ᠶᠢᠨ ᠬᠤᠷᠠᠯ ᠢᠶᠠᠷ ᠵᠥᠪᠰᠢᠶᠡᠷᠡᠪᠡ︶      ᠲᠤᠰ ᠰᠢᠢᠳᠪᠦᠷᠢ ᠨᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠦᠴᠦᠨ ᠲᠠᠢ ᠪᠣᠯᠤᠨ᠎ᠠ ᠃ 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ