| | | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠲᠠᠷᠢᠭᠤᠯᠤᠭᠰᠠᠨ ᠥᠬᠡᠶ ᠠᠶᠠᠨᠴᠢᠳ ᠬᠥᠬᠡᠬᠤᠲᠠ ᠳᠤ ᠢᠷᠡᠭᠰᠡᠨ ᠳᠠᠷᠤᠢ | ᠸᠠᠺᠼᠢᠨ ᠤ ᠲᠠᠷᠢᠯᠭ᠎ᠠ ᠲᠠᠷᠢᠭᠤᠯᠬᠤ ᠳᠤ ᠲᠥᠬᠦᠮ ᠦᠵᠡᠭᠦᠯᠬᠦ ᠶᠢᠨ ᠲᠤᠰᠠᠳᠠ᠂ ᠬᠥᠬᠡᠬᠤᠲᠠ ᠶᠢᠨ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ | ᠬᠤᠷᠢᠶᠠᠨ ᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠩᠭᠢ 8 ᠳ᠋ᠤᠭᠠᠷ ᠰᠠᠷ᠎ᠠ ᠶᠢᠨ 23 ᠤ ᠡᠳᠦᠷ ᠬᠥᠬᠡᠬᠤᠲᠠ ᠶᠢᠨ ᠭᠠᠯᠲᠤ | ᠲᠡᠷᠭᠡᠨ ᠤ ᠵᠡᠭᠦᠨ ᠥᠷᠲᠡᠭᠡ ᠳᠤ ᠣᠷᠣᠵᠤ ᠰᠠᠭᠤᠪᠠ᠃ ᠡᠮᠴᠢ ᠰᠤᠪᠢᠯᠠᠭᠴᠢᠳ ᠲᠤᠬᠠᠶ ᠶᠢᠨ ᠲᠠᠯᠠᠪᠤᠷ ᠲᠤ ᠠᠵᠢᠯ ᠢᠶᠠᠨ ᠲᠣᠳᠣᠷᠬᠠᠶ ᠬᠤᠪᠢᠶᠠᠵᠤ᠂ ᠲᠠᠷᠢᠯᠭ᠎ᠠ | ᠲᠠᠷᠢᠭᠤᠯᠬᠤ ᠬᠥᠮᠥᠨ ᠤ ᠪᠡᠶ᠎ᠡ ᠶᠢᠨ ᠭᠠᠷᠤᠯ ᠢ ᠬᠢᠨᠠᠨ ᠬᠠᠷᠭᠤᠭᠤᠯᠬᠤ᠂ ᠡᠪᠡᠳᠴᠢᠨ ᠤ ᠲᠡᠦᠬᠡ ᠶᠢ ᠯᠠᠪᠯᠠᠬᠤ᠂ ᠴᠢᠰᠤᠨ ᠳᠠᠷᠤᠯᠲᠠ ᠶᠢ ᠬᠡᠮᠵᠢᠬᠦ᠂ ᠸᠠᠺᠼᠢᠨ ᠤ | ᠲᠠᠷᠢᠯᠭ᠎ᠠ ᠲᠠᠷᠢᠬᠤ᠂ ᠦᠯᠡᠳᠡᠭᠡᠵᠦ ᠠᠵᠢᠭᠯᠠᠬᠤ ᠵᠡᠷᠭᠡ ᠠᠵᠢᠯ ᠤᠨ ᠡᠯ᠎ᠡ ᠭᠤᠭᠴᠤᠭ᠎ᠠ ᠶᠢ ᠴᠥᠮ ᠡᠮᠬᠢ ᠵᠠᠮᠪᠠᠷᠠᠭ᠎ᠠ ᠲᠠᠢ ᠶᠠᠪᠤᠭᠳᠠᠭᠤᠯᠵᠤ ᠪᠠᠶᠢᠨ᠎ᠠ᠃ | ᠰᠤᠷᠪᠤᠯᠵᠢᠯᠠᠭᠴᠢ ᠯᠢᠶᠠᠩ ᠵᠢᠩ ᠱᠤ᠋ ᠰᠡᠭᠦᠳᠡᠷᠯᠡᠪᠡ |