ᠬᠦᠬᠡᠬᠤᠳᠠ ᠸᠠᠺᠼᠢᠨ ᠤ ᠲᠠᠷᠢᠯᠭ᠎ᠠ ᠬᠢᠭᠰᠡᠨ ᠦᠭᠡᠢ ᠲᠦᠷᠢᠶᠡᠰᠦᠨ ᠮᠠᠰᠢᠨ ᠤ ᠵᠢᠯᠤᠭᠤᠴᠢ ᠶᠢᠨ ᠦᠢᠯᠡᠴᠢᠯᠡᠭᠡ ᠶᠢ ᠵᠤᠭᠰᠤᠭᠠᠨ᠎ᠡ
ᠨᠡᠶᠢᠲᠡᠯᠡᠭᠰᠡᠨ ᠴᠠᠭ᠄
2021/8/24
      ᠬᠥᠬᠡᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ 8 ᠰᠠᠷ᠎ᠠ ᠶᠢᠨ ᠡᠴᠦᠰ ᠪᠣᠯᠲᠠᠯ᠎ᠠ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠡᠷᠢᠯᠭ᠎ᠠ ᠬᠢᠭᠰᠡᠨ ᠥᠬᠡᠶ ᠬᠦᠬᠡᠬᠤᠳᠠ ᠶᠢᠨ ᠲᠦᠷᠢᠶᠡᠰᠦᠨ ᠮᠠᠰᠢᠨ ᠲᠡᠷᠭᠡ᠂ ᠰᠦᠯᠵᠢᠶ᠎ᠡ ᠪᠠᠷ ᠪᠣᠯᠵᠣᠬᠤ ᠮᠠᠰᠢᠨ ᠲᠡᠷᠭᠡᠨ ᠤ ᠵᠢᠯᠣᠭᠤᠴᠢ ᠶᠢᠨ ᠮᠠᠰᠢᠨ ᠲᠡᠷᠭᠡ ᠵᠢᠯᠤᠭᠤᠳᠬᠤ ᠦᠢᠯᠡᠴᠢᠯᠡᠭᠡ ᠶᠢ ᠲᠦᠷ ᠵᠣᠭᠰᠣᠭᠠᠬᠤ ᠪᠠᠷ ᠪᠣᠶ᠃      ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠬᠦᠬᠡᠬᠤᠳᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠸᠠᠺᠼᠢᠨ ᠤ ᠲᠠᠷᠢᠯᠭ᠎ᠠ ᠬᠢᠬᠦ ᠬᠠᠮᠢᠶ᠎ᠠ ᠪᠥᠬᠦᠶ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠠᠵᠢᠯᠲᠠᠨ ᠢ ᠭᠦᠶ᠋ᠴᠡᠳ ᠳᠤᠬᠢᠷᠠᠭᠤᠯᠤᠨ᠂ 24 ᠴᠠᠭ ᠢᠶᠠᠷ ᠵᠢᠵᠢᠭᠦᠷᠯᠡᠬᠦ ᠶᠢ ᠪᠠᠳᠤᠯᠠᠪᠠ︔ ᠨᠡᠶᠢᠳᠡ ᠶᠢᠨ ᠮᠠᠰᠢᠨ ᠲᠡᠷᠭᠡ ᠪᠠ ᠵᠢᠮᠳᠤ ᠲᠡᠮᠦᠷ ᠵᠠᠮ ᠤᠨ ᠵᠠᠮ ᠲᠡᠭᠡᠭᠡᠪᠦᠷᠢ ᠶᠢᠨ ᠠᠵᠢᠯ ᠲᠥᠷᠥᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠢᠨᠠᠨ ᠵᠢᠯᠣᠭᠤᠳᠴᠤ ᠪᠠᠶᠢᠴᠠᠭᠠᠬᠤ ᠠᠵᠢᠯ ᠢ ᠴᠢᠩᠭᠠᠳᠬᠠᠪᠠ︔ ᠲᠦᠷᠢᠶᠡᠰᠦᠨ ᠮᠠᠰᠢᠨ ᠤ ᠵᠢᠯᠣᠭᠤᠴᠢ ᠠᠵᠢᠯᠯᠠᠵᠤ ᠪᠠᠶᠢᠭ᠎ᠠ ᠬᠤᠭᠤᠴᠠᠭᠠᠨ ᠳᠠᠭᠠᠨ ᠵᠠᠪᠠᠯ ᠠᠮᠠᠪᠴᠢ ᠵᠡᠭᠦᠬᠦ ᠬᠡᠷᠡᠭᠲᠡᠶ ᠪᠥᠭᠡᠳ ᠡᠳᠦᠷ ᠪᠦᠷᠢ ᠶᠢᠨ ᠪᠡᠶ᠎ᠡ ᠶᠢᠨ ᠲᠤᠯᠠᠭᠠᠨ ᠤ ᠪᠠᠶᠢᠴᠠᠭᠠᠯᠲᠠ ᠬᠢᠬᠦ ᠬᠡᠷᠡᠭᠲᠡᠶ︔ ᠠᠶᠠᠨᠴᠢᠳ ᠠᠮᠠᠪᠴᠢ ᠵᠡᠭᠦᠬᠦ ᠶᠢᠨ ᠬᠠᠮᠲᠤ ᠡᠷᠡᠭᠦᠯ ᠮᠡᠨᠳᠦ ᠶᠢᠨ ᠨᠣᠭᠤᠭᠠᠨ ᠺᠣᠳ᠋ ᠢᠶᠠᠨ ᠦᠵᠡᠭᠦᠯᠦᠭᠰᠡᠨ ᠤ ᠳᠠᠷᠠᠭ᠎ᠠ ᠰᠠᠶ᠋ᠢ ᠲᠡᠷᠭᠡᠨ ᠳᠤ ᠰᠠᠭᠤᠵᠤ ᠪᠣᠯᠤᠨ᠎ᠠ ᠭᠡᠵᠦ ᠳᠤᠭᠳᠠᠭᠠᠪᠠ᠃ 8 ᠰᠠᠷ᠎ᠠ ᠶᠢᠨ ᠰᠡᠭᠦᠯᠴᠢ ᠪᠣᠯᠲᠠᠯ᠎ᠠ᠂ ᠸᠠᠺᠼᠢᠨ ᠤ ᠲᠠᠷᠢᠯᠭ᠎ᠠ ᠬᠢᠭᠰᠡᠨ ᠦᠭᠡᠢ ᠲᠦᠷᠢᠶᠡᠰᠦᠨ ᠮᠠᠰᠢᠨ ᠲᠡᠷᠭᠡ ᠪᠠ ᠰᠦᠯᠵᠢᠶ᠎ᠡ ᠪᠠᠷ ᠪᠣᠯᠵᠣᠬᠤ ᠮᠠᠰᠢᠨ ᠲᠡᠷᠭᠡᠨ ᠤ ᠲᠡᠷᠭᠡ ᠵᠢᠯᠤᠭᠤᠳᠬᠤ ᠦᠢᠯᠡᠴᠢᠯᠡᠭᠡ ᠶᠢ ᠲᠦᠷ ᠵᠣᠭᠰᠣᠭᠠᠬᠤ ᠠᠷᠭ᠎ᠠ ᠬᠡᠮᠵᠢᠶ᠎ᠡ ᠠᠪᠴᠠᠶ᠃      ᠣᠳᠣᠬᠠᠨ ᠪᠣᠯᠲᠠᠯ᠎ᠠ᠂ ᠬᠥᠬᠡᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠮ ᠬᠠᠷᠢᠯᠴᠠᠭᠠᠨ ᠤ ᠪᠠᠲᠤᠯᠠᠭ᠎ᠠ ᠶᠢᠨ ᠳᠤᠭᠤᠶᠢᠯᠠᠩ ᠨᠢᠭᠡᠨᠲᠡ ᠵᠢᠮᠳᠤ ᠲᠡᠮᠦᠷ ᠵᠠᠮ ᠤᠨ ᠦᠷᠲᠡᠭᠡ᠂ ᠲᠦᠷᠭᠡᠨ ᠤ ᠲᠡᠮᠦᠷ ᠵᠠᠮ ᠤᠨ ᠦᠷᠲᠡᠭᠡ᠂ ᠠᠶᠠᠨᠴᠢᠳ ᠤᠨ ᠮᠠᠰᠢᠨ ᠲᠡᠷᠭᠡᠨ ᠤ ᠦᠷᠲᠡᠭᠡ᠂ ᠨᠢᠰᠭᠡᠯ ᠤᠨ ᠲᠠᠯᠠᠪᠤᠷ ᠲᠤ ︽ᠬᠥᠬᠡᠬᠤᠲᠠ ᠶᠢᠨ ᠴᠠᠭᠳᠠᠭᠠᠨ ᠨᠣᠮᠧᠷ︾ ᠢ ᠬᠢᠨᠠᠨ ᠰᠢᠯᠭᠠᠬᠤ ᠠᠵᠢᠯ ᠢ ᠪᠠᠶᠢᠷᠢᠯᠠᠭᠤᠯᠪᠠ᠃ ︽ᠨᠢᠭᠡ ᠲᠠᠯᠠᠪᠤᠷ ᠭᠤᠷᠪᠠᠨ ᠥᠷᠲᠡᠭᠡ︾ ᠳᠤ ᠨᠡᠶᠢᠲᠡ 532 ᠡᠳᠦᠷ ᠵᠢᠵᠢᠭᠦᠷᠯᠡᠵᠦ᠂ ᠨᠡᠶᠢᠲᠡ 8.2 ᠲᠦᠮᠡ ᠭᠠᠷᠤᠶ ᠠᠵᠢᠯᠲᠠᠨ ᠳᠤᠬᠢᠷᠠᠭᠤᠯᠵᠦ᠂ ᠬᠥᠬᠡᠬᠤᠲᠠ ᠳᠤ ᠢᠷᠡᠭᠰᠡᠨ 8.8 ᠲᠦᠮᠡ ᠭᠠᠷᠤᠶ ᠬᠥᠮᠦᠨ ᠢ ᠳᠡᠩᠰᠡᠯᠡᠵᠦ᠂ ᠬᠢᠯᠢ ᠶᠢᠨ ᠭᠠᠳᠠᠨ᠎ᠠ ᠠᠴᠠ ᠬᠥᠬᠡᠬᠤᠲᠠ ᠳᠤ ᠢᠷᠡᠭᠰᠡᠨ 6563 ᠬᠥᠮᠦᠨ ᠢ ᠳᠡᠩᠰᠡᠯᠡᠪᠠ᠃ ᠲᠤᠬᠠᠶ ᠶᠢᠨ ᠲᠠᠯᠠᠪᠠᠶ ᠶᠢᠨ ᠠᠵᠢᠯᠯᠠᠬᠤ ᠳᠤᠭᠤᠶᠢᠯᠠᠩ ᠤᠨ ᠠᠵᠢᠯᠲᠠᠨ ᠤ ᠸᠠᠺᠼᠢᠨ ᠤ ᠲᠠᠷᠢᠯᠭ᠎ᠠ ᠬᠢᠭᠰᠡᠨ ᠨᠣᠷᠮ᠎ᠠ 100% ᠳᠤ ᠬᠦᠷᠴᠡᠶ᠃  
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ