| | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠲᠠᠷᠢᠭᠤᠯᠤᠭᠰᠠᠨ ᠥᠬᠡᠶ ᠠᠶᠠᠨᠴᠢᠳ | ᠬᠥᠬᠡᠬᠤᠲᠠ ᠳᠤ ᠢᠷᠡᠭᠰᠡᠨ ᠳᠠᠷᠤᠢ ᠸᠠᠺᠼᠢᠨ ᠤ ᠲᠠᠷᠢᠯᠭ᠎ᠠ ᠲᠠᠷᠢᠭᠤᠯᠬᠤ ᠳᠤ ᠲᠥᠬᠦᠮ ᠦᠵᠡᠭᠦᠯᠬᠦ ᠶᠢᠨ ᠲᠤᠰᠠᠳᠠ᠂ | ᠬᠥᠬᠡᠬᠤᠲᠠ ᠶᠢᠨ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶᠠᠨ ᠤ ᠰᠢᠨ᠎ᠡ ᠲᠢᠲᠢᠮᠯᠢᠭ ᠸᠢᠷᠦ᠋ᠰ ᠤᠨ | ᠸᠠᠺᠼᠢᠨ ᠤ ᠲᠠᠷᠢᠯᠭ᠎ᠠ ᠶᠢᠨ ᠠᠩᠭᠢ 8 ᠳ᠋ᠤᠭᠠᠷ ᠰᠠᠷ᠎ᠠ ᠶᠢᠨ 23 ᠤ ᠡᠳᠦᠷ ᠬᠥᠬᠡᠬᠤᠲᠠ ᠶᠢᠨ ᠭᠠᠯᠲᠤ ᠲᠡᠷᠭᠡᠨ ᠤ ᠵᠡᠭᠦᠨ | ᠥᠷᠲᠡᠭᠡ ᠳᠤ ᠣᠷᠣᠵᠤ ᠰᠠᠭᠤᠪᠠ᠃ ᠡᠮᠴᠢ ᠰᠤᠪᠢᠯᠠᠭᠴᠢᠳ ᠲᠤᠬᠠᠶ ᠶᠢᠨ ᠲᠠᠯᠠᠪᠤᠷ ᠲᠤ ᠠᠵᠢᠯ ᠢᠶᠠᠨ ᠲᠣᠳᠣᠷᠬᠠᠶ | ᠬᠤᠪᠢᠶᠠᠵᠤ᠂ ᠲᠠᠷᠢᠯᠭ᠎ᠠ ᠲᠠᠷᠢᠭᠤᠯᠬᠤ ᠬᠥᠮᠥᠨ ᠤ ᠪᠡᠶ᠎ᠡ ᠶᠢᠨ ᠭᠠᠷᠤᠯ ᠢ ᠬᠢᠨᠠᠨ ᠬᠠᠷᠭᠤᠭᠤᠯᠬᠤ᠂ ᠡᠪᠡᠳᠴᠢᠨ ᠤ ᠲᠡᠦᠬᠡ ᠶᠢ | ᠯᠠᠪᠯᠠᠬᠤ᠂ ᠴᠢᠰᠤᠨ ᠳᠠᠷᠤᠯᠲᠠ ᠶᠢ ᠬᠡᠮᠵᠢᠬᠦ᠂ ᠸᠠᠺᠼᠢᠨ ᠤ ᠲᠠᠷᠢᠯᠭ᠎ᠠ ᠲᠠᠷᠢᠬᠤ᠂ ᠦᠯᠡᠳᠡᠭᠡᠵᠦ ᠠᠵᠢᠭᠯᠠᠬᠤ ᠵᠡᠷᠭᠡ | ᠠᠵᠢᠯ ᠤᠨ ᠡᠯ᠎ᠡ ᠭᠤᠭᠴᠤᠭ᠎ᠠ ᠶᠢ ᠴᠥᠮ ᠡᠮᠬᠢ ᠵᠠᠮᠪᠠᠷᠠᠭ᠎ᠠ ᠲᠠᠢ ᠶᠠᠪᠤᠭᠳᠠᠭᠤᠯᠵᠤ ᠪᠠᠶᠢᠨ᠎ᠠ᠃ | ᠰᠤᠷᠪᠤᠯᠵᠢᠯᠠᠭᠴᠢ ᠯᠢᠶᠠᠩ ᠵᠢᠩ ᠱᠤ᠋ ᠰᠡᠭᠦᠳᠡᠷᠯᠡᠪᠡ |