ᠬᠥᠬᠡᠬᠤᠲᠠ ᠶᠢᠨ ᠵᠢᠮᠳᠤ ᠲᠡᠮᠦᠷ ᠵᠠᠮ ᠤᠨ ᠦᠶᠡᠷ ᠢ ᠰᠡᠷᠭᠡᠶᠢᠯᠡᠬᠦ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ
  
2021/8/25
      ᠤᠶᠢᠷ᠎ᠠ ᠶᠢᠨ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠲᠢᠩᠬᠢᠮ ᠤᠨ ᠬᠢᠨ ᠬᠦᠬᠡᠬᠤᠳᠠ ᠶᠢᠨ ᠵᠢᠮᠳᠤ ᠲᠡᠮᠦᠷ ᠵᠠᠮ ᠤᠨ ᠦᠶᠡᠷ ᠢ ᠰᠡᠷᠭᠡᠶᠢᠯᠡᠬᠦ ᠠᠵᠢᠯ ᠢ ᠲᠤᠬᠠᠢ ᠶᠢᠨ ᠭᠠᠵᠠᠷ ᠲᠤᠨᠢ ᠬᠢᠨᠠᠨ ᠵᠢᠯᠣᠭᠤᠳᠴᠤ ᠪᠠᠶᠢᠴᠠᠭᠠᠪᠠ᠃ ᠪᠠᠶᠢᠴᠠᠭᠠᠬᠤ ᠳᠤᠭᠤᠶᠢᠯᠠᠩ ᠤᠨ ᠬᠢᠨ ᠬᠦᠬᠡᠬᠤᠳᠠ ᠶᠢᠨ ᠵᠢᠮᠳᠤ ᠲᠡᠮᠦᠷ ᠵᠠᠮ ᠤᠨ 1 ᠨᠤᠮᠧᠷᠳᠤ ᠱᠤᠭᠤᠮ ᠤᠨ ᠬᠥᠬᠡᠬᠤᠲᠠ ᠶᠢᠨ ᠵᠡᠭᠦᠨ ᠥᠷᠲᠡᠭᠡ᠂ ᠳ᠋ᠦᠩ ᠶᠢᠩ ᠵᠠᠮ ᠤᠨ ᠥᠷᠲᠡᠭᠡ᠂ ᠦᠪᠦᠷ ᠮᠤᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠳᠤ ᠡᠮᠨᠡᠯᠭᠡ ᠶᠢᠨ ᠬᠤᠷᠢᠶ᠎ᠠ ᠶᠢᠨ ᠥᠷᠲᠡᠭᠡ᠂ ᠭᠤᠷᠪᠡᠨᠭᠡᠷ ᠦᠷᠲᠡᠭᠡ ᠪᠤᠯᠤᠨ ᠵᠢᠮᠳᠤ ᠲᠡᠮᠦᠷ ᠵᠠᠮ ᠤᠨ 2 ᠨᠤᠮᠧᠷᠳᠤ ᠱᠤᠭᠤᠮ ᠤᠨ ᠯᠠᠮᠠ ᠶᠢᠨ ᠠᠶᠢᠯ ᠦᠷᠳᠡᠭᠡ ᠵᠡᠷᠭᠡ ᠦᠷᠳᠡᠭᠡ ᠭᠠᠵᠠᠷ ᠲᠤ ᠬᠦᠨᠵᠡᠬᠡᠶᠢᠷᠡᠨ ᠦᠶᠡᠷ ᠢ ᠰᠡᠷᠭᠡᠶᠢᠯᠡᠬᠦ ᠪᠠᠶᠢᠴᠠᠭᠠᠯᠲᠠ ᠬᠢᠬᠦ ᠶᠢᠨ ᠬᠠᠮᠳᠤ ᠦᠶᠡᠷ ᠢ ᠰᠡᠷᠭᠡᠶᠢᠯᠡᠵᠦ ᠠᠪᠤᠷᠠᠨ ᠲᠤᠰᠠᠯᠠᠬᠤ ᠰᠣᠷᠢᠯᠲᠠ ᠶᠢ ᠲᠣᠭᠤᠷᠢᠨ ᠦᠵᠡᠵᠦ ᠵᠢᠯᠣᠭᠤᠳᠪᠠ᠃       ᠪᠠᠶᠢᠴᠠᠭᠠᠬᠤ ᠳᠤᠭᠤᠶᠢᠯᠠᠩ ᠤᠨ ᠬᠢᠨ ᠦᠶᠡᠷ ᠢ ᠰᠡᠷᠭᠡᠶᠢᠯᠡᠬᠦ ᠶᠢ ᠣᠳᠣᠬᠠᠨ ᠤ ᠴᠢᠬᠤᠯᠠ ᠠᠵᠢᠯ ᠪᠣᠯᠭᠠᠨ ᠠᠳᠬᠤᠵᠤ᠂ ᠬᠥᠬᠡᠬᠤᠲᠠ ᠶᠢᠨ ᠵᠢᠮᠳᠤ ᠲᠡᠮᠦᠷ ᠵᠠᠮ ᠤᠨ ᠠᠮᠤᠷ ᠲᠦᠪᠰᠢᠨ ᠢᠶᠠᠷ ᠦᠶᠡᠷ ᠤᠨ ᠬᠤᠭᠤᠴᠠᠭ᠎ᠠ ᠶᠢ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ︔ ᠡᠯ᠎ᠡ ᠥᠷᠲᠡᠭᠡᠨ ᠤ ᠡᠷᠭᠦᠭᠳᠡᠴᠡ ᠶᠢᠨ ᠥᠨᠳᠥᠷ ᠢ ᠨᠠᠷᠢᠨ ᠬᠢᠨᠠᠮᠠᠭᠠᠶ ᠡᠮᠬᠢᠯᠡᠵᠦ᠂ ᠭᠠᠮᠰᠢᠭ ᠤᠨ ᠴᠢᠨᠠᠷᠲᠠᠶ ᠴᠠᠭ ᠠᠭᠤᠷ ᠢ ᠤᠷᠢᠳᠴᠢᠯᠠᠨ ᠰᠡᠷᠡᠮᠵᠢᠯᠡᠭᠦᠯᠬᠦ᠂ ᠤᠷᠢᠳᠴᠢᠯᠠᠨ ᠮᠠᠭᠠᠳᠯᠠᠬᠤ ᠪᠠ ᠪᠠᠴᠢᠮ ᠪᠠᠶᠢᠳᠠᠯ ᠢ ᠠᠷᠭᠠᠴᠠᠭᠠᠬᠤ ᠠᠵᠢᠯ ᠢ ᠰᠠᠶᠢᠲᠤᠷ ᠬᠢᠬᠦ ᠬᠡᠷᠡᠭᠲᠡᠶ︔ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠠᠮᠲᠤᠷᠠᠨ ᠬᠥᠳᠡᠯᠦᠯᠴᠡᠵᠦ ᠬᠠᠮᠳᠤ ᠪᠠᠷ ᠰᠢᠶᠳᠪᠦᠷᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠳᠠᠢ᠂ ᠢᠯᠠᠩᠭᠤᠶ᠎ᠠ ᠭᠡᠨᠡᠳᠲᠡ ᠶᠢᠨ ᠰᠢᠷᠦᠭᠦᠨ ᠪᠣᠷᠣᠭᠠᠨ ᠤ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠨ ᠰᠢᠶᠳᠪᠦᠷᠢᠯᠡᠬᠦ ᠰᠣᠷᠢᠯᠲᠠ ᠬᠢᠬᠦ ᠠᠵᠢᠯ ᠢ ᠴᠢᠩᠭᠠᠳᠬᠠᠵᠤ᠂ ᠠᠶᠠᠨᠴᠢᠳ ᠤᠨ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠡ ᠬᠦ ᠪᠠᠳᠤᠯᠠᠬᠤ ᠬᠡᠷᠡᠭᠲᠡᠶ ᠭᠡᠵᠦ ᠱᠠᠭᠠᠷᠳᠠᠵᠠᠢ᠃ 
        
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ