︵ᠰᠤᠷᠪᠤᠯᠵᠢᠯᠠᠭᠴᠢ ᠮᠢᠶᠣᠣ ᠴᠢᠩ︶ 8 ᠳ᠋ᠤᠭᠠᠷ ᠰᠠᠷ᠎ᠠ ᠶᠢᠨ 24 ᠤ ᠡᠳᠦᠷ᠂ ᠰᠤᠷᠪᠤᠯᠵᠢᠯᠠᠭᠴᠢ ᠬᠤᠲᠠ ᠶᠢᠨ ᠠᠵᠢᠯ ᠣᠯᠭᠤᠬᠤ ᠦᠢᠯᠡᠴᠢᠯᠡᠭᠡᠨ ᠤ | ᠲᠥᠪ ᠠᠴᠠ ᠣᠶᠢᠯᠠᠭᠠᠭᠰᠠᠨ ᠢᠶᠠᠷ᠂ ᠨᠢᠭᠡᠴᠡ ᠶᠢᠨ ᠬᠢᠨ ᠭᠡᠷ᠎ᠡ ᠲᠤᠭᠲᠠᠨ ᠡᠯᠰᠡᠨ ᠬᠡᠷᠡᠭᠯᠡᠭᠰᠡᠨ ᠬᠦᠯᠦᠰᠦᠨ ᠮᠠᠯᠴᠢᠨ ᠲᠠᠷᠢᠶᠠᠴᠢᠨ ᠵᠠᠯᠭᠠᠭ᠎ᠠ ᠪᠠᠷ ᠠᠵᠢᠯᠯᠠᠭᠠᠳ | ᠠᠳᠠᠭ ᠲᠠᠭᠠᠨ ᠪᠦᠬᠦᠯᠢ 1 ᠵᠢᠯ ᠪᠣᠯᠵᠤ᠂ ᠲᠣᠰ ᠨᠢᠭᠡᠴᠡ ᠨᠢ ᠨᠢᠭᠡᠨᠲᠡ ᠠᠵᠢᠯ ᠠᠯᠳᠠᠭᠰᠠᠨ ᠳᠠᠭᠠᠳᠬᠠᠯ ᠤᠨ ᠰᠦᠢᠳᠬᠡᠯ ᠲᠤᠰᠢᠶᠠᠵᠤ ᠥᠭᠭᠦᠭᠰᠡᠨ ᠪᠦᠭᠡᠳ | ᠬᠥᠳᠡᠯᠮᠦᠷᠢ ᠶᠢᠨ ᠭᠡᠷ᠎ᠡ ᠶᠢᠨ ᠬᠤᠭᠤᠴᠠᠭ᠎ᠠ ᠨᠢ ᠳᠦᠭᠦᠷᠦᠭᠡᠳ ᠦᠷᠭᠦᠯᠵᠢᠯᠡᠨ ᠭᠡᠷ᠎ᠡ ᠲᠤᠭᠲᠠᠭᠰᠠᠨ ᠥᠬᠡᠶ ᠪᠤᠶᠤ ᠤᠷᠢᠳᠴᠢᠯᠠᠨ ᠭᠡᠷ᠎ᠡ ᠪᠠᠨ ᠬᠦᠴᠦᠨ ᠥᠬᠡᠶ | ᠪᠣᠯᠭᠠᠭᠰᠠᠨ ᠪᠠᠶᠢᠪᠠᠯ᠂ ᠨᠢᠭᠡ ᠤᠳᠠᠭ᠎ᠠ ᠶᠢᠨ ᠴᠢᠨᠠᠷᠲᠠᠶ ᠠᠮᠢᠳᠤᠷᠠᠯ ᠤᠨ ᠨᠥᠬᠦᠪᠥᠷᠢ ᠭᠤᠶᠤᠴᠢᠯᠠᠵᠤ ᠪᠣᠯᠤᠨ᠎ᠠ᠃ ᠳᠡᠭᠡᠷ᠎ᠡ ᠳᠤᠷᠠᠳᠤᠭᠰᠠᠨ ᠨᠥᠬᠦᠴᠡᠯ ᠳᠤ | ᠨᠡᠶᠢᠴᠡᠬᠦ ᠬᠥᠮᠦᠨ ᠴᠦᠮ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠭᠤᠶᠤᠴᠢᠯᠠᠨ ᠠᠪᠴᠤ ᠪᠣᠯᠤᠨ᠎ᠠ᠃ ᠠᠵᠢᠯ ᠠᠯᠳᠠᠭᠰᠠᠳ ᠤᠨ ᠳᠠᠭᠠᠳᠬᠠᠯ ᠤᠨ | ᠮᠥᠩᠭᠦ ᠶᠢ ᠬᠥᠮᠦᠨ ᠬᠡᠷᠡᠭᠯᠡᠬᠦ ᠨᠢᠭᠡᠴᠡ ᠲᠠᠢ ᠬᠥᠳᠡᠯᠮᠦᠷᠢ ᠶᠢᠨ ᠬᠠᠷᠢᠴᠠᠭ᠎ᠠ ᠪᠠᠨ ᠬᠦᠴᠦᠨ ᠦᠭᠡᠢ ᠪᠣᠯᠭᠠᠭᠰᠠᠨ 60 ᠡᠳᠦᠷ ᠤᠨ ᠳᠣᠲᠣᠷ᠎ᠠ ᠰᠠᠶ᠋ᠢ | ᠭᠤᠶᠤᠴᠢᠯᠠᠨ ᠠᠪᠴᠤ ᠪᠣᠯᠤᠨ᠎ᠠ ᠭᠡᠵᠦ ᠬᠢᠵᠠᠭᠠᠷᠯᠠᠬᠤ ᠦᠭᠡᠢ᠃ | ᠣᠶᠢᠯᠠᠭᠠᠭᠰᠠᠨ ᠢᠶᠠᠷ᠂ ᠬᠦᠯᠦᠰᠦᠨ ᠮᠠᠯᠴᠢᠨ ᠲᠠᠷᠢᠶᠠᠴᠢᠨ ᠳᠤ ᠨᠢᠭᠡ ᠤᠳᠠᠭ᠎ᠠ ᠶᠢᠨ ᠴᠢᠨᠠᠷᠲᠠᠶ ᠠᠮᠢᠳᠤᠷᠠᠯ ᠤᠨ ᠨᠥᠬᠦᠪᠥᠷᠢ ᠣᠯᠭᠤᠬᠤ ᠬᠤᠭᠤᠴᠠᠭ᠎ᠠ ᠨᠢ | ᠄ ᠭᠡᠷ᠎ᠡ ᠲᠤᠭᠲᠠᠵᠤ ᠠᠵᠢᠯᠯᠠᠭᠰᠠᠨ ᠬᠦᠯᠦᠰᠦᠨ ᠮᠠᠯᠴᠢᠨ ᠲᠠᠷᠢᠶᠠᠴᠢᠨ ᠵᠠᠯᠭᠠᠭ᠎ᠠ ᠪᠠᠷ ᠪᠦᠬᠦᠯᠢ 1 ᠵᠢᠯ ᠠᠵᠢᠯᠯᠠᠭᠰᠠᠨ ᠪᠣᠯ ᠨᠢᠭᠡ ᠯᠡ ᠳᠡᠭᠡᠷ᠎ᠡ 2 ᠰᠠᠷ᠎ᠠ ᠶᠢᠨ | ᠠᠮᠢᠳᠤᠷᠠᠯ ᠤᠨ ᠨᠥᠬᠦᠪᠥᠷᠢ ᠣᠯᠭᠤᠨ᠎ᠠ︔ ᠵᠠᠯᠭᠠᠭ᠎ᠠ ᠪᠠᠷ ᠪᠦᠬᠦᠯᠢ 2 ᠵᠢᠯ ᠠᠵᠢᠯᠯᠠᠭᠰᠠᠨ ᠪᠣᠯ ᠨᠢᠭᠡ ᠯᠡ ᠳᠡᠭᠡᠷ᠎ᠡ 3 ᠰᠠᠷ᠎ᠠ ᠶᠢᠨ ᠠᠮᠢᠳᠤᠷᠠᠯ ᠤᠨ ᠨᠥᠬᠦᠪᠥᠷᠢ | ᠣᠯᠭᠤᠨ᠎ᠠ︔ ᠵᠠᠯᠭᠠᠭ᠎ᠠ ᠪᠠᠷ ᠪᠦᠬᠦᠯᠢ 3 ᠵᠢᠯ ᠠᠵᠢᠯᠯᠠᠭᠰᠠᠨ ᠪᠣᠯ ᠨᠢᠭᠡ ᠯᠡ ᠳᠡᠭᠡᠷ᠎ᠡ 4 ᠰᠠᠷ᠎ᠠ ᠶᠢᠨ ᠠᠮᠢᠳᠤᠷᠠᠯ ᠤᠨ ᠨᠥᠬᠦᠪᠥᠷᠢ ᠣᠯᠭᠤᠨ᠎ᠠ︔ ᠵᠠᠯᠭᠠᠭ᠎ᠠ | ᠪᠠᠷ ᠪᠦᠬᠦᠯᠢ 4 ᠵᠢᠯ ᠠᠵᠢᠯᠯᠠᠭᠰᠠᠨ ᠪᠣᠯ ᠨᠢᠭᠡ ᠯᠡ ᠳᠡᠭᠡᠷ᠎ᠡ 5 ᠰᠠᠷ᠎ᠠ ᠶᠢᠨ ᠠᠮᠢᠳᠤᠷᠠᠯ ᠤᠨ ᠨᠥᠬᠦᠪᠥᠷᠢ ᠣᠯᠭᠤᠨ᠎ᠠ︔ ᠵᠠᠯᠭᠠᠭ᠎ᠠ ᠪᠠᠷ 5 ᠵᠢᠯ | ᠠᠵᠢᠯᠯᠠᠭᠰᠠᠨ ᠪᠣᠯ᠂ ᠨᠢᠭᠡ ᠯᠡ ᠳᠡᠭᠡᠷ᠎ᠡ 6 ᠰᠠᠷ᠎ᠠ ᠶᠢᠨ ᠠᠮᠢᠳᠤᠷᠠᠯ ᠤᠨ ᠨᠥᠬᠦᠪᠥᠷᠢ ᠣᠯᠭᠤᠨ᠎ᠠ︔ ᠵᠠᠯᠭᠠᠭ᠎ᠠ ᠪᠠᠷ ᠪᠦᠬᠦᠯᠢ 6 ᠵᠢᠯ ᠠᠵᠢᠯᠯᠠᠭᠰᠠᠨ ᠪᠠᠶᠢᠪᠠᠯ᠂ | ᠨᠢᠭᠡ ᠯᠡ ᠳᠡᠭᠡᠷ᠎ᠡ 7 ᠰᠠᠷ᠎ᠠ ᠶᠢᠨ ᠠᠮᠢᠳᠤᠷᠠᠯ ᠤᠨ ᠨᠥᠬᠦᠪᠥᠷᠢ ᠣᠯᠭᠤᠨ᠎ᠠ︔ ᠵᠠᠯᠭᠠᠭ᠎ᠠ ᠪᠠᠷ ᠪᠦᠬᠦᠯᠢ 7 ᠵᠢᠯ ᠠᠵᠢᠯᠯᠠᠭᠰᠠᠨ ᠪᠣᠯ ᠨᠢᠭᠡ ᠯᠡ ᠳᠡᠭᠡᠷ᠎ᠡ 8 | ᠰᠠᠷ᠎ᠠ ᠶᠢᠨ ᠠᠮᠢᠳᠤᠷᠠᠯ ᠤᠨ ᠨᠥᠬᠦᠪᠥᠷᠢ ᠣᠯᠭᠤᠨ᠎ᠠ︔ ᠵᠠᠯᠭᠠᠭ᠎ᠠ ᠪᠠᠷ ᠪᠦᠬᠦᠯᠢ 8 ᠵᠢᠯ ᠠᠵᠢᠯᠯᠠᠭᠰᠠᠨ ᠪᠣᠯ ᠨᠢᠭᠡ ᠯᠡ ᠳᠡᠭᠡᠷ᠎ᠡ 9 ᠰᠠᠷ᠎ᠠ ᠶᠢᠨ ᠠᠮᠢᠳᠤᠷᠠᠯ ᠤᠨ | ᠨᠥᠬᠦᠪᠥᠷᠢ ᠣᠯᠭᠤᠨ᠎ᠠ︔ ᠵᠠᠯᠭᠠᠭ᠎ᠠ ᠪᠠᠷ ᠪᠦᠬᠦᠯᠢ 9 ᠵᠢᠯ ᠠᠵᠢᠯᠯᠠᠭᠰᠠᠨ ᠪᠣᠯ ᠨᠢᠭᠡ ᠯᠡ ᠳᠡᠭᠡᠷ᠎ᠡ10 ᠰᠠᠷ᠎ᠠ ᠶᠢᠨ ᠠᠮᠢᠳᠤᠷᠠᠯ ᠤᠨ ᠨᠥᠬᠦᠪᠥᠷᠢ ᠣᠯᠭᠤᠨ᠎ᠠ︔ | ᠵᠠᠯᠭᠠᠭ᠎ᠠ ᠪᠠᠷ ᠪᠦᠬᠦᠯᠢ 10 ᠵᠢᠯ ᠠᠵᠢᠯᠯᠠᠭᠰᠠᠨ ᠪᠣᠯ ᠨᠢᠭᠡ ᠯᠡ ᠳᠡᠭᠡᠷ᠎ᠡ 12 ᠰᠠᠷ᠎ᠠ ᠶᠢᠨ ᠠᠮᠢᠳᠤᠷᠠᠯ ᠤᠨ ᠨᠥᠬᠦᠪᠥᠷᠢ ᠣᠯᠭᠤᠨ᠎ᠠ ︔ ᠬᠠᠮᠤᠭ ᠤᠷᠲᠤ ᠳᠠᠭᠠᠨ | 12 ᠰᠠᠷ᠎ᠠ ᠠᠴᠠ ᠬᠡᠳᠦᠷᠡᠬᠦ ᠦᠭᠡᠢ᠃ | ᠨᠦᠬᠦᠪᠦᠷᠢ ᠣᠯᠭᠤᠬᠤ ᠪᠠᠷᠢᠮᠵᠢᠶ᠎ᠠ ᠨᠢ᠄ ᠨᠢᠭᠡᠳᠦᠯᠲᠡᠶ ᠲᠦᠯᠦᠪᠯᠡᠭᠰᠡᠨ ᠭᠠᠵᠠᠷ ᠣᠷᠣᠨ ᠤ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠶᠢᠨ | 90% ᠪᠠᠷ ᠣᠯᠭᠤᠨ᠎ᠠ᠃ ᠠᠮᠢᠳᠤᠷᠠᠯ ᠤᠨ ᠨᠥᠬᠦᠪᠥᠷᠢ ᠠᠪᠤᠭᠰᠠᠨ ᠬᠡᠷᠡᠭ ᠲᠤᠭᠲᠠᠨ ᠠᠵᠢᠯᠯᠠᠭᠰᠠᠨ ᠬᠦᠯᠦᠰᠦᠨ ᠮᠠᠯᠴᠢᠨ ᠲᠠᠷᠢᠶᠠᠴᠢᠨ ᠠᠵᠢᠯ | ᠠᠯᠳᠠᠭᠰᠠᠳ ᠤᠨ ᠳᠠᠭᠠᠳᠬᠠᠯ ᠤᠨ ᠪᠤᠰᠤᠳ ᠬᠠᠷᠠᠭᠠᠯᠵᠠᠯ ᠢ ᠬᠦᠷᠳᠡᠬᠦ ᠦᠭᠡᠢ᠃ | ᠭᠤᠶᠤᠴᠢᠯᠠᠬᠤ ᠠᠷᠭ᠎ᠠ ᠮᠠᠶ᠋ᠢᠭ᠄ ᠰᠦᠯᠵᠢᠶᠡᠨ ᠳᠡᠭᠡᠷ᠎ᠡ ᠭᠤᠶᠤᠴᠢᠯᠠᠵᠤ ᠪᠣᠯᠤᠨ᠎ᠠ᠂ ᠭᠤᠶᠤᠴᠢᠯᠠᠬᠤ ᠨᠥᠬᠦᠴᠡᠯ ᠳᠤ ᠨᠡᠶᠢᠴᠡᠬᠦ ᠠᠵᠢᠯ ᠠᠯᠳᠠᠭᠰᠠᠳ | ᠬᠥᠬᠡᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠯᠪᠠᠨ ᠰᠦᠯᠵᠢᠶ᠎ᠡ ᠳᠤ ᠭᠠᠷᠴᠤ ︽ᠬᠤᠪᠢ | ᠬᠥᠮᠦᠨ ᠳᠤ ᠦᠢᠯᠡᠴᠢᠯᠡᠬᠦ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠲᠢᠩᠬᠢᠮ︾ ︵http://106.74.0.244: | 8081/personlogin//personlogin//personlogin︶ ᠳᠤ ᠣᠷᠣᠵᠤ ︽ᠬᠥᠬᠡ ᠬᠤᠲᠠ ᠶᠢᠨ ᠤᠶᠤᠨᠲᠤ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ︾ ᠭᠠᠷ ᠤᠳᠠᠰᠤᠨ ᠤ App ︵ᠵᠥᠪᠬᠡᠨ Android ᠭᠠᠷ ᠤᠲᠠᠰᠤ ᠶᠢ ᠢᠯᠭᠠᠨ ᠲᠠᠨᠢᠨ᠎ᠠ︶ ᠢ ᠪᠠᠭᠤᠯᠭᠠᠬᠤ ᠪᠤᠶᠤ | ᠡᠯᠧᠺᠲᠷᠣᠨ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠲᠠᠪᠴᠠᠩ ᠢᠶᠠᠷ ᠳᠠᠮᠵᠢᠭᠤᠯᠤᠨ ᠰᠦᠯᠵᠢᠶᠡᠨ ᠳᠡᠭᠡᠷ᠎ᠡ ᠭᠤᠶᠤᠴᠢᠯᠠᠵᠤ ᠪᠣᠯᠤᠨ᠎ᠠ᠃ ᠪᠠᠰᠠ ᠭᠠᠷᠲᠠᠨ | ᠭᠦᠢᠴᠡᠳᠭᠡᠬᠦ ᠪᠠᠶᠢᠭᠤᠯᠤᠮᠵᠢ ᠠᠴᠠ ᠭᠤᠶᠤᠴᠢᠯᠠᠨ ᠠᠪᠴᠤ ᠪᠣᠯᠤᠨ᠎ᠠ᠄ ᠬᠤᠲᠠ ᠶᠢᠨ ᠲᠣᠰ ᠱᠠᠲᠤᠨ ᠤ ᠳᠠᠭᠠᠳᠬᠠᠯ ᠳᠤ ᠣᠷᠣᠭᠰᠠᠨ ᠪᠠᠶᠢᠪᠠᠯ᠂ | ᠬᠥᠬᠡᠬᠤᠲᠠ ᠶᠢᠨ ᠠᠵᠢᠯ ᠣᠯᠭᠤᠬᠤ ᠦᠢᠯᠡᠴᠢᠯᠡᠭᠡᠨ ᠤ ᠲᠥᠪ ᠤᠨ ᠴᠣᠩᠬᠤᠨ ᠳᠤ ᠬᠦᠷᠴᠦ ᠭᠤᠶᠤᠴᠢᠯᠠᠨ ᠠᠪᠤᠨ᠎ᠠ ︵ᠬᠠᠶ᠋ᠢᠭ᠄ ᠰᠢᠨᠬᠤᠸᠠ ᠶᠡᠭᠡ ᠵᠡᠭᠡᠯᠢ ᠶᠢᠨ | 87 ᠨᠣᠮᠧᠷ ᠤᠨ ᠨᠠᠢ ᠯᠦᠨ ᠣᠯᠠᠨ ᠤᠯᠤᠰ B ᠪᠠᠶᠢᠷᠢ ᠶᠢᠨ 3 ᠳ᠋ᠤᠭᠠᠷ ᠳᠠᠪᠬᠤᠷ ᠤᠨ ᠲᠣᠮᠳᠠ ᠲᠢᠩᠬᠢᠮ ᠤᠨ 20᠂ 21 ᠨᠣᠮᠧᠷᠲᠤ ᠴᠣᠩᠬᠤ︶᠂ | ᠬᠤᠰᠢᠭᠤ ᠰᠢᠶᠠᠨ ᠳᠤ ᠳᠠᠭᠠᠳᠬᠠᠯ ᠳᠤ ᠣᠷᠣᠭᠰᠠᠨ ᠪᠠᠶᠢᠪᠠᠯ᠂ ᠬᠤᠰᠢᠭᠤ ᠰᠢᠶᠠᠨ ᠤ ᠠᠵᠢᠯ ᠣᠯᠭᠤᠬᠤ ᠦᠢᠯᠡᠴᠢᠯᠡᠭᠡᠨ ᠤ ᠰᠠᠯᠠᠭ᠎ᠠ ᠮᠥᠴᠢᠷ ᠲᠤ ᠭᠤᠶᠤᠴᠢᠯᠠᠨ | ᠠᠪᠤᠨ᠎ᠠ᠃ ᠭᠤᠶᠤᠴᠢᠯᠠᠨ ᠠᠪᠬᠤ ᠳᠤ ᠳᠣᠤᠷᠠᠬᠢ ᠮᠠᠲ᠋ᠧᠷᠢᠶᠠᠯ ᠤᠳ ᠢ ᠬᠠᠩᠭᠠᠬᠤ ᠬᠡᠷᠡᠭᠲᠡᠶ᠄ ᠲᠣᠰ ᠬᠥᠮᠦᠨ ᠤ ᠨᠡᠶᠢᠭᠡᠮ ᠤᠨ ᠪᠠᠲᠤᠯᠠᠭ᠎ᠠ ᠶᠢᠨ ᠺᠠᠷᠲ ︵ | ᠨᠡᠶᠢᠭᠡᠮ ᠤᠨ ᠪᠠᠲᠤᠯᠠᠭ᠎ᠠ ᠶᠢᠨ ᠺᠠᠷᠲ ᠶᠢᠨ ᠬᠠᠷᠢᠶ᠎ᠠ ᠪᠠᠩᠬᠢ ᠳᠤ ᠬᠦᠷᠴᠦ ᠺᠠᠷᠲ ᠤᠨ ᠢᠶᠠᠨ ᠮᠥᠩᠭᠦᠨ ᠭᠦᠢᠯᠭᠡᠭᠡᠨ ᠤ ᠴᠢᠳᠠᠮᠵᠢ ᠶᠢ ᠨᠢ ᠨᠡᠭᠡᠭᠡᠬᠦ ᠬᠡᠷᠡᠭᠲᠡᠶ︶᠃ | |