ᠠᠰᠠᠭᠤᠯᠲᠠ᠄ ᠰᠤᠷᠭᠠᠭᠤᠯᠢ ᠴᠤᠭᠯᠠᠬᠤ ᠭᠡᠵᠦ ᠪᠠᠶᠢᠭ᠎ᠠ ᠦᠶ᠎ᠡ ᠳᠤ ᠰᠤᠷᠤᠭᠴᠢᠳ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠢ ᠬᠡᠷᠬᠢᠨ ᠪᠠᠶᠢᠩᠭᠤ ᠶᠢᠨ ᠴᠢᠨᠠᠷᠲᠠᠢ ᠰᠡᠷᠭᠡᠶᠢᠯᠡᠨ ᠡᠵᠡᠮᠳᠡᠬᠦ ᠪᠣᠶ︖ | ᠬᠠᠷᠢᠭᠤᠯᠲᠠ᠄ | 1. ᠰᠢᠨᠵᠢᠯᠡᠬᠦ ᠤᠬᠠᠭᠠᠨᠴᠢ ᠵᠦᠢ ᠵᠣᠬᠢᠰᠲᠠᠢ ᠠᠵᠢᠯᠯᠠᠵᠤ ᠠᠮᠠᠷᠠᠬᠤ ᠴᠠᠭ ᠢ ᠪᠠᠷᠢᠮᠲᠠᠯᠠᠨ᠂ ᠰᠠᠶᠢᠨ ᠤᠨᠲᠠᠵᠤ᠂ ᠰᠤᠷᠤᠯᠴᠠᠬᠤ ᠠᠮᠠᠷᠠᠬᠤ ᠶᠢ | ᠤᠶᠠᠯᠳᠤᠭᠤᠯᠤᠨ᠂ ᠤᠳᠠᠭᠠᠨ ᠰᠠᠭᠤᠬᠤ ᠦᠭᠡᠢ ᠪᠠᠶᠢᠵᠤ᠂ ᠵᠣᠬᠢᠰᠲᠠᠶ ᠬᠥᠳᠡᠯᠭᠡᠭᠡᠨ ᠬᠢᠨ᠎ᠡ᠃ 12 ᠨᠠᠰᠤᠨ ᠠᠴᠠ ᠳᠡᠭᠡᠭᠰᠢᠬᠢ ᠰᠤᠷᠤᠭᠴᠢᠳ ᠸᠠᠺᠼᠢᠨ ᠤ | ᠲᠠᠷᠢᠯᠭ᠎ᠠ ᠲᠠᠷᠢᠭᠤᠯᠬᠤ ᠬᠡᠷᠡᠭᠲᠡᠶ᠂ ᠸᠠᠺᠼᠢᠨ ᠤ ᠲᠠᠷᠢᠯᠭ᠎ᠠ ᠲᠠᠷᠢᠭᠤᠯᠤᠭᠰᠠᠨ ᠤ ᠳᠠᠷᠠᠭ᠎ᠠ ᠮᠥᠨ ᠬᠦ ᠬᠢᠵᠢᠭ ᠢ ᠰᠡᠷᠭᠡᠶᠢᠯᠡᠬᠦ ᠶᠢ ᠰᠠᠶᠢᠳᠤᠷ ᠠᠩᠬᠠᠷᠬᠤ ᠬᠡᠷᠡᠭᠲᠡᠢ᠃ | | 2. ᠬᠤᠪᠢ ᠪᠡᠶ᠎ᠡ ᠶᠢᠨ ᠡᠷᠡᠭᠦᠯ ᠬᠠᠮᠠᠭᠠᠯᠠᠯ ᠢ ᠠᠩᠬᠠᠷᠴᠤ᠂ ᠭᠠᠷ ᠢᠶᠠᠨ ᠴᠠᠭ ᠲᠤᠬᠠᠢ ᠳᠤᠨᠢ ᠤᠬᠢᠶᠠᠵᠤ ᠠᠷᠢᠭᠤᠳᠬᠠᠨ᠂ ᠴᠡᠪᠡᠷᠭᠡᠨ ᠦᠭᠡᠢ | ᠭᠠᠷ ᠢᠶᠠᠷ ᠢᠶᠠᠨ ᠠᠮᠠ᠂ ᠨᠢᠳᠦ᠂ ᠬᠠᠮᠠᠷ ᠲᠤ ᠬᠦᠷᠦᠯᠴᠡᠬᠦ ᠠᠴᠠ ᠵᠠᠶᠢᠯᠠᠰᠬᠢᠬᠤ ᠬᠡᠷᠡᠭᠲᠡᠢ᠂ ᠨᠠᠶᠢᠲᠠᠭᠠᠬᠤ᠂ ᠬᠠᠨᠢᠶᠠᠬᠤ ᠦᠶ᠎ᠡ ᠳᠤ ᠴᠠᠭᠠᠰᠤ ᠪᠠᠷ ᠠᠮᠠ᠂ | ᠬᠠᠮᠠᠷ ᠢᠶᠠᠨ ᠲᠠᠭᠯᠠᠬᠤ ᠪᠤᠶᠤ ᠲᠣᠬᠤᠢ ᠪᠠᠷ ᠢᠶᠠᠨ ᠬᠠᠯᠬᠠᠯᠠᠬᠤ ᠭᠡᠷᠡᠭᠲᠡᠢ᠃ | 3. ᠡᠳᠦᠷ ᠲᠤᠲᠤᠮ ᠤᠨ ᠠᠮᠢᠳᠤᠷᠠᠯ ᠤᠨ ᠬᠡᠷᠡᠭᠰᠡᠯ ᠢ ᠲᠤᠰᠠᠭᠠᠷ ᠬᠡᠷᠡᠭᠯᠡᠨ᠎ᠡ᠃ | 4. ᠬᠥᠮᠦᠨ ᠬᠠᠷ᠎ᠠ ᠨᠢᠭᠲᠠᠷᠠᠨ ᠴᠤᠭᠯᠠᠷᠠᠬᠤ ᠪᠠ ᠰᠠᠯᠬᠢ ᠨᠡᠪᠲᠡᠷᠡᠬᠦ ᠥᠬᠡᠶ ᠲᠠᠯᠠᠪᠤᠷ ᠲᠤ ᠣᠴᠢᠬᠤ ᠶᠢ ᠠᠯᠢ ᠴᠢᠳᠠᠬᠤ ᠪᠠᠷ ᠪᠠᠭᠠᠰᠬᠠᠵᠤ᠂ ᠴᠤᠭᠯᠠᠭᠠᠨ | ᠬᠢᠬᠦ᠂ ᠬᠠᠮᠲᠤ ᠬᠤᠭᠤᠯᠠᠯᠠᠬᠤ ᠵᠡᠷᠭᠡ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ ᠪᠠᠭᠠᠰᠬᠠᠨ᠎ᠠ᠃ | 5.ᠨᠡᠶᠢᠲᠡ ᠶᠢᠨ ᠵᠠᠮ ᠬᠠᠷᠢᠯᠴᠠᠭᠠᠨ ᠤ ᠮᠠᠰᠢᠨ ᠳᠤ ᠰᠠᠭᠤᠬᠤ ᠳᠠᠭᠠᠨ ᠠᠮᠠᠪᠴᠢ ᠵᠡᠭᠦᠬᠦ ᠬᠡᠷᠡᠭᠲᠡᠶ᠃ ᠠᠮᠠᠪᠴᠢ ᠨᠣᠷᠤᠭᠰᠠᠨ ᠪᠣᠶᠣ ᠪᠣᠬᠢᠷ ᠪᠣᠯᠤᠭᠰᠠᠨ ᠤ | ᠳᠠᠷᠠᠭ᠎ᠠ ᠴᠠᠭ ᠲᠤᠬᠠᠶ ᠳᠤᠨᠢ ᠰᠣᠯᠢᠬᠤ ᠬᠡᠷᠡᠭᠲᠡᠶ᠃ | 6. ᠨᠢᠳᠦᠨ ᠤ ᠡᠷᠡᠭᠦᠯ ᠬᠠᠮᠠᠭᠠᠯᠠᠯ ᠢ ᠠᠩᠬᠠᠷᠴᠤ᠂ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠨ᠎ᠠ᠃ ᠵᠣᠬᠢᠰᠲᠠᠢ ᠰᠢᠨᠵᠢᠯᠡᠬᠦ | ᠤᠬᠠᠭᠠᠨᠴᠢ ᠬᠦᠳᠡᠯᠭᠡᠭᠡᠨ ᠬᠢᠵᠦ᠂ ᠰᠢᠮ᠎ᠡ ᠲᠡᠵᠢᠭᠡᠯ ᠲᠠᠢ ᠢᠳᠡᠭᠡᠨ ᠤᠮᠳᠠᠭᠠᠨ ᠢ ᠲᠡᠩᠴᠡᠭᠦᠯᠵᠦ᠂ ᠰᠤᠷᠤᠯᠴᠠᠵᠤ ᠠᠮᠠᠷᠠᠬᠤ ᠶᠢ ᠰᠠᠶᠢᠲᠤᠷ ᠲᠣᠬᠢᠷᠠᠭᠤᠯᠵᠤ᠂ | ᠪᠡᠶ᠎ᠡ ᠮᠠᠬᠠᠪᠣᠳ ᠤᠨ ᠦᠯᠦ ᠬᠠᠯᠳᠠᠭᠠᠬᠤ ᠴᠢᠳᠠᠯ ᠢ ᠳᠡᠭᠡᠭᠰᠢᠯᠡᠭᠦᠯᠦᠨ᠎ᠡ᠃ | 7. ᠡᠳᠦᠷ ᠪᠦᠷᠢ ᠥᠪᠡᠷᠲᠡᠭᠡᠨ ᠪᠡᠶ᠎ᠡ ᠶᠢᠨ ᠡᠷᠡᠭᠦᠯ ᠮᠡᠨᠳᠦ ᠶᠢᠨ ᠪᠠᠶᠢᠴᠠᠭᠠᠯᠲᠠ ᠬᠢᠵᠦ᠂ ᠪᠡᠶ᠎ᠡ ᠶᠢᠨ ᠳᠤᠯᠠᠭᠠᠨ ᠢᠶᠠᠨ ᠬᠡᠮᠵᠢᠨ ᠲᠡᠮᠳᠡᠭᠯᠡᠬᠦ ᠶᠢᠨ ᠬᠠᠮᠲᠤ | ᠪᠤᠰᠤᠳ ᠰᠡᠵᠢᠭᠲᠡᠶ ᠡᠪᠡᠳᠴᠢᠨ ᠤ ᠢᠯᠡᠷᠡᠯ ᠪᠠᠶᠢᠬᠤ ᠡᠰᠡᠬᠦ ᠶᠢ ᠠᠩᠬᠠᠷᠤᠨ ᠠᠵᠢᠭᠯᠠᠵᠤ᠂ ᠬᠠᠯᠠᠭᠤᠷᠠᠬᠤ᠂ ᠬᠠᠨᠢᠶᠠᠬᠤ ᠵᠢᠴᠢ ᠪᠤᠰᠤᠳ ᠰᠡᠵᠢᠭᠲᠡᠶ ᠡᠪᠡᠳᠴᠢᠨ ᠤ | ᠢᠯᠡᠷᠡᠯ ᠭᠠᠷᠪᠠᠯ ᠴᠠᠭ ᠲᠤᠬᠠᠶ ᠳᠤᠨᠢ ᠠᠩᠭᠢ ᠶᠢᠨ ᠡᠷᠬᠢᠯᠡᠭᠴᠢ ᠳᠤ ᠪᠠᠨ ᠮᠡᠳᠡᠭᠦᠯᠦᠨ᠎ᠡ᠃ | 8. ᠠᠮᠢᠰᠬᠤᠯ ᠤᠨ ᠵᠠᠮ ᠤᠨ ᠡᠪᠡᠳᠴᠢᠨ ᠲᠠᠢ ᠦᠶ᠎ᠡ ᠳᠤ ᠠᠯᠢ ᠴᠢᠳᠠᠬᠤ ᠪᠠᠷ ᠭᠠᠳᠠᠭᠰᠢ ᠭᠠᠷᠬᠤ ᠪᠠᠨ ᠪᠠᠭᠠᠰᠬᠠᠵᠤ᠂ ᠬᠡᠷᠪᠡ ᠭᠠᠳᠠᠭᠰᠢ ᠭᠠᠷᠬᠤ | ᠴᠢᠬᠤᠯᠠ ᠲᠠᠢ ᠪᠣᠯ ᠠᠮᠠᠪᠴᠢ ᠪᠠᠨ ᠵᠥᠪ ᠵᠡᠭᠦᠵᠦ᠂ ᠭᠠᠷ ᠤᠨ ᠠᠷᠢᠭᠤᠨ ᠴᠡᠪᠡᠷ ᠢ ᠰᠠᠶᠢᠲᠤᠷ ᠬᠢᠬᠦ ᠬᠡᠷᠡᠭᠲᠡᠶ᠃ | |