ᠢᠥᠢ ᠴᠢᠣᠸᠠᠨ ᠲᠣᠭᠤᠷᠢᠭ ᠤᠨ ᠬᠢᠨ ᠪᠣᠯᠪᠠᠰᠤᠨ ᠵᠢᠭᠤᠯᠴᠢᠯᠠᠯ ᠢ ᠰᠠᠨᠠᠭᠠᠴᠢᠯᠠᠬᠤ  ᠰᠠᠶᠢᠨ ᠲᠤᠷ᠎ᠠ ᠶᠢᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2021/8/25
untitled8989.png
      ᠣᠶᠢᠷ᠎ᠠ ᠳᠤ᠂ ᠢᠦᠶ ᠴᠢᠤᠸᠠᠨ ᠲᠣᠭᠤᠷᠢᠭ ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ  ᠤᠯᠠᠨ ᠰᠠᠶᠢᠨ ᠲᠤᠷᠠᠴᠤᠳ ᠢ ᠵᠣᠬᠢᠶᠠᠨ ᠪᠠᠶᠢᠭᠤᠯᠵᠤ  ᠡᠮᠦᠨ᠎ᠡ ᠨᠠᠭᠤᠷ ᠤᠨ ᠨᠤᠭᠤ ᠭᠠᠵᠠᠷ ᠤᠨ ᠴᠡᠴᠡᠷᠯᠢᠭ ᠲᠤ ︽ᠬᠤᠲᠠ ᠪᠠᠶᠢᠭᠤᠯᠬᠤ ᠳᠤ ᠬᠦᠴᠦᠨ ᠨᠡᠮᠡᠷᠢᠯᠡᠵᠦ᠂ ᠪᠣᠯᠪᠠᠰᠤᠨ ᠵᠢᠭᠤᠯᠴᠢᠯᠠᠯ ᠢ ᠰᠠᠨᠠᠭᠠᠴᠢᠯᠠᠬᠤ︾ ᠪᠠᠷ ᠭᠤᠤᠯ ᠰᠡᠳᠦᠪ ᠪᠣᠯᠭᠠᠭᠰᠠᠨ ᠪᠣᠯᠪᠠᠰᠤᠨ ᠵᠢᠭᠤᠯᠴᠢᠯᠠᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃       ᠠᠵᠢᠯᠯᠠᠭ᠎ᠠ ᠶᠢᠨ ᠳᠤᠮᠳᠠ᠂ ᠰᠠᠶᠢᠨ ᠲᠤᠷᠠᠴᠤᠳ ᠤᠯᠠᠭᠠᠨ ᠥᠩᠭᠡ ᠲᠠᠢ ᠤᠭᠤᠵᠢ ᠡᠮᠦᠰᠴᠦ ᠨᠠᠰᠢ ᠴᠠᠰᠢ  ᠵᠣᠷᠴᠢᠬᠤ ᠬᠤᠲᠠ ᠶᠢᠨ ᠠᠷᠠᠳ ᠲᠤ ᠪᠣᠯᠪᠠᠰᠤᠨ ᠵᠢᠭᠤᠯᠴᠢᠯᠠᠯ ᠤᠨ ᠮᠡᠳᠡᠯᠭᠡ ᠶᠢ ᠤᠬᠠᠭᠤᠯᠵᠤ᠂ ︽ᠠᠮᠤᠷ ᠲᠦᠪᠰᠢᠨ ᠪᠣᠯᠪᠠᠰᠤᠨ ᠵᠢᠭᠤᠯᠴᠢᠯᠠᠯ ᠤᠨ ᠰᠠᠨᠠᠭᠠᠴᠢᠯᠠᠭ᠎ᠠ ᠶᠢᠨ ᠪᠢᠴᠢᠭ︾ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ ᠥᠷᠭᠡᠨ ᠣᠯᠠᠨ ᠬᠤᠲᠠ ᠶᠢᠨ ᠠᠷᠠᠳ ᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠢ ᠠᠩᠬᠠᠷᠴᠤ᠂ ᠣᠯᠠᠨ ᠨᠡᠶᠢᠲᠡ ᠶᠢᠨ ᠡᠳ᠋ ᠪᠣᠳᠠᠰ ᠢ ᠳᠤᠷ᠎ᠠ ᠪᠠᠷ ᠢᠶᠠᠨ ᠡᠪᠳᠡᠬᠦ ᠥᠬᠡᠶ᠂ ᠳᠤᠷ᠎ᠠ ᠪᠠᠷ ᠢᠶᠠᠨ ᠲᠡᠷᠭᠡ ᠵᠣᠭᠰᠣᠭᠠᠬᠤ ᠥᠬᠡᠶ᠂ ᠪᠣᠯᠪᠠᠰᠤᠨ ᠵᠢᠭᠤᠯᠴᠢᠯᠠᠯ ᠤᠨ ᠵᠢᠷᠤᠮᠵᠢᠯ ᠢ ᠤᠬᠠᠮᠰᠠᠷ ᠠᠴᠠ ᠪᠠᠨ ᠵᠢᠷᠤᠮᠯᠠᠬᠤ ᠶᠢ ᠨᠢ ᠬᠦᠳᠦᠯᠦᠨ ᠵᠢᠯᠤᠭᠤᠳᠴᠠᠢ᠃          ᠰᠤᠷᠪᠤᠯᠵᠢᠯᠠᠭᠴᠢ ᠯᠢᠦ ᠴᠢᠩ ᠢᠦᠢ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ