ᠪᠠᠭᠰᠢ ᠶᠢᠨ ᠶᠡᠭᠡ ᠰᠤᠷᠭᠠᠭᠤᠯᠢ ᠶᠢᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠮᠳᠡᠬᠦ  ᠪᠠᠴᠢᠮ ᠪᠠᠶᠢᠳᠠᠯ ᠢ ᠠᠷᠭᠠᠴᠠᠭᠠᠬᠤ ᠰᠣᠷᠢᠯᠳᠠ ᠬᠢᠪᠡ
ᠨᠡᠶᠢᠲᠡᠯᠡᠭᠰᠡᠨ ᠴᠠᠭ᠄
2021/8/25
9999999.jpg
      ᠰᠤᠷᠭᠠᠭᠤᠯᠢ ᠡᠬᠢᠯᠡᠬᠦ ᠣᠶᠢᠷᠠᠲᠤᠯ᠎ᠠ᠂ ᠰᠤᠷᠭᠠᠭᠤᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠶ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠡᠯ᠎ᠡ ᠱᠠᠲᠤᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠤᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 8  ᠳ᠋ᠤᠭᠠᠷ ᠰᠠᠷ᠎ᠠ ᠶᠢᠨ 21 ᠤ ᠡᠳᠦᠷ ᠠᠴᠠ 22 ᠤᠨ ᠡᠳᠦᠷ ᠪᠣᠯᠲᠠᠯ᠎ᠠ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠰᠠᠶᠢᠬᠠᠨ᠂ ᠱᠧᠩ ᠯᠧ ᠬᠤᠶᠠᠷ ᠰᠤᠷᠭᠠᠭᠤᠯᠢ ᠶᠢᠨ ᠲᠣᠭᠤᠷᠢᠭ ᠲᠤ ᠨᠠᠮᠤᠷ ᠡᠪᠦᠯ ᠤᠨ ᠤᠯᠠᠷᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ  ᠠᠷᠭᠠᠴᠠᠭᠠᠬᠤ ᠰᠣᠷᠢᠯᠲᠠ ᠶᠢ ᠲᠣᠰ ᠲᠣᠰ ᠵᠣᠬᠢᠶᠠᠨ ᠪᠠᠶᠢᠭᠤᠯᠵᠤ ᠥᠷᠨᠢᠭᠦᠯᠪᠡ᠃        ᠰᠣᠷᠢᠯᠲᠠ ᠨᠢ ᠰᠤᠷᠤᠭᠴᠢᠳ ᠤᠨ ᠰᠤᠷᠭᠠᠭᠤᠯᠢ ᠳᠠᠭᠠᠨ ᠪᠤᠴᠠᠬᠤ᠂ ᠰᠤᠷᠤᠭᠴᠢᠳ ᠤᠨ  ᠬᠤᠨᠤᠵᠤ ᠬᠡᠪᠳᠡᠬᠦ᠂ ᠰᠤᠷᠤᠭᠴᠢᠳ ᠤᠨ ᠬᠤᠭᠤᠯᠠ ᠢᠳᠡᠬᠦ ᠵᠡᠷᠭᠡ ᠦᠵᠡᠭᠳᠡᠯ ᠢ ᠳᠠᠭᠤᠷᠢᠶᠠᠬᠤ ᠬᠡᠯᠪᠡᠷᠢ ᠪᠠᠷ ᠶᠠᠪᠤᠭᠳᠠᠵᠠᠶ᠃ ᠪᠣᠯᠪᠠᠰᠤᠷᠠᠭᠤᠯᠤᠯ᠂ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠪᠠᠷ ᠳᠠᠮᠵᠢᠭᠤᠯᠤᠨ᠂ ᠳᠤᠲᠠᠭᠤᠳᠠᠯ ᠢᠶᠠᠨ ᠨᠥᠬᠦᠪᠥᠷᠢᠯᠡᠵᠦ᠂ ᠠᠯᠳᠠᠰᠢ ᠭᠠᠷᠬᠤ ᠶᠢ ᠬᠤᠷᠢᠭᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠳᠠᠪᠤᠷᠢ ᠪᠠᠨ ᠳᠡᠭᠡᠭᠰᠢᠯᠡᠭᠦᠯᠪᠡ᠃                  ᠰᠤᠷᠪᠤᠯᠵᠢᠯᠠᠭᠴᠢ ᠸᠠᠩ ᠵᠥᠩ ᠵᠸᠦ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ