2021 ᠣᠨ ᠤ ᠪᠥᠬᠦ ᠳᠡᠯᠡᠬᠡᠶ ᠶᠢᠨ ᠰᠦ ᠶᠢᠨ ᠦᠢᠯᠡᠰ ᠤᠨ ᠨᠡᠷᠡᠰ ᠤᠨ ᠵᠢᠭᠰᠠᠭᠠᠯᠲᠠ ᠳᠤ ᠢᠯᠢ ᠪᠦᠯᠦᠭᠯᠡᠯ ᠲᠠᠪᠤᠨ ᠬᠦᠴᠦᠷᠬᠡᠭ ᠢᠶᠠᠷ ᠲᠤᠳᠤᠷᠠᠪᠠ
ᠨᠡᠶᠢᠲᠡᠯᠡᠭᠰᠡᠨ ᠴᠠᠭ᠄
2021/8/26
      ︵ᠰᠤᠷᠪᠤᠯᠵᠢᠯᠠᠭᠴᠢ ᠶᠦᠨ ᠶᠠᠨ ᠹᠠᠩ︶ 8  ᠳ᠋ᠤᠭᠠᠷ ᠰᠠᠷ᠎ᠠ ᠶᠢᠨ 25 ᠤ ᠡᠳᠦᠷ᠂ ᠬᠤᠯᠠᠨᠳ᠋ ᠤᠨ ᠬᠤᠷᠰᠢᠭᠰᠠᠨ ᠪᠠᠩᠬᠢ 2021 ᠣᠨ ᠤ ︽ᠪᠦᠬᠦ ᠪᠥᠮᠪᠥᠷᠴᠡᠭ ᠤᠨ ᠰᠦ ᠶᠢᠨ ᠦᠢᠯᠡᠰ ᠤᠨ 20 ᠬᠦᠴᠦᠷᠬᠡᠭ︾ ᠤᠨ ᠨᠡᠷᠡᠰ ᠤᠨ ᠵᠢᠭᠰᠠᠭᠠᠯᠲᠠ ᠶᠢ ᠨᠡᠶᠢᠲᠡᠯᠡᠵᠦ᠂ ᠢᠯᠢ ᠵᠠᠯᠭᠠᠭ᠎ᠠ ᠪᠠᠷ ᠲᠠᠪᠤᠳᠠᠬᠢ ᠵᠢᠯ ᠪᠦᠬᠦ ᠪᠥᠮᠪᠥᠷᠴᠡᠭ ᠤᠨ ᠲᠠᠪᠤᠨ ᠬᠦᠴᠦᠷᠬᠡᠭ ᠢᠶᠠᠷ ᠲᠤᠳᠤᠷᠠᠵᠤ᠂ 8 ᠵᠢᠯ ᠳᠠᠷᠠᠭᠠᠯᠠᠨ ᠠᠽᠢᠶ᠎ᠠ ᠲᠢᠪ ᠤᠨ ᠰᠦ ᠶᠢᠨ ᠦᠢᠯᠡᠰ ᠤᠨ ᠨᠢᠭᠡᠳᠦᠭᠡᠷ ᠲᠤ ᠣᠷᠣᠵᠤ᠂ ᠳᠠᠬᠢᠨᠲᠠ ᠪᠦᠬᠦ ᠪᠥᠮᠪᠥᠷᠴᠡᠭ ᠤᠨ ᠲᠠᠪᠤᠨ ᠬᠦᠴᠦᠷᠬᠡᠭ ᠲᠤ ᠤᠷᠤᠭᠰᠠᠨ ᠴᠤᠷ ᠤᠨ ᠭᠠᠭᠴᠠ ᠳᠤᠮᠳᠠᠳᠤ ᠤᠯᠤᠰ ᠤᠨ ᠰᠦ ᠶᠢᠨ ᠠᠵᠤ ᠠᠬᠤᠶᠢᠯᠠᠯ ᠪᠤᠯᠵᠤ᠂ ᠳᠤᠮᠳᠠᠳᠤ ᠤᠯᠤᠰ ᠤᠨ ᠰᠦ ᠶᠢᠨ ᠦᠢᠯᠡᠰ ᠤᠨ ᠳᠠᠭᠠᠭᠤᠯᠤᠭᠴᠢ ᠶᠢᠨ ᠬᠦᠴᠦᠷᠬᠡᠭ ᠶᠡᠭᠡ ᠪᠣᠳᠠᠲᠤ ᠬᠦᠴᠦᠨ ᠢ ᠢᠯᠡᠷᠡᠭᠦᠯᠪᠡ᠃       ᠬᠤᠯᠠᠨᠳ᠋ ᠤᠨ ᠬᠤᠷᠰᠢᠭᠰᠠᠨ ᠪᠠᠩᠬᠢ ᠶᠢᠨ ︽ᠪᠥᠬᠦ ᠳᠡᠯᠡᠬᠡᠶ ᠶᠢᠨ ᠰᠦ ᠶᠢᠨ ᠦᠢᠯᠡᠰ ᠤᠨ 20 ᠬᠦᠴᠦᠷᠬᠡᠭ︾ ᠤᠨ ᠨᠡᠷᠡᠰ ᠤᠨ ᠵᠢᠭᠰᠠᠭᠠᠯᠲᠠ ᠨᠢ ᠪᠥᠬᠦ ᠳᠡᠯᠡᠬᠡᠶ ᠶᠢᠨ ᠡᠯ᠎ᠡ ᠲᠣᠮᠣ ᠴᠠᠭᠠᠨ ᠢᠳᠡᠭᠡᠨ ᠤ ᠠᠵᠤ ᠠᠬᠤᠶᠢᠯᠠᠯ ᠤᠨ ᠪᠣᠷᠣᠯᠠᠭᠤᠯᠤᠯᠲᠠ ᠶᠢᠨ ᠲᠤᠭ᠎ᠠ ᠪᠠᠷᠢᠮᠲᠠ ᠪᠠ ᠡᠳ᠋ ᠤᠨ ᠶᠠᠪᠤᠳᠠᠯ ᠤᠨ ᠮᠡᠳᠡᠭᠦᠯᠦᠯᠲᠡ ᠶᠢᠨ ᠬᠦᠰᠦᠨᠦᠭᠲᠦ ᠶᠢᠨ ᠮᠡᠳᠡᠭᠡ ᠵᠠᠩᠭᠢ ᠪᠠᠷ ᠭᠤᠤᠯ ᠦᠨᠳᠦᠰᠦᠯᠡᠯ ᠪᠣᠯᠭᠠᠵᠤ᠂ ᠣᠳᠣᠬᠠᠨ ᠤ ᠪᠥᠬᠦ ᠳᠡᠯᠡᠬᠡᠶ ᠶᠢᠨ ᠰᠦ ᠶᠢᠨ ᠦᠢᠯᠡᠰ ᠤᠨ ᠡᠷᠬᠡ ᠰᠦᠷᠲᠦ ᠨᠡᠷᠡᠰ ᠤᠨ ᠵᠢᠭᠰᠠᠭᠠᠯᠲᠠ ᠶᠢᠨ ᠨᠢᠭᠡ ᠪᠣᠯᠤᠨ᠎ᠠ᠃ 2020 ᠣᠨ ᠤ ᠨᠠᠷᠢᠨ ᠪᠤᠳᠤᠯᠢᠶᠠᠨᠲᠠᠢ ᠬᠤᠪᠢᠷᠠᠯᠲᠠ ᠶᠡᠬᠡᠲᠡᠢ ᠪᠦᠬᠦ ᠪᠥᠮᠪᠥᠷᠴᠡᠭ ᠤᠨ ᠠᠵᠤ ᠠᠬᠤᠢ ᠶᠢᠨ ᠣᠷᠴᠢᠨ ᠪᠠᠶᠢᠳᠠᠯ ᠳᠤ᠂ ᠢᠯᠢ ᠥᠨᠳᠥᠷ ᠬᠠᠷᠠᠯᠲᠠ ᠪᠠᠷ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠪᠦᠬᠦ ᠠᠵᠤ ᠦᠢᠯᠡᠰ ᠤᠨ  ᠬᠡᠯᠬᠢᠶ᠎ᠡ  ᠶᠢᠨ ᠥᠷᠢᠰᠥᠯᠳᠦᠭᠡᠨ ᠤ ᠳᠠᠪᠠᠭᠤᠯᠢᠭ ᠢᠶᠠᠷ ᠢᠶᠠᠨ ᠤᠷᠢᠳᠤ ᠡᠮᠦᠨ᠎ᠡ ᠪᠠᠶᠢᠭ᠎ᠠ ᠦᠭᠡᠢ ᠰᠢᠯᠭᠠᠯᠲᠠ ᠶᠢ ᠳᠠᠭᠠᠭᠠᠵᠤ᠂ ᠥᠨᠳᠥᠷ ᠨᠡᠮᠡᠭᠳᠡᠯ ᠢ ᠪᠡᠶᠡᠯᠡᠭᠦᠯᠦᠭᠰᠡᠨ ᠴᠦᠭᠡᠨ ᠲᠤᠭᠠᠨ ᠤ ᠰᠦ ᠶᠢᠨ ᠠᠵᠤ ᠠᠬᠤᠶᠢᠯᠠᠯ ᠪᠤᠯᠵᠤ᠂ ᠪᠦᠬᠦ ᠪᠥᠮᠪᠥᠷᠴᠡᠭ ᠤᠨ ᠰᠦ ᠶᠢᠨ ᠦᠢᠯᠡᠰ ᠤᠨ ᠲᠠᠪᠤᠨ ᠬᠦᠴᠦᠷᠬᠡᠭ ᠤᠨ ᠨᠡᠷ᠎ᠡ ᠨᠢᠳᠡᠷ ᠲᠡᠭᠡᠨ ᠲᠡᠩᠴᠡᠭᠰᠡᠨ ᠪᠠᠶᠢᠨ᠎ᠠ᠃       2020 ᠣᠨ ᠳᠤ ᠠᠩᠬ᠎ᠠ ᠤᠳᠠᠭ᠎ᠠ ᠪᠦᠬᠦ ᠪᠥᠮᠪᠥᠷᠴᠡᠭ ᠤᠨ ᠲᠠᠪᠤᠨ ᠬᠦᠴᠦᠷᠬᠡᠭ ᠲᠤ ᠤᠷᠤᠭᠰᠠᠨ ᠠᠴᠠ 2021 ᠣᠨ ᠳᠤ ᠠᠮᠵᠢᠯᠲᠠ ᠲᠠᠢ ᠪᠠᠷ ᠲᠠᠷᠠᠭᠠᠯᠠᠨ ᠲᠠᠪᠤᠳᠠᠬᠢ ᠵᠢᠯ ᠢᠶᠠᠨ ᠲᠠᠪᠤᠨ ᠬᠦᠴᠦᠷᠬᠡᠭ ᠤᠨ ᠰᠠᠭᠤᠳᠠᠯ ᠳᠤ ᠰᠠᠭᠤᠵᠤ᠂ ᠢᠯᠢ ᠪᠠᠰᠠ ᠨᠢᠭᠡ ᠤᠳᠠᠭ᠎ᠠ ᠶᠢᠨ ᠬᠥᠭᠵᠢᠯᠲᠡ ᠶᠢᠨ ᠳᠠᠪᠠᠯᠲᠠ ᠶᠢ ᠪᠡᠶᠡᠯᠡᠭᠦᠯᠵᠦ᠂ ᠪᠦᠬᠦ ᠪᠥᠮᠪᠥᠷᠴᠡᠭ ᠤᠨ ᠰᠦ ᠶᠢᠨ ᠦᠢᠯᠡᠰ ᠤᠨ ᠨᠢᠭᠡᠳᠦᠭᠡᠷ  ᠡᠩᠨᠡᠭᠡᠨ ᠤ ᠲᠥᠪ ᠲᠤ ᠵᠣᠭᠰᠣᠵᠠᠢ ᠭᠡᠵᠦ ᠬᠡᠯᠡᠵᠦ ᠪᠣᠯᠤᠨ᠎ᠠ᠃ 2021 ᠣᠨ ᠳᠤ᠂ ᠢᠯᠢ ᠲᠤᠭᠲᠠᠭᠤᠨ ᠨᠡᠮᠡᠭᠳᠡᠯ ᠤᠨ ᠪᠠᠶᠢᠳᠠᠯ ᠢᠶᠠᠨ ᠦᠷᠭᠦᠯᠵᠢᠯᠡᠨ ᠪᠠᠲᠤᠯᠠᠪᠠ᠃ 2021 ᠣᠨ ᠤ ᠨᠢᠭᠡᠳᠦᠭᠡᠷ ᠤᠯᠠᠷᠢᠯ ᠤᠨ ᠮᠡᠳᠡᠭᠦᠯᠦᠯᠲᠡ ᠳᠤ ᠢᠯᠡᠷᠡᠭᠰᠡᠨ ᠢᠶᠠᠷ᠂ ᠢᠯᠢ ᠶᠢᠨ ᠨᠢᠭᠡᠳᠦᠭᠡᠷ ᠤᠯᠠᠷᠢᠯ  ᠳᠤ ᠪᠡᠶᠡᠯᠡᠭᠦᠯᠦᠭᠰᠡᠨ ᠡᠵᠡᠩᠨᠡᠯᠲᠡ ᠶᠢᠨ ᠪᠥᠬᠦ ᠣᠷᠣᠯᠭ᠎ᠠ 273.63 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 32.49% ᠪᠠᠷ ᠨᠡᠮᠡᠭᠳᠡᠨ᠂ ︽ᠲᠡᠤᠬᠡᠨ ᠳᠡᠭᠡᠷᠡᠬᠢ ᠬᠠᠮᠤᠭ ᠤᠨ ᠬᠦᠴᠦᠷᠬᠡᠭ ᠨᠢᠭᠡ ᠤᠯᠠᠷᠢᠯ ᠤᠨ ᠮᠡᠳᠡᠭᠦᠯᠦᠯᠲᠡ︾ ᠪᠣᠯᠵᠤ᠂ ᠢᠯᠢ ᠶᠢᠨ ᠬᠤᠶᠢᠳᠤᠬᠢ ᠮᠢᠩᠭᠠᠨ ᠳ᠋ᠦᠩᠰᠢᠭᠤᠷ ᠤᠨ ᠴᠠᠭ ᠦᠶ᠎ᠡ ᠳᠤ  ᠲᠦᠷᠦᠭᠦᠯᠡᠨ‌ᠣᠷᠣᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃       ᠪᠥᠬᠦ ᠪᠥᠮᠪᠥᠷᠴᠡᠭ ᠤᠨ ᠰᠦ ᠶᠢᠨ ᠦᠢᠯᠡᠰ ᠤᠨ ᠨᠢᠭᠡᠳᠦᠭᠡᠷ ᠡᠩᠨᠡᠭᠡ  ᠳᠤ ᠪᠠᠲᠤ ᠵᠣᠭᠰᠣᠭᠰᠠᠨ ᠢᠯᠢ ᠢᠷᠡᠭᠡᠳᠦᠶ ᠳᠤ ᠪᠥᠬᠦ ᠪᠥᠮᠪᠥᠷᠴᠡᠭ ᠤᠨ ᠡᠯ᠎ᠡ ᠲᠠᠯ᠎ᠠ ᠶᠢᠨ ᠬᠦᠴᠦᠨ ᠢ ᠲᠠᠰᠤᠷᠠᠯᠲᠠ ᠥᠬᠡᠶ ᠨᠢᠭᠲᠠᠷᠠᠭᠤᠯᠵᠤ᠂ ︽ᠬᠤᠤᠰ ᠣᠷᠴᠢᠯ︾ ᠤᠨ ᠰᠢᠨ᠎ᠡ ᠬᠥᠭᠵᠢᠯᠲᠡ ᠶᠢᠨ ᠪᠠᠶᠢᠷᠢᠰᠢᠯ ᠤᠨ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠵᠠᠬ᠎ᠠ ᠳᠡᠯᠭᠡᠭᠦᠷ᠂ ᠬᠤᠶᠠᠷ ᠵᠦᠢᠯ ᠤᠨ ᠡᠬᠢ ᠪᠠᠶᠠᠯᠢᠭ ᠤᠨ ᠳᠠᠪᠠᠭᠤᠯᠢᠭ ᠢ  ᠭᠦᠢᠴᠡᠳ ᠪᠠᠳᠠᠷᠠᠭᠤᠯᠤᠨ᠂ ︽ᠪᠥᠬᠦ ᠪᠥᠮᠪᠥᠷᠴᠡᠭ ᠤᠨ ᠡᠷᠡᠭᠦᠯ ᠡᠩᠬᠡ ᠠᠮᠢ ᠠᠬᠤᠶ ᠶᠢᠨ ᠬᠦᠷᠢᠶ᠎ᠡ︾ ᠶᠢ ᠲᠦᠷᠭᠡᠯᠡᠨ ᠪᠠᠶᠢᠭᠤᠯᠵᠤ᠂ ︽ᠪᠥᠬᠦ ᠪᠥᠮᠪᠥᠷᠴᠡᠭ ᠤᠨ ᠰᠦ ᠶᠢᠨ ᠦᠢᠯᠡᠰ ᠤᠨ ᠭᠤᠷᠪᠠᠨ ᠬᠦᠴᠦᠷᠬᠡᠭ︾ ᠤᠨ ᠳᠤᠮᠳᠠ ᠬᠤᠭᠤᠴᠠᠭᠠᠨ ᠤ ᠬᠠᠷᠠᠯᠲᠠ ᠪᠠ ︽ᠪᠥᠬᠦ ᠪᠥᠮᠪᠥᠷᠴᠡᠭ ᠤᠨ ᠰᠦ ᠶᠢᠨ ᠦᠢᠯᠡᠰ ᠤᠨ ᠮᠠᠩᠯᠠᠢ︾  ᠶᠢᠨ ᠣᠷᠳᠣ ᠬᠤᠭᠤᠴᠠᠭᠠᠨ ᠤ ᠪᠠᠶᠢᠯᠳᠤᠬᠤ ᠪᠣᠳᠣᠯᠭ᠎ᠠ ᠶᠢᠨ ᠬᠠᠷᠠᠯᠲᠠ ᠳᠠᠰᠢ ᠯᠠᠪᠳᠠᠭᠤᠨ ᠢᠶᠠᠷ ᠤᠷᠤᠭᠰᠢᠯᠠᠬᠤ ᠪᠣᠯᠤᠨ᠎ᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ