ᠬᠦᠬᠡᠬᠤᠲᠠ ᠪᠠᠭᠰᠢ ᠶᠢᠨ ᠮᠤᠷᠠᠯ ᠰᠤᠷᠳᠠᠯ ᠤᠨ  ᠪᠠᠶᠢᠭᠤᠯᠤᠯᠲᠠ ᠶᠢ ᠴᠢᠩᠭᠠᠳᠬᠠᠵᠤ ᠪᠠᠶᠢᠨ᠎ᠠ
ᠨᠡᠶᠢᠲᠡᠯᠡᠭᠰᠡᠨ ᠴᠠᠭ᠄
2021/8/27
      ︵ᠰᠣᠷᠪᠤᠯᠵᠢᠯᠠᠭᠴᠢ ᠨᠠᠪᠴᠢ︶ ᠲᠦᠷᠦᠭᠦᠬᠡᠨ᠂ ᠬᠦᠬᠡᠬᠤᠲᠠ ᠶᠢᠨ ᠰᠤᠷᠭᠠᠨ ᠬᠦᠮᠦᠵᠢᠯ ᠤᠨ ᠲᠣᠪᠴᠢᠶ᠎ᠠ ᠪᠦᠬᠦ ᠬᠤᠲᠠ ᠶᠢᠨ ᠪᠠᠭᠰᠢ ᠶᠢᠨ ᠦᠵᠡᠯ ᠰᠠᠨᠠᠭ᠎ᠠ ᠤᠯᠤᠰ ᠲᠥᠷᠥ ᠪᠠ ᠪᠠᠭᠰᠢ ᠶᠢᠨ ᠮᠤᠷᠠᠯ ᠰᠤᠷᠲᠠᠯ ᠤᠨ ᠪᠠᠶᠢᠭᠤᠯᠤᠯᠲᠠ ᠵᠢᠴᠢ ᠪᠠᠭᠰᠢ ᠶᠢᠨ ᠶᠤᠰᠤ ᠰᠤᠷᠲᠠᠬᠤᠨ ᠲᠤᠰᠬᠠᠢ ᠰᠡᠳᠦᠪᠲᠦ ᠬᠦᠮᠦᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃       ᠬᠤᠷᠠᠯ ᠠᠴᠠ᠂ ᠡᠯ᠎ᠡ ᠭᠠᠵᠠᠷ ᠣᠷᠤᠨ ᠤ ᠡᠯ᠎ᠡ ᠰᠤᠷᠭᠠᠭᠤᠯᠢ ᠪᠠᠭᠰᠢ ᠶᠢᠨ ᠮᠤᠷᠠᠯ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠶᠢ ᠨᠡᠩ ᠲᠤᠪᠤᠶᠢᠮ᠎ᠠ ᠪᠠᠶᠢᠷᠢᠨ ᠳᠤ ᠲᠠᠯᠪᠢᠵᠦ᠂ ︽ᠬᠡᠨ ᠭᠤᠤᠯᠴᠢᠯᠠᠨ ᠬᠠᠮᠢᠶᠠᠷᠪᠠᠯ ᠬᠡᠨ ᠬᠠᠷᠢᠭᠤᠴᠠᠬᠤ︾ ᠵᠠᠷᠴᠢᠮ ᠢ ᠪᠠᠷᠢᠮᠳᠠᠯᠠᠵᠤ᠂ ᠪᠠᠭᠰᠢ ᠶᠢᠨ ᠮᠤᠷᠠᠯ ᠰᠤᠷᠲᠠᠯ ᠤᠨ ᠪᠠᠶᠢᠭᠤᠯᠤᠯᠲᠠ ᠶᠢᠨ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢᠨ ᠲᠦᠷᠢᠮ ᠪᠠ ᠬᠠᠷᠠᠯᠲᠠᠳᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃  ᠡᠯ᠎ᠡ ᠭᠠᠵᠠᠷ ᠤᠨ ᠬᠢᠨ  ᠪᠠᠭᠰᠢ ᠶᠢᠨ ᠶᠤᠰᠤ ᠮᠤᠷᠠᠯ ᠤᠨ ᠪᠠᠶᠢᠭᠤᠯᠤᠯᠲᠠ ᠳᠤ ᠤᠷᠤᠰᠢᠵᠤ ᠪᠠᠶᠢᠭ᠎ᠠ  ᠭᠤᠣᠯ ᠠᠰᠠᠭᠤᠳᠠᠯ ᠢ ᠵᠠᠳᠠᠯᠤᠨ ᠰᠢᠨᠵᠢᠯᠡᠵᠦ᠂ ᠲᠦᠭᠡᠮᠡᠯ ᠴᠢᠨᠠᠷᠲᠠᠢ ᠲᠤᠪᠤᠶᠢᠮ᠎ᠠ ᠠᠰᠠᠭᠤᠳᠠᠯ ᠪᠠ ᠨᠡᠶᠢᠭᠡᠮ ᠤᠨ ᠠᠩᠬᠠᠷᠤᠯ ᠢ ᠦᠷᠭᠡᠨ ᠢᠶᠠᠷ ᠲᠠᠲᠠᠭᠰᠠᠨ ᠠᠰᠠᠭᠤᠳᠠᠯ ᠤᠨ ᠲᠣᠭᠤᠷᠢᠨ ᠳᠤ ᠰᠤᠷᠭᠠᠭᠤᠯᠢ ᠶᠢ ᠱᠠᠯᠠᠪᠳᠠᠭᠤᠯᠵᠤ᠂  ᠬᠡᠷᠡᠭᠵᠢᠬᠦᠯᠦᠭᠦᠰᠢᠲᠡᠢ ᠲᠦᠷᠢᠮ ᠲᠤᠭᠲᠠᠭᠠᠯ ᠢ ᠰᠤᠳᠤᠯᠤᠨ ᠲᠤᠭᠲᠠᠭᠠᠬᠤ ᠬᠡᠷᠡᠭᠲᠡᠢ᠃ ᠡᠯ᠎ᠡ ᠭᠠᠵᠠᠷ ᠡᠯ᠎ᠡ ᠰᠤᠷᠭᠠᠭᠤᠯᠢ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠤᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠠᠷᠢᠭᠤᠴᠠᠯᠭ᠎ᠠ ᠠᠯᠳᠠᠪᠠᠯ ᠵᠠᠪᠠᠯ ᠨᠡᠬᠡᠮᠵᠢᠯᠡᠬᠦ᠂ ᠬᠠᠷᠢᠭᠤᠴᠠᠯᠭ᠎ᠠ ᠨᠡᠬᠡᠮᠵᠢᠯᠡᠬᠦ ᠳᠤ ᠵᠠᠪᠠᠯ ᠴᠢᠩᠭ᠎ᠠ ᠪᠠᠶᠢᠬᠤ ᠶᠢ ᠪᠠᠷᠢᠮᠳᠠᠯᠠᠬᠤ ᠬᠡᠷᠡᠭᠲᠡᠢ ᠭᠡᠵᠦ ᠱᠠᠭᠠᠷᠳᠠᠪᠠ᠃
ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ