ᠬᠥᠬᠡᠬᠤᠲᠠ ᠶᠢᠨ ︽ᠤᠶᠤᠨᠲᠤ ᠨᠢᠰᠬᠡᠯ ᠤᠨ ᠪᠠᠭᠤᠳᠠᠯ︾ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠲᠤᠰᠬᠠᠶ ᠮᠡᠷᠭᠡᠵᠢᠯᠲᠡᠨ ᠤ ᠰᠢᠯᠭᠠᠷᠠᠭᠤᠯᠤᠯᠲᠠ ᠳᠤ ᠬᠢᠷᠢ ᠲᠡᠩᠴᠡᠵᠡᠢ
ᠨᠡᠶᠢᠲᠡᠯᠡᠭᠰᠡᠨ ᠴᠠᠭ᠄
2021/8/27
      ᠤᠶᠢᠷ᠎ᠡ ᠶᠢᠨ ᠡᠳᠦᠷ᠂ ᠬᠥᠬᠡᠬᠤᠲᠠ ᠶᠢᠨ ᠵᠠᠮ ᠬᠠᠷᠢᠯᠴᠠᠭᠠᠨ ᠤ ᠪᠦᠯᠦᠭᠯᠡᠯ ᠺᠤᠮᠫᠠᠨᠢ ᠠᠴᠠ ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ ︽ᠤᠶᠤᠨᠲᠤ ᠨᠢᠰᠬᠡᠯ ᠤᠨ ᠪᠠᠭᠤᠳᠠᠯ︾ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠲᠣᠭᠲᠠᠭᠠᠬᠤ ᠬᠤᠶᠠᠳᠤᠭᠠᠷ ᠤᠳᠠᠭ᠎ᠠ ᠶᠢᠨ ᠲᠤᠰᠬᠠᠶ ᠮᠡᠷᠭᠡᠵᠢᠯᠲᠡᠨ ᠤ ᠦᠨᠡᠯᠡᠨ ᠬᠢᠨᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠳᠤ᠂ ᠭᠤᠸᠠᠩᠵᠧᠦ᠂ ᠱᠠᠩᠬᠠᠶ᠂ ᠱᠧᠨ᠋ᠵᠧᠨ᠂ ᠪᠡᠭᠡᠵᠢᠩ ᠵᠢᠴᠢ ᠮᠠᠨ ᠤ ᠤᠷᠤᠨ ᠤ ᠠᠷᠠᠳ ᠤᠨ ᠠᠭᠠᠷ ᠠᠶᠠᠯᠠᠯ ᠤᠨ ᠬᠦᠷᠢᠶᠡᠨ ᠳᠠᠬᠢ 9 ᠨᠠᠷᠠᠲᠤ ᠲᠤᠰᠬᠠᠶ ᠮᠡᠷᠭᠡᠵᠢᠯᠲᠡᠨ ᠢ ᠤᠷᠢᠵᠦ᠂ ᠳᠤᠰᠬᠠᠢ ᠮᠡᠷᠭᠡᠵᠢᠯᠳᠡᠳ ᠰᠦᠯᠵᠢᠶᠡᠨ ᠳᠡᠭᠡᠷ᠎ᠡ ᠪᠠ ᠪᠤᠳᠠᠳᠠᠢ ᠬᠤᠷᠠᠯ ᠳᠤ ᠤᠷᠤᠯᠴᠠᠬᠤ ᠬᠡᠯᠪᠡᠷᠢ ᠪᠠᠷ ᠳᠡᠮᠵᠢᠨ᠂ ᠨᠢᠭᠡᠳᠦᠭᠡᠷ ᠤᠳᠠᠭᠠᠨ ᠤ ᠦᠨᠡᠯᠡᠨ ᠬᠢᠨᠠᠭᠰᠠᠨ ᠰᠠᠭᠤᠷᠢᠨ ᠳᠡᠭᠡᠷ᠎ᠡ᠂ ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ ︽ᠤᠶᠤᠨᠲᠤ ᠨᠢᠰᠬᠡᠯ ᠤᠨ ᠪᠠᠭᠤᠳᠠᠯ ︾ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠳᠤ ᠰᠠᠨᠠᠯ ᠰᠠᠨᠠᠭᠤᠯᠭ᠎ᠠ ᠳᠤᠷᠠᠳᠪᠠ᠃      ᠲᠤᠰᠬᠠᠶ ᠮᠡᠷᠭᠡᠵᠢᠯᠲᠡᠳ ︽ᠤᠶᠤᠨᠲᠤ ᠨᠢᠰᠬᠡᠯ ᠤᠨ ᠪᠠᠭᠤᠳᠠᠯ︾ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠰᠡᠳᠦᠪ ᠲᠣᠭᠲᠠᠭᠠᠬᠤ ᠲᠥᠷᠥᠯ ᠵᠦᠢᠯ  ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠰᠠᠭᠤᠷᠢᠨ ᠳᠡᠭᠡᠷ᠎ᠡ᠂ ᠬᠠᠮᠢᠶ᠎ᠠ ᠪᠥᠬᠦᠶ ᠮᠠᠲ᠋ᠧᠷᠢᠶᠠᠯ᠂ ᠠᠰᠠᠭᠤᠯᠲᠠ ᠬᠠᠷᠢᠭᠤᠯᠲᠠ᠂ ᠶᠠᠷᠢᠯᠴᠠᠭ᠎ᠠ ᠵᠡᠷᠭᠡ ᠭᠤᠭᠴᠤᠭ᠎ᠠ ᠶᠢ ᠬᠢᠨᠠᠨ ᠦᠵᠡᠵᠦ᠂ ︽ᠤᠶᠤᠨᠲᠤ ᠨᠢᠰᠬᠡᠯ ᠤᠨ ᠪᠠᠭᠤᠳᠠᠯ︾ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠰᠡᠳᠦᠪ ᠲᠣᠭᠲᠠᠭᠠᠬᠤ ᠶᠢ ᠵᠥᠪᠰᠢᠶᠡᠷᠡᠪᠡ᠃ ᠲᠣᠰ ᠤᠳᠠᠭᠠᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠲᠥᠰᠦᠯ ᠢ ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ ︽ᠤᠶᠤᠨᠲᠤ ᠨᠢᠰᠬᠡᠯ ᠤᠨ ᠪᠠᠭᠤᠳᠠᠯ︾ ᠤᠨ ᠪᠥᠲᠥᠭᠡᠨ ᠪᠠᠶᠢᠭᠤᠯᠤᠯᠲᠠ ᠶᠢᠨ ᠵᠢᠷᠤᠭ ᠲᠥᠯᠥᠪᠯᠡᠭᠡ ᠶᠢᠨ ᠵᠢᠯᠣᠭᠤᠳᠬᠤ ᠲᠥᠰᠦᠯ ᠪᠣᠯᠭᠠᠬᠤ ᠪᠠᠷ ᠰᠠᠨᠠᠭᠤᠯᠪᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ