ᠮᠠᠨ ᠤ ᠬᠤᠲᠠ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠪᠦᠬᠦ ᠶᠠᠪᠤᠴᠠ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢ ᠦᠨᠳᠦᠰᠦᠨ ᠳᠡᠭᠡᠨ ᠪᠠᠶᠢᠭᠤᠯᠪᠠ
ᠨᠡᠶᠢᠲᠡᠯᠡᠭᠰᠡᠨ ᠴᠠᠭ᠄
2021/8/30
      ᠣᠶᠢᠷ᠎ᠠ ᠳᠤ᠂ ᠬᠤᠲᠠ ᠶᠢᠨ ᠵᠠᠰᠠᠭ ᠤᠨ ᠣᠷᠳᠣᠨ ᠠᠴᠠ ᠣᠶᠢᠯᠠᠭᠠᠭᠰᠠᠨ ᠢᠶᠠᠷ᠂ ᠡᠨᠡ ᠵᠢᠯ ᠠᠴᠠ ᠨᠠᠰᠢ᠂ ᠮᠠᠨ ᠤ ᠬᠤᠲᠠ ᠳᠤᠲᠠᠭᠤᠳᠠᠯ ᠢᠶᠠᠨ ᠦᠷᠭᠦᠯᠵᠢᠯᠡᠨ ᠨᠥᠬᠦᠪᠥᠷᠢᠯᠡᠵᠦ᠂ ᠪᠠᠭᠤᠷᠠᠶ ᠲᠠᠯ᠎ᠠ ᠪᠠᠨ ᠴᠢᠩᠭᠠᠳᠬᠠᠨ᠂ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠳᠥᠯᠭᠢᠨ ᠠᠬᠢᠭᠤᠯᠵᠤ᠂ ᠣᠳᠣ ᠪᠣᠯᠬᠤ ᠳᠤ ᠨᠢᠭᠡᠨᠲᠡ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠪᠥᠬᠦ ᠶᠠᠪᠤᠴᠠ ᠶᠢᠨ ᠬᠠᠮᠢᠶᠠᠷᠤᠯᠲᠠ ᠶᠢᠨ  ᠰᠢᠰᠲ᠋ᠧᠮᠵᠢ ᠶᠢ ᠦᠨᠳᠦᠰᠦᠨ ᠳᠡᠭᠡᠨ ᠪᠠᠶᠢᠭᠤᠯᠤᠭᠰᠠᠨ ᠪᠠᠶᠢᠨ᠎ᠠ᠃       ᠣᠶᠢᠯᠠᠭᠠᠭᠰᠠᠨ ᠢᠶᠠᠷ᠂ ᠮᠠᠨ ᠤ ᠬᠤᠲᠠ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠳᠤᠮᠳᠠ ᠪᠠᠨ᠂ ᠲᠡᠷᠢᠭᠦᠨ ᠤ ᠬᠢ ᠪᠠᠷ ᠪᠠᠷᠢᠮᠵᠢᠶᠠᠯᠠᠵᠤ᠂ ᠬᠦᠴᠦᠨ ᠢᠶᠠᠨ ᠲᠥᠪᠯᠡᠷᠡᠭᠦᠯᠦᠨ ᠨᠡᠬᠡᠵᠦ᠂ ᠬᠠᠮᠢᠶᠠᠷᠤᠯᠲᠠ ᠶᠢᠨ ᠠᠷᠭ᠎ᠠ᠂ ᠰᠢᠯᠭᠠᠨ ᠦᠨᠡᠯᠡᠬᠦ ᠠᠷᠭ᠎ᠠ᠂ ᠦᠨᠡᠯᠡᠬᠦ ᠪᠠᠷᠢᠮᠵᠢᠶ᠎ᠠ ᠵᠡᠷᠭᠡ 29 ᠲᠦᠷᠢᠮ ᠲᠣᠭᠲᠠᠭᠠᠯ ᠢ ᠲᠣᠭᠲᠠᠭᠠᠨ ᠨᠡᠶᠢᠲᠡᠯᠡᠵᠦ᠂ ︽ᠡᠳᠦᠷ ᠤᠨ ᠪᠠᠶᠢᠴᠠᠭᠠᠯᠲᠠ᠂ ᠭᠠᠷᠠᠭ ᠤᠨ ᠮᠡᠳᠡᠭᠦᠯᠦᠯᠲᠡ᠂ ᠰᠠᠷ᠎ᠠ ᠶᠢᠨ ᠵᠢᠭᠰᠠᠭᠠᠯᠲᠠ᠂ ᠤᠯᠠᠷᠢᠯ ᠤᠨ ᠱᠠᠩᠨᠠᠯ ᠲᠣᠷᠭᠠᠭᠤᠯᠢ︾ ᠶᠢᠨ ᠰᠢᠯᠭᠠᠨ ᠦᠨᠡᠯᠡᠵᠦ ᠱᠠᠩᠨᠠᠵᠤ ᠲᠣᠷᠭᠠᠬᠤ ᠲᠣᠭᠲᠠᠴᠠ ᠶᠢ ᠪᠠᠶᠢᠭᠤᠯᠪᠠ᠃ ᠪᠥᠬᠦ ᠬᠤᠲᠠ ᠳᠤ ᠨᠡᠶᠢᠲᠡ 16.2 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠣᠷᠣᠭᠤᠯᠵᠤ᠂ ᠳᠥᠷᠪᠡᠨ ᠲᠥᠷᠥᠯ ᠬᠤᠪᠢᠶᠠᠨ ᠬᠤᠷᠢᠶᠠᠨ ᠴᠤᠭᠯᠠᠭᠤᠯᠬᠤ ᠰᠠᠪᠠ 10843 ᠢᠵᠢ ᠭᠠᠷᠭᠠᠵᠤ᠂ ᠲᠥᠪᠯᠡᠷᠡᠭᠦᠯᠦᠨ ᠲᠠᠯᠪᠢᠬᠤ ᠴᠡᠭ ᠤᠨ ᠬᠠᠶᠢᠷᠴᠠᠭ ᠬᠡᠷ ︵ᠲᠢᠩᠰᠡ ᠰᠠᠷᠠᠪᠴᠢ︶ ᠢ 1730 ᠪᠠᠶᠢᠭᠤᠯᠵᠤ᠂  ᠬᠤᠭ ᠤᠨ ᠰᠠᠪᠠ ᠶᠢᠨ ᠬᠠᠵᠠᠭᠤ ᠳᠠᠬᠢ ᠬᠢᠨᠠᠨ ᠵᠢᠯᠣᠭᠤᠳᠤᠭᠴᠢ ᠶᠢ 3742 ᠲᠣᠬᠢᠷᠠᠭᠤᠯᠵᠤ᠂ ᠡᠯ᠎ᠡ ᠲᠥᠷᠥᠯ ᠤᠨ ᠬᠤᠭ ᠨᠣᠪᠰᠢ ᠶᠢ ᠬᠤᠷᠢᠶᠠᠨ ᠴᠤᠭᠯᠠᠭᠤᠯᠵᠤ ᠳᠠᠮᠵᠢᠭᠤᠯᠤᠨ ᠲᠡᠭᠡᠭᠡᠪᠦᠷᠢᠯᠡᠬᠦ ᠲᠡᠷᠭᠡ ᠶᠢ 3521 ᠬᠤᠳᠠᠯᠳᠤᠨ ᠠᠪᠴᠤ᠂ 12 ᠬᠤᠭ ᠨᠣᠪᠰᠢ ᠶᠢ ᠢᠯᠭᠠᠬᠤ ᠲᠥᠪ᠂ ᠰᠢᠢᠳᠪᠦᠷᠢᠯᠡᠬᠦ ᠲᠠᠯᠠᠪᠠᠢ ᠥᠷᠲᠡᠭᠡ ᠪᠠ 2 ᠬᠤᠭ ᠨᠣᠪᠰᠢ ᠶᠢ ᠰᠢᠲᠠᠭᠠᠵᠤ ᠴᠠᠬᠢᠯᠭᠠᠨ ᠭᠠᠷᠭᠠᠬᠤ ᠦᠢᠯᠡᠳᠪᠦᠷᠢ ᠶᠢ ᠪᠠᠶᠢᠭᠤᠯᠪᠠ᠃ ᠬᠤᠭ ᠨᠣᠪᠰᠢ ᠶᠢ ᠲᠦᠷᠦᠯ ᠬᠤᠪᠢᠶᠠᠨ ᠬᠠᠮᠢᠶᠠᠷᠬᠤ ᠲᠠᠯ᠎ᠠ ᠪᠠᠷ ᠬᠠᠷᠢᠶ᠎ᠠ ᠣᠷᠣᠨ ᠤ ᠬᠠᠮᠢᠶᠠᠷᠤᠯᠲᠠ᠂ ᠰᠢᠰᠲ᠋ᠧᠮᠵᠢᠭᠦᠯᠦᠨ ᠬᠠᠮᠢᠶᠠᠷᠬᠤ᠂ ᠠᠵᠢᠯ ᠲᠦᠷᠦᠯ ᠤᠨ ᠬᠠᠮᠢᠶᠠᠷᠤᠯᠲᠠ ᠶᠢᠨ ︽ᠭᠤᠷᠪᠠ ᠶᠢ ᠵᠡᠷᠭᠡ ᠪᠠᠷ ᠬᠠᠮᠢᠶᠠᠷᠬᠤ︾ ᠬᠢᠨᠠᠯᠲᠠ ᠬᠠᠮᠢᠶᠠᠷᠤᠯᠲᠠ ᠶᠢᠨ ᠵᠠᠭᠪᠤᠷ ᠢ ᠴᠢᠩᠳᠠᠯᠠᠵᠤ᠂ ᠪᠦᠬᠦ ᠬᠤᠲᠠ ᠶᠢᠨ 32 ᠬᠡᠷᠡᠭ ᠡᠷᠬᠢᠯᠡᠬᠦ ᠭᠠᠵᠠᠷ᠂ 253 ᠨᠡᠶᠢᠭᠡᠮ ᠲᠣᠭᠤᠷᠢᠭ᠂ 2849 ᠬᠤᠷᠢᠶᠠᠯᠠᠯ᠂ 103.9 ᠲᠦᠮᠡᠨ ᠠᠶᠢᠯ ᠡᠷᠦᠬᠡ ᠶᠢᠨ ᠰᠠᠭᠤᠭᠠᠯᠢ ᠠᠷᠠᠳ ᠪᠠ ᠪᠤᠢ ᠪᠦᠬᠦᠢ ᠤᠯᠠᠨ ᠨᠡᠶᠢᠲᠡ ᠶᠢᠨ ᠪᠠᠶᠢᠭᠤᠯᠤᠮᠵᠢ᠂ ᠰᠤᠷᠭᠠᠭᠤᠯᠢ ᠳᠤ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠬᠤ ᠶᠢ ᠨᠡᠶᠢᠳᠡᠮ ᠬᠡᠷᠡᠭᠵᠢᠭᠦᠯᠪᠡ᠃ ᠮᠠᠨ ᠤ ᠬᠤᠲᠠ ᠶᠢᠨ ᠲᠥᠷᠥᠯ  ᠬᠤᠪᠢᠶᠠᠬᠤ ᠲᠥᠬᠦᠭᠡᠷᠦᠮᠵᠢ ᠶᠢᠨ ᠪᠦᠷᠬᠦᠴᠡ ᠶᠢᠨ ᠨᠣᠷᠮ᠎ᠠ 100% ᠳᠤ ᠬᠦᠷᠴᠦ᠂ ᠰᠠᠭᠤᠭᠠᠯᠢ ᠠᠷᠠᠳ ᠤᠨ ᠮᠡᠳᠡᠬᠦ ᠨᠣᠷᠮ᠎ᠠ 95.6% ᠳᠤ ᠬᠦᠷᠴᠦ᠂ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠠᠪᠴᠤ ᠠᠰᠢᠭᠯᠠᠬᠤ ᠨᠣᠷᠮ᠎ᠠ 30.2% ᠲᠤ ᠬᠦᠷᠴᠡᠶ᠃ ︵ᠯᠢ ᠬᠠᠶ ᠵᠧᠨ︶
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ