ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/8/30
res01_attpic_brief99999.jpg    
      8 ᠳ᠋ᠤᠭᠠᠷ ᠰᠠᠷ᠎ᠠ ᠶᠢᠨ 27 ᠤ ᠡᠳᠦᠢ᠂ ᠰᠢᠨ᠎ᠡ ᠬᠤᠲᠠ ᠲᠣᠭᠤᠷᠢᠭ ᠤᠨ ᠵᠡᠭᠦᠨ ᠵᠠᠮ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠢᠨ ᠠᠯᠪᠠᠨ ᠠᠰᠠᠷ ᠤᠨ ᠢᠶᠠᠨ ᠡᠮᠦᠨ᠎ᠡ ᠡᠨᠧᠷᠭᠢ ᠶᠢ ᠠᠷᠪᠢᠯᠠᠵᠤ ᠭᠠᠳᠠᠭᠰᠢᠯᠠᠭᠤᠯᠤᠯᠲᠠ ᠶᠢ ᠪᠠᠭᠠᠰᠬᠠᠬᠤ ᠪᠠ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃     ᠠᠵᠢᠯᠯᠠᠭ᠎ᠠ ᠶᠢᠨ ᠠᠬᠤᠢ ᠲᠠᠯᠠᠪᠠᠢ ᠳᠤ᠂ ᠠᠵᠢᠯᠲᠠᠳ ᠠᠴᠠ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠠᠰᠠᠭᠤᠨ ᠯᠠᠪᠯᠠᠬᠤ ᠭᠠᠵᠠᠷ ᠭᠠᠷᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠠᠭᠤᠭᠠᠯᠢ ᠠᠷᠠᠳ ᠲᠤ ᠡᠨᠧᠷᠭᠢ ᠶᠢ ᠠᠷᠪᠢᠯᠠᠵᠤ ᠭᠠᠳᠠᠭᠰᠢᠯᠠᠭᠤᠯᠤᠯᠲᠠ ᠶᠢ ᠪᠠᠭᠠᠰᠬᠠᠬᠤ ᠮᠡᠳᠡᠯᠭᠡ ᠪᠠ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠭᠤᠯᠭ᠎ᠠ ᠶᠢ ᠲᠠᠶᠢᠯᠪᠤᠷᠢᠯᠠᠵᠤ᠂ ᠥᠷᠭᠡᠨ ᠣᠯᠠᠨ ᠰᠠᠭᠤᠭᠠᠯᠢ ᠠᠷᠠᠳ ᠤᠨ ᠡᠨᠧᠷᠭᠢ ᠶᠢ ᠠᠷᠪᠢᠯᠠᠵᠤ ᠭᠠᠳᠠᠭᠰᠢᠯᠠᠭᠤᠯᠤᠯᠲᠠ ᠶᠢ ᠪᠠᠭᠠᠰᠬᠠᠨ᠂ ᠣᠷᠴᠢᠨ ᠲᠣᠭᠤᠷᠢᠨ ᠤ ᠬᠠᠮᠠᠭᠠᠯᠠᠭᠴᠢ ᠪᠣᠯᠵᠤ᠂ ᠪᠣᠯᠪᠠᠰᠤᠨ ᠬᠤᠲᠠ ᠶᠢ ᠬᠠᠮᠲᠤᠪᠠᠷ ᠡᠭᠦᠳᠦᠨ ᠪᠠᠶᠢᠭᠤᠯᠬᠤ ᠶᠢ ᠬᠥᠲᠥᠯᠥᠨ ᠵᠢᠯᠣᠭᠤᠳᠴᠠᠢ᠃ ᠰᠤᠷᠪᠤᠯᠵᠢᠯᠠᠭᠴᠢ ᠴᠡᠪᠡᠷᠬᠠᠰ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ