ᠲᠠᠷᠢᠶᠠᠯᠠᠩ ᠤᠨ ᠮᠡᠷᠭᠡᠵᠢᠯᠲᠡᠨ ᠨᠠᠮᠤᠷ ᠡᠪᠦᠯ ᠤᠨ ᠤᠯᠠᠷᠢᠯ ᠤᠨ ᠨᠣᠭᠤᠭ᠎ᠠ ᠶᠢᠨ ᠦᠢᠯᠡᠳᠪᠦᠷᠢᠯᠡᠯ ᠢ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2021/8/30
res01_attpic_briefoooo.jpg    
      ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠵᠤ᠂ ᠢᠳᠡᠰᠢᠨ ᠨᠣᠭᠤᠭ᠎ᠠ ᠶᠢᠨ ᠥᠪᠡᠷ ᠢ ᠪᠠᠨ ᠬᠠᠩᠭᠠᠬᠤ ᠨᠤᠷᠮ᠎ᠠ ᠶᠢ ᠳᠡᠭᠡᠭᠰᠢᠯᠡᠭᠦᠯᠬᠦ ᠶᠢᠨ ᠲᠥᠯᠥᠭᠡ᠂ ᠤᠢᠢᠷ᠎ᠠ ᠶᠢᠨ ᠡᠳᠦᠷ ᠤᠳ ᠲᠤ᠂ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠢ ᠳᠡᠯᠭᠡᠷᠡᠭᠦᠯᠬᠦ ᠲᠥᠪ ᠤᠨ ᠢᠳᠡᠰᠢᠨ ᠨᠣᠭᠤᠭ᠎ᠠ ᠶᠢᠨ ᠲᠤᠰᠬᠠᠢ ᠮᠡᠷᠭᠡᠵᠢᠯᠲᠡᠨ ᠰᠠᠶᠢᠬᠠᠨ ᠲᠣᠭᠤᠷᠢᠭ ᠤᠨ ᠰᠢᠪᠠᠭ᠋ᠠᠢ᠂ ᠭᠤᠮᠪᠤ ᠪᠣᠯᠤᠨ ᠲᠦᠮᠡᠳ ᠵᠡᠭᠦᠨ ᠬᠤᠰᠢᠭᠤᠨ ᠤ ᠠᠯᠳᠠᠨ ᠪᠡᠯᠡᠳᠭᠡᠮᠵᠢᠳᠤ ᠢᠳᠡᠰᠢᠨ ᠨᠣᠭᠤᠭ᠎ᠠ ᠶᠢᠨ ᠰᠠᠭᠤᠷᠢᠨ ᠭᠠᠵᠠᠷ ᠲᠤ ᠬᠦᠷᠴᠦ᠂ ᠨᠠᠮᠤᠷ ᠡᠪᠦᠯ ᠤᠨ ᠢᠳᠡᠰᠢᠨ ᠨᠣᠭᠤᠭ᠎ᠠ ᠶᠢ ᠰᠠᠭᠤᠷᠢᠰᠢᠭᠤᠯᠬᠤ᠂ ᠥᠨᠳᠥᠷ ᠳᠠᠯᠠᠩ ᠲᠠᠢ ᠨᠢᠭᠲᠠ ᠲᠠᠷᠢᠵᠦ ᠪᠤᠶᠢᠵᠢᠭᠤᠯᠬᠤ᠂ ᠴᠢᠬᠢ ᠶᠢ ᠬᠥᠷᠥᠰᠥ ᠰᠢᠷᠣᠢ ᠳᠤᠨᠢ ᠳᠠᠳᠬᠠᠬᠤ ᠬᠤᠭᠤᠴᠠᠭ᠎ᠠ᠂ ᠴᠢᠬᠢ ᠶᠢ ᠪᠣᠯᠪᠠᠰᠤᠷᠠᠭᠤᠯᠬᠤ ᠬᠤᠭᠤᠴᠠᠭ᠎ᠠ᠂ ᠴᠢᠬᠢ ᠶᠢ ᠬᠥᠷᠥᠰᠥ ᠰᠢᠷᠤᠢ ᠳᠤᠨᠢ ᠳᠠᠳᠬᠠᠭᠰᠠᠨ ᠤ ᠳᠠᠷᠠᠭ᠎ᠠ ᠴᠠᠭ ᠲᠤᠨᠢ ᠳᠤᠬᠢᠷᠠᠭᠤᠯᠤᠨ ᠪᠥᠷᠬᠦᠭᠡᠰᠦ ᠪᠦᠷᠬᠦᠬᠦ᠂ ᠰᠠᠯᠠᠭ᠎ᠠ ᠨᠠᠮᠠᠭ᠎ᠠ ᠶᠢ ᠨᠢ ᠲᠡᠭᠰᠢᠯᠡᠨ ᠵᠡᠯ᠎ᠡ ᠡᠯᠭᠦᠬᠦ᠂ ᠴᠢᠬᠢ ᠶᠢᠨ ᠬᠤᠭᠤᠴᠠᠭᠠᠨ ᠤ ᠡᠪᠡᠳᠴᠢᠨ ᠤ ᠬᠥᠨᠥᠭᠡᠯ ᠢ ᠰᠡᠷᠭᠡᠶᠢᠯᠡᠨ ᠵᠠᠰᠠᠬᠤ ᠵᠡᠷᠭᠡ ᠲᠠᠯ᠎ᠠ ᠪᠠᠷ ᠮᠡᠷᠭᠡᠵᠢᠯ ᠤᠨ ᠵᠢᠯᠣᠭᠤᠳᠤᠯᠭ᠎ᠠ ᠬᠢᠪᠡ᠃      ᠲᠤᠰᠬᠠᠶ ᠮᠡᠷᠭᠡᠵᠢᠯᠲᠡᠳ ᠲᠤᠬᠠᠶ ᠶᠢᠨ ᠲᠠᠯᠠᠪᠤᠷ ᠲᠤ ᠪᠠᠰᠠ ᠨᠡᠷᠡᠨ ᠬᠦᠯᠡᠮᠵᠢ ᠶᠢᠨ ᠵᠢᠮᠢᠰ ᠤᠨ ᠲᠥᠷᠥᠯ ᠤᠨ ᠨᠣᠭᠤᠭ᠎ᠠ ᠶᠢ ᠪᠠᠷᠢᠮᠵᠢᠶᠠᠵᠢᠭᠤᠯᠤᠨ ᠳᠠᠷᠢᠵᠤ ᠪᠤᠶᠢᠵᠢᠭᠤᠯᠬᠤ ᠮᠡᠷᠭᠡᠵᠢᠯ ᠤᠨ ᠭᠠᠷ ᠳᠡᠪᠲᠡᠷ ᠢ ᠢᠳᠡᠰᠢᠨ ᠨᠣᠭᠤᠭ᠎ᠠ ᠶᠢᠨ ᠲᠠᠷᠢᠶᠠᠴᠢᠳ ᠲᠤ ᠦᠨ᠎ᠡ ᠲᠥᠯᠥᠪᠦᠷᠢ ᠥᠬᠡᠶ ᠪᠠᠷ ᠲᠠᠷᠬᠠᠭᠠᠨ ᠥᠭᠴᠦ᠂ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠤᠨ ᠰᠢᠨ᠎ᠡ ᠮᠡᠷᠭᠡᠵᠢᠯ᠂ ᠰᠢᠨ᠎ᠡ ᠦᠷ᠎ᠡ ᠪᠦᠲᠦᠭᠡᠯ ᠢ ᠦᠢᠯᠡᠳᠪᠦᠷᠢᠯᠡᠯ ᠤᠨ ᠶᠠᠪᠤᠴᠠ ᠳᠤ ᠨᠠᠩ ᠪᠦᠲᠦᠮᠵᠢᠲᠡᠶ ᠪᠠᠷ ᠤᠯᠠᠷᠢᠭᠤᠯᠤᠨ ᠬᠡᠷᠡᠭᠯᠡᠭᠦᠯᠪᠡ᠃ ᠰᠤᠷᠪᠤᠯᠵᠢᠯᠠᠭᠴᠢ ᠮᠢᠶᠣᠣ ᠴᠢᠩ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ