︽ᠬᠤᠲᠠ ᠶᠢᠨ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠴᠢᠬᠤᠯᠠ ᠶᠡᠭᠡ ᠪᠠᠯᠠ ᠣᠷᠣᠭᠤᠯᠤᠯᠲᠠ ᠶᠢᠨ ᠵᠦᠢᠯᠡᠰ ᠤᠨ ᠲᠦᠭᠰᠢᠭᠦᠷᠢ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ︾ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/8/31
      ᠨᠢᠭᠡ᠂ ︽ᠠᠷᠭ᠎ᠠ︾ ᠶᠢ ᠲᠣᠭᠲᠠᠭᠠᠭᠰᠠᠨ ᠦᠨᠳᠦᠰᠦ ᠪᠠᠷᠢᠮᠲᠠ       ︽ᠺᠣᠮᠫᠠᠨᠢ ᠶᠢᠨ ᠬᠠᠤᠯᠢ︾ ︽ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠤᠯᠢ︾ ︽︿ᠲᠥᠷᠥ ᠶᠢᠨ ᠶᠠᠪᠤᠳᠠᠯ ᠤᠨ ᠬᠤᠷᠢᠶᠠᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠬᠥᠷᠥᠩᠭᠡ ᠶᠢ ᠬᠠᠮᠢᠶᠠᠷᠬᠤ ᠪᠠᠷ ᠭᠤᠣᠯ ᠪᠣᠯᠭᠠᠨ ᠡᠭᠦᠷᠭᠡ ᠴᠢᠳᠠᠪᠤᠷᠢ ᠶᠢ ᠬᠤᠪᠢᠷᠠᠭᠤᠯᠬᠤ ᠶᠢ ᠲᠦᠯᠬᠢᠨ ᠠᠬᠢᠭᠤᠯᠬᠤ ᠲᠥᠰᠥᠯ﹀ ᠢ ᠤᠯᠠᠮᠵᠢᠯᠠᠨ ᠲᠠᠷᠬᠠᠭᠠᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠪᠡᠯᠡ ᠭᠠᠷᠭᠠᠨ ᠬᠢᠨᠠᠨ ᠬᠠᠮᠢᠶᠠᠷᠬᠤ ᠠᠵᠤ ᠠᠬᠤᠶᠢᠯᠠᠯ ᠤᠨ ᠴᠢᠬᠤᠯᠠ ᠶᠡᠭᠡ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠲᠦᠭᠰᠢᠭᠦᠷᠢ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠳᠦᠷᠢᠮ ᠢ ᠦᠨᠳᠦᠰᠦᠯᠡᠨ᠂ ᠮᠠᠨ ᠤ ᠬᠤᠲᠠ ᠶᠢᠨ 2019 ᠣᠨ ᠳᠤ ᠬᠤᠲᠠ ᠶᠢᠨ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ︽ᠠᠷᠪᠠᠨ ᠵᠢᠷᠤᠮ ᠦᠭᠡᠢ︾ ᠠᠰᠠᠭᠤᠳᠠᠯ ᠢ ᠴᠡᠭᠴᠡᠯᠡᠨ ᠵᠠᠰᠠᠬᠤ ᠦᠶ᠎ᠡ ᠳᠤ ᠢᠯᠡᠷᠡᠭᠦᠯᠦᠭᠰᠡᠨ ᠨᠡᠶᠢᠲᠡᠮ ᠴᠢᠨᠠᠷᠲᠠᠢ ᠠᠰᠠᠭᠤᠳᠠᠯ ᠲᠠᠢ ᠤᠶᠠᠯᠳᠤᠭᠤᠯᠵᠤ᠂ ᠲᠤᠰ ︽ᠠᠷᠭ᠎ᠠ︾ ᠶᠢ ᠲᠣᠭᠲᠠᠭᠠᠵᠤ ᠳᠠᠷᠤᠮᠠᠯᠯᠠᠨ ᠲᠠᠷᠬᠠᠭᠠᠪᠠ᠃      ᠬᠤᠶᠠᠷ᠂ ︽ᠠᠷᠭ᠎ᠠ︾ ᠶᠢᠨ ᠭᠤᠣᠯ ᠠᠭᠤᠯᠭ᠎ᠠ      ︽ᠠᠷᠭ᠎ᠠ︾ ᠨᠢ ᠨᠡᠶᠢᠲᠡ ᠨᠠᠢᠮᠠᠨ ᠪᠦᠯᠦᠭ 36 ᠵᠦᠢᠯ ᠲᠠᠢ᠂ ᠡᠭᠦᠨ ᠳᠤ ᠶᠡᠷᠦᠩᠬᠡᠶ ᠲᠦᠷᠢᠮ᠂  ᠪᠡᠯᠡ ᠣᠷᠣᠭᠤᠯᠤᠯᠲᠠ ᠶᠢᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ  ᠰᠢᠰᠲ᠋ᠧᠮᠵᠢ ᠶᠢᠨ ᠪᠠᠶᠢᠭᠤᠯᠤᠯᠲᠠ᠂  ᠪᠡᠯᠡ ᠣᠷᠣᠭᠤᠯᠤᠯᠲᠠ ᠶᠢᠨ ᠬᠡᠷᠡᠭ ᠶᠠᠪᠤᠳᠠᠯ ᠤᠨ ᠡᠮᠦᠨᠡᠬᠢ ᠬᠠᠮᠢᠶᠠᠷᠤᠯᠲᠠ᠂ ᠪᠡᠯᠡ ᠣᠷᠣᠭᠤᠯᠤᠯᠲᠠ ᠶᠢᠨ ᠬᠡᠷᠡᠭ ᠶᠠᠪᠤᠳᠠᠯ ᠤᠨ ᠳᠤᠮᠳᠠᠬᠢ ᠬᠠᠮᠢᠶᠠᠷᠤᠯᠲᠠ᠂  ᠪᠡᠯᠡ ᠣᠷᠣᠭᠤᠯᠤᠯᠲᠠ ᠶᠢᠨ ᠬᠡᠷᠡᠭ ᠶᠠᠪᠤᠳᠠᠯ ᠤᠨ ᠳᠠᠷᠠᠭᠠᠬᠢ ᠬᠠᠮᠢᠶᠠᠷᠤᠯᠲᠠ᠂ ᠪᠠᠯᠠ ᠣᠷᠣᠭᠤᠯᠤᠯᠲᠠ ᠶᠢᠨ ᠲᠦᠭᠰᠢᠭᠦᠷᠢ ᠶᠢᠨ ᠬᠠᠮᠢᠶᠠᠷᠤᠯᠲᠠ᠂ ᠬᠠᠷᠢᠭᠤᠴᠠᠯᠭ᠎ᠠ ᠨᠡᠬᠡᠮᠵᠢᠯᠡᠬᠦ ᠪᠠ ᠳᠠᠭᠠᠯᠳᠤᠭᠤᠯᠤᠭᠰᠠᠨ ᠲᠦᠷᠢᠮ ᠵᠡᠷᠭᠡ ᠶᠢ ᠪᠠᠭᠲᠠᠭᠠᠵᠤ᠂ ᠬᠤᠲᠠ ᠶᠢᠨ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠴᠢᠬᠤᠯᠠ ᠶᠡᠭᠡ ᠪᠠᠯᠠ ᠣᠷᠣᠭᠤᠯᠤᠯᠲᠠ ᠶᠢᠨ ᠵᠦᠢᠯᠡᠰ ᠤᠨ ᠬᠦᠷᠢᠶ᠎ᠡ ᠬᠡᠪᠴᠢᠶ᠎ᠡ᠂ ᠬᠢᠨᠠᠨ ᠵᠥᠪᠰᠢᠶᠡᠷᠡᠬᠦ ᠡᠷᠬᠡ ᠶᠢᠨ ᠬᠢᠵᠠᠭᠠᠷ᠂ ᠪᠥᠬᠦ ᠶᠠᠪᠤᠴᠠ ᠶᠢᠨ ᠬᠠᠮᠢᠶᠠᠷᠤᠯᠲᠠ᠂ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠳᠤ ᠪᠣᠳᠠᠲᠠᠶ ᠲᠣᠭᠲᠠᠭᠠᠯ ᠭᠠᠷᠭᠠᠪᠠ᠃ ᠬᠤᠳᠠ ᠶᠢᠨ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠭᠤᠣᠯ ᠠᠵᠢᠯ ᠲᠦᠷᠦᠯ ᠤᠨ ᠪᠤᠰᠤ ᠪᠡᠯᠡ ᠣᠷᠣᠭᠤᠯᠤᠯᠲᠠ ᠶᠢ ᠴᠢᠩᠭ᠎ᠠ ᠬᠢᠵᠠᠭᠠᠷᠯᠠᠵᠤ ᠂ ᠴᠢᠬᠤᠯᠠ ᠶᠡᠭᠡ ᠪᠡᠯᠡ ᠣᠷᠣᠭᠤᠯᠤᠯᠲᠠ ᠶᠢᠨ ᠵᠦᠢᠯᠡᠰ ᠢ ᠬᠢᠨᠠᠨ ᠵᠥᠪᠰᠢᠶᠡᠷᠡᠬᠦ ᠰᠢᠢᠳᠪᠦᠷᠢᠲᠦ ᠪᠤᠳᠤᠯᠭ᠎ᠠ ᠲᠣᠭᠲᠠᠭᠠᠬᠤ ᠵᠢᠷᠤᠮ ᠢ ᠴᠢᠩᠭ᠎ᠠ  ᠭᠦᠢᠴᠡᠳᠬᠡᠬᠦ ᠬᠡᠷᠡᠭᠲᠡᠢ ᠭᠡᠳᠡᠭ ᠢ ᠳᠤᠲᠤᠷᠬᠠᠶᠢᠯᠠᠵᠤ᠂ ᠭᠠᠳᠠᠭᠠᠳᠤ ᠳᠤ ᠵᠣᠷᠢᠭᠤᠯᠤᠭᠰᠠᠨ ᠴᠢᠬᠤᠯᠠ ᠶᠡᠭᠡ ᠪᠡᠯᠡ ᠣᠷᠣᠭᠤᠯᠤᠯᠲᠠ ᠶᠢᠨ ᠵᠦᠢᠯᠡᠰ ᠢ ᠬᠢᠨᠠᠨ ᠵᠥᠪᠰᠢᠶᠡᠷᠡᠬᠦ ᠭᠤᠣᠯ ᠴᠣᠭᠴᠠ ᠶᠢ ᠲᠣᠭᠲᠠᠭᠠᠵᠤ᠂ ᠴᠢᠬᠤᠯᠠ ᠶᠡᠭᠡ ᠪᠡᠯᠡ ᠣᠷᠣᠭᠤᠯᠤᠯᠲᠠ ᠶᠢᠨ ᠬᠡᠷᠡᠭ ᠶᠠᠪᠤᠳᠠᠯ ᠤᠨ ᠡᠮᠦᠨᠡᠬᠢ᠂ ᠬᠡᠷᠡᠭ ᠶᠠᠪᠤᠳᠠᠯ ᠤᠨ ᠳᠤᠮᠳᠠᠬᠢ᠂ ᠬᠡᠷᠡᠭ ᠶᠠᠪᠤᠳᠠᠯ ᠤᠨ ᠳᠠᠷᠠᠭᠠᠬᠢ ᠬᠠᠮᠢᠶᠠᠷᠤᠯᠲᠠ ᠵᠡᠷᠭᠡ ᠶᠢ ᠴᠢᠩᠭᠠᠳᠬᠠᠪᠠ᠃      ᠭᠤᠷᠪᠠ᠂ ︽ᠠᠷᠭ᠎ᠠ︾ ᠶᠢᠨ ᠣᠨᠴᠠᠯᠢᠭ ᠭᠢᠯᠠᠰ ᠴᠡᠭ       ︽ᠠᠷᠭ᠎ᠠ︾ ᠳᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ ᠬᠡᠷᠡᠭ  ᠶᠠᠪᠤᠳᠠᠯ ᠤᠨ ᠡᠮᠦᠨᠡᠬᠢ᠂ ᠬᠡᠷᠡᠭ  ᠶᠠᠪᠤᠳᠠᠯ  ᠤᠨ ᠳᠤᠮᠳᠠᠬᠢ᠂ ᠬᠡᠷᠡᠭ  ᠶᠠᠪᠤᠳᠠᠯ ᠤᠨ ᠳᠠᠷᠠᠭᠠᠬᠢ ᠬᠠᠮᠢᠶᠠᠷᠤᠯᠲᠠ ᠶᠢ ᠣᠷᠭᠠᠨᠢᠭ ᠢᠶᠠᠷ ᠵᠣᠯᠭᠠᠭᠤᠯᠵᠤ᠂ ᠴᠢᠬᠤᠯᠠ ᠶᠡᠭᠡ ᠪᠠᠯᠠ ᠣᠷᠣᠭᠤᠯᠤᠯᠲᠠ ᠶᠢᠨ ᠬᠠᠮᠢᠶᠠᠷᠤᠯᠲᠠ ᠶᠢᠨ ᠵᠦᠢᠯᠡᠰ ᠲᠤ  ᠲᠣᠳᠣᠷᠬᠠᠶ ᠲᠣᠭᠲᠠᠭᠠᠯ ᠭᠠᠷᠭᠠᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ ᠵᠦᠢᠯᠡᠰ ᠨᠢ ᠭᠤᠤᠯ ᠠᠵᠢᠯ ᠲᠥᠷᠥᠯ᠂ ᠭᠤᠤᠯ ᠪᠤᠰᠤ ᠠᠵᠢᠯ ᠲᠥᠷᠥᠯ ᠵᠢᠴᠢ ᠪᠠᠯᠠ ᠣᠷᠣᠭᠤᠯᠤᠯᠲᠠ ᠶᠢᠨ ᠵᠣᠭᠤᠰ ᠤᠨ ᠲᠤᠭ᠎ᠠ ᠵᠡᠷᠭᠡ ᠶᠢ ᠦᠨᠳᠦᠰᠦᠯᠡᠨ᠂ ᠬᠢᠨᠠᠨ ᠵᠥᠪᠰᠢᠶᠡᠷᠡᠬᠦ ᠭᠤᠣᠯ ᠴᠣᠭᠴᠠ ᠪᠣᠯᠤᠨ ᠬᠢᠨᠠᠨ ᠵᠥᠪᠰᠢᠶᠡᠷᠡᠬᠦ ᠲᠠᠰ ᠳᠠᠷᠠᠭᠠᠯᠠᠯ ᠵᠡᠷᠭᠡ ᠶᠢ ᠲᠣᠳᠣᠷᠬᠠᠶ ᠲᠣᠭᠲᠠᠭᠠᠵᠠᠶ᠃  ᠬᠠᠮᠤᠭ ᠤᠨ ᠰᠡᠭᠦᠯ ᠳᠤ᠂ ᠬᠤᠳᠠ ᠶᠢᠨ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠪᠡᠯᠡ ᠣᠷᠣᠭᠤᠯᠤᠯᠲᠠ ᠶᠢᠨ ᠵᠦᠢᠯᠡᠰ ᠤᠨ ᠰᠢᠢᠳᠪᠦᠷᠢᠲᠦ ᠪᠤᠳᠤᠯᠭ᠎ᠠ ᠪᠠᠨ ︽ᠭᠤᠷᠪᠠᠨ ᠴᠢᠬᠤᠯᠠ ᠨᠢᠭᠡ ᠶᠡᠭᠡ︾ ᠰᠢᠢᠳᠪᠦᠷᠢᠲᠦ ᠪᠤᠳᠤᠯᠭ᠎ᠠ ᠶᠢᠨ ᠬᠡᠪᠴᠢᠶᠡᠨ ᠳᠤ ᠣᠷᠣᠭᠤᠯᠬᠤ ᠶᠢ ᠱᠠᠭᠠᠷᠳᠠᠭᠰᠠᠨ ᠪᠥᠭᠡᠳ ᠪᠡᠯᠡ ᠣᠷᠣᠭᠤᠯᠤᠯᠲᠠ ᠶᠢᠨ ᠵᠦᠢᠯᠡᠰ ᠤᠨ ᠪᠦᠬᠦ ᠶᠠᠪᠤᠴᠠ ᠶᠢᠨ ᠲᠦᠭᠰᠢᠭᠦᠷᠢ ᠶᠢᠨ ᠬᠠᠮᠢᠶᠠᠷᠤᠯᠲᠠ ᠳᠤ ᠱᠠᠭᠠᠷᠳᠠᠯᠭ᠎ᠠ ᠳᠤᠷᠠᠳᠴᠠᠶ᠃ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠢᠷᠡᠯᠲᠡ᠄ ᠬᠤᠲᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ