︽ᠪᠥᠬᠦ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠳᠤ ᠭᠠᠷᠴᠤ ᠠᠵᠢᠯ ᠡᠷᠬᠢᠯᠡᠬᠦ ᠬᠡᠷᠡᠭᠵᠢᠭᠦᠯᠬᠦ ᠲᠥᠰᠦᠯ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2021/8/31
       ᠨᠢᠭᠡ᠂ ︽ᠲᠥᠰᠥᠯ︾ ᠢ ᠲᠣᠭᠲᠠᠭᠠᠭᠰᠠᠨ ᠦᠨᠳᠦᠰᠦ ᠪᠠᠷᠢᠮᠲᠠ      ︽ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠭᠢᠮ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠢ ᠨᠡᠶᠢᠳᠭᠡᠨ ᠬᠠᠮᠲᠤᠪᠠᠷ ᠡᠳ᠋ᠯᠡᠬᠦ ᠶᠢ ᠭᠦᠨᠵᠡᠭᠡᠶᠢᠷᠡᠭᠦᠯᠬᠦ ᠲᠤᠬᠠᠶ ᠤᠯᠤᠰ ᠤᠨ ᠬᠦᠭᠵᠢᠭᠦᠯᠦᠯᠲᠡ ᠦᠭᠡᠷᠡᠴᠢᠯᠡᠯᠲᠡ ᠶᠢᠨ ᠵᠥᠪᠯᠡᠯ ᠤᠨ ᠵᠢᠯᠣᠭᠤᠳᠬᠤ ᠰᠠᠨᠠᠯ ᠢ ᠳᠠᠮᠵᠢᠭᠤᠯᠤᠨ ᠲᠠᠷᠬᠠᠭᠠᠬᠤ ᠮᠡᠳᠡᠭᠲᠡᠯ︾ ︵ᠲᠥᠷᠥ ᠠᠯᠪᠠᠨ ᠵᠠᠬᠢᠳᠠᠯ︹ 2019 ︺ 41 ᠳ᠋ᠤᠭᠡᠷ ᠲᠣᠭᠠᠲᠤ︶ ᠳᠤ ᠲᠠᠪᠴᠠᠩ ᠳᠤ ᠭᠠᠷᠬᠤ ᠶᠣᠰᠣᠲᠠᠢ ᠶᠢ ᠪᠦᠬᠦᠨ ᠢ ᠭᠠᠷᠭᠠᠬᠤ ᠶᠢ ᠪᠠᠷᠢᠮᠲᠠᠯᠠᠨ᠂ ᠡᠯ᠎ᠡ ᠲᠥᠷᠥᠯ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢ ᠲᠠᠪᠴᠠᠩ ᠳᠤ ᠭᠠᠷᠭᠠᠬᠤ ᠶᠢ ᠠᠬᠢᠭᠤᠯᠬᠤ ᠬᠡᠷᠡᠭᠲᠡᠢ ᠭᠡᠵᠦ ᠲᠤᠷᠠᠳᠪᠠ᠃ ᠵᠠᠬ᠎ᠠ ᠳᠡᠯᠭᠡᠭᠦᠷᠴᠢᠯᠡᠬᠦ ᠮᠠᠶ᠋ᠢᠭ ᠢᠶᠠᠷ ᠲᠣᠬᠢᠷᠠᠭᠤᠯᠬᠤ ᠶᠣᠰᠣᠲᠠᠢ ᠪᠤᠶᠤ ᠲᠣᠬᠢᠷᠠᠭᠤᠯᠵᠤ ᠪᠣᠯᠬᠤ ᠣᠯᠠᠨ ᠨᠡᠶᠢᠲᠡ ᠶᠢᠨ ᠡᠬᠢ ᠪᠠᠶᠠᠯᠢᠭ ᠲᠤ ᠠᠷᠠᠯᠵᠢᠶᠠᠨ ᠤ ᠭᠠᠷᠴᠠᠭ ᠤᠨ ᠨᠠᠷᠢᠨ ᠲᠠᠩᠰᠨ ᠪᠠᠶᠢᠭᠤᠯᠤᠨ᠂ ᠨᠠᠷᠢᠨ ᠳᠠᠩᠰᠠᠨ ᠳᠠᠬᠢ ᠣᠯᠠᠨ ᠨᠡᠶᠢᠲᠡ ᠶᠢᠨ ᠡᠬᠢ ᠪᠠᠶᠠᠯᠢᠭ ᠢ ᠨᠡᠶᠢᠲᠡᠮ ᠲᠠᠪᠴᠠᠩ ᠳᠡᠭᠡᠷ᠎ᠡ ᠠᠷᠠᠯᠵᠢᠶᠠᠯᠠᠬᠤ ᠶᠢ ᠲᠦᠷᠭᠡᠳᠬᠡᠨ ᠠᠬᠢᠭᠤᠯᠵᠤ᠂ ︽ᠲᠠᠪᠴᠠᠩ ᠤᠨ ᠭᠠᠳᠠᠨ᠎ᠠ ᠠᠷᠠᠯᠵᠢᠶ᠎ᠠ ᠥᠬᠡᠶ︾ ᠪᠠᠶᠢᠬᠤ ᠶᠢ ᠪᠡᠶᠡᠯᠡᠭᠦᠯᠦᠨ᠎ᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠢ ᠨᠡᠶᠢᠳᠬᠡᠨ ᠬᠠᠮᠲᠤᠪᠠᠷ ᠡᠳ᠋ᠯᠡᠬᠦ ᠶᠢ ᠭᠦᠨᠵᠡᠭᠡᠶᠢᠷᠡᠭᠦᠯᠬᠦ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹ 2019 ︺ 41 ᠳ᠋ᠦ᠋ᠭᠡᠷ ᠲᠣᠭᠠᠲᠤ︶ ᠳᠤ ᠲᠠᠪᠴᠠᠩ ᠤᠨ ᠬᠠᠮᠤᠷᠬᠤ ᠬᠡᠪᠴᠢᠶ᠎ᠡ ᠶᠢ ᠥᠷᠭᠡᠳᠬᠡᠬᠦ ᠬᠡᠷᠡᠭᠲᠡᠶ ᠭᠡᠵᠦ ᠱᠠᠭᠠᠷᠳᠠᠪᠠ᠃ ᠵᠠᠬ᠎ᠠ ᠳᠡᠯᠭᠡᠭᠦᠷᠴᠢᠯᠡᠬᠦ ᠠᠷᠭ᠎ᠠ ᠮᠠᠶ᠋ᠢᠭ ᠢᠶᠠᠷ ᠳᠣᠭᠢᠷᠠᠭᠤᠯᠬᠤ ᠳᠤ ᠳᠣᠭᠢᠷᠠᠬᠤ ᠪᠠᠶᠢᠭᠠᠯᠢ ᠶᠢᠨ ᠡᠬᠢ ᠪᠠᠶᠠᠯᠢᠭ᠂ ᠡᠳ᠋ ᠬᠥᠷᠥᠩᠭᠡ ᠶᠢᠨ ᠰᠲ᠋ᠣᠺ ᠤᠨ ᠡᠷᠬᠡ᠂ ᠣᠷᠴᠢᠨ ᠲᠣᠭᠤᠷᠢᠨ ᠤ ᠡᠷᠬᠡ ᠵᠡᠷᠭᠡ ᠣᠯᠠᠨ ᠨᠡᠶᠢᠲᠡ ᠶᠢᠨ ᠡᠬᠢ ᠪᠠᠶᠠᠯᠢᠭ ᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠳᠤ ᠭᠠᠷᠭᠠᠵᠤ᠂ ᠡᠮᠴᠢᠯᠡᠭᠡᠨ ᠤ ᠡᠮ ᠤᠨ ᠵᠦᠢᠯ᠂ ᠪᠠᠭᠠᠵᠢ ᠬᠡᠷᠡᠭᠰᠡᠯ᠂ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠠᠨ᠋ᠥ ᠲᠤᠭ᠎ᠠ ᠪᠠᠷᠢᠮᠲᠠ ᠶᠢ ᠥᠪᠡᠷᠲᠡᠭᠡᠨ ᠵᠠᠰᠠᠬᠤ ᠣᠷᠣᠨ ᠤ ᠡᠮ ᠪᠠ ᠪᠠᠭᠠᠵᠢ ᠬᠡᠷᠡᠭᠰᠡᠯ ᠢ ᠲᠥᠪᠯᠡᠷᠡᠭᠦᠯᠦᠨ ᠬᠤᠳᠠᠯᠳᠤᠨ ᠠᠪᠠᠨ᠋ᠥ ᠲᠠᠪᠴᠠᠩ ᠬᠢᠭᠡᠳ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠳᠤ ᠬᠠᠮᠲᠤᠪᠠᠷ ᠡᠳ᠋ᠯᠡᠬᠦ ᠶᠢ ᠪᠡᠶᠡᠯᠡᠭᠦᠯᠦᠨ᠎ᠡ᠃        ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠬᠤ ᠶᠢᠨ ᠲᠥᠯᠥᠭᠡ᠂ ᠬᠥᠬᠡᠬᠤᠲᠠ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠥᠭᠡᠷᠡᠴᠢᠯᠡᠯᠲᠡ ᠶᠢ ᠬᠦᠨᠵᠡᠭᠡᠶᠢᠷᠡᠭᠦᠯᠬᠦ ᠶᠢ ᠪᠥᠬᠦ ᠲᠠᠯ᠎ᠠ ᠪᠠᠷ ᠠᠬᠢᠭᠤᠯᠤᠨ᠂ ᠠᠷᠠᠯᠵᠢᠶ᠎ᠠ ᠶᠢᠨ ᠭᠠᠷᠴᠠᠭ ᠤᠨ ᠨᠠᠷᠢᠨ ᠳᠠᠩᠰᠠ ᠶᠢᠨ ᠬᠠᠮᠢᠶᠠᠷᠤᠯᠲᠠ ᠶᠢ ᠬᠡᠷᠡᠭᠵᠢᠭᠦᠯᠦᠨ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ︽ᠭᠠᠷᠭᠠᠬᠤ ᠶᠣᠰᠣᠲᠠᠢ ᠶᠢ ᠵᠠᠪᠠᠯ ᠭᠠᠷᠭᠠᠬᠤ︾ ᠠᠭᠤᠯᠭ᠎ᠠ ᠶᠢ ︽ᠬᠥᠬᠡᠬᠤᠲᠠ ᠶᠢᠨ 2021 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠪᠢᠴᠢᠨ ᠣᠷᠣᠭᠤᠯᠵᠤ᠂ 2021 ᠣᠨ ᠤ 5 ᠳ᠋ᠤᠭᠠᠷ ᠰᠠᠷ᠎ᠠ ᠶᠢᠨ 24 ᠤ ᠡᠳᠦᠷ᠂ ᠬᠥᠬᠡᠬᠤᠲᠠ ᠶᠢᠨ 2021 ᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠢ ᠬᠤᠷᠠᠯᠳᠤᠭᠤᠯᠵᠤ᠂ ︽ᠲᠥᠰᠦᠯ︾ ᠢ ᠳᠠᠷᠤᠮᠠᠯᠯᠠᠨ ᠲᠠᠷᠬᠠᠭᠠᠵᠤ ᠬᠡᠷᠡᠭᠵᠢᠭᠦᠯᠬᠦ ᠪᠠᠷ ᠰᠤᠳᠤᠯᠤᠨ ᠲᠣᠭᠲᠠᠪᠠ᠃       ᠬᠤᠶᠠᠷ᠂ ︽ᠲᠥᠰᠥᠯ︾ ᠤᠨ ᠭᠤᠣᠯ ᠠᠭᠤᠯᠭ᠎ᠠ      ︽ᠲᠥᠰᠦᠯ︾ ᠢ ᠵᠢᠯᠣᠭᠤᠳᠬᠤ ᠦᠵᠡᠯ ᠰᠠᠨᠠᠭ᠎ᠠ᠂ ᠶᠡᠷᠦᠩᠬᠡᠶ ᠬᠠᠷᠠᠯᠲᠠ᠂ ᠵᠠᠬ᠎ᠠ ᠳᠡᠯᠭᠡᠭᠦᠷ ᠲᠤ ᠭᠠᠷᠴᠤ ᠠᠷᠠᠯᠵᠢᠶᠠᠯᠠᠬᠤ ᠬᠦᠷᠢᠶ᠎ᠡ ᠬᠡᠪᠴᠢᠶ᠎ᠡ᠂ ᠡᠭᠦᠷᠭᠡ ᠶᠢᠨ ᠬᠤᠪᠢᠶᠠᠷᠢᠯᠠᠯ ᠵᠢᠴᠢ ᠴᠠᠭ ᠬᠤᠭᠤᠴᠠᠭ᠎ᠠ ᠪᠠ ᠠᠵᠢᠯ ᠤᠨ ᠱᠠᠭᠠᠷᠳᠠᠯᠭ᠎ᠠ ᠵᠡᠷᠭᠡ ᠨᠡᠶᠢᠲᠡ 5 ᠬᠡᠰᠡᠭ ᠬᠤᠪᠢᠶᠠᠵᠤ᠂ ᠮᠠᠨ ᠤ ᠬᠤᠲᠠ ᠶᠢᠨ ᠪᠤᠶ ᠪᠦᠬᠦᠢ ᠤᠯᠤᠰ ᠤᠨ ᠥᠮᠴᠢᠯᠡᠯᠲᠦ ᠪᠡᠯᠡ ᠣᠷᠣᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠡᠬᠢ ᠪᠠᠶᠠᠯᠢᠭ ᠡᠳ᠋ ᠬᠥᠷᠥᠩᠭᠡ ᠪᠠ ᠣᠷᠴᠢᠨ ᠲᠣᠭᠤᠷᠢᠨ ᠤ ᠡᠷᠬᠡ ᠵᠡᠷᠭᠡ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢ ᠴᠦᠮ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠳᠤ ᠭᠠᠷᠭᠠᠵᠤ ᠠᠵᠢᠯ ᠡᠷᠬᠢᠯᠡᠬᠦ ᠬᠡᠷᠡᠭᠲᠡᠶ ᠭᠡᠵᠦ ᠲᠣᠳᠣᠷᠬᠠᠶ ᠱᠠᠭᠠᠷᠳᠠᠵᠤ᠂ ᠡᠯ᠎ᠡ ᠲᠥᠷᠥᠯ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠠᠵᠢᠯᠯᠠᠭ᠎ᠠ ᠶᠢᠨ ᠲᠠᠪᠴᠠᠩ ᠳᠤ ᠭᠠᠷᠬᠤ ᠬᠦᠷᠢᠶ᠎ᠡ ᠬᠡᠪᠴᠢᠶ᠎ᠡ ᠶᠢ ᠲᠣᠳᠣᠷᠬᠠᠶᠢᠯᠠᠵᠤ᠂ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠ ᠡᠯ᠎ᠡ ᠬᠠᠮᠢᠶ᠎ᠠ ᠪᠥᠬᠦᠶ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠬᠢᠨᠠᠯᠲᠠ ᠬᠠᠮᠢᠶᠠᠷᠤᠯᠲᠠ ᠶᠠᠪᠤᠭᠤᠯᠬᠤ ᠶᠢ ᠲᠣᠳᠣᠷᠬᠠᠶᠢᠯᠠᠵᠤ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠠᠵᠢᠯ ᠤᠨ ᠡᠭᠦᠷᠭᠡ ᠪᠠ ᠴᠠᠭ ᠬᠤᠭᠤᠴᠠᠭ᠎ᠠ ᠶᠢ ᠲᠣᠳᠣᠷᠬᠠᠶᠢᠯᠠᠵᠤ᠂ ᠪᠣᠳᠠᠲᠠᠶ ᠠᠵᠢᠯ ᠤᠨ ᠱᠠᠭᠠᠷᠳᠠᠯᠭ᠎ᠠ ᠳᠤᠷᠠᠳᠪᠠ᠃      ᠭᠤᠷᠪᠠ᠂ ︽ᠲᠥᠰᠦᠯ︾ ᠤᠨ ᠣᠨᠴᠠᠯᠢᠭ ᠬᠢᠯᠠᠰ ᠴᠡᠭ       ︽ᠲᠥᠰᠦᠯ︾ ᠨᠢ ᠲᠥᠷᠥ ᠶᠢᠨ ᠶᠠᠪᠤᠳᠠᠯ ᠤᠨ ᠬᠤᠷᠢᠶ᠎ᠠ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠪᠣᠯᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠢ ᠨᠡᠶᠢᠳᠬᠡᠨ ᠬᠠᠮᠲᠤᠪᠠᠷ ᠡᠳ᠋ᠯᠡᠬᠦ ᠶᠢ ᠭᠦᠨᠵᠡᠭᠡᠶᠢᠷᠡᠭᠦᠯᠬᠦ ᠠᠵᠢᠯ ᠤᠨ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠣᠷᠣᠨ ᠳᠤ ᠬᠠᠮᠤᠭ ᠲᠡᠷᠢᠭᠦᠨ ᠳᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ︽ᠭᠠᠷᠭᠠᠬᠤ ᠶᠣᠰᠤᠳᠠᠢ ᠶᠢ ᠨᠢ ᠵᠠᠪᠠᠯ ᠭᠠᠷᠭᠠᠬᠤ︾ ᠶᠢ ᠪᠥᠬᠦ ᠲᠠᠯ᠎ᠠ ᠪᠠᠷ ᠳᠥᠯᠭᠢᠨ ᠠᠬᠢᠭᠤᠯᠵᠤ᠂ ᠤᠯᠤᠰ ᠤᠨ ᠥᠮᠴᠢᠯᠡᠯᠲᠦ ᠪᠠᠯᠠ ᠣᠷᠣᠭᠤᠯᠤᠯᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠥᠷᠥᠯ ᠵᠦᠢᠯ ᠢ ᠪᠦᠬᠦᠨ ᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠳᠤ ᠭᠠᠷᠭᠠᠨ ᠠᠵᠢᠯ ᠡᠷᠬᠢᠯᠡᠭᠦᠯᠪᠡ᠃ ︽ᠲᠥᠰᠦᠯ︾ ᠤᠨ ᠱᠠᠭᠠᠷᠳᠠᠯᠭ᠎ᠠ ᠶᠣᠰᠣᠭᠠᠷ ︽ᠭᠠᠷᠭᠠᠬᠤ ᠶᠣᠰᠤᠳᠠᠢ ᠶᠢ ᠨᠢ ᠵᠠᠪᠠᠯ ᠭᠠᠷᠭᠠᠬᠤ︾ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠶᠢ ᠲᠤᠷᠰᠢᠨ ᠬᠡᠷᠡᠭᠵᠢᠭᠦᠯᠦᠭᠡᠳ ᠠᠮᠵᠢᠯᠲᠠ ᠶᠢᠨ ᠲᠤᠷᠰᠢᠯᠭ᠎ᠠ ᠣᠯᠤᠭᠰᠠᠨ ᠤ ᠳᠠᠷᠠᠭ᠎ᠠ᠂ ᠪᠥᠬᠦ ᠶᠠᠪᠤᠴᠠ ᠶᠢᠨ  ᠡᠯᠧᠺᠲᠷᠤᠨᠴᠢᠯᠠᠭᠰᠠᠨ ᠠᠷᠠᠯᠵᠢᠶᠠᠨ ᠤ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠵᠦ᠂ ᠮᠠᠨ ᠤ ᠬᠤᠲᠠ ᠣᠯᠠᠨ ᠨᠡᠶᠢᠲᠡ ᠶᠢᠨ ᠡᠬᠢ ᠪᠠᠶᠠᠯᠢᠭ ᠢ ︽ᠰᠦᠯᠵᠢᠶᠡᠨ ᠭᠠᠳᠠᠨ᠎ᠠ ᠠᠷᠠᠯᠵᠢᠶᠠᠯᠠᠬᠤ ᠥᠬᠡᠶ᠂ ᠰᠦᠯᠵᠢᠶᠡᠨ ᠳᠡᠭᠡᠷ᠎ᠡ ᠪᠦᠬᠦᠨ ᠢ ᠢᠯᠡ ᠪᠣᠯᠭᠠᠬᠤ︾ ᠠᠵᠢᠯ ᠤᠨ ᠬᠠᠷᠠᠯᠲᠠ ᠶᠢ ᠪᠡᠶᠡᠯᠡᠭᠦᠯᠬᠦ ᠪᠣᠯᠣᠨ᠎ᠠ᠃ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠢᠷᠡᠯᠲᠡ᠄ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ