ᠬᠥᠬᠡᠬᠤᠲᠠ ᠶᠢᠨ ᠠᠶᠠᠨᠴᠢᠨ ᠤ ᠮᠠᠰᠢᠨ ᠲᠡᠷᠭᠡᠨ ᠤ ᠲᠡᠭᠡᠭᠡᠪᠦᠷᠢ ᠶᠢᠨ ᠵᠡᠭᠦᠨ ᠬᠦᠢᠰᠦ ᠥᠷᠲᠡᠭᠡ 9 ᠳ᠋ᠦ᠋ᠭᠡᠷ ᠰᠠᠷ᠎ᠠ ᠶᠢᠨ 1 ᠠᠴᠠ ᠡᠬᠢᠯᠡᠵᠦ ᠲᠤᠷᠰᠢᠨ ᠠᠵᠢᠯᠯᠠᠨ᠎ᠠ
ᠨᠡᠶᠢᠲᠡᠯᠡᠭᠰᠡᠨ ᠴᠠᠭ᠄
2021/8/31
      ︵ᠰᠤᠷᠪᠤᠯᠵᠢᠯᠠᠭᠴᠢ ᠶᠦᠨ ᠶᠠᠨ ᠹᠠᠩ︶ 8 ᠳ᠋ᠤᠭᠠᠷ ᠰᠠᠷ᠎ᠠ ᠶᠢᠨ 30 ᠤ ᠡᠳᠦᠷ᠂ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠬᠥᠬᠡᠬᠤᠲᠠ ᠶᠢᠨ ᠠᠶᠠᠨᠴᠢᠨ ᠤ ᠮᠠᠰᠢᠨ ᠲᠡᠷᠭᠡᠨ ᠤ ᠲᠡᠭᠡᠭᠡᠪᠦᠷᠢ ᠶᠢᠨ ᠵᠡᠭᠦᠨ ᠬᠦᠢᠰᠦ ᠥᠷᠲᠡᠭᠡ 9 ᠳ᠋ᠦ᠋ᠭᠡᠷ ᠰᠠᠷ᠎ᠠ ᠶᠢᠨ 1 ᠠᠴᠠ ᠡᠬᠢᠯᠡᠵᠦ ᠲᠤᠷᠰᠢᠨ ᠠᠵᠢᠯᠯᠠᠨ᠎ᠠ᠃      ᠲᠠᠨᠢᠯᠴᠠᠭᠤᠯᠤᠭᠰᠠᠨ ᠢᠶᠠᠷ᠂ ᠬᠥᠬᠡᠬᠤᠲᠠ ᠶᠢᠨ ᠠᠶᠠᠨᠴᠢᠨ ᠤ ᠮᠠᠰᠢᠨ ᠲᠡᠷᠭᠡᠨ ᠤ ᠲᠡᠭᠡᠭᠡᠪᠦᠷᠢ ᠶᠢᠨ ᠵᠡᠭᠦᠨ ᠬᠦᠢᠰᠦ ᠥᠷᠲᠡᠭᠡ ᠪᠣᠯ ᠵᠠᠮ ᠲᠡᠭᠡᠭᠡᠪᠦᠷᠢ ᠶᠢᠨ ᠶᠠᠮᠤᠨ ᠤ ᠲᠥᠯᠥᠪᠵᠢᠭᠦᠯᠦᠭᠰᠡᠨ ᠪᠥᠬᠦ ᠤᠯᠤᠰ ᠤᠨ 45 ᠭᠤᠤᠯ ᠬᠦᠢᠰᠦ ᠠᠶᠠᠨᠴᠢᠨ ᠤ ᠮᠠᠰᠢᠨ ᠲᠡᠷᠭᠡᠨ ᠤ ᠲᠡᠭᠡᠭᠡᠪᠦᠷᠢ ᠶᠢᠨ ᠥᠷᠲᠡᠭᠡ ᠶᠢᠨ ᠨᠢᠭᠡ ᠪᠠᠶᠢᠵᠤ᠂ 60654 ᠲᠡᠭᠰᠢ ᠳᠥᠷᠪᠡᠯᠵᠢᠨ ᠮᠧᠲᠷ ᠭᠠᠵᠠᠷ ᠡᠵᠡᠯᠡᠵᠦ᠂ ᠪᠥᠬᠦ ᠪᠠᠷᠢᠯᠭ᠎ᠠ ᠶᠢᠨ ᠲᠠᠯᠠᠪᠠᠶ ᠨᠢ 46471 ᠲᠡᠭᠰᠢ ᠳᠥᠷᠪᠡᠯᠵᠢᠨ ᠮᠧᠲᠷ ᠬᠦᠷᠴᠡᠢ᠃ ᠠᠶᠠᠨᠴᠢᠨ ᠤ ᠮᠠᠰᠢᠨ ᠲᠡᠷᠭᠡᠨ ᠤ ᠲᠡᠭᠡᠭᠡᠪᠦᠷᠢ ᠶᠢᠨ ᠵᠡᠭᠦᠨ ᠬᠦᠢᠰᠦ ᠥᠷᠲᠡᠭᠡ ᠡᠬᠢᠯᠡᠨ ᠠᠵᠢᠯᠯᠠᠭᠰᠠᠨ ᠤ ᠳᠠᠷᠠᠭ᠎ᠠ᠂ ᠭᠠᠯᠲᠤ ᠲᠡᠷᠭᠡᠨ ᠤ ᠵᠡᠭᠦᠨ ᠥᠷᠲᠡᠭᠡ ᠪᠠᠷ ᠭᠤᠤᠯ ᠪᠣᠯᠭᠠᠭᠰᠠᠨ᠂ ᠲᠡᠮᠦᠷ ᠵᠠᠮ᠂ ᠨᠡᠶᠢᠲᠡ ᠶᠢᠨ ᠵᠠᠮ ᠬᠠᠷᠢᠯᠴᠠᠭ᠎ᠠ᠂ ᠲᠦᠷᠢᠶᠡᠰᠦᠨ ᠮᠠᠰᠢᠨ ᠲᠡᠷᠭᠡ᠂ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠲᠡᠷᠭᠡ᠂ ᠵᠢᠭᠤᠯᠴᠢᠯᠠᠯ ᠤᠨ ᠠᠶᠠᠨᠴᠢᠳ ᠤᠨ ᠲᠡᠭᠡᠭᠡᠪᠦᠷᠢ᠂ ᠮᠠᠰᠢᠨ ᠲᠡᠷᠭᠡᠨ ᠤ ᠲᠦᠷᠢᠶᠡᠰᠦᠯᠡᠯ ᠵᠡᠷᠭᠡ ᠣᠯᠠᠨ ᠲᠠᠯ᠎ᠠ ᠶᠢ ᠨᠢᠭᠡ ᠴᠤᠭᠴᠠᠵᠢᠭᠤᠯᠤᠭᠰᠠᠨ ᠪᠣᠰᠤᠭ᠎ᠠ ᠴᠣᠭᠴᠠᠲᠤ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠬᠦᠢᠰᠦ ᠶᠢ ᠪᠤᠢ ᠪᠣᠯᠭᠠᠵᠤ᠂ ᠥᠷᠭᠡᠨ ᠣᠯᠠᠨ ᠬᠤᠲᠠ ᠶᠢᠨ ᠠᠷᠠᠳ ᠤᠨ ᠶᠠᠪᠤᠵᠤ ᠰᠠᠭᠤᠬᠤ ᠪᠠ ᠰᠣᠯᠢᠵᠤ ᠰᠠᠭᠤᠬᠤ ᠣᠯᠠᠨ ᠵᠦᠢᠯ ᠤᠨ ᠬᠡᠷᠡᠭᠴᠡᠭᠡ ᠶᠢ ᠬᠠᠩᠭᠠᠵᠤ᠂ ᠶᠠᠪᠤᠵᠤ ᠰᠠᠭᠤᠬᠤ ᠳᠤ ᠬᠡᠷᠡᠭᠰᠡᠬᠦ ᠴᠠᠭ ᠪᠠ ᠠᠵᠤ ᠠᠬᠤᠶ ᠶᠢᠨ ᠥᠪᠡᠷ ᠤᠨ ᠥᠷᠲᠡᠭ ᠢ ᠪᠠᠭᠠᠰᠬᠠᠬᠤ ᠪᠣᠯᠤᠨ᠎ᠠ᠃      ᠠᠶᠠᠨᠴᠢᠨ ᠤ ᠮᠠᠰᠢᠨ ᠲᠡᠷᠭᠡᠨ ᠤ ᠲᠡᠭᠡᠭᠡᠪᠦᠷᠢ ᠶᠢᠨ ᠵᠡᠭᠦᠨ ᠬᠦᠢᠰᠦ ᠥᠷᠲᠡᠭᠡ ᠶᠢ ᠡᠬᠢᠯᠡᠨ ᠠᠵᠢᠯᠯᠠᠭᠤᠯᠬᠤ ᠨᠢ ᠪᠥᠬᠦ ᠬᠤᠲᠠ ᠶᠢᠨ ᠠᠶᠠᠨᠴᠢᠨ ᠤ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠪᠠᠶᠢᠷᠢᠰᠢᠯ ᠢ ᠰᠢᠯᠢᠳᠡᠭᠵᠢᠭᠦᠯᠬᠦ ᠳᠤ ᠠᠰᠢᠭᠲᠠᠶ ᠶᠤᠮ᠃ ᠬᠥᠬᠡᠬᠤᠲᠠ ᠶᠢᠨ ᠠᠶᠠᠨᠴᠢᠨ ᠤ ᠮᠠᠰᠢᠨ ᠲᠡᠷᠭᠡᠨ ᠤ ᠥᠷᠲᠡᠭᠡ᠂ ᠲᠦᠩ ᠳ᠋ᠠ ᠠᠶᠠᠨᠴᠢᠨ ᠤ ᠮᠠᠰᠢᠨ ᠲᠡᠷᠭᠡᠨ ᠤ ᠡᠮᠦᠨ᠎ᠡ ᠥᠷᠲᠡᠭᠡ ᠵᠢᠴᠢ ᠫᠢᠩ ᠠᠨ ᠯᠢ ᠳ᠋ᠡ ᠠᠶᠠᠨᠴᠢᠨ ᠤ ᠲᠡᠭᠡᠭᠡᠪᠦᠷᠢ ᠶᠢᠨ ᠪᠠᠷᠠᠭᠤᠨ ᠥᠷᠲᠡᠭᠡ ᠳᠤ ᠨᠡᠪᠲᠡᠷᠡᠬᠦ ᠠᠶᠠᠨᠴᠢᠨ ᠤ ᠲᠡᠭᠡᠭᠡᠪᠦᠷᠢ ᠶᠢᠨ ᠲᠡᠷᠭᠡ ᠤᠨᠤᠭ᠎ᠠ ᠶᠢ ᠠᠯᠬᠤᠮ ᠠᠯᠬᠤᠮ ᠢᠶᠠᠷ ᠠᠶᠠᠨᠴᠢᠨ ᠤ ᠲᠡᠭᠡᠭᠡᠪᠦᠷᠢ ᠶᠢᠨ ᠵᠡᠭᠦᠨ ᠬᠦᠢᠰᠦ ᠥᠷᠲᠡᠭᠡ ᠳᠤ ᠬᠥᠲᠥᠯᠥᠨ ᠶᠠᠪᠤᠭᠤᠯᠵᠤ᠂ ᠲᠡᠷᠭᠡᠨ ᠤ ᠤᠷᠤᠰᠬᠠᠯ᠂ ᠠᠶᠠᠨᠴᠢᠳ ᠤᠨ ᠤᠷᠤᠰᠬᠠᠯ ᠢ ᠵᠡᠭᠦᠨᠰᠢ ᠰᠢᠯᠵᠢᠭᠦᠯᠬᠦ ᠶᠢ ᠬᠥᠲᠥᠯᠥᠨ ᠵᠢᠯᠣᠭᠤᠳᠴᠤ᠂ ᠭᠤᠣᠯ ᠬᠤᠲᠠ ᠶᠢᠨ ᠲᠣᠭᠤᠷᠢᠭ ᠤᠨ ᠵᠠᠮ ᠬᠠᠷᠢᠯᠴᠠᠭᠠᠨ ᠤ ᠳᠠᠷᠤᠯᠲᠠ ᠶᠢ ᠬᠥᠩᠭᠡᠷᠡᠭᠦᠯᠬᠦ ᠪᠣᠯᠤᠨ᠎ᠠ᠃       ᠡᠭᠦᠨ ᠠᠴᠠ ᠭᠠᠳᠠᠨ᠎ᠠ᠂ ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠶᠡᠷᠦᠩᠬᠡᠶ ᠺᠣᠮᠫᠠᠨᠢ 27 ᠳ᠋ᠤᠭᠠᠷ ᠵᠠᠮ ᠤᠨ ᠨᠡᠶᠢᠲᠡ ᠶᠢᠨ ᠮᠠᠰᠢᠨ ᠲᠡᠷᠭᠡ ᠶᠢ ᠤᠷᠲᠤᠳᠬᠠᠬᠤ ᠵᠢᠴᠢ ᠭᠠᠲᠤᠯᠭ᠎ᠠ ᠶᠢᠨ ᠨᠡᠶᠢᠲᠡ ᠶᠢᠨ ᠮᠠᠰᠢᠨ ᠲᠡᠷᠭᠡ ᠨᠡᠪᠲᠡᠷᠡᠭᠦᠯᠬᠦ ᠵᠡᠷᠭᠡ ᠠᠷᠭ᠎ᠠ ᠪᠠᠷ ᠳᠠᠮᠵᠢᠭᠤᠯᠤᠨ᠂ ᠭᠠᠯᠲᠤ ᠲᠡᠷᠭᠡᠨ ᠤ ᠵᠡᠭᠦᠨ ᠦᠷᠳᠡᠭᠡ ᠪᠣᠯᠤᠨ ᠬᠤᠳᠡ ᠶᠢᠨ ᠲᠣᠭᠤᠷᠢᠭ ᠠᠴᠠ ᠠᠶᠠᠨᠴᠢᠨ ᠤ ᠲᠡᠭᠡᠭᠡᠪᠦᠷᠢ ᠶᠢᠨ ᠵᠡᠭᠦᠨ ᠬᠦᠢᠰᠦ ᠦᠷᠳᠡᠭᠡ ᠬᠦᠷᠬᠦ ᠨᠡᠶᠢᠲᠡ ᠶᠢᠨ ᠮᠠᠰᠢᠨ ᠲᠡᠷᠭᠡᠨ ᠤ ᠱᠤᠭᠤᠮ ᠢ ᠲᠤᠬᠢᠷᠠᠭᠤᠯᠬᠤ ᠶᠢᠨ ᠬᠠᠮᠲᠤ ᠲᠡᠷᠭᠡᠨ ᠦᠷᠳᠡᠭᠡ ᠶᠢᠨ ᠬᠤᠶᠢᠲᠤ ᠵᠡᠭᠡᠯᠢ ᠶᠢᠨ ᠠᠶᠠᠨᠴᠢᠨ ᠤ ᠲᠡᠭᠡᠭᠡᠪᠦᠷᠢ ᠶᠢᠨ ᠵᠡᠭᠦᠨ ᠬᠦᠢᠰᠦ ᠦᠷᠳᠡᠭᠡ ᠶᠢᠨ ᠲᠡᠷᠭᠡ ᠬᠦᠯᠢᠶᠡᠬᠦ ᠦᠷᠳᠡᠭᠡ ᠶᠢᠨ ᠬᠤᠶᠢᠲᠤ ᠲᠠᠯ᠎ᠠ ᠳᠤ ᠠᠶᠠᠨᠴᠢᠨ ᠤ ᠲᠡᠭᠡᠭᠡᠪᠦᠷᠢ ᠶᠢᠨ ᠵᠡᠭᠦᠨ ᠬᠦᠢᠰᠦ ᠦᠷᠳᠡᠭᠡ ᠶᠢᠨ ᠨᠡᠶᠢᠲᠡ ᠶᠢᠨ ᠮᠠᠰᠢᠨ ᠲᠡᠷᠭᠡᠨ ᠤ ᠦᠷᠳᠡᠭᠡ ᠶᠢᠨ ᠫᠠᠶᠢᠰᠠ ᠶᠢ ᠲᠤᠬᠢᠷᠠᠭᠤᠯᠵᠤ᠂ ᠬᠤᠶᠠᠷ ᠦᠷᠳᠡᠭᠡ ᠶᠢᠨ ᠲᠡᠷᠭᠡᠨ ᠤ ᠠᠶᠠᠯᠠᠯ ᠢ ᠨᠢᠭᠡᠳᠦᠯᠲᠡᠢ ᠲᠥᠯᠥᠪᠵᠢᠭᠦᠯᠦᠨ ᠵᠣᠯᠭᠠᠭᠤᠯᠵᠤ᠂ ᠨᠡᠶᠢᠲᠡ ᠶᠢᠨ ᠮᠠᠰᠢᠨ ᠲᠡᠷᠭᠡᠨ ᠤ ᠲᠡᠭᠡᠭᠡᠪᠦᠷᠢ ᠶᠢᠨ ᠬᠦᠴᠦᠨ ᠢ ᠤᠨᠢᠨ ᠳᠡᠭᠡᠷ᠎ᠡ ᠨᠢ ᠲᠤᠬᠢᠷᠠᠭᠤᠯᠵᠤ᠂ ᠠᠶᠠᠨᠴᠢᠳ ᠤᠨ ᠨᠠᠰᠢ ᠴᠠᠰᠢ ᠶᠠᠪᠤᠬᠤ ᠳᠤ ᠲᠦᠬᠦᠮ ᠦᠵᠡᠭᠦᠯᠦᠨ᠎ᠡ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ