ᠵᠤᠨ ᠤ ᠴᠢᠯᠦᠭᠡᠨ ᠤ ᠵᠠᠮ ᠬᠠᠷᠢᠯᠴᠠᠭᠠᠨ ᠤ ᠠᠶᠤᠯᠭᠦᠢ ᠶᠢᠨ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/8/5
res01_attpic_brief (3).jpg
      ᠲᠦᠷᠦᠭᠦᠬᠡᠨ᠂ ᠰᠠᠶᠢᠬᠠᠨ ᠲᠣᠭᠤᠷᠢᠭ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠬᠠᠷᠢᠶ᠎ᠠ ᠣᠷᠣᠨ ᠤ ᠪᠠᠨ ᠪᠠᠭ᠎ᠠ ᠰᠤᠷᠭᠠᠭᠤᠯᠢ ᠶᠢᠨ ᠰᠤᠷᠤᠭᠴᠢᠳ ᠢ ᠵᠣᠬᠢᠶᠠᠨ ᠪᠠᠶᠢᠭᠤᠯᠵᠤ ᠵᠣᠨ ᠤ ᠠᠮᠠᠷᠠᠯᠲᠠ ᠶᠢᠨ ᠬᠤᠭᠤᠴᠠᠭᠠᠨ ᠤ ᠵᠠᠮ ᠬᠠᠷᠢᠯᠴᠠᠭᠠᠨ ᠤ ᠠᠶᠤᠯᠭᠦᠢ ᠶᠢᠨ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠪᠡ᠃ ᠵᠠᠮ ᠤᠨ ᠠᠭᠤᠯᠵᠠᠷ ᠲᠤ᠂ ᠵᠠᠮ ᠬᠠᠷᠢᠯᠴᠠᠭᠠᠨ ᠤ ᠴᠠᠭᠳᠠᠭ᠎ᠠ ᠰᠤᠷᠤᠭᠴᠢᠳ ᠲᠤ ᠠᠬᠤᠢ ᠲᠠᠯᠠᠪᠠᠢ ᠶᠢᠨ ᠬᠢᠴᠢᠶᠡᠯ ᠬᠥᠮᠦᠵᠢᠯ ᠬᠢᠵᠦ᠂ ᠰᠤᠷᠤᠭᠴᠢᠳ ᠵᠠᠮ ᠬᠠᠷᠢᠯᠴᠠᠭᠠᠨ ᠤ ᠵᠢᠯᠣᠭᠤᠳᠬᠤ ᠭᠠᠷ ᠤᠨ ᠳᠣᠬᠢᠶ᠎ᠠ ᠶᠢ ᠡᠵᠡᠮᠰᠢᠭᠰᠡᠨ ᠤ ᠳᠠᠷᠠᠭ᠎ᠠ᠂ ᠵᠠᠮ ᠬᠠᠷᠢᠯᠴᠠᠭᠠᠨ ᠤ ᠴᠠᠭᠳᠠᠭ᠎ᠠ ᠶᠢᠨ ᠳᠠᠭᠠᠭᠤᠯᠭ᠎ᠠ ᠪᠠᠷ ᠵᠠᠮ ᠳᠡᠭᠡᠷ᠎ᠡ ᠭᠠᠷᠴᠤ ᠵᠢᠵᠢᠭᠦᠷᠯᠡᠵᠦ᠂ ᠳᠤᠭᠤᠯᠠᠭ᠎ᠠ ᠵᠡᠭᠦᠭᠰᠡᠨ ᠥᠬᠡᠶ ᠪᠠᠷ ᠴᠠᠬᠢᠯᠭᠠᠨ ᠳᠤᠭᠤᠶ ᠲᠡᠷᠭᠡ ᠤᠨᠤᠵᠤ ᠪᠠᠶᠢᠭ᠎ᠠ ᠬᠥᠮᠦᠰ ᠢ ᠢᠳᠬᠠᠨ ᠰᠤᠷᠭᠠᠵᠤ᠂ ᠨᠠᠭᠠᠰᠢ ᠴᠠᠭᠠᠰᠢ ᠥᠩᠭᠡᠷᠡᠬᠦ ᠣᠯᠠᠨ ᠲᠦᠮᠡᠨ ᠳᠤ ᠵᠠᠮ ᠬᠠᠷᠢᠯᠴᠠᠭᠠᠨ ᠤ ᠲᠦᠷᠢᠮ ᠢ ᠵᠢᠷᠤᠮᠯᠠᠬᠤ ᠶᠢᠨ ᠴᠢᠬᠤᠯᠠ ᠴᠢᠨᠠᠷ ᠢ ᠤᠬᠠᠭᠤᠯᠵᠤ᠂ ᠪᠣᠯᠪᠠᠰᠤᠨ ᠨᠠᠶᠢᠷ ᠲᠠᠯᠪᠢᠬᠤ ᠰᠠᠶᠢᠨ ᠰᠠᠶᠢᠬᠠᠨ ᠬᠡᠪ ᠰᠤᠷᠲᠠᠯ ᠢ ᠬᠠᠮᠲᠤ ᠪᠠᠷ ᠰᠠᠨᠠᠭᠠᠴᠢᠯᠠᠵᠤ᠂ ᠪᠣᠯᠪᠠᠰᠤᠨ ᠵᠠᠮ ᠬᠠᠷᠢᠯᠴᠠᠭᠠᠨ ᠤ ᠣᠶᠢᠯᠠᠭᠠᠭᠳᠠᠬᠤᠨ ᠢ ᠨᠠᠩ ᠣᠯᠠᠨ ᠬᠤᠲᠠ ᠶᠢᠨ ᠠᠷᠠᠳ ᠲᠤ ᠤᠯᠠᠮᠵᠢᠯᠠᠪᠠ᠃ ᠰᠤᠷᠪᠤᠯᠵᠢᠯᠠᠭᠴᠢ ᠯᠢᠦ ᠵᠢᠶᠦ᠋ᠨ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ