ᠬᠥᠬᠡᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠵᠢᠴᠢ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ 2021 ᠣᠨ ᠤ 7 ᠳ᠋ᠤᠭᠠᠷ ᠤᠳᠠᠭ᠎ᠠ ᠶᠢᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/8/6
           ᠾᠧ ᠬᠠᠢ ᠳ᠋ᠦᠩ ᠡᠷᠬᠢᠯᠡᠵᠦ  ᠼᠤᠤ ᠰᠧ ᠶᠠᠩ ᠣᠷᠣᠯᠴᠠᠪᠠ      ︵ᠰᠤᠷᠪᠤᠯᠵᠢᠯᠠᠭᠴᠢ ᠯᠢᠶᠠᠩ ᠵᠢᠩ ᠱᠤ᠋︶ 8 ᠳ᠋ᠤᠭᠠᠷ ᠰᠠᠷ᠎ᠠ ᠶᠢᠨ 5 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ᠾᠧ ᠬᠠᠶ ᠳ᠋ᠦᠩ ᠬᠥᠬᠡᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠵᠢᠴᠢ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ 2021 ᠣᠨ ᠤ 7 ᠳ᠋ᠤᠭᠠᠷ ᠤᠳᠠᠭ᠎ᠠ ᠶᠢᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠪᠥᠬᠦ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠪᠠ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠧᠯᠸᠢᠰ ᠤᠲᠠᠰᠤᠲᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠤᠲᠠ ᠶᠢᠨ ᠳᠥᠷᠪᠡᠨ ᠲᠣᠭᠤᠷᠢᠭ ᠪᠠ ᠡᠯ᠎ᠡ ᠠᠵᠢᠯᠯᠠᠬᠤ ᠳᠤᠭᠤᠶᠢᠯᠠᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠠᠮᠢᠶ᠎ᠠ ᠪᠥᠬᠦᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠸᠠᠺᠼᠢᠨ ᠤ ᠲᠠᠷᠢᠯᠭ᠎ᠠ ᠶᠢᠨ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃       ᠬᠤᠷᠠᠯ ᠠᠴᠠ ᠵᠢᠭᠠᠵᠤ ᠭᠠᠷᠭᠠᠭᠰᠠᠨ ᠨᠢ᠂ ᠣᠶᠢᠷ᠎ᠠ ᠶᠢᠨ ᠬᠤᠭᠤᠴᠠᠭᠠᠨ ᠳᠤ ᠬᠢᠵᠢᠭ ᠤᠨ ᠪᠠᠶᠢᠳᠠᠯ ᠳᠡᠯᠭᠡᠷᠡᠬᠦ ᠲᠦᠭᠰᠢᠭᠦᠷᠢ ᠤᠯᠠᠮ ᠨᠢᠭᠡ ᠠᠯᠬᠤᠮ ᠶᠡᠬᠡᠳᠴᠦ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠬᠦᠨᠳᠦ ᠨᠣᠴᠢᠲᠠᠶ ᠴᠢᠨᠠᠷ ᠪᠠ ᠪᠤᠳᠤᠯᠢᠶᠠᠨᠲᠤ ᠴᠢᠨᠠᠷ ᠢ ᠭᠦᠢᠴᠡᠳ ᠲᠠᠨᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠠᠭ ᠢᠮᠠᠭᠲᠠ ᠣᠳᠣᠬᠠᠨ ᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠶ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠰᠢᠨ᠎ᠡ ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠶᠢ ᠵᠢᠷᠤᠮᠯᠠᠨ᠂ ᠳᠠᠷᠤᠢ ᠲᠦᠷᠭᠡᠨ ᠴᠤᠤᠷᠢᠶᠠᠳᠤᠨ ᠳᠠᠭᠠᠵᠤ᠂ ᠳᠠᠷᠤᠢ ᠲᠦᠷᠭᠡᠨ ᠬᠥᠳᠡᠯᠦᠯᠴᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠴᠢᠩᠭ᠎ᠠ᠂ ᠲᠦᠷᠭᠡᠨ᠂ ᠪᠣᠳᠠᠲᠠᠶ ᠪᠠᠷ ᠰᠠᠶᠢᠲᠤᠷ ᠬᠢᠵᠦ᠂ ᠬᠢᠯᠪᠠᠷ ᠪᠤᠰᠤ ᠪᠠᠷ ᠣᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠡᠷᠡᠰ ᠰᠠᠬᠢᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠪᠣᠳᠠᠲᠠᠶᠢᠵᠢᠭᠤᠯᠵᠤ᠂ ᠬᠦᠴᠦᠨ ᠢᠶᠠᠨ ᠲᠡᠭᠦᠯᠳᠡᠷᠵᠢᠭᠦᠯᠵᠦ᠂ ︽ᠡᠳᠦᠷ ᠲᠤ ᠮᠡᠳᠡᠭᠦᠯᠬᠦ︾᠂ ︽ᠲᠡᠭ ᠢ ᠮᠡᠳᠡᠭᠦᠯᠬᠦ︾ ᠲᠦᠷᠢᠮ ᠢ ᠨᠠᠶᠢᠳᠠᠪᠤᠷᠢᠵᠢᠭᠤᠯᠵᠤ᠂ ᠵᠢᠯᠣᠭᠤᠳᠤᠨ ᠲᠤᠬᠢᠷᠠᠭᠤᠯᠬᠤ ᠰᠢᠰᠲ᠋ᠧᠮᠵᠢ ᠶᠢ ᠤᠯᠠᠮ ᠨᠢᠭᠡ ᠠᠯᠬᠤᠮ ᠴᠢᠩᠭᠠᠳᠬᠠᠨ ᠳᠡᠭᠡᠭᠰᠢᠯᠡᠭᠦᠯᠬᠦ ᠬᠡᠷᠡᠭᠲᠡᠢ᠃ ᠤᠯᠤᠰ ᠤᠨ ᠳᠣᠲᠣᠭᠠᠳᠤ ᠶᠢᠨ ᠳᠤᠮᠳᠠ ᠥᠨᠳᠥᠷ ᠵᠡᠷᠭᠡ ᠶᠢᠨ ᠠᠶᠤᠯ ᠲᠦᠭᠰᠢᠭᠦᠷᠢ ᠲᠠᠢ ᠭᠠᠵᠠᠷ ᠣᠷᠣᠨ ᠠᠴᠠ ᠮᠠᠨ ᠤ ᠬᠤᠲᠠ ᠳᠤ ᠣᠷᠣᠵᠤ ᠢᠷᠡᠬᠦ ᠬᠥᠮᠦᠰ ᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠨᠠᠷᠢᠯᠢᠭ ᠣᠨᠣᠪᠴᠢᠲᠠᠢ ᠪᠠᠷ ᠢᠯᠭᠠᠨ ᠲᠠᠨᠢᠵᠤ᠂ ᠺᠣᠮᠫᠢᠥ᠋ᠲ᠋ᠧᠷ ᠤᠨ ᠳᠠᠩᠰᠠᠨ ᠳᠤ ᠣᠷᠣᠭᠤᠯᠬᠤ ᠬᠡᠷᠡᠭᠲᠡᠶ᠃  ᠬᠤᠪᠢᠶᠠᠷᠢᠯᠠᠨ ᠪᠠᠭᠤᠯᠭᠠᠭᠰᠠᠨ ᠣᠯᠠᠨ ᠤᠯᠤᠰ ᠤᠨ ᠨᠢᠰᠬᠡᠯ ᠢ ᠰᠢᠢᠳᠪᠦᠷᠢᠯᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠦᠨᠡᠨ ᠬᠦ ᠪᠠᠲᠤᠯᠠᠨ᠂ ᠰᠣᠯᠪᠢᠴᠠᠨ ᠬᠠᠯᠳᠠᠪᠤᠷᠢᠯᠠᠬᠤ ᠶᠢ ᠲᠠᠰᠤ ᠬᠤᠷᠢᠭᠯᠠᠬᠤ ᠬᠡᠷᠡᠭᠲᠡᠶ᠃ ︽ᠨᠢᠭᠡ ᠪᠠᠭᠤᠳᠠᠯ ᠬᠤᠶᠠᠷ ᠥᠷᠲᠡᠭᠡ︾ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠳᠠᠯᠠᠵᠤ᠂ ᠬᠥᠬᠡᠬᠤᠲᠠ ᠳᠤ ᠢᠷᠡᠭᠰᠡᠨ ᠬᠥᠮᠦᠰ ᠢ ᠪᠦᠬᠦᠨ ᠢ ᠨᠠᠷᠢᠯᠢᠭ ᠣᠨᠣᠪᠴᠢᠲᠠᠢ ᠪᠠᠷ ᠬᠠᠮᠢᠶᠠᠷᠤᠨ ᠡᠵᠡᠮᠳᠡᠬᠦ ᠬᠡᠷᠡᠭᠲᠡᠶ᠃ ︽ᠬᠥᠮᠦᠨ᠂ ᠪᠣᠳᠠᠰ︾ ᠢ ᠬᠠᠮᠲᠤ ᠳᠤᠨᠢ ᠰᠡᠷᠭᠡᠶᠢᠯᠡᠵᠦ᠂ ᠭᠠᠳᠠᠭᠠᠳᠤ ᠠᠴᠠ ᠣᠷᠣᠭᠤᠯᠬᠤ ᠬᠦᠢᠲᠡᠨ ᠬᠡᠯᠬᠢᠶᠡᠨ ᠤ ᠡᠳ᠋ ᠪᠣᠳᠠᠰ ᠢ ︽ᠤᠳᠠᠭ᠎ᠠ ᠪᠦᠷᠢ ᠪᠠᠶᠢᠴᠠᠭᠠᠬᠤ︾᠂ ᠠᠵᠢᠯ ᠲᠥᠷᠥᠯ ᠡᠷᠭᠢᠯᠡᠭᠰᠡᠳ ᠢ ︽ᠭᠠᠷᠠᠭ ᠪᠦᠷᠢ ᠪᠠᠶᠢᠴᠠᠭᠠᠬᠤ︾ ᠲᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ︔ ᠳᠤᠮᠳᠠ ᠥᠨᠳᠥᠷ ᠵᠡᠷᠭᠡ ᠶᠢᠨ ᠠᠶᠤᠯ ᠲᠦᠭᠰᠢᠭᠦᠷᠢ ᠲᠠᠢ ᠭᠠᠵᠠᠷ ᠣᠷᠣᠨ ᠠᠴᠠ ᠬᠥᠬᠡᠬᠤᠲᠠ ᠳᠤ ᠢᠷᠡᠭᠰᠡᠨ ᠪᠠᠷᠠᠭ᠎ᠠ᠂ ᠲᠡᠷᠭᠡ ᠤᠨᠤᠭ᠎ᠠ ᠶᠢ ᠬᠠᠮᠢᠶᠠᠷᠤᠨ ᠡᠵᠡᠮᠳᠡᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠢ᠃ ᠤᠷᠢᠳᠴᠢᠯᠠᠨ ᠪᠠᠶᠢᠴᠠᠭᠠᠵᠤ ᠰᠠᠯᠭᠠᠨ ᠣᠨᠣᠰᠢᠯᠠᠬᠤ᠂ ᠠᠩᠬ᠎ᠠ ᠣᠨᠣᠰᠢᠯᠠᠬᠤ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠢᠭᠡ ᠤᠳᠠᠭ᠎ᠠ ᠶᠢᠨ ᠪᠥᠬᠦ ᠲᠠᠯ᠎ᠠ ᠶᠢᠨ ᠲᠣᠤᠷ ᠲᠠᠲᠠᠬᠤ ᠮᠠᠶ᠋ᠢᠭ ᠤᠨ ᠵᠢᠭᠰᠠᠭᠠᠨ ᠪᠠᠶᠢᠴᠠᠭᠠᠯᠲᠠ ᠬᠢᠵᠦ᠂ ᠡᠮᠨᠡᠯᠭᠡ ᠶᠢᠨ ᠬᠤᠷᠢᠶᠠᠨ ᠤ ᠬᠠᠯᠳᠠᠪᠤᠷᠢᠯᠠᠯ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠬᠤ ᠬᠡᠷᠡᠭᠲᠡᠶ᠃ ᠸᠠᠺᠼᠢᠨ ᠤ ᠲᠠᠷᠢᠯᠭ᠎ᠠ ᠶᠢᠨ ᠠᠬᠢᠴᠠ ᠶᠢ ᠤᠯᠠᠮ ᠨᠢᠭᠡ ᠠᠯᠬᠤᠮ ᠲᠦᠷᠭᠡᠳᠬᠡᠬᠦ ᠬᠡᠷᠡᠭᠲᠡᠶ᠃ ᠡᠳ᠋ ᠪᠣᠳᠠᠰ ᠤᠨ ᠨᠥᠭᠡᠴᠡᠯᠡᠯᠲᠡ᠂ ᠪᠥᠭᠡᠮ ᠬᠦᠴᠢᠯ ᠤᠨ ᠪᠠᠶᠢᠴᠠᠭᠠᠯᠲᠠ ᠵᠡᠷᠭᠡ ᠶᠡᠷᠦᠩᠬᠡᠶᠢᠯᠡᠭᠰᠡᠨ ᠪᠠᠲᠤᠯᠠᠭ᠎ᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ ᠡᠯ᠎ᠡ ᠲᠦᠷᠦᠯ ᠤᠨ ᠲᠤᠮᠤ ᠬᠡᠯᠪᠡᠷᠢ ᠶᠢᠨ ᠠᠵᠢᠯᠯᠠᠭ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠶᠢ ᠨᠡᠶᠢᠲᠡᠯᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠰᠢᠮᠳᠠᠭᠤᠯᠤᠨ ᠵᠢᠯᠣᠭᠤᠳᠴᠤ ᠪᠠᠶᠢᠴᠠᠭᠠᠬᠤ ᠪᠠᠨ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠪᠣᠳᠠᠲᠠᠶ ᠪᠠᠷ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃      ᠬᠤᠲᠠ ᠶᠢᠨ ᠤᠳᠤᠷᠢᠳᠤᠯᠭ᠎ᠠ ᠼᠤᠤ ᠰᠧ ᠶᠠᠩ᠂ ᠯᠢᠦ ᠴᠧᠩ ᠮᠢᠨ᠂ ᠰᠢᠤᠢ ᠷᠦᠢ ᠰᠢᠶᠠ᠂ ᠮᠠᠤ ᠪᠦᠦ ᠹᠧᠩ᠂ ᠬᠥᠬᠡᠬᠤᠲᠠ ᠶᠢᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠯᠢ ᠰᠢᠶᠤᠤ ᠳ᠋ᠦᠩ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠥᠩ ᠳ᠋ᠦᠩ ᠵᠢᠴᠢ ᠬᠠᠮᠢᠶ᠎ᠠ ᠪᠥᠬᠦᠶ ᠭᠠᠵᠠᠷ ᠣᠷᠣᠨ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ