ᠮᠠᠨ ᠤ ᠬᠤᠲᠠ ᠶᠢᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠱᠠᠳᠤᠴᠢ ᠴᠢᠨᠠᠷᠲᠠᠢ ᠦᠷ᠎ᠡ ᠪᠦᠲᠦᠮᠵᠢ ᠣᠯᠪᠠ
ᠨᠡᠶᠢᠲᠡᠯᠡᠭᠰᠡᠨ ᠴᠠᠭ᠄
2021/8/6
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠬᠴᠢ ᠰᠦᠨ ᠯᠢ ᠶᠢᠩ︶ ᠰᠤᠷᠪᠤᠯᠵᠢᠯᠠᠭᠴᠢ ᠬᠥᠬᠡᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠤᠨ ᠬᠤᠶᠠᠳᠤᠭᠠᠷ ᠤᠳᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠨᠢᠭᠡᠳᠦᠭᠡᠷ ᠪᠦᠯᠦᠭ ᠤᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠢ ᠥᠷᠨᠢᠭᠦᠯᠦᠭᠰᠡᠨ ᠠᠴᠠ ᠨᠠᠭᠠᠰᠢ᠂ ᠪᠥᠬᠦ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠬᠢᠨ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠵᠤ᠂ ᠰᠤᠷᠤᠯᠴᠠᠯᠭ᠎ᠠ ᠬᠥᠮᠦᠵᠢᠯ᠂ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ᠂ ᠳ᠋ᠦᠩᠨᠡᠯᠲᠡ ᠬᠢᠵᠦ ᠳᠡᠭᠡᠭᠰᠢᠯᠡᠭᠦᠯᠬᠦ ᠭᠤᠷᠪᠠᠨ ᠭᠤᠭᠴᠤᠭ᠎ᠠ ᠶᠢ ᠠᠯᠬᠤᠮ ᠠᠯᠬᠤᠮ ᠢᠶᠠᠷ ᠠᠬᠢᠭᠤᠯᠵᠤ ᠂ ᠬᠥᠮᠦᠵᠢᠯ ᠴᠡᠭᠴᠡᠯᠡᠯᠲᠡ ᠶᠢᠨ ᠠᠵᠢᠯ ᠱᠠᠲᠤᠴᠢ ᠴᠢᠨᠠᠷᠲᠠᠶ ᠦᠷ᠎ᠡ ᠪᠦᠲᠦᠮᠵᠢ ᠤᠯᠪᠠ᠃      ︽ᠨᠢᠭᠡᠳᠦᠭᠡᠷ ᠬᠠᠷᠢᠭᠤᠴᠠᠯᠭᠠᠳᠠᠨ︾ ᠨᠠᠮ ᠤᠨ ᠬᠢᠴᠢᠶᠡᠯ ᠣᠷᠣᠬᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠥᠵᠢᠯ ᠤᠨ ᠲᠤᠰᠬᠠᠢ ᠰᠡᠳᠦᠪᠲᠦ ᠲᠠᠶᠢᠯᠤᠮᠵᠢ ᠡᠷᠬᠢᠯᠡᠬᠦ᠂ ᠰᠡᠷᠡᠮᠵᠢᠯᠡᠭᠦᠯᠬᠦ ᠬᠥᠮᠥᠵᠢᠯ ᠤᠨ ᠬᠤᠷᠠᠯ᠂ ᠬᠤᠪᠢᠰᠬᠠᠯ ᠤᠨ ᠡᠷᠲᠡ ᠴᠢᠯᠦᠭᠡᠯᠡᠭᠳᠡᠭᠰᠡᠨ ᠣᠷᠣᠨ ᠢᠶᠠᠷ ᠲᠣᠭᠤᠷᠢᠨ ᠦᠵᠡᠬᠦ᠂ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠵᠡᠷᠭᠡ ᠰᠢᠷᠢᠰ ᠠᠵᠢᠯᠯᠠᠭ᠎ᠠ ᠥᠷᠨᠢᠭᠦᠯᠬᠦ ᠪᠠᠷ ᠲᠠᠮᠵᠢᠭᠤᠯᠤᠨ᠂ ᠪᠦᠬᠦ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠪᠦᠲᠦᠮᠵᠢᠲᠡᠶ ᠠᠬᠢᠭᠤᠯᠵᠦ᠂ ᠪᠦᠬᠦ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠤᠯᠤᠰ ᠲᠥᠷᠥ ᠶᠢᠨ ᠦᠨᠡᠨᠴᠢ ᠰᠢᠳᠤᠷᠭᠤ ᠶᠢ ᠤᠯᠠᠮ ᠪᠡᠳᠤᠳᠬᠠᠵᠤ᠂ ᠤᠯᠤᠰ ᠲᠥᠷᠥ ᠶᠢᠨ ᠠᠮᠢ ᠠᠬᠤᠶ ᠶᠢ ᠤᠯᠠᠮ ᠰᠢᠯᠢᠳᠡᠭᠵᠢᠬᠦᠯᠵᠦ᠂ ᠰᠠᠬᠢᠯᠭ᠎ᠠ ᠪᠠᠲᠤ ᠣᠪᠣᠷ ᠰᠤᠷᠲᠠᠯ ᠢ ᠤᠯᠠᠮ ᠴᠢᠩᠳᠠᠯᠠᠵᠤ᠂ ᠬᠡᠪ ᠪᠤᠯᠪᠠᠰᠤᠷᠠᠯ ᠴᠢᠳᠠᠪᠤᠷᠢ ᠶᠢ ᠤᠯᠠᠮ ᠳᠡᠭᠡᠭᠰᠢᠯᠡᠬᠦᠯᠵᠤ᠂ ᠬᠠᠤᠯᠢ ᠬᠡᠷᠡᠭᠵᠢᠭᠦᠯᠵᠤ ᠬᠠᠤᠯᠢ ᠭᠦᠢᠴᠡᠳᠭᠡᠬᠦ ᠶᠢ ᠴᠢᠨᠠᠬᠰᠢᠳᠠ ᠠᠬᠢᠭᠤᠯᠪᠠ᠃ 6 ᠰᠠᠷ᠎ᠠ ᠶᠢᠨ 30 ᠤ ᠡᠳᠦᠷ ᠪᠣᠯᠲᠠᠯ᠎ᠠ᠂ ᠪᠥᠬᠦ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠬᠢᠨ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠭᠦ︾ ᠦᠢᠯᠡᠳᠦᠯᠭᠡ ᠶᠢᠨ ᠠᠵᠢᠯᠯᠠᠭ᠎ᠠ ᠶᠢ 80 ᠤᠳᠠᠭ᠎ᠠ ᠥᠷᠨᠢᠭᠦᠯᠵᠦ᠂ ᠰᠣᠨᠢᠨ ᠮᠡᠳᠡᠭᠡ ᠨᠡᠶᠢᠲᠡᠯᠡᠬᠦ ᠬᠤᠷᠠᠯ ᠢ 12 ᠤᠳᠠᠭ᠎ᠠ ᠬᠤᠷᠠᠯᠳᠤᠭᠤᠯᠵᠤ᠂ ᠶᠠᠷᠢᠯᠴᠠᠬᠤ ᠬᠤᠷᠠᠯ ᠢ 323 ᠤᠳᠠᠭ᠎ᠠ ᠬᠢᠵᠤ᠂ ︽ᠠᠵᠤ ᠠᠬᠤᠶᠢᠯᠠᠯ ᠳᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠠᠶᠢᠯ ᠲᠣᠰᠬᠤᠨ ᠳᠤ ᠣᠷᠣᠭᠤᠯᠬᠤ᠂ ᠰᠤᠷᠭᠠᠭᠤᠯᠢ ᠳᠤ ᠣᠷᠣᠭᠤᠯᠬᠤ᠂ ᠪᠠᠶᠢᠭᠤᠯᠭ᠎ᠠ ᠨᠢᠭᠡᠴᠢ ᠳᠤ ᠣᠷᠣᠭᠤᠯᠬᠤ︾ ᠵᠡᠷᠭᠡ ᠬᠠᠮᠢᠶ᠎ᠠ ᠪᠥᠬᠦᠶ ᠠᠵᠢᠯᠯᠠᠭ᠎ᠠ ᠶᠢ 1764ᠲᠠᠯᠠᠪᠠᠢ ᠤᠳᠠᠭ᠎ᠠ ᠥᠷᠨᠢᠭᠦᠯᠵᠦ᠂ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ 2815 ᠵᠤᠷᠪᠤᠰ ᠬᠤᠷᠢᠶᠠᠵᠤ᠂ ᠠᠷᠠᠳ ᠲᠤ ᠪᠣᠳᠠᠲᠤ ᠶᠠᠪᠤᠳᠠᠯ ᠬᠢᠵᠦ ᠥᠭᠬᠦ 3067 ᠲᠥᠷᠥᠯ ᠵᠦᠢᠯ ᠢ ᠲᠣᠭᠲᠠᠭᠠᠵᠤ᠂ ᠠᠷᠠᠳ ᠲᠤ ᠲᠥᠬᠦᠮ ᠦᠵᠡᠭᠦᠯᠵᠦ ᠠᠰᠢᠭ ᠬᠦᠷᠲᠡᠭᠡᠬᠦ 343 ᠠᠷᠭ᠎ᠠ ᠬᠡᠮᠵᠢᠶ᠎ᠡ ᠶᠢ ᠨᠡᠶᠢᠲᠡᠯᠡᠪᠡ᠃
ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ