ᠬᠦᠬᠡᠬᠤᠲᠠ ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢᠳ ᠢ ᠲᠥᠪᠬᠢᠨᠡᠭᠦᠯᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠳᠤᠷ ᠬᠢᠵᠦ ᠪᠠᠶᠢᠨ᠎ᠠ
ᠨᠡᠶᠢᠲᠡᠯᠡᠭᠰᠡᠨ ᠴᠠᠭ᠄
2021/8/9
      ᠵᠣᠴᠢᠨ᠄ ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠹᠦ᠋ ᡁᠢ ᠶᠦᠩ᠂ ᠰᠢᠯᠵᠢᠭᠦᠯᠦᠨ ᠲᠤᠰᠢᠶᠠᠵᠤ ᠲᠥᠪᠬᠢᠨᠡᠭᠦᠯᠬᠦ ᠪᠠ ᠴᠡᠷᠢᠭ ᠤᠨ ᠠᠮᠠᠷᠠᠯᠲᠠ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠰᠠᠯᠠᠭᠠᠨ ᠤ ᠳᠠᠷᠤᠭ᠎ᠠ ᠭᠤᠸᠠᠨ ᠲᠤᠤ     
20210726103633808wP20000.jpg
 1.ᠬᠠᠮᠢᠶᠠᠷᠤᠭᠴᠢ          ᠲᠣᠰ ᠤᠳᠠᠭᠠᠨ ᠤ ᠰᠤᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠬᠢᠭᠡᠳ ᠬᠥᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢᠨ ᠤᠳᠬ᠎ᠠ ᠤᠷᠠᠯᠢᠭ ᠤᠨ ᠷᠠᠳᠢᠣ᠋  ᠶᠢᠨ ᠬᠠᠮᠲᠤᠷᠠᠭᠰᠠᠨ ᠲᠤᠰᠬᠠᠶ ᠰᠤᠷᠪᠤᠯᠵᠢᠯᠠᠭ᠎ᠠ ᠪᠣᠯᠤᠨ᠎ᠠ᠂ ᠰᠦᠯᠵᠢᠶᠡᠨ ᠠᠨᠳᠠ ᠨᠠᠷ ᠰᠦᠯᠵᠢᠶᠡᠨ ᠳᠡᠭᠡᠷ᠎ᠡ ᠦᠭᠡ ᠦᠯᠡᠳᠡᠭᠡᠵᠦ ᠵᠣᠴᠢᠳ ᠲᠠᠢ  ᠦᠵᠡᠯ ᠪᠣᠳᠤᠯ ᠢᠶᠠᠨ ᠰᠣᠯᠢᠯᠴᠠᠵᠤ ᠪᠣᠯᠤᠨ᠎ᠠ᠂ ᠰᠦᠯᠵᠢᠶᠡᠨ ᠠᠨᠳᠠ ᠨᠠᠷ ᠤᠨ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃       2. ᠬᠥᠲᠥᠯᠥᠭᠴᠢ       ᠡᠨᠡ ᠵᠢᠯ ᠴᠡᠷᠢᠭ ᠤᠨ ᠠᠯᠪᠠ ᠠᠴᠠ ᠬᠠᠯᠠᠭᠳᠠᠭᠰᠠᠳ ᠢ ᠰᠢᠯᠵᠢᠭᠦᠯᠦᠨ ᠲᠤᠰᠢᠶᠠᠵᠤ ᠲᠥᠪᠬᠢᠨᠡᠭᠦᠯᠬᠦ ᠠᠵᠢᠯ ᠤᠨ ᠲᠠᠯ᠎ᠠ ᠪᠠᠷ ᠶᠠᠮᠠᠷ ᠶᠠᠮᠠᠷ ᠴᠢᠬᠤᠯᠠ ᠠᠵᠢᠯ ᠤᠳ ᠢ ᠥᠷᠨᠢᠭᠦᠯᠦᠭᠰᠡᠨ ᠲᠤᠬᠠᠢ ᠪᠠᠨ ᠲᠠᠨᠢᠯᠴᠠᠭᠤᠯᠤᠭᠠᠳ ᠥᠭᠭᠦᠨ᠎ᠡ ᠤᠤ︖       3. ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ  ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠹᠦ᠋ ᡁᠢ ᠶᠦᠩ       2021 ᠣᠨ ᠳᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠮᠠᠨ ᠤ ᠲᠣᠪᠴᠢᠶ᠎ᠠ ᠰᠢᠯᠵᠢᠭᠦᠯᠦᠨ ᠲᠤᠰᠢᠶᠠᠵᠤ ᠲᠥᠪᠬᠢᠨᠡᠭᠦᠯᠬᠦ ᠪᠠ ᠴᠡᠷᠢᠭ ᠤᠨ ᠠᠮᠠᠷᠠᠯᠲᠠ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠤᠨ ᠲᠠᠯ᠎ᠠ ᠪᠠᠷ᠂ ᠣᠳᠣᠬᠠᠨ ᠳᠤ ᠳᠣᠤᠷᠠᠬᠢ ᠠᠵᠢᠯ ᠤᠳ ᠢ ᠥᠷᠨᠢᠭᠦᠯᠪᠡ᠂ ᠨᠢᠭᠡ ᠳᠤ ᠴᠡᠷᠢᠭ ᠤᠨ ᠠᠯᠪᠠ ᠠᠴᠠ ᠬᠠᠯᠠᠭᠳᠠᠭᠰᠠᠳ ᠢ ᠲᠥᠪᠬᠢᠨᠡᠭᠦᠯᠬᠦ ᠠᠵᠢᠯ᠃ 2021 ᠣᠨ ᠤ 5 ᠳ᠋ᠤᠭᠠᠷ ᠰᠠᠷ᠎ᠠ ᠶᠢᠨ 26 ᠤ ᠡᠳᠦᠷ ᠠᠴᠠ 6 ᠳ᠋ᠤᠭᠠᠷ ᠰᠠᠷ᠎ᠠ ᠶᠢᠨ 3 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠢᠩᠬᠢᠮ 2021 ᠣᠨ ᠤ ᠵᠠᠰᠠᠭ ᠤᠨ ᠣᠷᠳᠣᠨ ᠠᠴᠠ ᠠᠵᠢᠯ ᠲᠣᠬᠢᠷᠠᠭᠤᠯᠬᠤ ᠴᠡᠷᠢᠭ ᠠᠴᠠ ᠬᠠᠯᠠᠭᠳᠠᠭᠰᠠᠳ ᠤᠨ ᠲᠠᠩᠰᠠ ᠡᠪᠬᠡᠮᠡᠯ ᠢ ᠲᠥᠪᠯᠡᠷᠡᠭᠦᠯᠦᠨ ᠬᠢᠨᠠᠨ ᠬᠠᠷᠭᠤᠭᠤᠯᠵᠤ ᠰᠢᠯᠵᠢᠬᠦᠯᠦᠨ ᠥᠭᠬᠦ ᠬᠤᠷᠠᠯ ᠬᠤᠷᠠᠯᠳᠤᠭᠤᠯᠪᠠ᠃ ᠲᠠᠩᠰᠠ ᠡᠪᠬᠡᠮᠡᠯ ᠢ ᠭᠥᠯᠢᠶᠡᠨ ᠠᠪᠤᠭᠰᠠᠨ ᠤ ᠳᠠᠷᠠᠭ᠎ᠠ᠂ ᠮᠠᠨ ᠤ ᠲᠣᠪᠴᠢᠶ᠎ᠠ ᠳᠠᠬᠢᠨᠲᠠ ᠠᠵᠢᠯᠲᠠᠨ ᠢᠶᠠᠨ ᠵᠣᠬᠢᠶᠠᠨ ᠪᠠᠶᠢᠭᠤᠯᠵᠤ ᠬᠦᠯᠢᠶᠡᠨ ᠠᠪᠤᠭᠰᠠᠨ ᠲᠠᠩᠰᠠ ᠡᠪᠬᠡᠮᠡᠯ  ᠢ ᠳᠠᠬᠢᠨ ᠬᠢᠨᠠᠵᠤ᠂ ᠮᠠᠲ᠋ᠧᠷᠢᠶᠠᠯ ᠨᠦᠬᠦᠵᠦ ᠲᠡᠭᠦᠯᠳᠡᠷᠵᠢᠭᠦᠯᠬᠦ ᠴᠢᠬᠤᠯᠠᠲᠠᠶ ᠲᠠᠩᠰᠠ ᠡᠪᠬᠡᠮᠡᠯ ᠢ ᠬᠤᠯᠪᠣᠭᠳᠠᠯ ᠪᠥᠬᠦᠶ ᠴᠡᠷᠢᠭ ᠠᠩᠭᠢ ᠳᠤ ᠲᠦᠷᠭᠡᠬᠡᠨ ᠲᠡᠭᠦᠯᠳᠡᠷᠵᠢᠭᠦᠯᠬᠦ ᠶᠢ ᠱᠠᠭᠠᠷᠳᠠᠪᠠ᠃ ᠡᠭᠦᠨ ᠤ ᠬᠠᠮᠲᠤ᠂ ᠬᠡᠮᠵᠢᠶᠡᠵᠢᠭᠦᠯᠦᠨ ᠬᠤᠪᠢ ᠣᠯᠭᠤᠬᠤ ᠱᠠᠭᠠᠷᠳᠠᠯᠭ᠎ᠠ ᠶᠣᠰᠣᠭᠠᠷ᠂ ᠴᠡᠷᠢᠭ ᠤᠨ ᠠᠯᠪᠠ ᠠᠴᠠ ᠬᠠᠯᠠᠭᠳᠠᠭᠰᠠᠨ ᠪᠠᠭ᠎ᠠ ᠣᠹᠢᠼᠧᠷ ᠤᠨ ᠠᠯᠪᠠ ᠬᠠᠭᠠᠭᠰᠠᠨ ᠵᠢᠯ ᠬᠤᠭᠤᠴᠠᠭ᠎ᠠ᠂ ᠱᠠᠩᠨᠠᠵᠤ ᠲᠣᠷᠭᠠᠭᠰᠠᠨ ᠪᠠᠶᠢᠳᠠᠯ᠂ ᠪᠡᠷᠬᠡ ᠬᠠᠲᠠᠭᠤᠵᠢᠯᠲᠠᠶ ᠬᠢᠯᠢ ᠬᠢᠵᠠᠭᠠᠷ ᠲᠤ ᠠᠯᠪᠠ ᠬᠠᠭᠠᠭᠰᠠᠨ ᠥᠩᠭᠡᠷᠡᠯᠲᠡ ᠵᠡᠷᠭᠡ ᠶᠢ ᠨᠠᠷᠢᠨ ᠬᠢᠨᠠᠮᠠᠭᠠᠶ ᠬᠠᠷᠭᠤᠭᠤᠯᠤᠨ ᠪᠠᠶᠢᠴᠠᠭᠠᠵᠤ᠂ ᠡᠳᠡᠭᠡᠷ ᠬᠦᠮᠦᠰ ᠤᠨ ᠪᠠᠶᠢᠳᠠᠯ ᠢ ᠲᠥᠷᠥᠯ ᠵᠦᠢᠯ ᠬᠤᠪᠢᠶᠠᠨ ᠳᠡᠩᠰᠡᠯᠡᠵᠦ ᠳᠡᠪᠲᠡᠷᠯᠡᠪᠡ᠃ 7 ᠳ᠋ᠤᠭᠠᠷ ᠰᠠᠷ᠎ᠠ ᠶᠢᠨ 5 — 7  ᠳ᠋ᠤᠭᠠᠷ ᠰᠠᠷ᠎ᠠ ᠶᠢᠨ 15 ᠤ ᠡᠳᠦᠷ᠂ 2021 ᠣᠨ ᠤ ᠵᠠᠰᠠᠭ ᠤᠨ ᠣᠷᠳᠣᠨ ᠠᠴᠠ ᠠᠵᠢᠯ ᠲᠣᠬᠢᠷᠠᠭᠤᠯᠬᠤ ᠴᠡᠷᠢᠭ ᠠᠴᠠ ᠰᠢᠯᠵᠢᠬᠦ ᠪᠠᠭ᠎ᠠ ᠣᠹᠢᠼᠧᠷ ᠤᠨ ᠨᠡᠷ᠎ᠡ ᠮᠡᠳᠡᠭᠦᠯᠬᠦ ᠠᠵᠢᠯ ᠡᠬᠢᠯᠡᠵᠦ᠂ ᠴᠡᠷᠢᠭ ᠠᠴᠠ ᠰᠢᠯᠵᠢᠬᠦ ᠪᠠᠭ᠎ᠠ ᠣᠹᠢᠼᠧᠷ ᠤᠨ ᠲᠤᠬᠠᠶᠢᠯᠠᠭᠰᠠᠨ ᠠᠵᠢᠯ ᠭᠦᠢᠴᠡᠳᠬᠡᠬᠦ ᠳᠤ ᠨᠢ ᠳᠥᠭᠦᠮ ᠦᠵᠡᠭᠦᠯᠬᠦ ᠶᠢᠨ ᠲᠥᠯᠥᠭᠡ᠂ ᠮᠠᠨ ᠤ ᠲᠣᠪᠴᠢᠶ᠎ᠠ  ᠣᠷᠢᠳᠴᠢᠯᠠᠨ  ᠨᠢᠭᠡᠳᠦᠯᠲᠡᠢ ᠲᠦᠯᠦᠪᠯᠡᠵᠦ᠂  ᠲᠤᠰᠬᠠᠶ ᠬᠥᠮᠦᠨ ᠢᠶᠠᠷ ᠡᠨᠡ ᠬᠦ ᠲᠤᠬᠠᠶᠢᠯᠠᠭᠰᠠᠨ ᠠᠵᠢᠯ ᠢ  ᠬᠠᠷᠢᠭᠤᠴᠠᠭᠤᠯᠤᠭᠰᠠᠨ ᠪᠥᠭᠡᠳ ᠲᠣᠪᠴᠢᠶ᠎ᠠ ᠶᠢᠨ ᠸᠢᠴᠠᠲ ᠤᠨ ᠨᠡᠶᠢᠲᠡ ᠶᠢᠨ ᠳ᠋ᠤᠭᠠᠷ᠂ ᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠪᠠᠷ ᠳᠠᠮᠵᠢᠭᠤᠯᠤᠨ ᠭᠦᠢᠴᠡᠳᠬᠡᠬᠦ ᠴᠠᠭ᠂ ᠭᠠᠵᠠᠷ᠂ ᠬᠡᠷᠡᠭᠰᠡᠬᠦ ᠮᠠᠲ᠋ᠧᠷᠢᠶᠠᠯ ᠪᠠ  ᠭᠦᠢᠴᠡᠳᠬᠡᠬᠦ ᠶᠠᠪᠤᠴᠠ ᠶᠢ 3 ᠡᠳᠦᠷ ᠤᠨ ᠡᠮᠦᠨ᠎ᠡ ᠵᠠᠷᠯᠠᠨ ᠨᠡᠶᠢᠲᠡᠯᠡᠵᠦ᠂ ᠴᠡᠷᠢᠭ ᠠᠴᠠ  ᠰᠢᠯᠵᠢᠬᠦ   ᠪᠠᠭ᠎ᠠ ᠣᠹᠢᠼᠧᠷ ᠤᠨ ᠨᠡᠷ᠎ᠡ ᠮᠡᠳᠡᠭᠦᠯᠬᠦ ᠶᠠᠪᠤᠴᠠ ᠳᠤ ᠭᠠᠷᠴᠤ ᠮᠡᠳᠡᠬᠦ ᠠᠰᠠᠭᠤᠳᠠᠯ ᠢ ᠰᠤᠳᠤᠯᠵᠤ᠂  ᠰᠢᠢᠳᠪᠦᠷᠢᠯᠡᠬᠦ ᠠᠷᠭ᠎ᠠ ᠪᠠ ᠬᠠᠷᠢᠭᠤ ᠥᠭᠬᠦ ᠰᠠᠨᠠᠯ ᠢ ᠨᠢᠭᠡᠳᠬᠡᠪᠡ᠃ ᠬᠤᠶᠠᠷ ᠲᠤ ᠥᠭᠡᠷᠡᠴᠢᠯᠡᠯᠲᠡ ᠳᠤ ᠬᠤᠯᠪᠣᠭᠳᠠᠬᠤ ᠡᠲᠡᠭᠡᠳ ᠤᠨ ᠡᠷᠦᠬᠡ ᠠᠮᠠ ᠣᠷᠤᠭᠤᠯᠬᠤ ᠠᠵᠢᠯ᠃ ᠥᠪᠡᠷᠲᠡᠭᠡᠨ ᠵᠠᠰᠠᠬᠤ ᠣᠷᠣᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠢᠩᠬᠢᠮ ᠤᠨ ᠭᠤᠷᠪᠠᠳᠤᠭᠠᠷ ᠪᠦᠯᠦᠭ ᠥᠭᠡᠷᠡᠴᠢᠯᠡᠯᠲᠡ ᠳᠤ ᠬᠤᠯᠪᠣᠭᠳᠠᠬᠤ ᠡᠲᠡᠭᠡᠳ ᠤᠨ ᠡᠷᠦᠬᠡ ᠠᠮᠠ ᠤᠷᠤᠭᠤᠯᠬᠤ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠮᠠᠨ ᠤ ᠲᠣᠪᠴᠢᠶ᠎ᠠ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠠᠵᠢᠯ ᠤᠨ ᠰᠤᠷᠲᠠᠯ ᠢᠶᠠᠨ ᠬᠤᠪᠢᠷᠠᠭᠤᠯᠬᠤ᠂  ᠦᠢᠯᠡᠴᠢᠯᠡᠭᠡᠨ ᠤ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠬᠤᠯᠪᠤᠭᠳᠠᠯ ᠪᠥᠬᠦᠶ ᠱᠠᠭᠠᠷᠳᠠᠯᠭ᠎ᠠ ᠶᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠮᠦᠨᠡᠬᠢ ᠬᠤᠶᠠᠷ ᠪᠦᠯᠦᠭ ᠤᠨ ᠠᠵᠢᠯ ᠤᠨ ᠰᠠᠭᠤᠷᠢᠨ ᠳᠡᠭᠡᠷ᠎ᠡ᠂ 6 ᠳ᠋ᠤᠭᠠᠷ ᠰᠠᠷ᠎ᠠ ᠶᠢᠨ 11 ᠤ ᠡᠳᠦᠷ᠂ ᠬᠥᠬᠡᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠪᠠᠶᠢᠴᠠᠭᠠᠯᠲᠠ ᠶᠢᠨ ᠲᠥᠪ ︵ᠤᠤᠯ ᠤᠨ ᠵᠡᠪᠰᠡᠭᠲᠦ ᠴᠠᠭᠳᠠᠭ᠎ᠠ ᠶᠢᠨ ᠰᠢᠵᠢᠷ ᠠᠯᠲᠠᠨ ᠤ ᠬᠤᠶᠠᠳᠤᠭᠠᠷ ᠰᠠᠯᠪᠤᠷᠢ ᠠᠩᠭᠢ︶ ᠳᠤ ᠦᠷᠭᠦᠯᠵᠢᠯᠡᠨ ᠭᠦᠨᠵᠡᠭᠡᠶᠢᠷᠡᠪᠡ᠃ ᠬᠤᠯᠪᠣᠭᠳᠠᠯ ᠪᠥᠬᠦᠶ ᠬᠤᠰᠢᠭᠤ ᠰᠢᠶᠠᠨ ᠲᠣᠭᠤᠷᠢᠭ ᠤᠨ ᠴᠡᠷᠢᠭ  ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠶᠢᠨ ᠠᠵᠢᠯᠲᠠᠨ ᠢ ᠵᠣᠬᠢᠶᠠᠨ ᠪᠠᠶᠢᠭᠤᠯᠵᠤ᠂ ᠬᠡᠷ ᠲᠤᠨᠢ ᠬᠦᠷᠴᠦ ᠦᠢᠯᠡᠴᠢᠯᠡᠨ᠂ ᠲᠤᠬᠠᠶ ᠶᠢᠨ ᠲᠠᠯᠠᠪᠤᠷ ᠲᠤ ᠠᠵᠢᠯᠯᠠᠵᠤ᠂ ᠬᠥᠬᠡᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠪᠠᠶᠢᠴᠠᠭᠠᠯᠲᠠ ᠶᠢᠨ ᠲᠥᠪ ᠤᠨ ᠥᠭᠡᠷᠡᠴᠢᠯᠡᠯᠲᠡ ᠳᠤ ᠬᠤᠯᠪᠣᠭᠳᠠᠬᠤ ᠡᠲᠡᠭᠡᠳ ᠪᠠ ᠳᠠᠭᠠᠵᠤ ᠨᠡᠭᠦᠬᠦ ᠬᠡᠷ ᠪᠦᠯᠢ ᠶᠢᠨ ᠡᠷᠦᠬᠡ ᠠᠮᠠ ᠣᠷᠤᠭᠤᠯᠬᠤ ᠮᠠᠲ᠋ᠧᠷᠢᠶᠠᠯ ᠢ ᠲᠥᠪᠯᠡᠷᠡᠭᠦᠯᠦᠨ ᠬᠢᠨᠠᠨ ᠬᠠᠷᠭᠤᠭᠤᠯᠪᠠ᠃ ᠨᠢᠭᠡᠯᠬᠡᠨ ᠡᠳᠦᠷ ᠤᠨ ᠳᠣᠲᠣᠷ᠎ᠠ ᠲᠥᠪᠯᠡᠷᠡᠭᠦᠯᠦᠨ ᠬᠢᠨᠠᠨ ᠪᠠᠶᠢᠴᠠᠭᠠᠬᠤ ᠠᠵᠢᠯ ᠢ ᠪᠡᠶᠡᠯᠡᠭᠦᠯᠵᠦ᠂ ᠠᠵᠢᠯ ᠦᠢᠯᠡᠰ ᠢᠶᠠᠨ ᠳᠡᠭᠡᠳᠦᠯᠡᠬᠦ ᠣᠪᠣᠷ᠂ ᠦᠢᠯᠡᠴᠢᠯᠡᠭᠡᠨ ᠤ ᠶᠠᠰᠤ ᠴᠢᠨᠠᠷ ᠨᠢ ᠨᠢᠭᠡᠴᠡ ᠶᠢᠨ ᠢᠶᠠᠨ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃ ᠭᠤᠷᠪᠠ ᠳᠤ᠂ ᠴᠡᠷᠢᠭ ᠢ ᠳᠠᠭᠠᠵᠤ ᠠᠵᠢᠯ ᠰᠢᠯᠵᠢᠬᠦ ᠬᠡᠷ ᠪᠦᠯᠢ ᠶᠢᠨ ᠬᠢᠨ ᠢ ᠲᠥᠪᠬᠢᠨᠡᠭᠦᠯᠬᠦ ᠠᠵᠢᠯ᠃ 2021 ᠣᠨ ᠤ 5 ᠳ᠋ᠤᠭᠠᠷ ᠰᠠᠷ᠎ᠠ ᠶᠢᠨ 21 ᠤ  ᠡᠳᠦᠷ᠂ ᠮᠠᠨ ᠤ ᠲᠣᠪᠴᠢᠶ᠎ᠠ ᠬᠥᠬᠡᠬᠤᠲᠠ ᠶᠢᠨ ᠴᠡᠷᠢᠭ ᠢ ᠳᠠᠭᠠᠭᠰᠠᠨ ᠬᠡᠷ ᠪᠦᠯᠢ ᠶᠢᠨ ᠬᠢᠨ ᠳᠤ ᠠᠵᠢᠯ ᠣᠯᠭᠤᠵᠤ ᠲᠥᠪᠬᠢᠨᠡᠭᠦᠯᠬᠦ ᠠᠵᠢᠯ ᠤᠨ ᠴᠡᠷᠢᠭ ᠠᠩᠭᠢ ᠪᠠ ᠣᠷᠣᠨ ᠨᠤᠲᠤᠭ ᠤᠨ ᠬᠠᠮᠲᠤᠷᠠᠭᠰᠠᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠤᠷᠠᠯ ᠳᠤ ᠣᠷᠣᠯᠴᠠᠭᠰᠠᠨ ᠨᠢᠭᠡᠴᠡ ᠳᠤ 2020 ᠣᠨ ᠤ ᠴᠡᠷᠢᠭ ᠢ ᠳᠠᠭᠠᠭᠰᠠᠨ ᠬᠡᠷ ᠪᠦᠯᠢ ᠶᠢᠨ ᠬᠢᠨ ᠳᠤ ᠠᠵᠢᠯ ᠣᠯᠭᠤᠵᠤ ᠲᠥᠪᠬᠢᠨᠡᠭᠦᠯᠬᠦ ᠠᠵᠢᠯ ᠢ ᠪᠡᠶᠡᠯᠡᠭᠦᠯᠦᠭᠰᠡᠨ ᠪᠠᠶᠢᠳᠠᠯ ᠢ ᠬᠠᠷᠢᠭᠤ ᠮᠡᠳᠡᠭᠦᠯᠵᠦ᠂ 2021 ᠣᠨ ᠤ ᠴᠡᠷᠢᠭ ᠢ ᠳᠠᠭᠠᠭᠰᠠᠨ ᠬᠡᠷ ᠪᠦᠯᠢ ᠶᠢᠨ ᠬᠢᠨ ᠳᠤ ᠠᠵᠢᠯ ᠣᠯᠭᠤᠵᠤ ᠲᠥᠪᠬᠢᠨᠡᠭᠦᠯᠬᠦ ᠠᠵᠢᠯ ᠢ ᠪᠠᠶᠢᠷᠢᠯᠠᠭᠤᠯᠵᠤ᠂ ᠬᠤᠷᠠᠯ ᠳᠤ ᠣᠷᠣᠯᠴᠠᠭᠰᠠᠳ ᠴᠡᠷᠢᠭ ᠢ ᠳᠠᠭᠠᠭᠰᠠᠨ ᠬᠡᠷ ᠪᠦᠯᠢ ᠶᠢᠨ ᠬᠢᠨ ᠳᠤ ᠠᠵᠢᠯ ᠣᠯᠭᠤᠵᠤ ᠲᠥᠪᠬᠢᠨᠡᠭᠦᠯᠬᠦ ᠠᠵᠢᠯ ᠢ ᠬᠡᠷᠬᠢᠨ ᠰᠠᠶᠢᠵᠢᠷᠠᠭᠤᠯᠬᠤ ᠪᠠ ᠳᠡᠭᠡᠭᠰᠢᠯᠡᠭᠦᠯᠬᠦ ᠲᠤᠬᠠᠶ ᠶᠠᠷᠢᠯᠴᠠᠬᠤ ᠬᠤᠷᠠᠯ ᠬᠢᠵᠡᠶ᠃ ᠳᠥᠷᠪᠡ ᠳᠤ ᠬᠡᠰᠡᠭ ᠴᠡᠷᠢᠭ  ᠤᠨ ᠠᠯᠪᠠ  ᠠᠴᠠ ᠬᠠᠯᠠᠭᠳᠠᠭᠰᠠᠨ ᠪᠠᠶᠢᠯᠳᠤᠭᠴᠢᠳ ᠤᠨ ᠨᠡᠶᠢᠭᠡᠮ ᠤᠨ ᠳᠠᠭᠠᠳᠬᠠᠯ  ᠢ ᠥᠷᠭᠦᠯᠵᠢᠯᠡᠭᠦᠯᠬᠦ  ᠠᠵᠢᠯ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠬᠡᠰᠡᠭ ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢᠳ ᠤᠨ ᠨᠡᠶᠢᠭᠡᠮ ᠤᠨ ᠳᠠᠭᠠᠳᠬᠠᠯ ᠤᠨ ᠠᠰᠠᠭᠤᠳᠠᠯ ᠢ ᠰᠢᠢᠳᠪᠦᠷᠢᠯᠡᠬᠦ ᠲᠤᠬᠠᠶ ᠰᠠᠨᠠᠯ︾ ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠬᠡᠰᠡᠭ ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢᠳ ᠤᠨ ᠨᠡᠶᠢᠭᠡᠮ ᠤᠨ ᠳᠠᠭᠠᠳᠬᠠᠯ ᠢ ᠦᠷᠭᠦᠯᠵᠢᠯᠡᠭᠦᠯᠬᠦ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠬᠥᠬᠡᠬᠤᠲᠠ 2019 ᠣᠨ ᠤ 8 ᠳ᠋ᠤᠭᠠᠷ ᠰᠠᠷ᠎ᠠ ᠠᠴᠠ ᠡᠬᠢᠯᠡᠨ ᠬᠡᠰᠡᠭ ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢᠳ ᠤᠨ ᠨᠡᠶᠢᠭᠡᠮ ᠤᠨ ᠳᠠᠭᠠᠳᠬᠠᠯ ᠢ ᠦᠷᠬᠦᠯᠵᠢᠯᠡᠭᠦᠯᠬᠦ ᠠᠵᠢᠯ ᠢ ᠪᠦᠬᠦ ᠲᠠᠯ᠎ᠠ ᠪᠠᠷ ᠡᠬᠢᠯᠡᠭᠦᠯᠪᠡ᠃ ᠵᠢᠯ ᠭᠠᠷᠤᠶ ᠶᠢᠨ ᠴᠢᠷᠮᠠᠶᠢᠯᠭ᠎ᠠ᠂ ᠬᠤᠶᠠᠷ ᠰᠠᠷ᠎ᠠ ᠲᠥᠪᠯᠡᠷᠡᠭᠦᠯᠦᠨ ᠪᠡᠷᠬᠡ ᠰᠡᠳᠦᠪ ᠢ  ᠰᠢᠢᠳᠪᠦᠷᠢᠯᠡᠬᠦ ᠪᠠᠷ ᠳᠠᠮᠵᠢᠭᠠᠳ ᠤᠳᠤ ᠨᠢᠭᠡᠨᠲᠡ ᠰᠡᠭᠦᠯ ᠬᠤᠷᠢᠶᠠᠬᠤ ᠱᠠᠲᠤᠨ ᠳᠤ ᠣᠷᠣᠭᠠᠳ ᠪᠠᠶᠢᠨ᠎ᠠ᠃ ᠲᠠᠪᠤ ᠳᠤ ᠬᠥᠬᠡᠬᠤᠲᠠ ᠶᠢᠨ ᠴᠡᠷᠢᠭ ᠤᠨ ᠠᠮᠠᠷᠠᠯᠲᠠ ᠶᠢᠨ ᠦᠢᠯᠡᠴᠢᠯᠡᠭᠡᠨ ᠤ ᠲᠥᠪ ᠤᠨ ᠬᠤᠶᠠᠳᠤᠭᠠᠷ ᠦᠢᠯᠡᠴᠢᠯᠡᠭᠡᠨ ᠤ ᠥᠷᠲᠡᠭᠡ ᠶᠢᠨ ᠨᠠᠰᠤᠲᠠᠶᠢᠴᠤᠳ ᠲᠤ ᠦᠢᠯᠡᠴᠢᠯᠡᠬᠦ ᠲᠥᠷᠥᠯ ᠵᠦᠢᠯ᠃ ᠬᠤᠲᠠ ᠶᠢᠨ ᠵᠠᠰᠠᠭ ᠤᠨ ᠣᠷᠳᠣᠨ ᠤ ᠱᠠᠭᠠᠷᠳᠠᠯᠭ᠎ᠠ ᠶᠣᠰᠣᠭᠠᠷ᠂ ᠮᠠᠨ ᠤ ᠬᠤᠲᠠ ᠶᠢᠨ ᠨᠠᠰᠤᠲᠠᠶᠢᠴᠤᠳ ᠲᠤ ᠦᠢᠯᠡᠴᠢᠯᠡᠬᠦ ᠲᠥᠷᠥᠯ ᠵᠦᠢᠯ ᠪᠠ ᠨᠠᠰᠤᠵᠢᠯ ᠤᠨ ᠠᠰᠠᠷᠠᠮᠵᠢ ᠶᠢᠨ ᠨᠡᠶᠢᠲᠡ ᠶᠢᠨ ᠪᠠᠶᠢᠷᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠢᠳᠡᠪᠬᠢᠲᠡᠶ ᠪᠠᠶᠢᠭᠤᠯᠪᠠ᠃ 2021 ᠣᠨ ᠤ ᠡᠬᠢᠨ ᠳᠤ᠂ ᠬᠥᠬᠡᠬᠤᠲᠠ ᠶᠢᠨ ᠴᠡᠷᠢᠭ ᠤᠨ ᠠᠮᠠᠷᠠᠯᠲᠠ ᠶᠢᠨ ᠦᠢᠯᠡᠴᠢᠯᠡᠭᠡᠨ ᠤ ᠲᠥᠪ ᠤᠨ ᠬᠤᠶᠠᠳᠤᠭᠠᠷ ᠦᠢᠯᠡᠴᠢᠯᠡᠭᠡᠨ ᠤ ᠥᠷᠲᠡᠭᠡ ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠶᠢᠨ ᠱᠠᠭᠠᠷᠳᠠᠯᠭ᠎ᠠ ᠶᠣᠰᠤᠭᠠᠷ᠂ ᠬᠤᠲᠠ ᠶᠢᠨ ᠵᠠᠰᠠᠭ ᠤᠨ ᠣᠷᠳᠣᠨ᠂ ᠰᠢᠨ᠎ᠡ ᠬᠤᠲᠠ ᠲᠣᠭᠤᠷᠢᠭ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠥᠬᠦᠶ ᠨᠢᠭᠡᠴᠡ ᠲᠠᠢ ᠢᠳᠡᠪᠬᠢᠲᠡᠶ ᠬᠠᠮᠵᠢᠯᠴᠠᠨ ᠨᠠᠰᠤᠳᠠᠶᠢᠴᠤᠳ ᠲᠤ ᠦᠢᠯᠡᠴᠢᠯᠡᠬᠦ ᠲᠦᠷᠦᠯ ᠵᠦᠢᠯ ᠢ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠪᠠ ︵ᠠᠵᠢᠯ ᠠᠴᠠ ᠪᠠᠨ ᠠᠮᠠᠷᠠᠭᠰᠠᠨ ᠴᠡᠷᠢᠭ ᠤᠨ ᠺᠠᠳ᠋ᠷ ᠤᠨ ᠲᠥᠯᠥᠭᠡᠯᠡᠭᠴᠢ ᠪᠠ ᠬᠤᠯᠪᠣᠭᠳᠠᠯ ᠪᠥᠬᠦᠶ ᠠᠵᠢᠯᠲᠠᠳ ᠰᠢᠨ᠎ᠡ ᠬᠤᠲᠠ ᠲᠣᠭᠤᠷᠢᠭ ᠤᠨ ᠯᠢ ᠶᠤᠸᠠᠨ ᠨᠡᠶᠢᠭᠡᠮ ᠲᠣᠭᠤᠷᠢᠭ ᠤᠨ ᠭᠡᠷ ᠪᠦᠯᠢ ᠶᠢᠨ ᠨᠠᠰᠤᠵᠢᠯ ᠤᠨ ᠨᠠᠰᠠᠷᠠᠮᠵᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠶᠡᠷᠦᠩᠬᠡᠶᠢᠯᠡᠭᠰᠡᠨ ᠴᠣᠭᠴᠠ ᠵᠡᠷᠭᠡ ᠨᠠᠰᠤᠳᠠᠶᠢᠴᠤᠳ ᠲᠤ ᠦᠢᠯᠡᠴᠢᠯᠡᠬᠦ ᠲᠠᠯᠠᠪᠤᠷ ᠭᠠᠵᠠᠷ ᠢ ᠲᠣᠭᠤᠷᠢᠨ ᠦᠵᠡᠵᠦ ᠪᠠᠶᠢᠴᠠᠭᠠᠨ ᠦᠵᠡᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠵᠤ᠂ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠶᠢᠨ ᠬᠦᠰᠦᠨᠦᠭᠲᠦ ᠶᠢ ᠲᠠᠭᠯᠠᠪᠠ︶᠃ ᠣᠳᠣᠬᠠᠨ ᠳᠤ᠂ ᠨᠢᠭᠡᠨᠲᠡ ᠰᠢᠨ᠎ᠡ ᠬᠤᠲᠠ ᠲᠣᠭᠤᠷᠢᠭ ᠤᠨ ᠳ᠋ᠦᠩ ᠹᠧᠩ ᠵᠠᠮ ᠤᠨ ᠬᠡᠷᠡᠭ ᠡᠷᠬᠢᠯᠡᠬᠦ ᠭᠠᠵᠠᠷ ᠲᠠᠢ ᠬᠠᠮᠲᠤᠷᠠᠨ ᠴᠡᠷᠢᠭ ᠤᠨ ᠨᠠᠰᠤᠲᠠᠶᠢᠴᠤᠳ ᠲᠤ ᠦᠢᠯᠡᠴᠢᠯᠡᠬᠦ ᠲᠦᠷᠦᠯ ᠵᠦᠢᠯ ᠢ ᠬᠠᠮᠲᠤ ᠪᠠᠷ ᠪᠠᠶᠢᠭᠤᠯᠬᠤ ᠲᠤᠬᠠᠶ ᠦᠨᠳᠦᠰᠦᠨ ᠬᠠᠮᠲᠤ ᠶᠢᠨ ᠲᠠᠨᠢᠯᠲᠠ ᠲᠠᠢ ᠪᠣᠯᠵᠣ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠨᠠᠰᠤᠲᠠᠶᠢᠴᠤᠳ ᠲᠤ  ᠦᠢᠯᠡᠴᠢᠯᠡᠬᠦ ᠥᠷᠲᠡᠭᠡ ᠶᠢ ᠬᠠᠮᠲᠤ ᠪᠠᠷ ᠪᠠᠶᠢᠭᠤᠯᠬᠤ ᠪᠣᠯᠤᠨ᠎ᠠ᠃       4. ᠬᠥᠲᠥᠯᠥᠭᠴᠢ       ᠣᠲᠣ ᠶᠢᠨ ᠬᠡᠷᠡᠭᠵᠢᠭᠦᠯᠵᠦ ᠪᠠᠶᠢᠭ᠎ᠠ ︽ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢᠳ ᠢ ᠲᠥᠪᠬᠢᠨᠡᠭᠦᠯᠬᠦ ᠲᠦᠷᠢᠮ︾ ᠳᠤ ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢᠳ ᠢ ᠲᠥᠪᠬᠢᠨᠡᠭᠦᠯᠬᠦ ᠲᠥᠷᠥᠯ ᠵᠦᠢᠯ ᠳᠤ ᠲᠣᠳᠣᠷᠬᠠᠶ ᠲᠣᠭᠲᠠᠭᠠᠯ ᠭᠠᠷᠭᠠᠵᠠᠶ᠂ ᠴᠡᠷᠢᠭ ᠤᠨ ᠠᠯᠪᠠ ᠠᠴᠠ  ᠬᠠᠯᠠᠭᠳᠠᠭᠰᠠᠨ ᠪᠠᠶᠢᠯᠳᠤᠭᠴᠢᠳ ᠢ ᠲᠥᠪᠬᠢᠨᠡᠭᠦᠯᠬᠦ ᠲᠥᠷᠥᠯ ᠵᠦᠢᠯ ᠳᠤ ᠶᠠᠮᠠᠷ ᠲᠣᠭᠲᠠᠭᠠᠯ ᠲᠠᠢ ᠪᠣᠶ︖       5.ᠰᠢᠯᠵᠢᠭᠦᠯᠦᠨ ᠲᠤᠰᠢᠶᠠᠵᠤ ᠲᠥᠪᠬᠢᠨᠡᠭᠦᠯᠬᠦ ᠪᠠ ᠴᠡᠷᠢᠭ ᠤᠨ ᠠᠮᠠᠷᠠᠯᠲᠠ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠰᠠᠯᠠᠭᠠᠨ ᠤ ᠳᠠᠷᠤᠭ᠎ᠠ ᠭᠤᠸᠠᠨ ᠲᠤᠤ      ᠣᠳᠣᠬᠠᠨ ᠳᠤ᠂ ᠤᠯᠤᠰ ᠠᠴᠠ ᠠᠵᠢᠯ ᠣᠯᠭᠤᠯᠲᠠ ᠶᠢ ᠲᠡᠳᠬᠦᠨ ᠳᠡᠮᠵᠢᠬᠦ ᠪᠠᠷ ᠭᠤᠣᠯ ᠪᠣᠯᠭᠠᠭᠰᠠᠨ᠂ ᠪᠡᠶ᠎ᠡ ᠪᠠᠨ ᠳᠠᠭᠠᠭᠠᠵᠤ ᠠᠵᠢᠯ ᠤᠯᠬᠤ᠂ ᠠᠵᠢᠯ ᠲᠣᠬᠢᠷᠠᠭᠤᠯᠬᠤ᠂ ᠠᠵᠢᠯ ᠠᠴᠠ ᠪᠠᠨ ᠪᠠᠭᠤᠵᠤ ᠠᠮᠠᠷᠠᠬᠤ᠂ ᠠᠰᠠᠷᠠᠨ ᠲᠡᠵᠢᠭᠡᠬᠦ ᠵᠡᠷᠭᠡ ᠤᠯᠠᠨ ᠵᠦᠢᠯ ᠤᠨ ᠠᠷᠭ᠎ᠠ ᠮᠠᠶ᠋ᠢᠭ ᠢ ᠤᠶᠠᠯᠳᠤᠭᠤᠯᠤᠭᠰᠠᠨ ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢᠳ ᠢ ᠲᠥᠪᠬᠢᠨᠡᠭᠦᠯᠬᠦ ᠲᠦᠷᠢᠮ ᠢ ᠪᠠᠶᠢᠭᠤᠯᠵᠤ᠂ ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢᠳ ᠢ ᠲᠣᠬᠢᠲᠠᠶ ᠲᠥᠪᠬᠢᠨᠡᠭᠦᠯᠵᠦ ᠪᠠᠶᠢᠨ᠎ᠠ᠃ ᠥᠭᠡᠷ᠎ᠡ ᠪᠠᠷ ᠬᠡᠯᠡᠪᠡᠯ ᠣᠲᠣ ᠶᠢᠨ ᠬᠡᠷᠡᠭᠵᠢᠭᠦᠯᠵᠦ ᠪᠠᠶᠢᠭ᠎ᠠ ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢᠳ ᠢ ᠲᠥᠪᠬᠢᠨᠡᠭᠦᠯᠬᠦ ᠲᠥᠷᠥ ᠶᠢᠨ ᠪᠣᠳᠣᠯᠭ᠎ᠠ ᠳᠤ᠂ ᠴᠡᠷᠢᠭ ᠤᠨ ᠠᠯᠪᠠ  ᠠᠴᠠ ᠬᠠᠯᠠᠭᠳᠠᠭᠰᠠᠳ ᠲᠤ ᠳᠣᠤᠷᠠᠬᠢ ᠳᠥᠷᠪᠡᠨ ᠵᠦᠢᠯ ᠤᠨ ᠲᠥᠪᠬᠢᠨᠡᠭᠦᠯᠬᠦ ᠠᠷᠭ᠎ᠠ ᠬᠡᠯᠪᠡᠷᠢ ᠪᠣᠶ᠂ ᠨᠢᠭᠡ ᠳᠤ ᠪᠡᠶ᠎ᠡ ᠪᠠᠨ ᠳᠠᠭᠠᠭᠠᠵᠤ ᠠᠵᠢᠯ ᠤᠯᠬᠤ᠂ ᠬᠤᠶᠠᠷ ᠲᠤ ᠠᠵᠢᠯ ᠳᠣᠭᠢᠷᠠᠭᠤᠯᠬᠤ᠂ ᠭᠤᠷᠪᠠ ᠳᠤ ᠠᠵᠢᠯ ᠠᠴᠠ ᠪᠠᠨ ᠪᠠᠭᠤᠵᠤ ᠠᠮᠠᠷᠠᠬᠤ᠂ ᠳᠥᠷᠪᠡ ᠳᠤ ᠠᠰᠠᠷᠠᠨ ᠲᠡᠵᠢᠭᠡᠬᠦ ᠵᠡᠷᠭᠡ ᠪᠣᠯᠤᠨ᠎ᠠ᠃ ᠤᠯᠤᠰ ᠠᠴᠠ ᠳᠡᠭᠡᠷᠡᠬᠢ ᠲᠦᠷᠪᠡᠨ ᠵᠦᠢᠯ ᠤᠨ ᠲᠥᠪᠬᠢᠨᠡᠭᠦᠯᠬᠦ ᠠᠷᠭ᠎ᠠ ᠮᠠᠶ᠋ᠢᠭ ᠤᠨ ᠲᠠᠯ᠎ᠠ ᠪᠠᠷ ᠪᠠᠰᠠ ᠬᠠᠷᠠᠭᠠᠯᠵᠠᠭᠰᠠᠨ‌ᠨᠥ᠋ᠬᠦᠴᠡᠯ ᠢ ᠲᠣᠳᠣᠷᠬᠠᠶᠢᠯᠠᠵᠤ᠂ ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠨᠡᠩ ᠰᠠᠶᠢᠨ ᠪᠠᠲᠤᠯᠠᠪᠠ᠃       ᠨᠢᠭᠡ ᠳᠤ ᠪᠡᠶ᠎ᠡ ᠪᠠᠨ ᠳᠠᠭᠠᠭᠠᠵᠤ ᠠᠵᠢᠯ ᠤᠯᠬᠤ ᠲᠤᠬᠠᠶ ᠤᠯᠤᠰ ᠠᠴᠠ ᠲᠣᠭᠲᠠᠭᠠᠭᠰᠠᠨ ᠨᠢ᠂ ᠠᠯᠪᠠᠨ ᠵᠢᠷᠤᠮ ᠤᠨ ᠴᠡᠷᠢᠭ ᠪᠠ  ᠴᠡᠷᠢᠭ ᠤᠨ ᠠᠯᠪᠠ ᠬᠠᠭᠠᠭᠠᠳ ᠪᠦᠬᠦᠯᠢ 12 ᠵᠢᠯ ᠪᠣᠯᠤᠭᠠᠳᠤᠶ ᠪᠠᠭ᠎ᠠ ᠣᠹᠢᠼᠧᠷ ᠴᠡᠷᠢᠭ ᠤᠨ ᠠᠯᠪᠠ ᠠᠴᠠ ᠪᠠᠨ ᠬᠠᠯᠠᠭᠳᠠᠪᠠᠯ᠂ ᠠᠷᠠᠳ ᠤᠨ ᠵᠠᠰᠠᠭ ᠤᠨ ᠣᠷᠳᠣᠨ ᠠᠴᠠ ᠪᠡᠶ᠎ᠡ ᠪᠠᠨ ᠳᠠᠭᠠᠭᠠᠵᠤ ᠠᠵᠢᠯ ᠤᠯᠬᠤ ᠶᠢ ᠨᠢ ᠲᠡᠳᠬᠦᠨ ᠲᠡᠮᠵᠢᠨ᠎ᠡ᠃       ᠪᠡᠶ᠎ᠡ ᠪᠠᠨ ᠳᠠᠭᠠᠭᠠᠵᠤ ᠠᠵᠢᠯ ᠣᠯᠬᠤ ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢᠳ ᠲᠤ ᠴᠡᠷᠢᠭ ᠠᠩᠬᠢ ᠠᠴᠠ ᠨᠢᠭᠡ ᠤᠳᠠᠭ᠎ᠠ ᠶᠢᠨ ᠴᠢᠨᠠᠷᠲᠠᠶ  ᠴᠡᠷᠢᠭ ᠤᠨ ᠠᠯᠪᠠ ᠠᠴᠠ ᠬᠠᠯᠠᠭᠳᠠᠭᠰᠠᠨ ᠮᠥᠩᠭᠦ ᠣᠯᠭᠤᠵᠤ᠂ ᠨᠢᠭᠡ ᠤᠳᠠᠭ᠎ᠠ ᠶᠢᠨ ᠴᠢᠨᠠᠷᠲᠠᠶ  ᠴᠡᠷᠢᠭ ᠤᠨ ᠠᠯᠪᠠ ᠠᠴᠠ ᠬᠠᠯᠠᠭᠳᠠᠭᠰᠠᠨ ᠮᠥᠩᠭᠦ ᠶᠢ ᠲᠥᠪ ᠤᠨ ᠡᠳ᠋ ᠤᠨ ᠵᠠᠰᠠᠭ ᠠᠴᠠ ᠲᠤᠰᠬᠠᠶ ᠵᠦᠢᠯ ᠢᠶᠠᠷ ᠲᠣᠬᠢᠷᠠᠭᠤᠯᠤᠨ᠎ᠠ︔ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠲᠤᠬᠠᠶ ᠶᠢᠨ ᠭᠠᠵᠠᠷ ᠤᠨ ᠢᠶᠠᠨ ᠪᠣᠳᠠᠲᠤ ᠪᠠᠶᠢᠳᠠᠯ ᠢ ᠦᠨᠳᠦᠰᠦᠯᠡᠨ ᠠᠵᠤ ᠠᠬᠤᠶ ᠶᠢᠨ ᠨᠥᠬᠦᠪᠥᠷᠢ ᠥᠭᠴᠦ ᠪᠣᠯᠤᠨ᠎ᠠ᠂ ᠠᠵᠤ ᠠᠬᠤᠶ ᠶᠢᠨ ᠨᠥᠬᠦᠪᠥᠷᠢ ᠶᠢᠨ ᠪᠠᠷᠢᠮᠵᠢᠶ᠎ᠠ ᠵᠢᠴᠢ ᠣᠯᠭᠤᠬᠤ ᠠᠷᠭ᠎ᠠ ᠶᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠨ᠎ᠠ᠃       ᠢᠷᠠᠭᠤ ᠠᠯᠳᠠᠷ ᠤᠨ ᠴᠣᠯᠠ ᠣᠯᠤᠭᠰᠠᠨ ᠪᠤᠶᠤ ᠭᠠᠪᠢᠶ᠎ᠠ ᠪᠠᠶᠢᠭᠤᠯᠤᠭᠰᠠᠨ  ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢᠳ ᠲᠤ ᠣᠷᠣᠨ ᠨᠤᠲᠤᠭ ᠤᠨ ᠵᠠᠰᠠᠭ ᠤᠨ ᠣᠷᠳᠣᠨ ᠴᠡᠷᠢᠭ ᠠᠩᠬᠢ ᠶᠢᠨ ᠴᠡᠷᠢᠭ ᠤᠨ ᠠᠯᠪᠠ ᠠᠴᠠ ᠬᠠᠯᠠᠭᠳᠠᠭᠰᠠᠨ ᠮᠥᠩᠭᠦ  ᠣᠯᠭᠤᠬᠤ ᠬᠠᠷᠢᠴᠠᠯ  ᠶᠣᠰᠣᠭᠠᠷ ᠨᠢᠭᠡ  ᠤᠳᠠᠭ᠎ᠠ ᠶᠢᠨ ᠴᠢᠨᠠᠷᠲᠠᠶ ᠣᠷᠣᠨ ᠨᠤᠲᠤᠭ ᠤᠨ ᠠᠵᠤ ᠠᠬᠤᠶ ᠶᠢᠨ ᠨᠥᠬᠦᠪᠥᠷᠢ ᠶᠢ ᠨᠡᠮᠡᠵᠦ ᠣᠯᠭᠤᠨ᠎ᠠ᠃      ︵ᠨᠢᠭᠡ︶ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ᠂ ᠴᠡᠷᠢᠭ ᠠᠩᠬᠢ ᠶᠢᠨ ᠴᠡᠷᠢᠭ ᠤᠨ ᠲᠣᠭᠤᠷᠢᠭ ᠤᠨ ᠱᠠᠲᠤᠨ ᠤ ᠨᠢᠭᠡᠴᠡ ᠠᠴᠠ ᠢᠷᠠᠭᠤ ᠠᠯᠳᠠᠷ ᠤᠨ ᠴᠣᠯᠠ ᠣᠯᠭᠤᠭᠰᠠᠨ ᠪᠤᠶᠤ ᠨᠢᠭᠡᠳᠦᠭᠡᠷ ᠳᠡᠰ ᠤᠨ ᠭᠠᠪᠢᠶ᠎ᠠ ᠪᠠᠶᠢᠭᠤᠯᠤᠭᠰᠠᠨ ᠪᠠᠶᠢᠪᠠᠯ᠂ 15% ᠪᠠᠷ ᠨᠡᠮᠡᠵᠦ ᠣᠯᠭᠤᠨ᠎ᠠ︔       ︵ᠬᠤᠶᠠᠷ︶ ᠬᠤᠶᠠᠳᠤᠭᠠᠷ ᠳᠡᠰ ᠤᠨ ᠭᠠᠪᠢᠶ᠎ᠠ ᠪᠠᠶᠢᠭᠤᠯᠤᠭᠰᠠᠨ ᠪᠠᠶᠢᠪᠠᠯ᠂ 10% ᠪᠠᠷ ᠨᠡᠮᠡᠵᠦ ᠣᠯᠭᠤᠨ᠎ᠠ︔       ︵ᠭᠤᠷᠪᠠ︶ ᠭᠤᠷᠪᠠᠳᠤᠭᠠᠷ ᠳᠡᠰ ᠤᠨ ᠭᠠᠪᠢᠶ᠎ᠠ ᠪᠠᠶᠢᠭᠤᠯᠤᠭᠰᠠᠨ ᠪᠠᠶᠢᠪᠠᠯ 5% ᠪᠠᠷ ᠨᠡᠮᠡᠵᠦ ᠣᠯᠭᠤᠨ᠎ᠠ᠃ ᠤᠯᠠᠨ ᠤᠳᠠᠭ᠎ᠠ ᠢᠷᠠᠭᠤ ᠠᠯᠳᠠᠷ ᠤᠨ ᠴᠣᠯᠠ ᠣᠯᠤᠭᠰᠠᠨ ᠪᠤᠶᠤ ᠭᠠᠪᠢᠶ᠎ᠠ ᠪᠠᠶᠢᠭᠤᠯᠤᠭᠰᠠᠨ ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢᠳ ᠲᠤ ᠲᠡᠭᠦᠨ  ᠤ ᠳᠣᠲᠣᠷᠠᠬᠢ ᠬᠠᠮᠤᠭ ᠤᠨ ᠳᠡᠭᠡᠳᠦ ᠳᠡᠰ ᠤᠨ ᠱᠠᠩᠨᠠᠯ ᠢ ᠨᠡᠮᠡᠵᠦ ᠣᠯᠭᠤᠬᠤ ᠬᠠᠷᠢᠴᠠᠯ ᠶᠣᠰᠣᠭᠠᠷ᠂ ᠴᠡᠷᠢᠭ ᠤᠨ ᠠᠯᠪᠠ ᠠᠴᠠ  ᠬᠠᠯᠠᠭᠳᠠᠭᠰᠠᠨ ᠨᠢᠭᠡ ᠤᠳᠠᠭ᠎ᠠ  ᠶᠢᠨ ᠴᠢᠨᠠᠷᠲᠠᠶ ᠮᠥᠩᠭᠦ ᠪᠣᠯᠤᠨ ᠣᠷᠣᠨ ᠨᠤᠲᠤᠭ ᠤᠨ ᠠᠵᠤ ᠠᠬᠤᠶ ᠶᠢᠨ ᠨᠦᠬᠦᠪᠦᠷᠢ ᠶᠢ ᠨᠡᠮᠡᠵᠦ ᠣᠯᠭᠤᠬᠤ ᠬᠡᠷᠡᠭᠲᠡᠶ᠃       ᠬᠤᠶᠠᠷ ᠲᠤ ᠵᠠᠰᠠᠭ ᠤᠨ ᠣᠷᠳᠣᠨ ᠠᠴᠠ ᠠᠵᠢᠯ ᠲᠣᠬᠢᠷᠠᠭᠤᠯᠬᠤ ᠲᠤᠬᠠᠶ ᠤᠯᠤᠰ ᠠᠴᠠ  ᠲᠤᠭᠲᠠᠭᠠᠭᠰᠠᠨ ᠨᠢ᠂ ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢᠳ ᠳᠣᠣᠷ᠎ᠠ ᠵᠢᠭᠰᠠᠭᠠᠭᠰᠠᠨ ᠨᠥᠬᠦᠴᠡᠯ ᠤᠳ ᠤᠨ ᠨᠢᠭᠡ ᠳᠤᠨᠢ ᠨᠡᠶᠢᠴᠡᠪᠡᠯ᠂ ᠠᠷᠠᠳ ᠤᠨ ᠵᠠᠰᠠᠭ ᠤᠨ ᠣᠷᠳᠣᠨ ᠠᠴᠠ ᠠᠵᠢᠯ ᠲᠣᠬᠢᠷᠠᠭᠤᠯᠤᠨ᠎ᠠ᠄       ︵ᠨᠢᠭᠡ︶ ᠪᠠᠭ᠎ᠠ ᠣᠹᠢᠼᠧᠷ ᠴᠡᠷᠢᠭ ᠤᠨ ᠠᠯᠪᠠ ᠬᠠᠭᠠᠭᠠᠳ ᠪᠦᠬᠦᠯᠢ 12 ᠵᠢᠯ ᠪᠣᠯᠤᠭᠰᠠᠨ︔       ︵ᠬᠤᠶᠠᠷ︶  ᠴᠡᠷᠢᠭ ᠤᠨ ᠠᠯᠪᠠ ᠬᠠᠭᠠᠵᠤ  ᠪᠠᠶᠢᠭᠰᠠᠨ ᠬᠤᠭᠤᠴᠠᠭᠠᠨ ᠳᠠᠭᠠᠨ ᠡᠩ ᠤᠨ ᠦᠶ᠎ᠡ ᠳᠤ ᠬᠤᠶᠠᠳᠤᠭᠠᠷ ᠳᠡᠰ ᠤᠨ ᠭᠠᠪᠢᠶ᠎ᠠ ᠠᠴᠠ ᠳᠡᠭᠡᠭᠰᠢᠬᠢ ᠱᠠᠩᠨᠠᠯ ᠬᠦᠷᠳᠡᠭᠰᠡᠠ ᠪᠤᠶᠤ ᠲᠡᠶᠢᠠ ᠤ ᠦᠶ᠎ᠡ ᠳᠤ ᠭᠤᠷᠪᠠᠳᠤᠭᠠᠷ ᠳᠡᠰ ᠤᠨ ᠭᠠᠪᠢᠶ᠎ᠠ ᠠᠴᠠ ᠳᠡᠭᠡᠭᠰᠢᠬᠢ ᠱᠠᠩᠨᠠᠯ ᠬᠦᠷᠳᠡᠭᠰᠡᠠ︔       ︵ᠭᠤᠷᠪᠠ︶ ᠲᠠᠶᠢᠨ ᠪᠠᠶᠢᠯᠳᠤᠭᠠᠨ ᠠᠴᠠ ᠪᠤᠯᠵᠤ ᠵᠡᠮᠳᠡᠭ ᠪᠣᠯᠣᠭᠠᠳ 5 ᠳ᠋ᠤᠭᠠᠷ ᠵᠡᠷᠭᠡ ᠠᠴᠠ 8 ᠳ᠋ᠤᠭᠠᠷ ᠵᠡᠷᠭᠡ ᠶᠢᠨ ᠵᠡᠮᠳᠡᠭ  ᠢᠶᠠᠷ ᠨᠤᠲᠠᠯᠠᠨ ᠲᠤᠭᠲᠠᠭᠠᠭᠰᠠᠨ︔        ︵ᠲᠦᠷᠪᠡ︶ ᠦᠷᠡᠭᠳᠡᠭᠰᠡᠨ ᠪᠠᠭᠠᠲᠤᠷᠴᠤᠳ ᠤᠨ ᠦᠷ᠎ᠡ ᠬᠡᠦᠬᠡᠳ᠃       ᠭᠤᠷᠪᠠ ᠳᠤ ᠠᠵᠢᠯ ᠠᠴᠠ ᠪᠠᠨ ᠪᠠᠭᠤᠵᠤ ᠠᠮᠠᠷᠠᠬᠤ ᠲᠤᠬᠠᠶ ᠤᠯᠤᠰ ᠠᠴᠠ ᠲᠣᠭᠲᠠᠭᠠᠭᠰᠠᠨ ᠨᠢ ᠳᠤᠮᠳᠠ ᠵᠡᠷᠭᠡ ᠠᠴᠠ ᠳᠡᠭᠡᠭᠰᠢᠬᠢ ᠪᠠᠭ᠎ᠠ ᠣᠹᠢᠼᠧᠷ ᠳᠣᠣᠷ᠎ᠠ ᠵᠢᠭᠰᠠᠭᠠᠭᠰᠠᠨ ᠨᠥᠬᠦᠴᠡᠯ ᠤᠳ ᠤᠨ ᠨᠢᠭᠡ   ᠳᠤᠨᠢ ᠨᠡᠶᠢᠴᠡᠪᠡᠯ᠂ ᠠᠵᠢᠯ ᠠᠴᠠ ᠪᠠᠨ ᠪᠠᠭᠤᠵᠤ ᠠᠮᠠᠷᠠᠭᠰᠠᠨ ᠢᠶᠠᠷ  ᠲᠥᠪᠬᠢᠨᠡᠬᠦᠯᠦᠨ᠎ᠡ᠄      ︵ᠨᠢᠭᠡ︶ ᠪᠦᠬᠦᠯᠢ 55 ᠨᠠᠰᠤ ᠬᠦᠷᠦᠭᠰᠡᠨ︔       ︵ᠬᠤᠶᠠᠷ︶ ᠴᠡᠷᠢᠭ ᠤᠨ ᠠᠯᠪᠠ ᠬᠠᠭᠠᠭᠠᠳ ᠪᠦᠬᠦᠯᠢ 30 ᠵᠢᠯ ᠪᠣᠯᠤᠭᠰᠠᠨ︔       ︵ᠭᠤᠷᠪᠠ︶ ᠲᠠᠶᠢᠨ ᠪᠠᠶᠢᠯᠳᠤᠭᠠᠨ᠂ ᠠᠯᠪᠠᠨ ᠶᠠᠪᠤᠳᠠᠯ ᠠᠴᠠ ᠪᠤᠯᠵᠤ ᠵᠡᠮᠳᠡᠭ ᠪᠣᠯᠣᠭᠠᠳ 1  ᠳ᠋ᠤᠭᠡᠷ ᠵᠡᠷᠭᠡ ᠠᠴᠠ 6  ᠳ᠋ᠤᠭᠠᠷ ᠵᠡᠷᠭᠡ ᠶᠢᠨ ᠵᠡᠮᠳᠡᠭ ᠢᠶᠠᠷ ᠨᠤᠳ᠋ᠯᠠᠨ ᠲᠤᠭᠲᠠᠭᠠᠭᠰᠠᠨ︔      ︵ᠲᠦᠷᠪᠡ︶ ᠴᠡᠷᠢᠭ ᠤᠨ ᠡᠮᠨᠡᠯᠭᠡ ᠶᠢᠨ ᠬᠤᠷᠢᠶ᠎ᠠ ᠪᠠᠷ ᠭᠡᠷᠡᠴᠢᠯᠡᠭᠦᠯᠦᠭᠰᠡᠨ ᠪᠠ ᠠᠷᠮᠢ ᠶᠢᠨ ᠱᠠᠲᠤᠨ ᠠᠴᠠ ᠳᠡᠭᠡᠭᠰᠢᠬᠢ  ᠨᠢᠭᠡᠴᠡ ᠶᠢᠨ ᠡᠷᠡᠭᠦᠯ ᠬᠠᠮᠠᠭᠠᠯᠠᠯ ᠤᠨ ᠰᠠᠯᠠᠭ᠎ᠠ ᠮᠥᠴᠢᠷ ᠠᠴᠠ ᠬᠢᠨᠠᠨ ᠬᠠᠷᠭᠤᠭᠤᠯᠤᠭᠠᠳ ᠡᠪᠡᠳᠴᠢᠨ ᠠᠴᠠ ᠪᠤᠯᠵᠦ ᠠᠵᠢᠯᠯᠠᠬᠤ ᠴᠢᠳᠠᠪᠤᠷᠢ ᠪᠠᠨ ᠦᠨᠳᠦᠰᠦᠨ ᠳᠡᠭᠡᠨ ᠠᠯᠳᠠᠭᠰᠠᠨ ᠢᠶᠠᠷ ᠨᠤᠳᠠᠯᠠᠭᠰᠠᠨ᠃      ᠳᠥᠷᠪᠡ ᠳᠤ ᠠᠰᠠᠷᠠᠨ ᠲᠡᠵᠢᠭᠡᠬᠦ ᠲᠤᠬᠠᠶ ᠤᠯᠤᠰ  ᠠᠴᠠ ᠲᠤᠭᠲᠠᠭᠠᠭᠰᠠᠨ ᠨᠢ᠂ 1 ᠳ᠋ᠤᠭᠡᠷ ᠵᠡᠷᠭᠡ ᠠᠴᠠ 4 ᠳ᠋ᠤᠭᠡᠷ ᠵᠡᠷᠭᠡ ᠶᠢᠨ ᠵᠡᠮᠳᠡᠭ  ᠢᠶᠠᠷ ᠲᠣᠭᠳᠠᠭᠠᠭᠳᠠᠭᠰᠠᠨ ᠠᠯᠪᠠᠨ ᠵᠢᠷᠤᠮ ᠤᠨ ᠴᠡᠷᠢᠭ ᠪᠠ ᠠᠩᠬ᠎ᠠ ᠵᠡᠷᠭᠡ ᠶᠢᠨ ᠪᠠᠭ᠎ᠠ ᠣᠹᠢᠼᠧᠷ  ᠴᠡᠷᠢᠭ ᠤᠨ ᠠᠯᠪᠠ ᠠᠴᠠ  ᠬᠠᠯᠠᠭᠳᠠᠪᠠᠯ᠂ ᠤᠯᠤᠰ ᠠᠴᠠ ᠨᠠᠰᠤᠨ ᠲᠤᠷᠰᠢ ᠳᠤᠨᠢ ᠠᠰᠠᠷᠠᠨ ᠲᠡᠵᠢᠭᠡᠨ᠎ᠡ᠃       ᠲᠠᠪᠤ ᠳᠤ ︽ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢᠳ ᠢ ᠲᠥᠪᠬᠢᠨᠡᠭᠦᠯᠬᠦ ᠲᠦᠷᠢᠮ︾ ᠤᠨ ᠲᠠᠪᠢᠨ ᠬᠤᠶᠠᠳᠤᠭᠠᠷ ᠵᠦᠢᠯ ᠳᠤ᠂ ︽ᠲᠤᠰ ᠲᠦᠷᠢᠮ ᠢ ᠬᠡᠷᠡᠭᠵᠢᠭᠦᠯᠬᠦ ᠠᠴᠠ ᠡᠮᠦᠨ᠎ᠡ ᠴᠡᠷᠢᠭ ᠲᠤ ᠣᠷᠣᠵᠤ᠂ ᠬᠡᠷᠡᠭᠵᠢᠭᠦᠯᠦᠭᠰᠡᠨ ᠤ ᠲᠠᠷᠠᠭ᠎ᠠ ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢᠳ ᠲᠤ ᠲᠤᠰ ᠲᠦᠷᠢᠮ ᠢ ᠬᠡᠷᠡᠭᠵᠢᠭᠦᠯᠦᠨ᠎ᠡ᠂ ᠲᠤᠰ ᠬᠥᠮᠦᠨ ᠨᠢ ᠰᠠᠶᠢᠨ ᠳᠤᠷ᠎ᠠ ᠠᠴᠠ ᠪᠠᠨ ᠪᠣᠯ᠂ ᠴᠡᠷᠢᠭ ᠲᠤ ᠣᠷᠣᠬᠤ ᠦᠶ᠎ᠡ ᠶᠢᠨ ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢᠳ ᠢ ᠲᠥᠪᠬᠢᠨᠡᠭᠦᠯᠬᠦ ᠲᠤᠬᠠᠶ ᠤᠯᠤᠰ ᠤᠨ ᠬᠠᠮᠢᠶ᠎ᠠ ᠪᠦᠬᠦᠢ ᠲᠣᠭᠲᠠᠭᠠᠯ ᠶᠣᠰᠣᠭᠠᠷ  ᠬᠡᠷᠡᠭᠵᠢᠬᠦᠯᠦᠨ᠎ᠡ︾ ᠭᠡᠵᠦ ᠲᠣᠭᠲᠠᠭᠠᠵᠠᠶ᠃ 2011 ᠣᠨ ᠤ 11   ᠳ᠋ᠤᠭᠡᠷ ᠰᠠᠷ᠎ᠠ ᠠᠴᠠ ᠡᠮᠦᠨ᠎ᠡ ᠴᠡᠷᠢᠭ ᠲᠤ ᠣᠷᠤᠵᠤ᠂ ᠲᠠᠷᠠᠭ᠎ᠠ ᠪᠠᠷ ᠨᠢ ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢᠳ ᠲᠤ ᠰᠢᠯᠢᠳᠡᠭ ᠢ ᠰᠣᠩᠭᠤᠵᠤ ᠲᠥᠪᠬᠢᠨᠡᠭᠦᠯᠬᠦ ᠠᠷᠭ᠎ᠠ ᠶᠢ ᠠᠪᠴᠤ ᠪᠣᠯᠤᠨ᠎ᠠ᠂ ᠡᠨᠡ ᠪᠣᠯ ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢᠳ ᠲᠤ ᠣᠯᠭᠤᠬᠤ ᠨᠢᠭᠡ ᠵᠦᠢᠯ ᠤᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠪᠣᠯᠤᠨ᠎ᠠ᠃ 2001 ᠣᠨ ᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢᠳ ᠢ ᠲᠥᠪᠬᠢᠨᠡᠭᠦᠯᠬᠦ ᠠᠷᠭ᠎ᠠ︾ ᠳᠤ ᠲᠤᠭᠲᠠᠭᠠᠭᠰᠠᠨ ᠨᠢ᠂ ᠨᠢᠭᠡ ᠳᠤ ᠳᠣᠤᠷᠠᠬᠢ ᠨᠥᠬᠦᠴᠡᠯ ᠤᠳ ᠤᠨ ᠨᠢᠭᠡ ᠳᠤᠨᠢ ᠨᠡᠶᠢᠴᠡᠬᠦ ᠴᠡᠷᠢᠭ ᠤᠨ ᠠᠯᠪᠠ ᠠᠴᠠ ᠬᠠᠯᠠᠭᠳᠠᠭᠰᠠᠨ ᠠᠯᠪᠠᠨ ᠵᠢᠷᠤᠮ ᠤᠨ ᠴᠡᠷᠢᠭ ᠲᠤ ᠠᠵᠢᠯ ᠣᠯᠭᠤᠵᠤ ᠲᠥᠪᠬᠢᠨᠡᠭᠦᠯᠦᠨ᠎ᠡ᠄       ︵ᠨᠢᠭᠡ︶ ᠴᠡᠷᠢᠭ ᠲᠤ ᠣᠷᠣᠬᠤ ᠠᠴᠠ ᠪᠠᠨ ᠡᠮᠦᠨ᠎ᠡ ᠲᠠᠷᠢᠶᠠᠯᠠᠩ ᠮᠠᠯ ᠠᠵᠤ ᠠᠬᠤᠶ ᠶᠢᠨ ᠡᠷᠤᠭᠡ ᠠᠮᠠ ᠶᠢᠨ ᠲᠠᠩᠰᠠ ᠶᠢᠨ ᠪᠤᠰᠤ ᠮᠥᠷᠲᠡᠭᠡᠨ ᠴᠡᠷᠢᠭ ᠤᠨ ᠠᠯᠪᠠ ᠪᠠᠨ ᠬᠠᠭᠠᠵᠤ ᠲᠦᠭᠦᠷᠭᠡᠭᠰᠡᠨ︔       ︵ᠬᠤᠶᠠᠷ︶ ᠲᠠᠷᠢᠶᠠᠯᠠᠬᠤ ᠮᠠᠯᠵᠢᠬᠤ ᠣᠷᠣᠨ ᠠᠴᠠ ᠴᠡᠷᠢᠭ ᠲᠤ ᠣᠷᠤᠵᠤ ᠲᠠᠷᠢᠶᠠᠯᠠᠩ ᠮᠠᠯ ᠠᠵᠤ ᠠᠬᠤᠶ ᠶᠢᠨ ᠡᠷᠥᠭᠡ ᠠᠮᠠ  ᠲᠠᠢ᠂ ᠠᠯᠪᠠ ᠬᠠᠭᠠᠵᠤ ᠪᠠᠶᠢᠭᠰᠠᠨ ᠬᠤᠭᠤᠴᠠᠭᠠᠨ  ᠳᠠᠭᠠᠨ ᠶᠡᠭᠡ  ᠴᠡᠷᠢᠭ ᠤᠨ ᠲᠣᠭᠤᠷᠢᠭ ᠠᠴᠠ ᠳᠡᠭᠡᠭᠰᠢᠬᠢ ᠨᠢᠭᠡᠴᠡ ᠠᠴᠠ ᠢᠷᠠᠭᠤ  ᠠᠯᠳᠠᠷ ᠤᠨ ᠴᠣᠯᠠ ᠣᠯᠭᠤᠭᠰᠠᠨ᠂ ᠬᠤᠶᠠᠳᠤᠭᠠᠷ ᠳᠡᠰ ᠤᠨ ᠭᠠᠪᠢᠶ᠎ᠠ ᠠᠴᠠ ᠳᠡᠭᠡᠭᠰᠢᠬᠢ ᠱᠠᠩᠨᠠᠯ  ᠢ ᠢᠷᠠᠭᠤ ᠠᠯᠳᠠᠷᠲᠠᠶ ᠪᠠᠷ ᠪᠠᠶᠢᠭᠤᠯᠤᠭᠰᠠᠨ ᠪᠤᠶᠤ ᠲᠠᠶᠢᠨ ᠪᠠᠶᠢᠯᠳᠤᠭᠠᠨ᠂ ᠠᠯᠪᠠᠨ ᠶᠠᠪᠤᠳᠠᠯ ᠠᠴᠠ ᠪᠤᠯᠵᠤ ᠰᠢᠷᠬᠠᠲᠤᠭᠠᠳ ᠵᠡᠮᠳᠡᠭ ᠪᠣᠯᠵᠤ ᠬᠤᠶᠠᠳᠤᠭᠠᠷ᠂ ᠭᠤᠷᠪᠠᠳᠤᠭᠠᠷ  ᠵᠡᠷᠭᠡ ᠶᠢᠨ ᠵᠡᠮᠳᠡᠭ ᠢᠶᠠᠷ ᠲᠤᠭᠲᠠᠭᠠᠭᠳᠠᠭᠰᠠᠨ᠃       ᠬᠤᠶᠠᠷ ᠲᠤ ᠳᠣᠣᠷ᠎ᠠ ᠵᠢᠭᠰᠠᠭᠠᠭᠰᠠᠨ ᠨᠥᠬᠦᠴᠡᠯ ᠤᠳ ᠤᠨ ᠨᠢᠭᠡ ᠳᠤᠨᠢ ᠨᠡᠶᠢᠴᠡᠬᠦ ᠪᠠᠭ᠎ᠠ ᠣᠹᠢᠼᠧᠷ ᠢ  ᠠᠵᠢᠯ ᠤᠯᠭᠤᠵᠤ ᠲᠥᠪᠬᠢᠨᠡᠭᠦᠯᠦᠨ᠎ᠡ᠄       ︵ᠨᠢᠭᠡ︶ ᠴᠡᠷᠢᠭ ᠤᠨ ᠠᠯᠪᠠ ᠬᠠᠭᠠᠭᠠᠳ ᠪᠦᠬᠦᠯᠢ ᠠᠷᠪᠠᠨ ᠵᠢᠯ ᠪᠣᠯᠤᠭᠰᠠᠨ︔       ︵ᠬᠤᠶᠠᠷ︶  ᠴᠡᠷᠢᠭ ᠤᠨ ᠠᠯᠪᠠ ᠬᠠᠭᠠᠵᠤ ᠪᠠᠶᠢᠭᠰᠠᠨ ᠬᠤᠭᠤᠴᠠᠭᠠᠨ ᠳᠠᠭᠠᠨ ᠬᠤᠶᠠᠳᠤᠭᠠᠷ ᠳᠡᠰ ᠤᠨ ᠭᠠᠪᠢᠶ᠎ᠠ ᠠᠴᠠ ᠳᠡᠭᠡᠭᠰᠢᠬᠢ ᠱᠠᠩᠨᠠᠯ ᠬᠦᠷᠳᠡᠭᠰᠡᠠ︔       ︵ᠭᠤᠷᠪᠠ︶ ᠲᠡᠶᠢᠠ᠂ ᠠᠯᠪᠠᠨ ᠶᠠᠪᠤᠳᠠᠯ ᠠᠴᠠ ᠪᠤᠯᠵᠦ ᠰᠢᠷᠬᠠᠲᠤᠭᠠᠳ ᠵᠡᠮᠳᠡᠭ ᠪᠣᠯᠵᠤ ᠬᠤᠶᠠᠳᠤᠭᠠᠷ᠂ ᠭᠤᠷᠪᠠᠳᠤᠭᠠᠷ ᠳᠡᠰ ᠤᠨ ᠵᠡᠮᠳᠡᠭ ᠢᠶᠠᠷ ᠲᠤᠭᠲᠠᠭᠠᠭᠳᠠᠭᠰᠠᠨ︔       ︵ᠲᠦᠷᠪᠡ︶ ᠴᠡᠷᠢᠭ ᠤᠨ ᠠᠯᠪᠠ ᠬᠠᠭᠠᠭᠠᠳ ᠪᠦᠬᠦᠯᠢ ᠠᠷᠪᠠᠨ ᠵᠢᠯ ᠪᠣᠯᠤᠭᠠᠳᠤᠶ ᠪᠠᠷ ᠤᠯᠤᠰ ᠤᠨ ᠪᠦᠳᠦᠭᠡᠠ ᠪᠠᠶᠢᠭᠤᠯᠤᠯᠲᠠ ᠶᠢᠨ ᠬᠡᠷᠡᠭᠴᠡᠭᠡ ᠠᠴᠠ ᠪᠣᠯᠵᠤ ᠴᠡᠷᠢᠭ ᠠᠩᠬᠢ ᠠᠴᠠ ᠰᠢᠯᠵᠢᠵᠦ ᠭᠠᠷᠬᠤ ᠴᠢᠬᠤᠯᠠ ᠲᠠᠢ ᠪᠣᠯᠤᠭᠰᠠᠨ︔       ︵ᠲᠠᠪᠤ︶ ᠨᠠᠰᠤᠨ ᠤ ᠠᠮᠠᠷᠠᠯᠲᠠ ᠠᠪᠬᠤ ᠨᠥᠬᠦᠴᠡᠯ ᠳᠤ ᠨᠡᠶᠢᠴᠡᠭᠰᠡᠨ᠂ ᠣᠷᠣᠨ ᠨᠤᠲᠤᠭ ᠤᠨ ᠬᠡᠷᠡᠭᠴᠡᠭᠡ ᠪᠠ ᠲᠤᠰ ᠬᠥᠮᠦᠨ ᠨᠢ ᠰᠡᠶᠢᠠ ᠳᠤᠷ᠎ᠠ ᠠᠴᠠ ᠪᠠᠨ ᠴᠡᠷᠢᠭ ᠠᠴᠠ ᠪᠠᠨ ᠬᠠᠯᠠᠭᠳᠠᠵᠤ ᠲᠡᠬᠦᠨ ᠢ ᠲᠥᠪᠬᠢᠨᠡᠭᠦᠯᠬᠦ᠃       ᠭᠤᠷᠪᠠ ᠳᠤ ᠠᠩᠬ᠎ᠠ ᠵᠡᠷᠭᠡ ᠶᠢᠨ ᠪᠠᠭ᠎ᠠ ᠣᠹᠢᠼᠧᠷ ᠴᠡᠷᠢᠭ ᠤᠨ ᠠᠯᠪᠠ ᠠᠴᠠ ᠪᠠᠨ  ᠬᠠᠯᠠᠭᠳᠠᠭᠰᠠᠨ ᠢ ᠴᠡᠷᠢᠭ ᠤᠨ ᠠᠯᠪᠠ ᠠᠴᠠ ᠬᠠᠯᠠᠭᠳᠠᠭᠰᠠᠨ ᠢᠶᠠᠷ ᠲᠣᠬᠢᠷᠠᠭᠤᠯᠤᠨ᠎ᠠ᠃ ᠥᠭᠡᠷ᠎ᠡ ᠪᠠᠷ ᠬᠡᠯᠡᠪᠡᠯ ᠲᠥᠪᠬᠢᠨᠡᠭᠦᠯᠬᠦ ᠠᠷᠭ᠎ᠠ ᠶᠢ ᠠᠯᠪᠠᠨ ᠵᠢᠷᠤᠮ ᠤᠨ ᠴᠡᠷᠢᠭ ᠢᠶᠠᠷ  ᠯᠠᠪᠯᠠᠯᠲᠠ ᠪᠣᠯᠭᠠᠨ᠎ᠠ᠃      ᠲᠦᠷᠪᠡ ᠳᠤ ᠳᠣᠣᠷ᠎ᠠ ᠵᠢᠭᠰᠠᠭᠠᠭᠰᠠᠨ ᠨᠥᠬᠦᠴᠡᠯ ᠤᠳ ᠤᠨ ᠨᠢᠭᠡ  ᠳᠤᠨᠢ ᠨᠡᠶᠢᠴᠡᠬᠦ ᠴᠡᠷᠢᠭ ᠤᠨ ᠠᠯᠪᠠ ᠠᠴᠠ ᠪᠠᠨ ᠬᠠᠯᠠᠭᠳᠠᠭᠰᠠᠨ ᠪᠠᠭ᠎ᠠ ᠣᠹᠢᠼᠧᠷ ᠢ ᠨᠠᠰᠤᠨ ᠤ ᠠᠮᠠᠷᠠᠯᠲᠠ ᠠᠪᠤᠭᠰᠠᠨ ᠢᠶᠠᠷ ᠲᠥᠪᠬᠢᠨᠡᠭᠦᠯᠦᠨ ᠲᠣᠬᠢᠷᠠᠭᠤᠯᠤᠨ᠎ᠠ᠄       ︵ᠨᠢᠭᠡ︶ ᠪᠦᠬᠦᠯᠢ 55 ᠨᠠᠰᠤ ᠬᠦᠷᠦᠭᠰᠡᠨ︔       ︵ᠬᠤᠶᠠᠷ︶ ᠠᠯᠪᠠ ᠬᠠᠭᠠᠭᠠᠳ ᠪᠦᠬᠦᠯᠢ 30 ᠵᠢᠯ ᠪᠣᠯᠤᠭᠰᠠᠨ︔       ︵ᠭᠤᠷᠪᠠ︶ ᠴᠡᠷᠢᠭ ᠤᠨ ᠠᠯᠪᠠ ᠬᠠᠭᠠᠵᠤ  ᠪᠠᠶᠢᠭᠰᠠᠨ ᠬᠤᠭᠤᠴᠠᠭᠠᠨ ᠳᠠᠭᠠᠨ ᠣᠨᠴᠠ ᠲᠡᠰ᠂ ᠨᠢᠭᠡᠳᠦᠭᠡᠷ ᠳᠡᠰ ᠤᠨ ᠬᠤᠪᠢᠰᠬᠠᠯᠲᠤ ᠵᠡᠮᠳᠡᠭ ᠴᠡᠷᠢᠭ ᠢᠶᠠᠷ ᠦᠨᠡᠯᠡᠭᠳᠡᠭᠰᠡᠨ︔       ︵ᠲᠦᠷᠪᠡ︶ ᠴᠡᠷᠢᠭ ᠤᠨ ᠠᠯᠪᠠ ᠬᠠᠭᠠᠵᠤ  ᠪᠠᠶᠢᠭᠰᠠᠨ ᠬᠤᠭᠤᠴᠠᠭᠠᠨ ᠳᠤ ᠠᠵᠢᠯ ᠤᠨ ᠴᠢᠳᠠᠪᠤᠷᠢ ᠪᠠᠨ ᠦᠨᠳᠦᠰᠦᠨ ᠳᠡᠭᠡᠨ ᠠᠯᠳᠠᠭᠰᠠᠨ ᠭᠡᠵᠦ  ᠴᠡᠷᠢᠭ ᠰᠠᠭᠤᠭ᠎ᠠ ᠭᠠᠵᠠᠷ ᠤᠨ ᠡᠮᠨᠡᠯᠭᠡ ᠶᠢᠨ ᠬᠤᠷᠢᠶᠠᠨ ᠠᠴᠠ ᠣᠨᠤᠰᠢᠯᠠᠨ ᠬᠡᠷᠡᠴᠢᠯᠡᠭᠰᠡᠨ᠂ ᠠᠷᠮᠢ ᠶᠢᠨ ᠱᠠᠲᠤᠨ ᠠᠴᠠ ᠳᠡᠭᠡᠭᠰᠢᠬᠢ ᠡᠷᠡᠭᠦᠯ ᠬᠠᠮᠠᠭᠠᠯᠠᠯ ᠤᠨ ᠰᠠᠯᠠᠭ᠎ᠠ ᠮᠥᠴᠢᠷ ᠠᠴᠠ ᠬᠢᠨᠠᠨ ᠲᠤᠭᠲᠠᠭᠠᠵᠤ ᠨᠤᠳᠠᠯᠠᠭᠰᠠᠨ᠃       6. ᠬᠥᠲᠥᠯᠥᠭᠴᠢ      2021 ᠣᠨ ᠤ 1  ᠳ᠋ᠤᠭᠡᠷ ᠰᠠᠷ᠎ᠠ ᠶᠢᠨ 1 ᠤ ᠡᠳᠦᠷ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠪᠠᠲᠤᠯᠠᠭ᠎ᠠ ᠶᠢᠨ ᠬᠠᠤᠯᠢ︾ ᠶᠢ ᠵᠢᠩᠬᠢᠨᠢ ᠪᠠᠷ ᠬᠡᠷᠡᠭᠵᠢᠭᠦᠯᠪᠡ᠂ ᠡᠨᠡ ᠪᠣᠯ ᠮᠠᠨ ᠤ ᠤᠯᠤᠰ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠤᠨ ᠬᠥᠭᠵᠢᠯᠲᠡ ᠶᠢᠨ ᠲᠡᠤᠬᠡᠨ ᠳᠡᠭᠡᠷᠡᠬᠢ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠶᠡᠭᠡ ᠶᠠᠪᠤᠳᠠᠯ ᠮᠥᠨ᠂ ︽ᠪᠠᠲᠤᠯᠠᠭ᠎ᠠ ᠶᠢᠨ ᠬᠠᠤᠯᠢ︾ ᠳᠤ ᠲᠥᠪᠬᠢᠨᠡᠭᠦᠯᠬᠦ ᠠᠵᠢᠯ ᠳᠤ ᠶᠠᠮᠠᠷ ᠶᠠᠮᠠᠷ ᠰᠢᠨ᠎ᠡ ᠬᠤᠪᠢᠷᠠᠯᠲᠠ ᠭᠠᠷᠤᠭᠰᠠᠨ ᠪᠣᠶ︖       7. ᠰᠢᠯᠵᠢᠭᠦᠯᠦᠨ ᠲᠤᠰᠢᠶᠠᠵᠤ ᠲᠥᠪᠬᠢᠨᠡᠭᠦᠯᠬᠦ ᠪᠠ ᠴᠡᠷᠢᠭ ᠤᠨ ᠠᠮᠠᠷᠠᠯᠲᠠ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠰᠠᠯᠠᠭᠠᠨ ᠤ ᠳᠠᠷᠤᠭ᠎ᠠ ᠭᠤᠸᠠᠨ ᠲᠤᠤ      ︽ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠪᠠᠲᠤᠯᠠᠭ᠎ᠠ ᠶᠢᠨ ᠬᠠᠤᠯᠢ︾ ᠳᠤ ᠨᠡᠶᠢᠳᠡ ᠠᠷᠪᠠᠨ ᠪᠦᠯᠦᠭ᠂ ᠨᠠᠶᠠᠨ ᠲᠠᠪᠤᠨ ᠵᠦᠢᠯ ᠲᠠᠢ᠃ ᠶᠡᠷᠦᠩᠬᠡᠶ ᠲᠦᠷᠢᠮ᠂ ᠰᠢᠯᠵᠢᠭᠦᠯᠦᠨ ᠲᠤᠰᠢᠶᠠᠵᠤ ᠭᠥᠯᠢᠶᠡᠨ ᠠᠪᠬᠤ᠂ ᠴᠡᠷᠢᠭ ᠠᠴᠠ ᠬᠠᠯᠠᠭᠳᠠᠭᠰᠠᠳ ᠢ ᠲᠥᠪᠬᠢᠨᠡᠭᠦᠯᠬᠦ᠂ ᠰᠤᠷᠭᠠᠨ ᠬᠥᠮᠦᠵᠢᠭᠦᠯᠵᠦ ᠪᠣᠯᠪᠠᠰᠤᠷᠠᠭᠤᠯᠬᠤ᠂ ᠠᠵᠢᠯ ᠣᠯᠭᠤᠵᠤ ᠦᠢᠯᠡᠰ ᠴᠣᠭᠴᠠᠯᠠᠬᠤ᠂ ᠠᠰᠠᠷᠠᠮᠵᠢ ᠬᠠᠷᠠᠭᠠᠯᠵᠠᠯ᠂ ᠰᠠᠶᠢᠰᠢᠶᠠᠨ ᠬᠥᠬᠢᠭᠦᠯᠵᠦ ᠤᠷᠮᠠᠰᠢᠭᠤᠯᠬᠤ᠂ ᠦᠢᠯᠡᠴᠢᠯᠡᠭᠡ ᠶᠢᠨ ᠬᠠᠮᠢᠶᠠᠷᠤᠯᠲᠠ᠂ ᠬᠠᠤᠯᠢ ᠴᠠᠭᠠᠵᠠ ᠶᠢᠨ ᠬᠠᠷᠢᠭᠤᠴᠠᠯᠭ᠎ᠠ᠂ ᠳᠠᠭᠠᠯᠳᠤᠭᠤᠯᠤᠭᠰᠠᠨ ᠲᠦᠷᠢᠮ ᠵᠡᠷᠭᠡ ᠠᠷᠪᠠᠨ ᠬᠡᠰᠡᠭ  ᠬᠤᠪᠢᠶᠠᠨ᠎ᠠ᠃ ᠪᠣᠳᠠᠲᠠᠶ ᠪᠠᠷ ᠲᠥᠪᠬᠢᠨᠡᠭᠦᠯᠬᠦ ᠠᠵᠢᠯ ᠤᠨ ᠲᠠᠯ᠎ᠠ ᠪᠠᠷ ᠳᠣᠣᠷᠠᠬᠢ 5 ᠵᠦᠢᠯ ᠤᠨ ᠠᠭᠤᠯᠭ᠎ᠠ ᠳᠤ ᠬᠤᠪᠢᠷᠠᠯᠲᠠ ᠭᠠᠷᠤᠭᠰᠠᠨ ᠪᠠᠶᠢᠨ᠎ᠠ᠃       ᠨᠢᠭᠡ ᠳᠤ  ᠴᠡᠷᠢᠭ ᠤᠨ ᠠᠯᠪᠠ ᠠᠴᠠ ᠬᠠᠯᠠᠭᠳᠠᠭᠰᠠᠳ ᠢ ᠭᠥᠯᠢᠶᠡᠨ ᠠᠪᠴᠤ ᠲᠥᠪᠬᠢᠨᠡᠭᠦᠯᠬᠦ ᠠᠵᠢᠯ ᠢ  ᠭᠤᠣᠯᠯᠠᠨ  ᠬᠠᠮᠢᠶᠠᠷᠬᠤ ᠰᠠᠯᠠᠭ᠎ᠠ ᠮᠥᠴᠢᠷ ᠢ ᠰᠢᠨ᠎ᠡ ᠪᠠᠷ ᠲᠣᠳᠣᠷᠬᠠᠶ ᠲᠣᠭᠲᠠᠭᠠᠪᠠ᠂ ︽ᠪᠠᠲᠤᠯᠠᠭ᠎ᠠ ᠶᠢᠨ ᠬᠠᠤᠯᠢ︾ ᠶᠢᠨ ᠠᠷᠪᠠᠨ ᠭᠤᠷᠪᠠᠳᠤᠭᠠᠷ ᠵᠦᠢᠯ ᠳᠤ ︽ᠴᠡᠷᠢᠭ ᠠᠴᠠ ᠬᠠᠯᠠᠭᠳᠠᠭᠰᠠᠳ ᠤᠨ ᠤᠤᠯ ᠤᠨ ᠪᠠᠶᠢᠭᠰᠠᠨ ᠴᠡᠷᠢᠭ ᠠᠩᠭᠢ ᠨᠢ ᠴᠡᠷᠢᠭ ᠠᠴᠠ ᠬᠠᠯᠠᠭᠳᠠᠭᠰᠠᠳ ᠢ ᠲᠥᠪᠬᠢᠨᠡᠭᠦᠯᠦᠨ ᠲᠣᠬᠢᠷᠠᠭᠤᠯᠬᠤ ᠭᠠᠵᠠᠷ ᠤᠨ ᠠᠷᠠᠳ ᠤᠨ ᠵᠠᠰᠠᠭ ᠤᠨ ᠣᠷᠳᠣᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠵᠤ᠂ ᠲᠥᠪᠬᠢᠨᠡᠭᠦᠯᠦᠨ ᠲᠣᠬᠢᠷᠠᠭᠤᠯᠬᠤ ᠭᠠᠵᠠᠷ ᠤᠨ ᠠᠷᠠᠳ ᠤᠨ ᠵᠠᠰᠠᠭ ᠤᠨ ᠣᠷᠳᠣᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠢ  ᠭᠤᠣᠯᠯᠠᠨ ᠬᠠᠮᠢᠶᠠᠷᠬᠤ ᠰᠠᠯᠠᠭ᠎ᠠ ᠮᠥᠴᠢᠷ  ᠴᠡᠷᠢᠭ ᠤᠨ ᠠᠯᠪᠠ ᠠᠴᠠ ᠬᠠᠯᠠᠭᠳᠠᠭᠰᠠᠳ ᠢ ᠬᠦᠯᠢᠶᠡᠨ ᠠᠪᠬᠤ ᠠᠵᠢᠯ ᠢ ᠬᠠᠷᠢᠭᠤᠴᠠᠨ᠎ᠠ  ᠭᠡᠵᠦ ᠲᠤᠭᠲᠠᠭᠠᠵᠠᠢ᠃ 2019 ᠣᠨ ᠳᠤ ᠤᠯᠤᠰ ᠠᠴᠠ  ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠰᠠᠯᠠᠭ᠎ᠠ ᠮᠥᠴᠢᠷ ᠢ ᠪᠠᠶᠢᠭᠤᠯᠵᠤ᠂ ᠤᠤᠯ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠠᠷᠢᠭᠤᠴᠠᠵᠤ ᠪᠠᠶᠢᠭᠰᠠᠨ ᠬᠡᠷᠡᠭ ᠶᠠᠪᠤᠳᠠᠯ ᠢ ᠰᠢᠨ᠎ᠡ ᠪᠠᠷ ᠪᠠᠶᠢᠭᠤᠯᠤᠭᠰᠠᠨ ᠴᠡᠷᠢᠭ  ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠰᠠᠯᠠᠭ᠎ᠠ ᠮᠥᠴᠢᠷ ᠲᠤ ᠰᠢᠯᠵᠢᠭᠦᠯᠦᠨ ᠥᠭᠴᠡᠶ᠂ ᠲᠣᠰ ᠤᠳᠠᠭ᠎ᠠ ᠨᠡᠶᠢᠳᠡᠯᠡᠭᠰᠡᠨ ︽ᠪᠠᠲᠤᠯᠠᠭ᠎ᠠ ᠶᠢᠨ ᠬᠠᠤᠯᠢ︾ ᠳᠤ ᠡᠨᠡ ᠬᠦ ᠬᠤᠪᠢᠷᠠᠯᠲᠠ ᠶᠢᠨ ᠲᠤᠬᠠᠶ ᠬᠠᠤᠯᠢ ᠴᠠᠭᠠᠵᠠ ᠳᠤ ᠲᠣᠳᠣᠷᠬᠠᠶ ᠲᠣᠭᠲᠠᠭᠠᠯ ᠭᠠᠷᠭᠠᠵᠠᠶ᠃       ᠬᠤᠶᠠᠷ ᠲᠤ ᠴᠡᠷᠢᠭ ᠤᠨ ᠠᠯᠪᠠ ᠠᠴᠠ ᠬᠠᠯᠠᠭᠳᠠᠭᠰᠠᠳ ᠲᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠠᠷᠠᠭᠠᠯᠵᠠᠯ ᠤᠨ ᠦᠨᠡᠮᠯᠡᠯ ᠨᠡᠮᠡᠵᠦ ᠣᠯᠭᠤᠨ᠎ᠠ᠂ ︽ᠪᠠᠲᠤᠯᠠᠭ᠎ᠠ ᠶᠢᠨ ᠬᠠᠤᠯᠢ︾ ᠶᠢᠨ ᠠᠷᠪᠠᠨ ᠲᠠᠪᠤᠳᠤᠭᠠᠷ ᠵᠦᠢᠯ ᠳᠤ ︽ᠲᠥᠪᠬᠢᠨᠡᠭᠦᠯᠬᠦ ᠭᠠᠵᠠᠷ ᠤᠨ ᠠᠷᠠᠳ ᠤᠨ ᠵᠠᠰᠠᠭ ᠤᠨ ᠣᠷᠳᠣᠨ ᠤ ᠴᠡᠷᠢᠭ  ᠤᠨ ᠠᠯᠪᠠ ᠠᠴᠠ ᠬᠠᠯᠠᠭᠳᠠᠭᠰᠠᠳ ᠤᠨ ᠠᠵᠢᠯ  ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠴᠡᠷᠢᠭ  ᠤᠨ ᠠᠯᠪᠠ ᠠᠴᠠ ᠬᠠᠯᠠᠭᠳᠠᠭᠰᠠᠳ ᠢ ᠬᠦᠯᠢᠶᠡᠨ ᠠᠪᠬᠤ ᠳᠠᠭᠠᠨ ᠴᠡᠷᠢᠭ  ᠤᠨ ᠠᠯᠪᠠ ᠠᠴᠠ ᠬᠠᠯᠠᠭᠳᠠᠭᠰᠠᠳ ᠤᠨ ᠬᠠᠷᠠᠭᠠᠯᠵᠠᠯ ᠤᠨ ᠦᠨᠡᠮᠯᠡᠯ ᠣᠯᠭᠤᠨ᠎ᠠ︾ ᠭᠡᠵᠦ ᠲᠣᠭᠲᠠᠭᠠᠵᠠᠶ᠃      ᠭᠤᠷᠪᠠ ᠳᠤ ᠡᠷᠦᠬᠡ ᠠᠮᠠ ᠣᠷᠣᠭᠤᠯᠬᠤ ᠶᠢ ᠬᠦᠢᠴᠡᠳᠬᠡᠬᠦ ᠠᠷᠭ᠎ᠠ ᠮᠠᠶ᠋ᠢᠭ ᠢ ᠥᠭᠡᠷᠡᠴᠢᠯᠡᠪᠡ᠂ ︽ᠴᠡᠷᠢᠭ  ᠤᠨ ᠠᠯᠪᠠ ᠠᠴᠠ ᠬᠠᠯᠠᠭᠳᠠᠭᠰᠠᠳ ᠢ ᠲᠥᠪᠬᠢᠨᠡᠭᠦᠯᠬᠦ ᠲᠦᠷᠢᠮ︾ ᠤᠨ ᠠᠷᠪᠠᠨ ᠳᠥᠷᠪᠡᠳᠦᠭᠡᠷ ᠵᠦᠢᠯ ᠳᠤ ︽ᠴᠡᠷᠢᠭ ᠤᠨ ᠠᠯᠪᠠ ᠠᠴᠠ ᠬᠠᠯᠠᠭᠳᠠᠭᠰᠠᠳ ᠢ ᠲᠥᠪᠬᠢᠨᠡᠭᠦᠯᠬᠦ ᠠᠵᠢᠯ  ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠨᠢ ᠴᠡᠷᠢᠭ ᠤᠨ ᠠᠯᠪᠠ ᠠᠴᠠ ᠬᠠᠯᠠᠭᠳᠠᠭᠰᠠᠳ ᠨᠡᠷ᠎ᠡ ᠮᠡᠳᠡᠭᠦᠯᠬᠦ ᠦᠶ᠎ᠡ ᠳᠤ ᠲᠡᠭᠦᠨ ᠳᠤ ᠡᠷᠦᠬᠡ ᠠᠮᠠ ᠣᠷᠣᠭᠤᠯᠬᠤ ᠲᠠᠨᠢᠯᠴᠠᠭᠤᠯᠭ᠎ᠠ ᠶᠢᠨ ᠪᠢᠴᠢᠭ  ᠭᠠᠷᠭᠠᠵᠤ ᠥᠭᠬᠦ ᠬᠡᠷᠡᠭᠲᠡᠶ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠴᠡᠷᠢᠭ ᠤᠨ ᠠᠯᠪᠠ ᠠᠴᠠ ᠬᠠᠯᠠᠭᠳᠠᠭᠰᠠᠳ ᠢ ᠲᠥᠪᠬᠢᠨᠡᠭᠦᠯᠬᠦ ᠠᠵᠢᠯ  ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠭᠠᠷᠭᠠᠭᠰᠠᠨ ᠡᠷᠦᠬᠡ ᠠᠮᠠ ᠣᠷᠣᠭᠤᠯᠬᠤ ᠲᠠᠨᠢᠯᠴᠠᠭᠤᠯᠭ᠎ᠠ ᠶᠢᠨ ᠪᠢᠴᠢᠭ ᠢ ᠦᠨᠳᠦᠰᠦᠯᠡᠨ᠂ ᠴᠡᠷᠢᠭ ᠤᠨ ᠠᠯᠪᠠ ᠠᠴᠠ ᠬᠠᠯᠠᠭᠳᠠᠭᠰᠠᠳ ᠲᠤ ᠡᠷᠦᠬᠡ ᠠᠮᠠ ᠶᠢᠨ ᠳᠡᠩᠰᠡᠯᠡᠯᠲᠡ ᠬᠢᠵᠦ ᠥᠭᠬᠦ ᠬᠡᠷᠡᠭᠲᠡᠶ︾ ᠭᠡᠵᠦ ᠲᠣᠭᠲᠠᠭᠠᠵᠠᠶ᠃ ᠰᠢᠨ᠎ᠡ ᠪᠠᠷ ᠨᠡᠶᠢᠲᠡᠯᠡᠭᠰᠡᠨ ︽ᠪᠠᠲᠤᠯᠠᠭ᠎ᠠ ᠶᠢᠨ ᠬᠠᠤᠯᠢ︾ ᠶᠢᠨ ᠠᠷᠪᠠᠨ ᠲᠠᠪᠤᠳᠤᠭᠠᠷ ᠵᠦᠢᠯ ᠳᠤ ︽ᠲᠥᠪᠬᠢᠨᠡᠭᠦᠯᠦᠨ ᠲᠣᠬᠢᠷᠠᠭᠤᠯᠬᠤ ᠭᠠᠵᠠᠷ ᠤᠨ ᠠᠷᠠᠳ ᠤᠨ ᠵᠠᠰᠠᠭ ᠤᠨ ᠣᠷᠳᠣᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠤᠯᠤᠰ ᠤᠨ  ᠬᠠᠮᠢᠶ᠎ᠠ ᠪᠦᠬᠦᠢ ᠲᠣᠭᠲᠠᠭᠠᠯ ᠶᠣᠰᠣᠭᠠᠷ ᠴᠡᠷᠢᠭ ᠤᠨ ᠠᠯᠪᠠ ᠠᠴᠠ ᠬᠠᠯᠠᠭᠳᠠᠭᠰᠠᠳ ᠲᠤ ᠴᠠᠭ ᠲᠤᠬᠠᠶ ᠳᠤᠨᠢ ᠡᠷᠦᠭᠡ ᠠᠮᠠ ᠶᠢᠨ ᠲᠠᠩᠰᠠᠯᠠᠯᠳᠠ ᠬᠢᠵᠦ ᠥᠭᠬᠦ ᠬᠡᠷᠡᠭᠲᠡᠶ᠂ ᠠᠳᠠᠯᠢ ᠱᠠᠲᠤᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ  ᠢ  ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠮᠵᠢᠬᠤ ᠬᠡᠷᠡᠭᠲᠡᠶ︾ ᠭᠡᠵᠦ ᠲᠣᠭᠲᠠᠭᠠᠵᠠᠶ᠃ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠰᠠᠨᠠᠭᠠᠴᠢᠯᠠᠭ᠎ᠠ ᠦᠭᠡᠢ ᠬᠦᠯᠢᠶᠡᠨ ᠠᠪᠴᠤ ᠪᠠᠶᠢᠭᠰᠠᠨ ᠠᠴᠠ ᠪᠠᠨ ᠰᠠᠨᠠᠭᠠᠴᠢᠯᠠᠭ᠎ᠠ ᠠᠴᠠ ᠪᠠᠨ  ᠰᠢᠢᠳᠪᠦᠷᠢᠯᠡᠬᠦ ᠪᠣᠯᠵᠠᠶ᠃       ᠲᠦᠷᠪᠡ ᠳᠤ ᠲᠥᠪᠬᠢᠨᠡᠭᠦᠯᠬᠦ ᠠᠷᠭ᠎ᠠ ᠮᠠᠶ᠋ᠢᠭ ᠲᠤ ᠬᠤᠪᠢᠷᠠᠯᠲᠠ ᠭᠠᠷᠴᠠᠢ᠂ ︽ᠪᠠᠲᠤᠯᠠᠭ᠎ᠠ ᠶᠢᠨ ᠬᠠᠤᠯᠢ︾ ᠶᠢᠨ ᠬᠤᠷᠢᠨ ᠨᠢᠭᠡᠳᠦᠭᠡᠷ ᠵᠦᠢᠯ ᠳᠤ ︽ᠴᠡᠷᠢᠭ  ᠤᠨ ᠠᠯᠪᠠ ᠠᠴᠠ ᠬᠠᠯᠠᠭᠳᠠᠭᠰᠠᠨ ᠣᠹᠢᠼᠧᠷ ᠢ᠂ ᠤᠯᠤᠰ ᠠᠴᠠ ᠨᠠᠰᠤᠨ ᠤ ᠠᠮᠠᠷᠠᠯᠲᠠ ᠠᠪᠬᠤ᠂ ᠴᠡᠷᠢᠭ ᠠᠴᠠ  ᠬᠠᠯᠠᠭᠳᠠᠵᠤ ᠠᠵᠢᠯ ᠲᠣᠬᠢᠷᠠᠭᠤᠯᠬᠤ᠂ ᠴᠡᠷᠢᠭ  ᠠᠴᠠ ᠬᠠᠯᠠᠭᠳᠠᠭᠰᠠᠨ ᠮᠥᠩᠭᠦ ᠶᠢ ᠰᠠᠷ᠎ᠠ ᠳᠠᠷᠠᠭᠠᠯᠠᠨ ᠠᠪᠬᠤ᠂ ᠴᠡᠷᠢᠭ ᠠᠴᠠ ᠬᠠᠯᠠᠭᠳᠠᠬᠤ ᠵᠡᠷᠭᠡ ᠠᠷᠭ᠎ᠠ ᠮᠠᠶ᠋ᠢᠭ ᠢᠶᠠᠷ ᠲᠣᠬᠢᠲᠠᠶ ᠲᠥᠪᠬᠢᠨᠡᠭᠦᠯᠦᠨ᠎ᠡ︾ ᠭᠡᠵᠦ ᠲᠣᠭᠲᠠᠭᠠᠵᠠᠶ᠃ ᠬᠤᠷᠢᠨ ᠬᠤᠶᠠᠳᠤᠭᠠᠷ ᠵᠦᠢᠯ ᠳᠤ ︽ᠴᠡᠷᠢᠭ ᠤᠨ ᠠᠯᠪᠠ  ᠠᠴᠠ   ᠬᠠᠯᠠᠭᠳᠠᠭᠰᠠᠨ ᠲᠦᠷᠦᠭᠦᠴᠢ ᠢ᠂ ᠤᠯᠤᠰ ᠠᠴᠠ  ᠴᠡᠷᠢᠭ ᠤᠨ ᠠᠯᠪᠠ ᠠᠴᠠ ᠬᠠᠯᠠᠭᠳᠠᠭᠰᠠᠨ ᠮᠥᠩᠭᠦ ᠶᠢ ᠰᠠᠷ᠎ᠠ ᠳᠠᠷᠠᠭᠠᠯᠠᠨ ᠠᠪᠬᠤ᠂ ᠪᠡᠶ᠎ᠡ ᠪᠠᠨ ᠳᠠᠭᠠᠭᠠᠵᠤ ᠠᠵᠢᠯ ᠤᠯᠬᠤ᠂ ᠠᠵᠢᠯ ᠲᠣᠬᠢᠷᠠᠭᠤᠯᠬᠤ᠂ ᠨᠠᠰᠤᠨ ᠤ ᠠᠮᠠᠷᠠᠯᠲᠠ ᠠᠪᠬᠤ᠂ ᠠᠰᠠᠷᠠᠨ ᠲᠡᠵᠢᠭᠡᠬᠦ ᠵᠡᠷᠭᠡ ᠠᠷᠭ᠎ᠠ ᠮᠠᠶ᠋ᠢᠭ ᠢᠶᠠᠷ ᠲᠣᠬᠢᠲᠠᠶ ᠲᠥᠪᠬᠢᠨᠡᠭᠦᠯᠦᠨ᠎ᠡ︾ ᠭᠡᠵᠦ ᠲᠣᠭᠲᠠᠭᠠᠵᠠᠶ᠃  ᠴᠡᠷᠢᠭ ᠤᠨ ᠺᠠᠳ᠋ᠷ ᠢ ᠲᠥᠪᠬᠢᠨᠡᠭᠦᠯᠬᠦ ᠳᠤ ᠪᠡᠶ᠎ᠡ ᠪᠠᠨ ᠳᠠᠭᠠᠭᠠᠵᠤ ᠠᠵᠢᠯ ᠰᠣᠩᠭᠤᠬᠤ ᠶᠢ ᠬᠦᠴᠦᠨ ᠦᠭᠡᠢ ᠪᠣᠯᠭᠠᠵᠤ᠂ ᠴᠡᠷᠢᠭ ᠤᠨ ᠠᠯᠪᠠ ᠠᠴᠠ ᠬᠠᠯᠠᠭᠳᠠᠭᠰᠠᠨ ᠮᠥᠩᠭᠦ ᠶᠢ ᠰᠠᠷ᠎ᠠ ᠳᠠᠷᠠᠭᠠᠯᠠᠨ ᠠᠪᠬᠤ ᠵᠦᠢᠯ ᠢ ᠰᠢᠨ᠎ᠡ ᠪᠠᠷ ᠨᠡᠮᠡᠪᠡ᠃ ᠲᠦᠷᠦᠭᠦᠴᠢ ᠵᠢ‌‍ᠲ᠋ᠥ᠋ᠪᠬᠢᠨᠡᠭᠦᠯᠬᠦ ᠳᠤ ᠥᠪᠡᠷ ᠢᠶᠠᠨ ᠠᠵᠢᠯ ᠤᠯᠬᠤ ᠪᠠ ᠠᠮᠢᠳᠤᠯᠢᠭ ᠢᠶᠠᠷ ᠠᠵᠢᠯ ᠤᠯᠬᠤ ᠶᠢ ᠬᠦᠴᠦᠨ ᠦᠭᠡᠢ ᠪᠣᠯᠭᠠᠵᠤ᠂ ᠴᠡᠷᠢᠭ ᠤᠨ ᠠᠯᠪᠠ ᠠᠴᠠ ᠬᠠᠯᠠᠭᠳᠠᠭᠰᠠᠨ ᠮᠥᠩᠭᠦ ᠶᠢ ᠰᠠᠷ᠎ᠠ ᠳᠠᠷᠠᠭᠠᠯᠠᠨ ᠠᠪᠬᠤ ᠵᠦᠢᠯ ᠢ ᠰᠢᠨ᠎ᠡ ᠪᠠᠷ ᠨᠡᠮᠡᠪᠡ᠃       ᠲᠠᠪᠤ ᠳᠤ ᠤᠷᠢᠳᠠᠪᠠᠷ ᠲᠥᠪᠬᠢᠨᠡᠭᠦᠯᠬᠦ ᠴᠡᠷᠢᠭ ᠤᠨ ᠠᠯᠪᠠ ᠠᠴᠠ ᠬᠠᠯᠠᠭᠳᠠᠭᠰᠠᠳ ᠤᠨ  ᠬᠦᠷᠢᠶ᠎ᠡ ᠬᠡᠪᠴᠢᠶ᠎ᠡ ᠶᠢ ᠤᠯᠠᠮ ᠨᠢᠭᠡ ᠠᠯᠬᠤᠮ ᠲᠣᠳᠣᠷᠬᠠᠶ ᠪᠣᠯᠭᠠᠵᠤ᠂ ︽ᠪᠠᠲᠤᠯᠠᠭ᠎ᠠ ᠶᠢᠨ ᠬᠠᠤᠯᠢ︾ ᠶᠢᠨ ᠬᠤᠷᠢᠨ ᠨᠢᠭᠡᠳᠦᠭᠡᠷ ᠵᠦᠢᠯ ᠳᠤ ︽ᠴᠡᠷᠢᠭ  ᠠᠴᠠ ᠰᠢᠯᠵᠢᠭᠰᠡᠨ ᠣᠹᠢᠼᠧᠷ᠂ ᠠᠵᠢᠯ   ᠲᠤᠬᠢᠷᠠᠭᠤᠯᠵᠤ ᠥᠭᠬᠦ ᠲᠦᠷᠦᠭᠦᠴᠢ ᠪᠠ ᠠᠯᠪᠠᠨ ᠵᠢᠷᠤᠮ ᠤᠨ ᠴᠡᠷᠢᠭ ᠢ ᠪᠠᠶᠢᠭᠤᠯᠭ᠎ᠠ᠂ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ᠂ ᠠᠵᠢᠯ ᠦᠢᠯᠡᠰ ᠤᠨ  ᠨᠢᠭᠡᠴᠡ ᠪᠠ ᠤᠯᠤᠰ ᠤᠨ ᠥᠮᠴᠢᠯᠡᠯ ᠤᠨ ᠠᠵᠤ ᠠᠬᠤᠶᠢᠯᠠᠯ  ᠬᠦᠯᠢᠶᠡᠨ ᠠᠪᠴᠤ ᠲᠥᠪᠬᠢᠨᠡᠭᠦᠯᠦᠨ᠎ᠡ᠃ ᠳᠣᠣᠷ᠎ᠠ ᠵᠢᠭᠰᠠᠭᠠᠭᠰᠠᠨ ᠴᠡᠷᠢᠭ ᠤᠨ ᠠᠯᠪᠠ  ᠠᠴᠠ ᠬᠠᠯᠠᠭᠳᠠᠭᠰᠠᠳ ᠢ ᠤᠷᠢᠳᠠᠪᠠᠷ ᠲᠥᠪᠬᠢᠨᠡᠭᠦᠯᠦᠨ᠎ᠡ᠄ ︵ᠨᠢᠭᠡ︶ ᠲᠠᠶᠢᠨ ᠳᠤ ᠣᠷᠣᠯᠴᠠᠭᠰᠠᠨ ᠴᠡᠷᠢᠭ ᠤᠨ ᠠᠯᠪᠠ  ᠠᠴᠠ ᠬᠠᠯᠠᠭᠳᠠᠭᠰᠠᠳ︔ ︵ᠬᠤᠶᠠᠷ︶ ᠪᠠᠶᠢᠯᠳᠤᠭᠠᠨ ᠤ ᠴᠡᠷᠢᠭ ᠠᠩᠬᠢ ᠶᠢᠨ ᠳ᠋ᠢᠸᠢᠽᠢ᠂ ᠪᠠᠷᠢᠭᠠᠳᠠ᠂ ᠬᠤᠷᠢᠶ᠎ᠠ᠂ ᠪᠡᠲ᠋ᠡᠯᠢᠶᠦᠠ ᠤ ᠱᠠᠲᠤᠨ ᠤ ᠨᠢᠭᠡᠴᠡ ᠳᠤ ᠭᠤᠣᠯ ᠣᠹᠢᠼᠧᠷ ᠪᠣᠯᠤᠭᠰᠠᠨ ᠴᠡᠷᠢᠭ ᠠᠴᠠ ᠰᠢᠯᠵᠢᠭᠰᠡᠨ ᠣᠹᠢᠼᠧᠷ︔ ︵ᠭᠤᠷᠪᠠ︶ ᠨᠥᠭᠴᠢᠭᠰᠡᠨ ᠪᠠᠭᠠᠲᠤᠷᠴᠤᠳ ᠤᠨ ᠦᠷ᠎ᠡ ᠬᠡᠦᠬᠡᠳ᠂ ᠭᠠᠪᠢᠶᠠᠳᠠᠨ ᠵᠢᠱᠢᠶᠡᠴᠢ ᠪᠣᠯᠬᠤ ᠴᠡᠷᠢᠭ  ᠤᠨ ᠠᠯᠪᠠ ᠠᠴᠠ ᠬᠠᠯᠠᠭᠳᠠᠭᠰᠠᠳ︔ ︵ᠲᠦᠷᠪᠡ︶ ᠬᠠᠲᠠᠭᠤ ᠪᠡᠷᠬᠡᠰᠢᠶᠡᠯᠲᠡᠶ ᠵᠠᠬ᠎ᠠ ᠬᠢᠵᠠᠭᠠᠷ ᠣᠷᠣᠨ ᠪᠤᠶᠤ ᠣᠨᠴᠠᠭᠠᠶ ᠠᠵᠢᠯ ᠤᠨ ᠪᠠᠶᠢᠷᠢ ᠳᠤ ᠤᠷᠳᠦ ᠬᠤᠭᠤᠴᠠᠭ᠎ᠠ ᠠᠯᠪᠠ ᠬᠠᠭᠠᠭᠰᠠᠨ ᠴᠡᠷᠢᠭ ᠤᠨ ᠠᠯᠪᠠ ᠠᠴᠠ ᠬᠠᠯᠠᠭᠳᠠᠭᠰᠠᠳ ᠃       ᠳᠡᠭᠡᠷᠡᠬᠢ ᠪᠣᠯ ᠵᠥᠪᠬᠡᠨ ᠮᠢᠨᠦ ︽ᠴᠡᠷᠢᠭ ᠤᠨ ᠠᠯᠪᠠ  ᠠᠴᠠ ᠬᠠᠯᠠᠭᠳᠠᠭᠰᠠᠳ ᠤᠨ ᠪᠠᠲᠤᠯᠠᠭ᠎ᠠ ᠶᠢᠨ ᠬᠠᠤᠯᠢ︾ ᠠᠴᠠ ᠳ᠋ᠦᠩᠨᠡᠵᠦ ᠭᠠᠷᠭᠠᠭᠰᠠᠨ ᠵᠠᠷᠢᠮ ᠬᠠᠤᠯᠢ ᠴᠠᠭᠠᠵᠠ ᠶᠢᠨ  ᠵᠦᠢᠯ ᠵᠤᠷᠪᠤᠰ ᠤᠨ ᠲᠠᠯ᠎ᠠ ᠪᠠᠷ ᠬᠢ ᠬᠤᠪᠢᠷᠠᠯᠲᠠ ᠪᠣᠯᠣᠨ᠎ᠠ᠂ ᠲᠥᠪᠬᠢᠨᠡᠭᠦᠯᠬᠦ ᠪᠣᠳᠠᠲᠠᠶ ᠠᠵᠢᠯ ᠤᠨ ᠲᠠᠯ᠎ᠠ ᠪᠠᠷ ᠬᠢ ᠬᠤᠪᠢᠷᠠᠯᠲᠠ ᠵᠡᠷᠭᠡ ᠢᠵᠢ ᠪᠥᠷᠢᠳᠦᠭᠰᠡᠨ ᠲᠦᠷᠢᠮ᠂ ᠠᠷᠭ᠎ᠠ᠂ ᠬᠡᠷᠡᠭᠵᠢᠭᠦᠯᠬᠦ ᠰᠠᠨᠠᠯ ᠢ ᠨᠡᠶᠢᠲᠡᠯᠡᠭᠰᠡᠨ ᠤ ᠳᠠᠷᠠᠭ᠎ᠠ᠂ ᠪᠢᠳᠡ ᠳᠠᠬᠢᠨ ᠤᠯᠠᠮ ᠨᠢᠭᠡ ᠠᠯᠬᠤᠮ ᠰᠤᠷᠤᠯᠴᠠᠨ ᠲᠠᠶᠢᠯᠪᠤᠷᠢᠯᠠᠶ᠎ᠠ᠃      8. ᠬᠥᠲᠥᠯᠥᠭᠴᠢ       2019 ᠣᠨ ᠤ 8  ᠳ᠋ᠤᠭᠠᠷ ᠰᠠᠷ᠎ᠠ ᠠᠴᠠ ᠡᠬᠢᠯᠡᠨ᠂ ᠮᠠᠨ ᠤ ᠬᠤᠲᠠ ᠪᠥᠬᠦ ᠬᠤᠲᠠ ᠶᠢᠨ ᠬᠡᠪᠴᠢᠶᠡᠨ ᠳᠤ ᠬᠡᠰᠡᠭ ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢᠳ ᠤᠨ ᠨᠡᠶᠢᠭᠡᠮ ᠤᠨ ᠳᠠᠭᠠᠳᠬᠠᠯ  ᠢ ᠦᠷᠭᠦᠯᠵᠢᠯᠡᠬᠦ ᠠᠵᠢᠯ ᠢ  ᠥᠷᠨᠢᠭᠦᠯᠦᠭᠰᠡᠨ ᠪᠠᠶᠢᠨ᠎ᠠ᠂ ᠣᠳᠣᠬᠠᠨ ᠳᠤ ᠠᠵᠢᠯ ᠤᠨ ᠠᠬᠢᠴᠠ ᠬᠢᠷᠢ ᠵᠡᠷᠭᠡ ᠪᠣᠶ︖       9. ᠰᠢᠯᠵᠢᠭᠦᠯᠦᠨ ᠲᠤᠰᠢᠶᠠᠵᠤ ᠲᠥᠪᠬᠢᠨᠡᠭᠦᠯᠬᠦ ᠪᠠ ᠴᠡᠷᠢᠭ ᠤᠨ ᠠᠮᠠᠷᠠᠯᠲᠠ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠰᠠᠯᠠᠭᠠᠨ ᠤ ᠳᠠᠷᠤᠭ᠎ᠠ ᠭᠤᠸᠠᠨ ᠲᠤᠤ       ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠬᠡᠰᠡᠭ ᠴᠡᠷᠢᠭ ᠤᠨ ᠠᠯᠪᠠ   ᠠᠴᠠ   ᠬᠠᠯᠠᠭᠳᠠᠭᠰᠠᠨ ᠪᠠᠶᠢᠯᠳᠤᠭᠴᠢᠳ ᠤᠨ ᠨᠡᠶᠢᠭᠡᠮ ᠤᠨ ᠳᠠᠭᠠᠳᠬᠠᠯ ᠤᠨ ᠠᠰᠠᠭᠤᠳᠠᠯ ᠢ ᠰᠢᠢᠳᠪᠦᠷᠢᠯᠡᠬᠦ ᠲᠤᠬᠠᠶ ᠰᠠᠨᠠᠯ︾ ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠬᠡᠰᠡᠭ ᠴᠡᠷᠢᠭ ᠤᠨ ᠠᠯᠪᠠ  ᠠᠴᠠ  ᠬᠠᠯᠠᠭᠳᠠᠭᠰᠠᠨ ᠪᠠᠶᠢᠯᠳᠤᠭᠴᠢᠳ ᠤᠨ ᠨᠡᠶᠢᠭᠡᠮ ᠤᠨ ᠳᠠᠭᠠᠳᠬᠠᠯ ᠢ ᠦᠷᠭᠦᠯᠵᠢᠯᠡᠭᠦᠯᠬᠦ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠮᠠᠨ ᠤ ᠬᠤᠲᠠ 2019 ᠣᠨ ᠤ 8 ᠳ᠋ᠤᠭᠠᠷ ᠰᠠᠷ᠎ᠠ ᠠᠴᠠ ᠡᠬᠢᠯᠡᠨ ᠬᠡᠰᠡᠭ ᠴᠡᠷᠢᠭ   ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢᠳ ᠤᠨ ᠨᠡᠶᠢᠭᠡᠮ ᠤᠨ ᠲᠠᠭᠠᠳᠬᠠᠯ ᠢ ᠥᠷᠭᠦᠯᠵᠢᠯᠡᠭᠦᠯᠬᠦ ᠠᠵᠢᠯ ᠢ ᠪᠦᠬᠦ ᠲᠠᠯ᠎ᠠ ᠪᠠᠷ ᠡᠬᠢᠯᠡᠭᠦᠯᠪᠡ᠃ ᠡᠮᠦᠨᠡᠬᠢ ᠬᠤᠭᠤᠴᠠᠭᠠᠨ ᠤ ᠴᠡᠷᠢᠭ ᠤᠨ ᠠᠯᠪᠠ  ᠠᠴᠠ  ᠬᠠᠯᠠᠭᠳᠠᠭᠰᠠᠨ ᠪᠠᠶᠢᠯᠳᠤᠭᠴᠢᠳ ᠤᠨ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠰᠠᠯᠠᠭ᠎ᠠ ᠮᠥᠴᠢᠷ  ᠠᠩᠬ᠎ᠠ ᠬᠢᠨᠠᠵᠤ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ  ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠦᠴᠢᠷ ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ ᠡᠮᠴᠢᠯᠡᠭᠡᠨ ᠤ ᠳᠠᠭᠠᠳᠬᠠᠯ ᠢ  ᠬᠠᠷᠭᠤᠭᠤᠯᠤᠨ ᠪᠠᠶᠢᠴᠠᠭᠠᠬᠤ᠂  ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢᠳ ᠬᠤᠪᠢ ᠬᠥᠮᠦᠨ ᠤ ᠡᠭᠦᠷᠭᠡᠯᠡᠪᠡᠰᠦ ᠵᠣᠬᠢᠬᠤ ᠵᠠᠷᠤᠳᠠᠯ  ᠵᠶ᠋ᠠᠨ‌‍ᠲ᠋ᠤᠰᠢᠶᠠᠬᠤ᠂ ᠴᠡᠷᠢᠭ ᠤᠨ ᠠᠯᠪᠠ  ᠠᠴᠠ ᠬᠠᠯᠠᠭᠳᠠᠭᠰᠠᠳ ᠤᠨ  ᠶᠠᠪᠤᠳᠠᠯ ᠤᠨ ᠰᠠᠯᠠᠭ᠎ᠠ ᠮᠥᠴᠢᠷ  ᠨᠢᠭᠡᠴᠡ ᠶᠢᠨ ᠡᠭᠦᠷᠭᠡᠯᠡᠪᠡᠰᠦ ᠵᠣᠬᠢᠬᠤ ᠵᠠᠷᠤᠳᠠᠯ ᠢ ᠲᠤᠰᠢᠶᠠᠬᠤ ᠵᠡᠷᠭᠡ  ᠠᠵᠢᠯ ᠤᠨ ᠲᠠᠷᠠᠭᠠᠯᠠᠯ  ᠢ ᠳᠠᠮᠵᠢᠭᠠᠳ  ᠣᠳᠣᠬᠠᠨ  ᠳᠤ  ᠬᠡᠰᠡᠭ ᠴᠡᠷᠢᠭ ᠤᠨ ᠠᠯᠪᠠ  ᠠᠴᠠ ᠬᠠᠯᠠᠭᠳᠠᠭᠰᠠᠨ ᠪᠠᠶᠢᠯᠳᠤᠭᠴᠢᠳ ᠤᠨ   ᠨᠡᠶᠢᠭᠡᠮ ᠤᠨ ᠳᠠᠭᠠᠳᠬᠠᠯ  ᠢ ᠦᠷᠭᠦᠯᠵᠢᠯᠡᠭᠦᠯᠬᠦ ᠠᠵᠢᠯ ᠨᠢᠭᠡᠨᠲᠡ  ᠰᠡᠭᠦᠯ ᠬᠤᠷᠢᠶᠠᠬᠤ ᠱᠠᠲᠤᠨ  ᠳᠤ ᠣᠷᠣᠵᠤ᠂ ᠬᠥᠬᠡᠬᠤᠲᠠ ᠶᠢᠨ ᠲᠤᠰ ᠱᠠᠳᠤ ᠵᠢᠴᠢ ᠡᠯ᠎ᠡ ᠬᠤᠰᠢᠭᠤ ᠰᠢᠶᠠᠨ ᠲᠣᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢᠳ ᠢ ᠲᠥᠪᠬᠢᠨᠡᠭᠦᠯᠬᠦ ᠨᠠᠰᠤᠵᠢᠯ ᠤᠨ ᠠᠰᠠᠷᠠᠮᠵᠢ ᠶᠢᠨ  ᠳᠠᠭᠠᠳᠬᠠᠯ ᠟ ᠢ ᠦᠷᠭᠦᠯᠵᠢᠯᠡᠭᠦᠯᠬᠦ ᠠᠵᠢᠯ ᠢ  ᠪᠡᠶᠡᠯᠡᠭᠦᠯᠦᠭᠰᠡᠨ ᠨᠤᠷᠮ᠎ᠠ 100% ᠳᠤ ᠬᠥᠷᠥᠭᠰᠡᠨ ᠪᠠᠶᠢᠨ᠎ᠠ᠃       10. ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠹᠦ᠋ ᡁᠢ ᠶᠦᠩ       ᠰᠦᠯᠵᠢᠶᠡᠨ ᠤ ᠨᠠᠶᠢᠵᠠ ᠨᠠᠷ ᠤᠨ ︽ᠲᠥᠪᠬᠢᠨᠡᠭᠦᠯᠬᠦ ︾ ᠲᠤᠬᠠᠶ ᠠᠰᠠᠭᠤᠯᠲᠠ᠂       ᠨᠢᠭᠡ ᠳᠤ ︽ᠴᠡᠷᠢᠭ  ᠤᠨ ᠠᠯᠪᠠ ᠠᠴᠠ  ᠬᠠᠯᠠᠭᠳᠠᠭᠰᠠᠨ ᠪᠠᠶᠢᠯᠳᠤᠭᠴᠢᠳ ᠢ ᠲᠥᠪᠬᠢᠨᠡᠭᠦᠯᠬᠦ ᠳᠦᠷᠢᠮ︾ ᠳᠤ ᠲᠣᠭᠲᠠᠭᠠᠭᠰᠠᠨ ᠨᠢ᠂ ᠴᠡᠷᠢᠭ  ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢᠳ ᠢ ᠲᠥᠪᠬᠢᠨᠡᠭᠦᠯᠬᠦ ᠭᠠᠵᠠᠷ ᠪᠣᠯ ᠴᠡᠷᠢᠭ  ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢᠳ ᠤᠨ ᠴᠡᠷᠢᠭ ᠲᠤ ᠣᠷᠣᠬᠤ ᠦᠶ᠎ᠡ ᠶᠢᠨ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠪᠣᠯᠤᠨ᠎ᠠ᠃ ᠴᠡᠷᠢᠭ  ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢᠳ ᠲᠤ ᠳᠣᠤᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠣᠨᠳᠣᠤ ᠭᠠᠵᠠᠷ ᠲᠤ ᠲᠥᠪᠬᠢᠨᠡᠭᠦᠯᠵᠦ ᠪᠣᠯᠤᠨ᠎ᠠ᠄      ︵ᠨᠢᠭᠡ︶  ᠴᠡᠷᠢᠭ ᠤᠨ ᠠᠯᠪᠠ ᠬᠠᠭᠠᠵᠤ ᠪᠠᠶᠢᠭᠰᠠᠨ ᠬᠤᠭᠤᠴᠠᠭᠠᠨ ᠳᠤ ᠡᠴᠢᠭᠡ ᠡᠭᠡ ᠶᠢᠨ ᠬᠢᠨᠢ ᠡᠷᠦᠭᠡ ᠠᠮᠠ ᠶᠢᠨ ᠲᠡᠩᠰᠠ ᠪᠠᠶᠢᠭ᠎ᠠ ᠭᠠᠵᠠᠷ  ᠨᠢ ᠬᠤᠪᠢᠷᠠᠭᠰᠠᠨ ᠪᠠᠶᠢᠪᠠᠯ᠂ ᠡᠴᠢᠭᠡ ᠡᠭᠡ ᠶᠢᠨ ᠬᠢᠨᠢ ᠤᠳᠦ ᠶᠢᠨ ᠡᠷᠦᠭᠡ ᠠᠮᠠ ᠶᠢᠨ ᠲᠡᠩᠰᠠ ᠪᠠᠶᠢᠭ᠎ᠠ ᠭᠠᠵᠠᠷ ᠲᠤ ᠲᠥᠪᠬᠢᠨᠡᠭᠦᠯᠵᠦ ᠪᠣᠯᠤᠨ᠎ᠠ︔       ︵ᠬᠤᠶᠠᠷ︶ ᠴᠡᠷᠢᠭ ᠠᠩᠬᠢ ᠶᠢᠨ  ᠠᠯᠪᠠ ᠬᠠᠭᠠᠵᠤ ᠪᠠᠶᠢᠭ᠎ᠠ ᠪᠠᠶᠢᠯᠳᠤᠭᠴᠢ ᠶᠢᠨ ᠤᠷᠤᠭᠯᠠᠬᠤ ᠲᠤᠬᠠᠶ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠬᠦ ᠪᠥᠭᠡᠳ ᠤᠷᠤᠭᠯᠠᠭᠠᠳ ᠪᠦᠬᠦᠯᠢ 2 ᠵᠢᠯ ᠪᠣᠯᠤᠭᠰᠠᠨ ᠪᠠᠶᠢᠪᠠᠯ᠂  ᠬᠠᠨᠢ ᠨᠦᠬᠦᠷ ᠪᠤᠶᠤ ᠬᠠᠨᠢ ᠨᠦᠬᠦᠷ ᠤᠨ ᠬᠢᠨᠢ ᠡᠴᠢᠭᠡ ᠡᠭᠡ ᠶᠢᠨ ᠡᠷᠦᠭᠡ ᠠᠮᠠ ᠶᠢᠨ ᠲᠡᠩᠰᠠ ᠪᠠᠶᠢᠭ᠎ᠠ ᠭᠠᠵᠠᠷ ᠲᠤ ᠲᠥᠪᠬᠢᠨᠡᠭᠦᠯᠵᠦ ᠪᠣᠯᠤᠨ᠎ᠠ︔       ︵ᠭᠤᠷᠪᠠ︶ ᠪᠤᠰᠤᠳ ᠣᠨᠴᠠᠭᠠᠢ ᠪᠠᠶᠢᠳᠠᠯ ᠠᠴᠠ ᠪᠣᠯᠵᠣ᠂ ᠴᠡᠷᠢᠭ ᠠᠩᠭᠢ ᠶᠢᠨ ᠳ᠋ᠢᠸᠢᠽᠢ ︵ᠪᠠᠷᠢᠭᠠᠳᠠ︶ ᠶᠢᠨ ᠱᠠᠲᠤᠨ ᠤ ᠨᠢᠭᠡᠴᠡ ᠠᠴᠠ ᠭᠡᠷᠡᠴᠢ ᠭᠠᠷᠭᠠᠵᠤ᠂ ᠮᠤᠵᠢ ᠶᠢᠨ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠴᠡᠷᠢᠭ   ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢᠳ ᠢ ᠲᠥᠪᠬᠢᠨᠡᠭᠦᠯᠬᠦ ᠠᠵᠢᠯ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠣᠨᠳᠣᠤ ᠭᠠᠵᠠᠷ ᠲᠤ ᠲᠥᠪᠬᠢᠨᠡᠭᠦᠯᠬᠦ ᠪᠠᠷ ᠵᠦᠪᠰᠢᠶᠡᠷᠡᠭᠰᠡᠨ᠃       ᠣᠨᠳᠣᠣ ᠭᠠᠵᠠᠷ ᠲᠥᠪᠬᠢᠨᠡᠭᠦᠯᠦᠭᠰᠡᠨ ᠴᠡᠷᠢᠭ  ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢᠳ ᠲᠥᠪᠬᠢᠨᠡᠭᠦᠯᠦᠭᠰᠡᠨ‌ᠭᠠᠵᠠᠷ ‍ᠤᠨ‌‍ᠴᠡᠷᠢᠭ ᠤᠨ ᠠᠯᠪᠠ ᠠᠴᠠ ᠬᠠᠯᠠᠭᠳᠠᠭᠰᠠᠳ  ᠯᠤᠭ᠎ᠠ ᠠᠳᠠᠯᠢ ᠲᠡᠭᠰᠢ ᠪᠠᠷ ᠲᠥᠪᠬᠢᠨᠡᠭᠦᠯᠬᠦ  ᠬᠠᠷᠠᠭᠠᠯᠵᠠᠯ ᠬᠦᠷᠲᠡᠭᠡᠨ᠎ᠡ᠃       ᠬᠤᠶᠠᠷ ᠲᠤ ᠴᠡᠷᠢᠭ   ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠶᠠᠮᠤᠨ ᠵᠡᠷᠭᠡ ᠠᠷᠪᠠᠨ ᠶᠠᠮᠤᠨ  ᠵᠥᠪᠯᠡᠯ ᠤᠨ ᠠᠯᠪᠠᠨ ᠬᠡᠷ ᠤᠨ ︽ᠵᠠᠰᠠᠭ ᠤᠨ ᠣᠷᠳᠣᠨ ᠠᠴᠠ ᠠᠵᠢᠯ ᠳᠣᠭᠢᠷᠠᠭᠤᠯᠤᠨ ᠴᠡᠷᠢᠭ   ᠤᠨ ᠠᠯᠪᠠ ᠠᠴᠠ ᠬᠠᠯᠠᠭᠳᠠᠭᠰᠠᠳ ᠲᠤ ᠠᠵᠢᠯ ᠣᠯᠭᠤᠵᠤ ᠲᠥᠪᠬᠢᠨᠡᠭᠦᠯᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠰᠠᠨᠠᠯ︾ ᠳᠤ᠂ ᠲᠥᠪᠬᠢᠨᠡᠭᠦᠯᠬᠦ ᠭᠠᠵᠠᠷ ᠤᠨ ᠬᠢᠵᠠᠭᠠᠷᠯᠠᠯ ᠢ ᠠᠭᠤᠵᠢᠭᠤ ᠲᠠᠯᠪᠢᠨ᠎ᠠ ᠭᠡᠵᠦ ᠲᠣᠭᠲᠠᠭᠠᠵᠠᠶ᠃ ᠪᠠᠶᠢᠯᠳᠤᠭᠴᠢ ᠶᠢᠨ ᠠᠯᠪᠠ ᠬᠠᠭᠠᠵᠤ  ᠪᠠᠶᠢᠭᠰᠠᠨ ᠬᠤᠭᠤᠴᠠᠭᠠᠨ ᠳᠤ ᠡᠴᠢᠭᠡ ᠡᠭᠡ ᠶᠢᠨ ᠬᠢᠨᠢ ᠡᠷᠦᠭᠡ ᠠᠮᠠ ᠶᠢᠨ ᠲᠡᠩᠰᠠ ᠪᠠᠶᠢᠭ᠎ᠠ ᠭᠠᠵᠠᠷ  ᠨᠢ ᠬᠤᠪᠢᠷᠠᠭᠰᠠᠨ ᠪᠠᠶᠢᠪᠠᠯ᠂ ᠡᠴᠢᠭᠡ ᠡᠭᠡ ᠶᠢᠨ ᠬᠢᠨᠢ ᠠᠯᠢ ᠨᠢᠭᠡ ᠲᠠᠯ᠎ᠠ ᠶᠢ ᠲᠡᠭᠠᠵᠦ ᠲᠥᠪᠬᠢᠨᠡᠭᠦᠯᠵᠦ ᠪᠣᠯᠤᠨ᠎ᠠ᠃ ᠲᠣᠰ ᠬᠥᠮᠦᠨ ᠤ ᠭᠤᠶᠤᠴᠢᠯᠠᠯ ᠢᠶᠠᠷ ᠳᠡᠮᠵᠢᠨ᠂  ᠬᠠᠨᠢ ᠨᠦᠬᠦᠷ ᠨᠢ ᠪᠣᠶᠤ  ᠬᠠᠨᠢ ᠨᠦᠬᠦᠷ ᠤᠨ ᠬᠢᠨᠢ ᠡᠴᠢᠭᠡ ᠡᠬᠡ ᠶᠢᠨ ᠠᠯᠢ  ᠨᠢᠭᠡᠨ ᠤ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠲᠤ ᠲᠥᠪᠬᠢᠨᠡᠭᠦᠯᠦᠭᠰᠡᠨ ᠴᠦ ᠪᠣᠯᠤᠨ᠎ᠠ᠃ ᠡᠭᠦᠨ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠭᠰᠠᠨ ᠬᠡᠲᠦ ᠲᠣᠮᠣ ᠬᠤᠲᠠ ᠳᠤ ᠣᠨᠳᠣᠤ ᠭᠠᠵᠠᠷ ᠲᠤ ᠲᠥᠪᠬᠢᠨᠡᠭᠦᠯᠦᠨ ᠡᠷᠦᠬᠡ ᠠᠮᠠ ᠣᠷᠣᠭᠤᠯᠬᠤ ᠳᠤ ᠭᠦᠷᠪᠡᠯ᠂ ᠡᠷᠦᠬᠡ ᠠᠮᠠ ᠣᠷᠣᠭᠤᠯᠬᠤ ᠲᠤᠬᠠᠶ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠢ᠃       11. ᠰᠢᠯᠵᠢᠭᠦᠯᠦᠨ ᠲᠤᠰᠢᠶᠠᠵᠤ ᠲᠥᠪᠬᠢᠨᠡᠭᠦᠯᠬᠦ ᠪᠠ ᠴᠡᠷᠢᠭ ᠤᠨ ᠠᠮᠠᠷᠠᠯᠲᠠ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠰᠠᠯᠠᠭᠠᠨ ᠤ ᠳᠠᠷᠤᠭ᠎ᠠ ᠭᠤᠸᠠᠨ ᠲᠤᠤ      ᠰᠦᠯᠵᠢᠶᠡᠨ ᠨᠠᠶᠢᠵᠠ ﹇111﹈ ᠶᠢᠨ ᠠᠰᠠᠭᠤᠯᠲᠠ ᠶᠢᠨ ᠲᠤᠬᠠᠶ᠂ 1988 ᠣᠨ ᠤ ᠠᠷᠠᠳ ᠤᠨ ᠶᠠᠪᠤᠳᠠᠯ ᠤᠨ ᠶᠠᠮᠤᠨ ᠤ ︽︿ᠴᠡᠷᠢᠭ  ᠤᠨ ᠠᠯᠪᠠ  ᠠᠴᠠ ᠬᠠᠯᠠᠭᠳᠠᠭᠰᠠᠨ ᠠᠯᠪᠠᠨ ᠵᠢᠷᠤᠮ ᠤᠨ ᠴᠡᠷᠢᠭ ᠢ ᠲᠥᠪᠬᠢᠨᠡᠭᠦᠯᠬᠦ ᠲᠦᠷᠢᠮ﹀ ᠤᠨ ᠲᠣᠭᠲᠠᠭᠠᠯ ᠤᠳ ᠤᠨ ᠲᠤᠬᠠᠶ ᠲᠣᠳᠣᠷᠬᠠᠶᠢᠯᠠᠯᠲᠠ︾ ᠳᠤ᠂ ︽ᠬᠤᠪᠢᠶᠠᠷᠢᠯᠠᠬᠤ ᠶᠢ ᠬᠦᠯᠢᠶᠡᠬᠦ ᠴᠠᠭ︾ ᠭᠡᠳᠡᠭ ᠨᠢ ︽ᠲᠦᠷᠢᠮ︾ ᠳᠤ ᠲᠣᠭᠲᠠᠭᠠᠭᠰᠠᠨ ᠠᠵᠢᠯ ᠲᠣᠬᠢᠷᠠᠭᠤᠯᠬᠤ ᠨᠥᠬᠦᠴᠡᠯ ᠳᠤ ᠨᠡᠶᠢᠴᠡᠬᠦ ᠴᠡᠷᠢᠭ  ᠤᠨ ᠠᠯᠪᠠ ᠠᠴᠠ ᠬᠠᠯᠠᠭᠳᠠᠭᠰᠠᠳ ᠤᠤᠯ ᠤᠨ ᠴᠡᠷᠢᠭ ᠲᠤ ᠡᠯᠰᠡᠭᠳᠡᠭᠰᠡᠨ ᠭᠠᠵᠠᠷ ᠲᠠᠭᠠᠨ ᠪᠤᠴᠠᠵᠤ ᠬᠤᠪᠢᠶᠠᠷᠢᠯᠠᠬᠤ ᠶᠢ ᠬᠦᠯᠢᠶᠡᠬᠦ ᠴᠠᠭ ᠢ ᠵᠢᠭᠠᠵᠤ ᠪᠠᠶᠢᠨ᠎ᠠ᠃ ᠬᠤᠪᠢᠶᠠᠷᠢᠯᠠᠬᠤ ᠶᠢ ᠬᠦᠯᠢᠶᠡᠬᠦ  ᠴᠠᠭ ᠢ ᠨᠡᠷ᠎ᠡ ᠮᠡᠳᠡᠭᠦᠯᠦᠭᠰᠡᠨ ᠡᠳᠦᠷ ᠠᠴᠠ ᠡᠬᠢᠯᠡᠨ ᠵᠠᠷᠴᠢᠮ ᠳᠡᠭᠡᠷ᠎ᠡ ᠪᠠᠨ ᠨᠢᠭᠡ ᠵᠢᠯ ᠠᠴᠠ ᠬᠡᠲᠦᠷᠡᠭᠦᠯᠵᠦ ᠪᠣᠯᠬᠤ ᠦᠭᠡᠢ᠃ ᠵᠣᠬᠢᠶᠠᠨ ᠪᠠᠶᠢᠭᠤᠯᠤᠯᠲᠠ ᠠᠴᠠ ᠪᠣᠯᠤᠭᠰᠠᠨ ᠰᠢᠯᠲᠠᠭᠠᠨ ᠪᠠ ᠪᠤᠰᠤᠳ ᠣᠨᠴᠠᠭᠠᠶ ᠪᠠᠶᠢᠳᠠᠯ  ᠳᠤ ᠵᠣᠬᠢᠰᠲᠠᠶ ᠪᠠᠷ ᠤᠷᠲᠤᠳᠬᠠᠵᠤ ᠪᠣᠯᠤᠨ᠎ᠠ᠃ 2011 ᠣᠨ  ᠤ 11  ᠳ᠋ᠤᠭᠡᠷ ᠰᠠᠷ᠎ᠠ ᠳᠤ᠂ ᠰᠢᠨ᠎ᠡ ᠪᠠᠷ ᠨᠡᠶᠢᠲᠡᠯᠡᠭᠰᠡᠨ ︽ᠴᠡᠷᠢᠭ   ᠤᠨ ᠠᠯᠪᠠ ᠠᠴᠠ  ᠬᠠᠯᠠᠭᠳᠠᠭᠰᠠᠨ ᠪᠠᠶᠢᠯᠳᠤᠭᠴᠢᠳ ᠢ ᠲᠥᠪᠬᠢᠨᠡᠭᠦᠯᠬᠦ ᠲᠥᠷᠢᠮ︾ ᠢ ᠬᠡᠷᠡᠭᠵᠢᠭᠦᠯᠦᠭᠰᠡᠨ ᠤ ᠲᠠᠷᠠᠭ᠎ᠠ᠂ ᠤᠯᠤᠰ ᠠᠴᠠ ᠲᠣᠭᠲᠠᠭᠠᠭᠰᠠᠨ  ᠠᠵᠢᠯ ᠲᠣᠬᠢᠷᠠᠭᠤᠯᠬᠤ ᠶᠢ ᠬᠦᠯᠢᠶᠡᠬᠦ  ᠬᠤᠭᠤᠴᠠᠭ᠎ᠠ ᠨᠢ 6 ᠰᠠᠷ᠎ᠠ ᠪᠣᠯᠤᠨ᠎ᠠ᠃        12. ᠰᠢᠯᠵᠢᠭᠦᠯᠦᠨ ᠲᠤᠰᠢᠶᠠᠵᠤ ᠲᠥᠪᠬᠢᠨᠡᠭᠦᠯᠬᠦ ᠪᠠ ᠴᠡᠷᠢᠭ ᠤᠨ ᠠᠮᠠᠷᠠᠯᠲᠠ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠰᠠᠯᠠᠭᠠᠨ ᠤ ᠳᠠᠷᠤᠭ᠎ᠠ ᠭᠤᠸᠠᠨ ᠲᠤᠤ      ᠰᠦᠯᠵᠢᠶᠡᠨ ᠤ ᠨᠠᠶᠢᠵᠠ  ᠶᠢᠨ ﹇ᠠᠵᠢᠯᠯᠠᠭᠰᠠᠨ  ᠬᠤᠭᠤᠴᠠᠭ᠎ᠠ﹈  ᠶᠢᠨ ᠠᠰᠠᠭᠤᠯᠲᠠ ᠶᠢᠨ ᠲᠤᠬᠠᠶ᠂ ︵ᠨᠢᠭᠡ︶ 1983 ᠣᠨ ᠳᠤ ᠲᠦᠷᠦ ᠶᠢᠨ ᠶᠠᠪᠤᠳᠠᠯ ᠤᠨ ᠬᠤᠷᠢᠶ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ︽︿ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠤᠨ ᠰᠠᠶᠢᠨ ᠳᠤᠷ᠎ᠠ ᠶᠢᠨ  ᠴᠡᠷᠢᠭ ᠤᠨ  ᠴᠡᠷᠢᠭ  ᠤᠨ ᠠᠯᠪᠠ ᠠᠴᠠ ᠬᠠᠯᠠᠭᠳᠠᠵᠤ ᠲᠥᠪᠬᠢᠨᠡᠭᠦᠯᠬᠦ ᠲᠦᠷ ᠬᠡᠷᠡᠭᠵᠢᠭᠦᠯᠬᠦ ᠠᠷᠭ᠎ᠠ﹀ ᠶᠢ ᠨᠡᠶᠢᠲᠡᠯᠡᠬᠦ ᠲᠤᠬᠠᠶ ᠮᠡᠳᠡᠭᠳᠡᠯ︾ ᠳᠤ᠂ ᠰᠠᠶᠢᠨ ᠳᠤᠷ᠎ᠠ ᠶᠢᠨ ᠴᠡᠷᠢᠭ ᠤᠨ ᠴᠡᠷᠢᠭ ᠲᠤ ᠪᠠᠶᠢᠭᠰᠠᠨ ᠬᠤᠭᠤᠴᠠᠭ᠎ᠠ ᠶᠢ ᠰᠢᠶᠠᠨ ︵ᠬᠤᠳᠠ︶ ᠤ ᠴᠡᠷᠢᠭ ᠡᠯᠰᠡᠬᠦ ᠠᠯᠪᠠᠨ ᠭᠡᠷ ᠤᠨ ᠴᠡᠷᠢᠭ ᠲᠤ ᠣᠷᠣᠬᠤ ᠶᠢ ᠵᠥᠪᠰᠢᠶᠡᠷᠡᠭᠰᠡᠨ ᠡᠳᠦᠷ ᠠᠴᠠ ᠴᠡᠷᠢᠭ ᠠᠩᠭᠢ ᠶᠢᠨ ᠴᠡᠷᠢᠭ   ᠤᠨ ᠠᠯᠪᠠ ᠠᠴᠠ ᠬᠠᠯᠠᠭᠳᠠᠬᠤ ᠶᠢ ᠵᠥᠪᠰᠢᠶᠡᠷᠡᠭᠰᠡᠨ ᠡᠳᠦᠷ ᠬᠦᠷᠲᠡᠯᠡᠬᠢ ᠬᠤᠭᠤᠴᠠᠭ᠎ᠠ ᠪᠠᠷ ᠪᠠᠷᠢᠮᠵᠢᠶ᠎ᠠ ᠪᠣᠯᠭᠠᠵᠤ ᠪᠤᠳᠤᠨ᠎ᠠ ᠭᠡᠵᠦ ᠲᠣᠭᠲᠠᠭᠠᠵᠠᠶ᠃ ᠴᠡᠷᠢᠭ ᠤᠨ ᠠᠯᠪᠠ ᠠᠴᠠ ᠬᠠᠯᠠᠭᠳᠠᠭᠰᠠᠨ ᠰᠡᠶᠢᠠ ᠳᠤᠷ᠎ᠠ ᠶᠢᠨ ᠴᠡᠷᠢᠭ ᠠᠵᠢᠯ ᠳᠤ ᠤᠷᠤᠭᠰᠠᠨ ᠤ ᠲᠡᠷᠠᠭ᠎ᠠ᠂ ᠲᠡᠭᠦᠨ ᠤ  ᠴᠡᠷᠢᠭ ᠲᠤ ᠪᠠᠶᠢᠭᠰᠠᠨ ᠬᠤᠭᠤᠴᠠᠭ᠎ᠠ ᠶᠢ ᠲᠡᠭᠦᠨ ᠤ ᠪᠠᠶᠢᠭ᠎ᠠ ᠨᠢᠭᠡᠴᠡ ᠶᠢᠨ ᠬᠢᠨᠢ ᠦᠷᠭᠦᠯᠵᠢᠯᠡᠨ ᠠᠵᠢᠯᠯᠠᠭᠰᠠᠨ ᠣᠨ ᠵᠢᠯ  ᠳᠤ  ᠪᠣᠳᠤᠵᠤ ᠣᠷᠤᠭᠤᠯᠤᠨ᠎ᠠ᠃ ᠠᠯᠪᠠᠨ ᠵᠢᠷᠤᠮ ᠤᠨ ᠴᠡᠷᠢᠭ ᠤᠨ ᠴᠡᠷᠢᠭ ᠤᠨ ᠠᠯᠪᠠᠨ ᠤ ᠪᠠᠶᠢᠭᠤᠯᠭ᠎ᠠ ᠶᠢᠨ ᠴᠡᠷᠢᠭ ᠲᠤ ᠣᠷᠣᠬᠤ ᠶᠢ ᠵᠥᠪᠰᠢᠶᠡᠷᠡᠭᠰᠡᠨ ᠡᠳᠦᠷ ᠠᠴᠠ ᠡᠬᠢᠯᠡᠨ ᠴᠡᠷᠢᠭ ᠠᠩᠭᠢ ᠶᠢᠨ ᠴᠡᠷᠢᠭ ᠤᠨ ᠠᠯᠪᠠ ᠡᠴᠠ‌ᠬᠠᠯᠠᠭᠳᠠᠬᠤ ᠶᠢ ᠵᠥᠪᠰᠢᠶᠡᠷᠡᠭᠰᠡᠨ ᠬᠦᠷᠲᠡᠯᠡᠬᠢ ᠬᠤᠭᠤᠴᠠᠭ᠎ᠠ ᠶᠢ  ᠴᠡᠷᠢᠭ  ᠤᠨ ᠠᠯᠪᠠ ᠠᠴᠠ ᠬᠠᠯᠠᠭᠳᠠᠭᠰᠠᠳ ᠤᠨ ᠴᠡᠷᠢᠭ ᠲᠤ ᠪᠠᠶᠢᠭᠰᠠᠨ ᠬᠤᠭᠤᠴᠠᠭ᠎ᠠ ᠪᠠᠷ  ᠪᠤᠳᠤᠨ᠎ᠠ᠂ ᠪᠦᠬᠦᠯᠢ ᠠᠷᠪᠠᠨ ᠰᠠᠷ᠎ᠠ ᠪᠣᠯᠤᠭᠰᠠᠨ ᠪᠠᠶᠢᠪᠠᠯ᠂ ᠵᠢᠯ ᠤᠨ ᠤᠢ ᠪᠠᠷ ᠪᠤᠳᠤᠨ᠎ᠠ ᠭᠡᠵᠦ ᠲᠣᠭᠲᠠᠭᠠᠵᠠᠶ᠃ ᠴᠡᠷᠢᠭ  ᠤᠨ ᠠᠯᠪᠠ ᠠᠴᠠ ᠬᠠᠯᠠᠭᠳᠠᠭᠰᠠᠨ ᠤ ᠲᠡᠷᠠᠭ᠎ᠠ ᠰᠢᠨ᠎ᠡ ᠪᠠᠷ ᠠᠵᠢᠯ ᠬᠤᠪᠢᠶᠠᠷᠢᠯᠠᠵᠤ ᠠᠵᠢᠯ ᠳᠤ ᠤᠷᠤᠭᠰᠠᠨ  ᠢ᠂  ᠴᠡᠷᠢᠭ ᠲᠤ ᠪᠠᠶᠢᠭᠰᠠᠨ ᠬᠤᠭᠤᠴᠠᠭ᠎ᠠ  ᠪᠠ ᠠᠵᠢᠯ ᠬᠤᠪᠢᠶᠠᠷᠢᠯᠠᠬᠤ ᠶᠢ ᠬᠦᠯᠢᠶᠡᠬᠦ ᠴᠠᠭ ᠢ ᠨᠢ ᠦᠷᠭᠦᠯᠵᠢᠯᠡᠨ ᠠᠵᠢᠯᠯᠠᠭᠰᠠᠨ ᠵᠢᠯ ᠢᠶᠠᠷ ᠪᠤᠳᠦᠬᠤ ᠬᠡᠷᠡᠭᠲᠡᠶ᠃ ᠴᠡᠷᠢᠭ ᠲᠤ ᠣᠷᠣᠬᠤ ᠠᠴᠠ ᠡᠮᠦᠨ᠎ᠡ ᠤᠤᠯ ᠨᠢ ᠲᠦᠷᠦ ᠶᠢᠨ ᠪᠠᠶᠢᠭᠤᠯᠭ᠎ᠠ᠂ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠶᠢᠨ ᠠᠵᠢᠯᠳᠡᠠ ᠠᠵᠢᠯᠴᠢᠨ ᠪᠠᠶᠢᠭᠰᠠᠨ ᠪᠣᠯ  ᠲᠡᠭᠦᠨ ᠤ ᠴᠡᠷᠢᠭ ᠲᠤ ᠣᠷᠣᠬᠤ ᠠᠴᠠ ᠡᠮᠦᠨᠡᠬᠢ ᠠᠵᠢᠯᠯᠠᠭᠰᠠᠨ ᠬᠤᠭᠤᠴᠠᠭ᠎ᠠ ᠪᠠ ᠴᠡᠷᠢᠭ ᠲᠤ  ᠪᠠᠶᠢᠭᠰᠠᠨ ᠬᠤᠭᠤᠴᠠᠭ᠎ᠠ ᠶᠢ ᠬᠤᠪᠢᠶᠠᠷᠢᠯᠠᠬᠤ ᠶᠢ ᠬᠦᠯᠢᠶᠡᠵᠦ ᠪᠠᠶᠢᠭᠰᠠᠨ ᠴᠠᠭ ᠲᠠᠢ ᠨᠢ ᠬᠠᠮᠲᠤ ᠳᠤᠨᠢ ᠦᠷᠭᠦᠯᠵᠢᠯᠡᠨ ᠠᠵᠢᠯᠯᠠᠭᠰᠠᠨ ᠬᠤᠭᠤᠴᠠᠭ᠎ᠠ ᠪᠠᠷ ᠪᠤᠳᠦᠵᠦ᠂  ᠪᠠᠶᠢᠭ᠎ᠠ ᠨᠢᠭᠡᠴᠡ ᠶᠢᠨ ᠠᠵᠢᠯᠳᠡᠠ ᠠᠵᠢᠯᠴᠢᠨ ᠲᠠᠢ ᠠᠳᠠᠯᠢ ᠬᠠᠷᠠᠭᠠᠯᠵᠠᠯ ᠬᠦᠷᠳᠡᠨ᠎ᠡ᠃ 1988 ᠣᠨ ᠤ ᠠᠷᠠᠳ ᠤᠨ ᠶᠠᠪᠤᠳᠠᠯ ᠤᠨ ᠶᠠᠮᠤᠨ ᠤ ︽︿ᠴᠡᠷᠢᠭ  ᠤᠨ ᠠᠯᠪᠠ ᠠᠴᠠ ᠬᠠᠯᠠᠭᠳᠠᠭᠰᠠᠨ ᠠᠯᠪᠠᠨ ᠵᠢᠷᠤᠮ ᠤᠨ ᠴᠡᠷᠢᠭ ᠢ ᠲᠥᠪᠬᠢᠨᠡᠭᠦᠯᠬᠦ ᠳᠦᠷᠢᠮ﹀ ᠤᠨ ᠲᠣᠭᠲᠠᠭᠠᠯ ᠤᠳ ᠤᠨ ᠲᠤᠬᠠᠶ ᠲᠣᠳᠣᠷᠬᠠᠶᠢᠯᠠᠯᠲᠠ︾ ᠳᠤ᠂ ︽ᠲᠦᠷᠢᠮ︾ ᠤᠨ ᠲᠣᠭᠲᠠᠭᠠᠯ ᠳᠠᠬᠢ ᠠᠵᠢᠯ ᠲᠣᠬᠢᠷᠠᠭᠤᠯᠬᠤ ᠨᠥᠬᠦᠴᠡᠯ ᠳᠤ ᠨᠡᠶᠢᠴᠡᠬᠦ ᠦᠭᠡᠢ ᠬᠥᠳᠡᠭᠡ ᠲᠣᠰᠬᠤᠨ ᠤ ᠬᠠᠷᠢᠶ᠎ᠠ ᠲᠠᠢ ᠴᠡᠷᠢᠭ   ᠤᠨ ᠠᠯᠪᠠ ᠠᠴᠠ ᠬᠠᠯᠠᠭᠳᠠᠭᠰᠠᠳ ᠴᠡᠷᠢᠭ ᠠᠴᠠ ᠬᠠᠯᠠᠭᠳᠠᠵᠤ ᠨᠤᠲᠤᠭ ᠲᠠᠭᠠᠨ ᠪᠤᠴᠠᠵᠤ ᠲᠠᠷᠢᠶᠠᠯᠠᠩ ᠤᠨ ᠦᠢᠯᠡᠳᠪᠦᠷᠢᠯᠡᠯ ᠳᠤ ᠣᠷᠣᠯᠴᠠᠭᠰᠠᠨ ᠤ ᠲᠠᠷᠠᠭ᠎ᠠ᠂ ᠬᠥᠳᠡᠯᠮᠦᠷᠢ ᠶᠢᠨ ᠰᠠᠯᠠᠭ᠎ᠠ ᠮᠥᠴᠢᠷ ᠠᠴᠠ ᠪᠠᠰᠠ ᠠᠵᠢᠯ ᠲᠣᠬᠢᠷᠠᠭᠤᠯᠤᠭᠰᠠᠨ ᠪᠤᠶᠤ ᠥᠪᠡᠷ ᠢᠶᠠᠨ ᠠᠵᠢᠯ ᠣᠯᠤᠭᠠᠳ ᠵᠢᠩᠬᠢᠨᠢ ᠣᠷᠣᠨ ᠲᠤᠭ᠎ᠠ ᠳᠤ ᠣᠷᠣᠭᠤᠯᠤᠭᠰᠠᠨ ᠪᠠᠶᠢᠪᠠᠯ᠂ ᠲᠡᠭᠦᠨ ᠤ  ᠴᠡᠷᠢᠭ ᠲᠤ ᠪᠠᠶᠢᠭᠰᠠᠨ ᠬᠤᠭᠤᠴᠠᠭ᠎ᠠ ᠶᠢ ᠪᠠᠰᠠ ᠠᠵᠢᠯ ᠳᠤ ᠤᠷᠤᠭᠰᠠᠨ ᠤ ᠳᠠᠷᠠᠭᠠᠬᠢ ᠠᠵᠢᠯᠯᠠᠭᠰᠠᠨ ᠬᠤᠭᠤᠴᠠᠭ᠎ᠠ ᠲᠠᠢ ᠨᠢ ᠨᠡᠶᠢᠯᠡᠭᠦᠯᠵᠦ ᠦᠷᠭᠦᠯᠵᠢᠯᠡᠨ ᠠᠵᠢᠯᠯᠠᠭᠰᠠᠨ  ᠬᠤᠭᠤᠴᠠᠭ᠎ᠠ ︵ᠠᠵᠤ  ᠠᠬᠤᠶᠢᠯᠠᠯ ᠤᠨ ᠨᠢᠭᠡᠴᠡ ᠳᠤ ᠪᠣᠯ ᠲᠤᠰ ᠠᠵᠤ ᠠᠬᠤᠶᠢᠯᠠᠯ  ᠳᠤ ᠠᠵᠢᠯᠯᠠᠭᠰᠠᠨ  ᠬᠤᠭᠤᠴᠠᠭ᠎ᠠ   ᠪᠠᠷ ᠪᠤᠳᠤᠨ᠎ᠠ︶  ᠪᠠᠷ ᠪᠤᠳᠤᠬᠤ ᠬᠡᠷᠡᠭᠲᠡᠶ᠃ ᠴᠡᠷᠢᠭ   ᠤᠨ ᠠᠯᠪᠠ ᠠᠴᠠ ᠬᠠᠯᠠᠭᠳᠠᠭᠰᠠᠨ ᠠᠴᠠ ᠠᠪᠤᠭᠠᠳ ᠠᠵᠢᠯ ᠳᠤ ᠣᠷᠣᠬᠤ ᠠᠴᠠ ᠡᠮᠦᠨ᠎ᠡ ᠲᠠᠷᠢᠶᠠᠯᠠᠩ ᠤᠨ ᠦᠢᠯᠡᠳᠪᠦᠷᠢᠯᠡᠯ ᠬᠢᠵᠦ ᠪᠠᠶᠢᠭᠰᠠᠨ ᠬᠤᠭᠤᠴᠠᠭ᠎ᠠ ᠶᠢ ᠠᠵᠢᠯᠯᠠᠭᠰᠠᠨ ᠬᠤᠭᠤᠴᠠᠭᠠᠨ ᠳᠤ ᠪᠤᠳᠤᠬᠤ ᠦᠭᠡᠢ᠃       ︵ᠭᠤᠷᠪᠠ︶ 1989 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠡᠷᠢᠭ   ᠤᠨ ᠠᠯᠪᠠ ᠠᠴᠠ ᠬᠠᠯᠠᠭᠳᠠᠭᠰᠠᠨ ᠠᠯᠪᠠᠨ ᠵᠢᠷᠤᠮ ᠤᠨ ᠴᠡᠷᠢᠭ ᠢ ᠲᠥᠪᠬᠢᠨᠡᠭᠦᠯᠬᠦ ᠲᠦᠷᠢᠮ ᠢ ᠬᠡᠷᠡᠭᠵᠢᠭᠦᠯᠬᠦ ᠨᠠᠷᠢᠨ ᠲᠦᠷᠢᠮ︾ ᠳᠤ ᠲᠣᠭᠲᠠᠭᠠᠭᠰᠠᠨ ᠨᠢ᠂ ᠴᠡᠷᠢᠭ   ᠤᠨ ᠠᠯᠪᠠ ᠠᠴᠠ ᠬᠠᠯᠠᠭᠳᠠᠭᠰᠠᠨ ᠠᠯᠪᠠᠨ ᠵᠢᠷᠤᠮ ᠤᠨ ᠴᠡᠷᠢᠭ ᠤᠨ ᠠᠵᠢᠯ ᠲᠣᠬᠢᠷᠠᠭᠤᠯᠤᠭᠰᠠᠨ ᠤ ᠳᠠᠷᠠᠭᠠᠬᠢ ᠠᠵᠢᠯᠯᠠᠭᠰᠠᠨ ᠬᠤᠭᠤᠴᠠᠭ᠎ᠠ ᠶᠢ ᠪᠤᠳᠤᠬᠤ᠄       1. ᠠᠯᠪᠠᠨ ᠵᠢᠷᠤᠮ ᠤᠨ ᠴᠡᠷᠢᠭ ᠤᠨ ᠴᠡᠷᠢᠭ ᠤᠨ ᠠᠯᠪᠠᠨ ᠤ ᠪᠠᠶᠢᠭᠤᠯᠭ᠎ᠠ ᠶᠢᠨ ᠴᠡᠷᠢᠭ ᠲᠤ ᠣᠷᠣᠬᠤ ᠶᠢ ᠵᠥᠪᠰᠢᠶᠡᠷᠡᠭᠰᠡᠨ ᠡᠳᠦᠷ ᠠᠴᠠ ᠡᠬᠢᠯᠡᠨ ᠴᠡᠷᠢᠭ ᠠᠩᠭᠢ ᠶᠢᠨ ᠴᠡᠷᠢᠭ ᠤᠨ ᠠᠯᠪᠠ ᠠᠴᠠ ᠬᠠᠯᠠᠭᠳᠠᠬᠤ ᠶᠢ ᠵᠥᠪᠰᠢᠶᠡᠷᠡᠭᠰᠡᠨ ᠬᠦᠷᠲᠡᠯᠡᠬᠢ ᠬᠤᠭᠤᠴᠠᠭ᠎ᠠ ᠶᠢ ᠠᠯᠪᠠᠨ ᠵᠢᠷᠤᠮ ᠤᠨ ᠴᠡᠷᠢᠭ ᠤᠨ  ᠴᠡᠷᠢᠭ ᠲᠤ ᠪᠠᠶᠢᠭᠰᠠᠨ ᠬᠤᠭᠤᠴᠠᠭ᠎ᠠ ᠪᠠᠷ ᠪᠤᠳᠤᠨ᠎ᠠ᠂ ᠪᠦᠬᠦᠯᠢ ᠠᠷᠪᠠᠨ ᠰᠠᠷ᠎ᠠ ᠪᠣᠯᠤᠭᠰᠠᠨ ᠪᠠᠶᠢᠪᠠᠯ᠂ ᠵᠢᠯ ᠤᠨ ᠤᠢ ᠪᠠᠷ ᠪᠤᠳᠤᠨ᠎ᠠ᠃ ᠴᠡᠷᠢᠭ   ᠤᠨ ᠠᠯᠪᠠ ᠠᠴᠠ ᠬᠠᠯᠠᠭᠳᠠᠭᠰᠠᠨ ᠤ ᠲᠡᠷᠠᠭ᠎ᠠ ᠰᠢᠨ᠎ᠡ ᠪᠠᠷ ᠬᠤᠪᠢᠶᠠᠷᠢᠯᠠᠭᠳᠠᠵᠤ ᠠᠵᠢᠯ ᠳᠤ ᠣᠷᠣᠭᠰᠠᠨ ᠪᠠᠶᠢᠪᠠᠯ᠂ ᠲᠡᠭᠦᠨ ᠤ ᠴᠡᠷᠢᠭ ᠲᠤ ᠪᠠᠶᠢᠭᠰᠠᠨ ᠬᠤᠭᠤᠴᠠᠭ᠎ᠠ ᠪᠣᠯᠤᠨ ᠨᠢᠭᠡ ᠵᠢᠯ ᠤᠨ ᠳᠣᠲᠣᠷᠠᠬᠢ ᠬᠤᠪᠢᠶᠠᠷᠢᠯᠠᠬᠤ ᠶᠢ ᠬᠦᠯᠢᠶᠡᠭᠰᠡᠨ ᠴᠠᠭ ᠢ ᠦᠷᠭᠦᠯᠵᠢᠯᠡᠨ ᠠᠵᠢᠯᠯᠠᠭᠰᠠᠨ ᠵᠢᠯ ᠢᠶᠠᠷ ᠪᠤᠳᠦᠨ᠎ᠡ᠃       2. ᠴᠡᠷᠢᠭ ᠲᠤ ᠣᠷᠣᠬᠤ ᠠᠴᠠ ᠡᠮᠦᠨ᠎ᠡ ᠤᠯᠤᠰ ᠤᠨ ᠵᠢᠩᠬᠢᠨᠢ ᠠᠵᠢᠯᠳᠠᠨ ᠠᠵᠢᠯᠴᠢᠨ᠂ ᠬᠤᠰᠢᠭᠤ ᠰᠢᠶᠠᠨ ︵ᠬᠤᠳᠠ︶ ᠠᠴᠠ ᠳᠡᠭᠡᠭᠰᠢᠬᠢ ᠬᠥᠳᠡᠯᠮᠦᠷᠢ ᠶᠢᠨ ᠰᠠᠯᠠᠭ᠎ᠠ ᠮᠥᠴᠢᠷ ᠠᠴᠠ ᠭᠠᠷᠳᠠᠮ ᠭᠦᠢᠴᠡᠳᠬᠡᠭᠰᠡᠨ ᠬᠠᠮᠲᠤ ᠶᠢᠨ ᠥᠮᠴᠢᠯᠡᠯ ᠤᠨ ᠲᠦᠷᠢᠮᠲᠦ ᠪᠣᠯᠤᠨ ᠤᠯᠤᠰ ᠤᠨ ᠡᠵᠡᠩᠨᠡᠯᠲᠡ ᠶᠢᠨ ᠭᠡᠷ᠎ᠡ ᠶᠢᠨ ᠳᠦᠷᠢᠮᠲᠦ ᠠᠵᠢᠯᠳᠠᠨ ᠠᠵᠢᠯᠴᠢᠨ ᠪᠠᠶᠢᠭᠰᠠᠨ ᠪᠣᠯ᠂  ᠲᠡᠭᠦᠨ ᠤ ᠴᠡᠷᠢᠭ ᠲᠤ ᠣᠷᠣᠬᠤ ᠠᠴᠠ ᠡᠮᠦᠨᠡᠬᠢ ᠠᠵᠢᠯᠯᠠᠭᠰᠠᠨ ᠬᠤᠭᠤᠴᠠᠭ᠎ᠠ ᠪᠣᠯᠤᠨ ᠴᠡᠷᠢᠭ ᠲᠤ ᠪᠠᠶᠢᠭᠰᠠᠨ ᠬᠤᠭᠤᠴᠠᠭ᠎ᠠ ᠶᠢ ᠬᠠᠮᠲᠤ ᠳᠤᠨᠢ ᠦᠷᠭᠦᠯᠵᠢᠯᠡᠨ ᠠᠵᠢᠯᠯᠠᠭᠰᠠᠨ ᠬᠤᠭᠤᠴᠠᠭ᠎ᠠ ᠪᠠᠷ ᠪᠤᠳᠤᠵᠤ᠂ ᠪᠠᠶᠢᠭ᠎ᠠ ᠨᠢᠭᠡᠴᠡ ᠶᠢᠨ ᠠᠵᠢᠯᠳᠠᠨ ᠠᠵᠢᠯᠴᠢᠨ  ᠲᠠᠢ ᠠᠳᠠᠯᠢ ᠲᠡᠭᠰᠢ ᠬᠠᠷᠠᠭᠠᠯᠵᠠᠯ ᠬᠥᠷᠳᠡᠨ᠎ᠡ᠃       3. ᠲᠠᠷᠢᠶᠠᠯᠠᠬᠤ ᠮᠠᠯᠵᠢᠬᠤ ᠣᠷᠤᠨ ᠤ ᠬᠠᠷᠢᠶ᠎ᠠ ᠲᠠᠢ ᠴᠡᠷᠢᠭ  ᠤᠨ ᠠᠯᠪᠠ ᠠᠴᠠ ᠬᠠᠯᠠᠭᠳᠠᠭᠰᠠᠨ ᠠᠯᠪᠠᠨ ᠵᠢᠷᠤᠮ ᠤᠨ ᠴᠡᠷᠢᠭ ᠨᠤᠲᠤᠭ ᠲᠠᠭᠠᠨ ᠪᠤᠴᠠᠭᠰᠠᠨ ᠤ ᠲᠠᠷᠠᠭ᠎ᠠ᠂ ᠬᠥᠳᠡᠯᠮᠦᠷᠢ ᠶᠢᠨ ᠰᠠᠯᠠᠭ᠎ᠠ ᠮᠥᠴᠢᠷ ᠠᠴᠠ ᠵᠢᠩᠬᠢᠨᠢ ᠪᠠᠷ ᠠᠵᠢᠯ ᠲᠣᠬᠢᠷᠠᠭᠤᠯᠵᠤ ᠥᠭᠭᠦᠭᠰᠡᠨ ᠪᠣᠯ ᠴᠡᠷᠢᠭ ᠲᠤ ᠪᠠᠶᠢᠭᠰᠠᠨ ᠬᠤᠭᠤᠴᠠᠭ᠎ᠠ ᠶᠢ ᠨᠢ ᠦᠷᠭᠦᠯᠵᠢᠯᠡᠭᠰᠡᠨ ᠴᠡᠷᠢᠭ ᠲᠤ ᠪᠠᠶᠢᠭᠰᠠᠨ ᠬᠤᠭᠤᠴᠠᠭ᠎ᠠ ︵ᠠᠵᠤ ᠠᠬᠤᠶᠢᠯᠠᠯ ᠤᠨ ᠨᠢᠭᠡᠴᠡ ᠳᠤ ᠪᠠᠶᠢᠪᠠᠯ᠂ ᠳᠠᠷᠤᠶ ᠲᠤᠰ ᠠᠵᠤ ᠠᠬᠤᠶᠢᠯᠠᠯ  ᠳᠤ ᠠᠵᠢᠯᠯᠠᠭᠰᠠᠨ ᠬᠤᠭᠤᠴᠠᠭ᠎ᠠ︶  ᠪᠠᠷ ᠪᠤᠳᠤᠨ᠎ᠠ᠃ ᠴᠡᠷᠢᠭ ᠠᠴᠠ  ᠬᠠᠯᠠᠭᠳᠠᠭᠰᠠᠨ  ᠤ ᠳᠠᠷᠠᠭ᠎ᠠ ᠠᠵᠢᠯ ᠳᠤ ᠣᠷᠣᠬᠤ ᠠᠴᠠ ᠡᠮᠦᠨ᠎ᠡ ᠲᠠᠷᠢᠶᠠᠯᠠᠩ ᠮᠠᠯ ᠠᠵᠤ ᠠᠬᠤᠶ ᠶᠢᠨ  ᠦᠢᠯᠡᠳᠪᠦᠷᠢᠯᠡᠯ  ᠡᠷᠬᠢᠯᠡᠭᠰᠡᠨ ᠴᠠᠭ ᠡᠭᠦᠨ ᠳᠤ ᠪᠠᠭᠲᠠᠬᠤ ᠥᠬᠡᠶ᠃       ︵ᠳᠥᠷᠪᠡ︶ 2001 ᠣᠨ ᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠡᠷᠢᠭ   ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢᠳ ᠢ ᠲᠥᠪᠬᠢᠨᠡᠭᠦᠯᠬᠦ ᠠᠷᠭ᠎ᠠ︾ ᠳᠤ ᠲᠣᠭᠲᠠᠭᠠᠭᠰᠠᠨ ᠨᠢ᠂       ᠴᠡᠷᠢᠭ  ᠤᠨ ᠠᠯᠪᠠ  ᠠᠴᠠ ᠬᠠᠯᠠᠭᠳᠠᠭᠰᠠᠨ ᠪᠠᠶᠢᠯᠳᠤᠭᠴᠢᠳ ᠲᠤ ᠠᠵᠢᠯ ᠲᠣᠬᠢᠷᠠᠭᠤᠯᠤᠭᠰᠠᠨ ᠤ ᠳᠠᠷᠠᠭᠠᠬᠢ  ᠠᠵᠢᠯᠯᠠᠭᠰᠠᠨ ᠬᠤᠭᠤᠴᠠᠭ᠎ᠠ ᠶᠢ ᠪᠤᠳᠤᠬᠤ ᠳᠤ ᠳᠣᠤᠷᠠᠬᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠄       1. ᠴᠡᠷᠢᠭ ᠲᠤ ᠪᠠᠶᠢᠭᠰᠠᠨ ᠬᠤᠭᠤᠴᠠᠭ᠎ᠠ ᠪᠠ ᠲᠥᠪᠬᠢᠨᠡᠭᠦᠯᠬᠦ ᠶᠢ ᠬᠦᠯᠢᠶᠡᠬᠦ ᠬᠤᠭᠤᠴᠠᠭ᠎ᠠ ᠶᠢ ᠵᠠᠯᠭᠠᠯᠳᠤᠭᠤᠯᠤᠨ ᠬᠦᠯᠢᠶᠡᠨ ᠠᠪᠤᠭᠰᠠᠨ ᠨᠢᠭᠡᠴᠡ ᠳᠤ ᠠᠵᠢᠯᠯᠠᠭᠰᠠᠨ ᠬᠤᠭᠤᠴᠠᠭ᠎ᠠ ᠪᠠᠷ ᠪᠤᠳᠤᠨ᠎ᠠ︔       2. ᠴᠡᠷᠢᠭ ᠲᠤ ᠣᠷᠣᠬᠤ ᠠᠴᠠ ᠡᠮᠦᠨ᠎ᠡ ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠶᠢᠨ ᠵᠢᠩᠬᠢᠨᠢ ᠠᠵᠢᠯᠳᠡᠠ ᠠᠵᠢᠯᠴᠢᠨ ᠪᠠᠶᠢᠭᠰᠠᠨ ᠪᠣᠯ᠂ ᠴᠡᠷᠢᠭ ᠲᠤ ᠣᠷᠣᠬᠤ ᠠᠴᠠ ᠡᠮᠦᠨᠡᠬᠢ ᠠᠵᠢᠯᠯᠠᠭᠰᠠᠨ  ᠬᠤᠭᠤᠴᠠᠭ᠎ᠠ ᠪᠣᠯᠤᠨ ᠴᠡᠷᠢᠭ ᠲᠤ  ᠪᠠᠶᠢᠭᠰᠠᠨ ᠬᠤᠭᠤᠴᠠᠭ᠎ᠠ ᠶᠢ ᠨᠢ ᠬᠠᠮᠲᠤ ᠳᠤᠨᠢ ᠦᠷᠭᠦᠯᠵᠢᠯᠡᠨ ᠠᠵᠢᠯᠯᠠᠭᠰᠠᠨ  ᠬᠤᠭᠤᠴᠠᠭ᠎ᠠ ᠪᠠᠷ ᠪᠤᠳᠦᠨ᠎ᠡ︔       3. ᠲᠠᠷᠢᠶᠠᠯᠠᠬᠤ ᠮᠠᠯᠵᠢᠬᠤ ᠣᠷᠤᠨ ᠤ ᠬᠠᠷᠢᠶ᠎ᠠ ᠲᠠᠢ ᠴᠡᠷᠢᠭ  ᠤᠨ ᠠᠯᠪᠠ ᠠᠴᠠ ᠬᠠᠯᠠᠭᠳᠠᠭᠰᠠᠳ ᠠᠵᠢᠯᠴᠢᠨ ᠢᠶᠠᠷ ᠺᠠᠳ᠋ᠷ  ᠢᠶᠠᠷ ᠡᠯᠰᠡᠭᠳᠡᠭᠰᠡᠨ ᠪᠣᠯ ᠴᠡᠷᠢᠭ ᠲᠤ ᠪᠠᠶᠢᠭᠰᠠᠨ ᠬᠤᠭᠤᠴᠠᠭ᠎ᠠ ᠶᠢ ᠨᠢ  ᠦᠷᠭᠦᠯᠵᠢᠯᠡᠨ ᠠᠵᠢᠯᠯᠠᠭᠰᠠᠨ ᠬᠤᠭᠤᠴᠠᠭ᠎ᠠ ᠳᠤ ᠨᠡᠶᠢᠯᠡᠭᠦᠯᠵᠦ ᠪᠤᠳᠤᠨ᠎ᠠ᠂ ᠭᠡᠬᠦ ᠳᠡᠭᠡᠨ ᠴᠡᠷᠢᠭ ᠤᠨ ᠠᠯᠪᠠ ᠠᠴᠠ ᠬᠠᠯᠠᠭᠳᠠᠭᠰᠠᠨ ᠠᠴᠠ ᠠᠪᠤᠭᠠᠳ ᠵᠢᠩᠬᠢᠨᠢ ᠪᠠᠷ ᠠᠵᠢᠯᠯᠠᠬᠤ ᠠᠴᠠ  ᠡᠮᠦᠨ᠎ᠡ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ  ᠡᠷᠬᠢᠯᠡᠭᠰᠡᠨ ᠴᠠᠭ ᠬᠤᠭᠤᠴᠠᠭ᠎ᠠ ᠶᠢ ᠠᠵᠢᠯᠯᠠᠭᠰᠠᠨ ᠬᠤᠭᠤᠴᠠᠭᠠᠨ ᠳᠤ ᠪᠤᠳᠤᠵᠤ ᠣᠷᠣᠭᠤᠯᠬᠤ ᠥᠭᠡᠢ᠃       13. ᠬᠠᠮᠢᠶᠠᠷᠤᠭᠴᠢ      ᠬᠥᠬᠡᠬᠤᠲᠠ ᠶᠢᠨ ᠴᠡᠷᠢᠭ ᠤᠨ ᠠᠯᠪᠠ  ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ  ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠹᠦ᠋ ᡁᠢ ᠶᠦᠩ᠂ ᠰᠢᠯᠵᠢᠭᠦᠯᠦᠨ ᠲᠤᠰᠢᠶᠠᠵᠤ ᠲᠥᠪᠬᠢᠨᠡᠭᠦᠯᠬᠦ ᠪᠠ ᠴᠡᠷᠢᠭ ᠤᠨ ᠠᠮᠠᠷᠠᠯᠲᠠ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠰᠠᠯᠠᠭᠠᠨ ᠤ ᠭᠤᠸᠠᠨ ᠲᠤᠤ ᠰᠠᠯᠠᠭᠠᠨ ᠳᠠᠷᠤᠭ᠎ᠠ ᠳᠤ ᠪᠠᠶᠠᠷᠯᠠᠯ᠎ᠠ᠂ ᠰᠦᠯᠵᠢᠶᠡᠨ ᠠᠨᠳᠠ ᠨᠠᠷ ᠤᠨ  ᠠᠩᠬᠠᠷᠤᠯ ᠢᠶᠠᠨ ᠬᠠᠨᠳᠤᠭᠤᠯᠵᠤ ᠤᠷᠤᠯᠴᠤᠭᠰᠠᠨ ᠳᠤ ᠪᠠᠶᠠᠷᠯᠠᠯ᠎ᠠ᠂ ᠲᠣᠰ  ᠤᠳᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠥᠨᠳᠦᠷᠯᠡᠯ᠎ᠡ᠂ ᠪᠠᠶᠠᠷᠯᠠᠯ᠎ᠠ᠃
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ