ᠪᠦᠬᠦ ᠬᠤᠲᠠ ᠶᠢᠨ ᠪᠠᠭᠰᠢ ᠶᠢᠨ ᠬᠡᠪ ᠰᠤᠷᠲᠠᠯ ᠢ ᠲᠤᠰᠬᠠᠶᠢᠯᠠᠨ ᠵᠠᠰᠠᠬᠤ ᠠᠵᠢᠯ ᠤᠨ ᠬᠤᠷᠠᠯ ᠬᠤᠷᠠᠯᠳᠤᠪᠠ  ᠼᠤᠤ ᠰᠧ ᠶᠠᠩ ᠣᠷᠣᠯᠴᠠᠪᠠ
ᠨᠡᠶᠢᠲᠡᠯᠡᠭᠰᠡᠨ ᠴᠠᠭ᠄
2021/8/9
      ︵ᠰᠤᠷᠪᠤᠯᠵᠢᠯᠠᠭᠴᠢ ᠮᠢᠶᠣᠣ ᠰᠢᠨ︶ 8 ᠳ᠋ᠤᠭᠠᠷ ᠰᠠᠷ᠎ᠠ ᠶᠢᠨ 8 ᠤ ᠡᠳᠦᠷ᠂ ᠪᠦᠬᠦ ᠬᠤᠳᠠ ᠶᠢᠨ ᠪᠠᠭᠰᠢ ᠶᠢᠨ ᠬᠡᠪ ᠰᠤᠷᠲᠠᠯ ᠢ ᠲᠤᠰᠬᠠᠶᠢᠯᠠᠨ ᠵᠠᠰᠠᠬᠤ ᠠᠵᠢᠯ ᠤᠨ ᠬᠤᠷᠠᠯ ᠬᠤᠷᠠᠯᠳᠤᠪᠠ᠃ ᠬᠤᠷᠠᠯ ᠤᠨ ᠭᠤᠣᠯ ᠡᠭᠦᠷᠭᠡ ᠨᠢ ᠶᠡᠷᠦᠩᠬᠡᠢ ᠱᠦᠵᠢ ᠰᠢ ᠶᠢᠨ ᠫᠢᠩ ᠤᠨ ᠪᠠᠭᠰᠢ ᠶᠢᠨ ᠬᠡᠪ ᠰᠤᠷᠲᠠᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠪᠠᠭᠰᠢ ᠶᠢᠨ ᠬᠡᠪ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠵᠤ᠂ ᠮᠠᠨ ᠤ ᠬᠤᠳᠠ ᠶᠢᠨ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠪᠠᠭᠰᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠡᠪ ᠴᠢᠨᠠᠷ ᠪᠣᠯᠤᠨ ᠠᠵᠢᠯ ᠮᠡᠷᠭᠡᠵᠢᠯ ᠤᠨ ᠶᠣᠰᠣ ᠮᠣᠷᠠᠯ ᠤᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃       ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠼᠤᠤ ᠰᠧ ᠶᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠶ᠃       ᠬᠤᠷᠠᠯ ᠠᠴᠠ ᠮᠠᠨ ᠤ ᠬᠤᠲᠠ ᠶᠢᠨ ᠣᠶᠢᠷ᠎ᠠ ᠶᠢᠨ ᠬᠤᠭᠤᠴᠠᠭᠠᠨ ᠤ ᠪᠠᠭᠰᠢ ᠶᠢᠨ ᠶᠣᠰᠣ ᠰᠤᠷᠲᠠᠯ ᠤᠨ ᠵᠢᠷᠤᠮᠵᠢᠯ ᠢᠶᠠᠨ ᠠᠯᠳᠠᠭᠰᠠᠨ ᠠᠵᠢᠯᠯᠠᠭ᠎ᠠ ᠶᠢ ᠰᠢᠢᠳᠪᠦᠷᠢᠯᠡᠭᠰᠡᠨ ᠪᠠᠶᠢᠳᠠᠯ ᠢ ᠮᠡᠳᠡᠭᠳᠡᠨ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠵᠤ᠂ ᠬᠤᠲᠠ ᠶᠢᠨ ᠳᠥᠷᠪᠡᠨ ᠲᠣᠭᠤᠷᠢᠭ ᠤᠨ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠠᠶ᠃       ᠼᠤᠤ ᠰᠧ ᠶᠠᠩ ᠪᠠᠭᠰᠢ ᠶᠢᠨ ᠬᠡᠪ ᠰᠤᠷᠲᠠᠯ ᠤᠨ ᠪᠠᠶᠢᠭᠤᠯᠤᠯᠲᠠ ᠶᠢᠨ ᠲᠣᠭᠤᠷᠢᠨ ᠳᠤ᠂ ᠶᠠᠭᠠᠬᠢᠵᠤ ᠦᠵᠡᠬᠦ᠂ ᠶᠠᠭᠠᠬᠢᠵᠤ ᠬᠢᠬᠦ᠂ ᠶᠠᠭᠠᠬᠢᠵᠤ ᠠᠳᠬᠤᠬᠤ ᠭᠤᠷᠪᠠᠨ ᠲᠠᠯ᠎ᠠ ᠪᠠᠷ ᠭᠦᠨᠵᠡᠭᠡᠢ ᠵᠠᠳᠠᠯᠤᠯᠲᠠ ᠬᠢᠭᠰᠡᠨ ᠪᠥᠭᠡᠳ ᠪᠣᠳᠠᠲᠠᠢ ᠠᠵᠢᠯ ᠤᠨ ᠱᠠᠭᠠᠷᠳᠠᠯᠭ᠎ᠠ ᠳᠤᠷᠠᠳᠴᠠᠢ᠃ ᠲᠡᠷᠡ ᠵᠢᠭᠠᠬᠤ ᠳᠠᠭᠠᠨ᠂ ᠥᠷᠭᠡᠨ ᠣᠯᠠᠨ ᠪᠠᠭᠰᠢ ᠨᠠᠷ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠡᠷᠡᠰ ᠲᠤᠭᠤᠰᠢᠯᠠᠭᠤᠯᠵᠤ᠂ ᠪᠢᠴᠢᠭ ᠵᠢᠭᠠᠨ ᠬᠥᠮᠦᠨ ᠢ ᠬᠥᠮᠥᠵᠢᠭᠦᠯᠵᠦ᠂ ᠬᠢᠴᠢᠶᠡᠩᠭᠦᠶᠢᠯᠡᠨ ᠵᠢᠳᠬᠦᠵᠦ᠂ ᠲᠥᠪ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠴᠢᠬᠤᠯᠠ ᠶᠡᠭᠡ ᠬᠤᠪᠢ ᠨᠡᠮᠡᠷᠢ ᠦᠵᠡᠭᠦᠯᠵᠦ ᠂ ᠰᠣᠷᠣᠭᠴᠢ ᠶᠢᠨ ᠬᠡᠷ ᠤᠨ ᠠᠬᠠᠮᠠᠳ ᠤᠨ ᠴᠢᠩ ᠰᠡᠳᠬᠢᠯ ᠤᠨ ᠬᠠᠶᠢᠷ᠎ᠠ ᠬᠦᠨᠳᠦᠳᠬᠡᠯ ᠪᠠ ᠨᠡᠶᠢᠭᠡᠮ ᠨᠡᠶᠢᠲᠡ ᠶᠢᠨ ᠬᠦᠨᠳᠦᠳᠬᠡᠯ ᠢ ᠣᠯᠤᠭᠰᠠᠨ ᠪᠠᠶᠢᠨ᠎ᠠ᠃ ᠭᠡᠪᠡᠴᠦ᠂ ᠣᠶᠢᠷ᠎ᠠ ᠶᠢᠨ ᠬᠤᠭᠤᠴᠠᠭᠠᠨ ᠳᠤ ᠮᠠᠨ ᠤ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠳᠤ ᠡᠭᠦᠰᠦᠭᠰᠡᠨ ᠪᠠᠭᠰᠢ ᠶᠢᠨ ᠶᠣᠰᠣ ᠰᠤᠷᠲᠠᠯ ᠤᠨ ᠵᠢᠷᠤᠮᠵᠢᠯ ᠢᠶᠠᠨ ᠠᠯᠳᠠᠭᠰᠠᠨ ᠬᠡᠷᠡᠭ ᠠᠴᠠ ᠦᠵᠡᠪᠡᠯ᠂ ᠮᠠᠨ ᠤ ᠬᠤᠲᠠ ᠶᠢᠨ ᠪᠠᠭᠰᠢ ᠶᠢᠨ ᠬᠡᠪ ᠰᠤᠷᠲᠠᠯ ᠤᠨ ᠪᠠᠶᠢᠭᠤᠯᠤᠯᠲᠠ ᠶᠢᠨ ᠰᠠᠭᠤᠷᠢ ᠪᠠᠰᠠ ᠨᠡᠯᠢᠶᠡᠳ ᠪᠠᠭᠤᠷᠠᠶ ᠪᠠᠶᠢᠵᠤ᠂ ᠪᠠᠭᠰᠢ ᠶᠢᠨ ᠬᠡᠪ ᠰᠤᠷᠲᠠᠯ ᠤᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠪᠠᠰᠠ ᠪᠠᠬᠢᠵᠢᠭᠦᠯᠬᠦ ᠴᠢᠬᠤᠯᠠᠲᠠᠶ ᠂ ᠬᠡᠪ ᠰᠤᠷᠲᠠᠯ ᠤᠨ ᠪᠠᠶᠢᠭᠤᠯᠤᠯᠲᠠ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠬᠡᠷᠡᠭᠲᠡᠶ ᠪᠠᠶᠢᠨ᠎ᠠ ᠭᠡᠵᠡᠢ᠃      ᠼᠤᠤ ᠰᠧ ᠶᠠᠩ ᠴᠢᠬᠤᠯᠠᠴᠢᠯᠠᠬᠤ ᠳᠠᠭᠠᠨ᠂ ᠡᠷᠬᠡᠪᠰᠢ ᠪᠠᠶᠢᠯᠳᠤᠬᠤ ᠪᠤᠳᠤᠯᠭ᠎ᠠ ᠪᠠ ᠪᠦᠬᠦ ᠲᠠᠯ᠎ᠠ ᠶᠢᠨ ᠥᠨᠳᠦᠷᠴᠡ ᠠᠴᠠ ᠪᠠᠭᠰᠢ ᠶᠢᠨ ᠬᠡᠪ ᠰᠤᠷᠲᠠᠯ ᠤᠨ ᠪᠠᠶᠢᠭᠤᠯᠤᠯᠲᠠ ᠶᠢᠨ ᠲᠦᠢᠯ ᠤᠨ ᠴᠢᠬᠤᠯᠠ ᠴᠢᠨᠠᠷ ᠢ ᠲᠠᠨᠢᠵᠤ᠂ ᠪᠠᠭᠰᠢ ᠶᠢᠨ ᠬᠡᠪ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠢ ᠴᠢᠬᠤᠯᠠ ᠥᠭᠦᠯᠡᠯᠲᠡ ᠶᠢ ᠲᠤᠭᠤᠰᠢᠯᠠᠭᠤᠯᠬᠤ ᠦᠢᠯᠡᠳᠦᠯᠭᠡ ᠶᠢᠨ ᠱᠠᠭᠠᠷᠳᠠᠯᠭ᠎ᠠ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠪᠠ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠤᠯᠭᠠᠮ᠎ᠠ ᠱᠠᠭᠠᠷᠳᠠᠯᠭ᠎ᠠ᠂ ᠰᠢᠨ᠎ᠡ ᠴᠠᠭ ᠦᠶ᠎ᠡ ᠶᠢᠨ ᠠᠷᠠᠳ ᠤᠨ ᠪᠠᠭᠰᠢ ᠶᠢᠨ ᠰᠢᠨ᠎ᠡ ᠲᠦᠷᠢ ᠲᠥᠷᠬᠦ ᠰᠢᠨ᠎ᠡ ᠵᠢᠳᠬᠦᠯ ᠴᠢᠷᠮᠠᠶᠢᠯᠭ᠎ᠠ ᠶᠢ ᠬᠠᠷᠠᠭᠤᠯᠬᠤ ᠶᠢᠨ ᠴᠢᠬᠤᠯᠠ ᠪᠠᠲᠤᠯᠠᠭ᠎ᠠ ᠮᠥᠨ ᠭᠡᠳᠡᠭ ᠢ ᠭᠦᠨᠵᠡᠭᠡᠢ ᠲᠠᠨᠢᠬᠤ ᠬᠡᠷᠡᠭᠲᠡᠢ᠃ ᠡᠶᠢᠮᠦ ᠠᠴᠠ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠂ ᠪᠠᠭᠰᠢ ᠶᠢᠨ ᠬᠡᠪ ᠰᠤᠷᠲᠠᠯ ᠪᠣᠯᠪᠠᠰᠤᠷᠠᠯ ᠢ ᠦᠨᠡᠯᠡᠨ ᠰᠢᠯᠭᠠᠬᠤ᠂ ᠪᠠᠭᠰᠢ ᠶᠢ ᠬᠦᠨᠳᠦᠳᠬᠡᠨ ᠰᠤᠷᠭᠠᠨ ᠬᠥᠮᠦᠵᠢᠯ ᠢ ᠴᠢᠬᠤᠯᠠᠴᠢᠯᠠᠬᠤ ᠰᠢᠯᠢᠳᠡᠭ ᠤᠯᠠᠮᠵᠢᠯᠠᠯ᠂ ᠪᠠᠭᠰᠢ ᠶᠢᠨ ᠬᠡᠪ ᠰᠤᠷᠲᠠᠯ ᠢ ᠲᠤᠰᠬᠠᠶᠢᠯᠠᠨ ᠴᠡᠭᠴᠡᠯᠡᠨ ᠵᠠᠰᠠᠬᠤ ᠶᠢ ᠴᠢᠩᠭ᠎ᠠ ᠠᠳᠬᠤᠬᠤ ᠬᠡᠷᠡᠭᠲᠡᠶ᠃ ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠢᠭᠡᠳᠦᠯᠲᠡᠶ ᠲᠥᠯᠥᠪᠯᠡᠨ ᠳᠣᠭᠢᠷᠠᠭᠤᠯᠵᠤ᠂ ᠯᠠᠪᠳᠠᠭᠤᠨ ᠪᠠᠲᠤᠲᠠᠶ ᠳᠥᠯᠭᠢᠨ ᠠᠬᠢᠭᠤᠯᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠦᠷᠢᠨ ᠪᠦᠲᠦᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠬᠦᠯᠵᠦ᠂ ︽ᠬᠠᠷᠢᠭᠤᠴᠠᠯᠭ᠎ᠠ ᠪᠠᠶᠢᠪᠠᠯ ᠵᠠᠪᠠᠯ ᠭᠦᠢᠴᠡᠳᠬᠡᠬᠦ᠂ ᠬᠠᠷᠢᠭᠤᠴᠠᠯᠭ᠎ᠠ ᠠᠯᠳᠠᠪᠠᠯ ᠵᠠᠪᠠᠯ ᠨᠡᠬᠡᠮᠵᠢᠯᠡᠬᠦ᠂ ᠬᠠᠷᠢᠭᠤᠴᠠᠯᠭ᠎ᠠ ᠨᠡᠬᠡᠮᠵᠢᠯᠡᠬᠦ ᠶᠢ ᠵᠠᠪᠠᠯ ᠴᠢᠩᠭ᠎ᠠ ᠪᠠᠶᠢᠯᠭᠠᠬᠤ︾ ᠶᠢ ᠭᠦᠢᠴᠡᠳᠬᠡᠵᠦ᠂ ᠪᠠᠭᠰᠢ ᠶᠢᠨ ᠬᠡᠪ ᠰᠤᠷᠲᠠᠯ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠡᠭᠦᠷᠭᠡ ᠶᠢ ᠦᠨᠡᠨᠬᠦ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠶ ᠭᠡᠵᠡᠢ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ