︽ᠬᠥᠬᠡᠬᠤᠲᠠ ᠶᠢᠨ 2021 ᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠭᠤᠣᠯᠳᠠᠯᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2021/8/9
           ᠬᠦᠬᠡᠬᠤᠲᠠ ᠵᠠᠰᠠᠭ ᠠᠯᠪᠠᠨ ᠲᠠᠷᠬᠠᠭᠠᠭᠰᠠᠨ︹ 2021 ︺49 ᠳ᠋ᠦ᠋ᠭᠡᠷ ᠲᠤᠭᠠᠲᠤ           2020 ᠣᠨ ᠤ 6 ᠰᠠᠷ᠎ᠠ ᠶᠢᠨ 16 ᠤ ᠡᠳᠦᠷᠬᠤᠲᠠ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠤᠳᠤᠷᠢᠳᠬᠤ ᠳᠤᠭᠤᠶᠢᠯᠠᠩ ᠤᠨ ᠡᠯ᠎ᠡ ᠭᠡᠰᠢᠭᠦᠨ ᠨᠢᠭᠡᠴᠡ ᠳᠤ᠄       ︽ᠬᠥᠬᠡᠬᠤᠲᠠ ᠶᠢᠨ 2021 ᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠭᠤᠤᠯᠳᠠᠯᠭ᠎ᠠ︾ ᠶᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠣᠨ ᠨᠠᠶᠢᠳᠠᠪᠤᠷᠢᠵᠢᠭᠤᠯᠲᠤᠭᠠᠶ᠃      ᠬᠥᠬᠡᠬᠤᠲᠠ ᠶᠢᠨ 2021 ᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠭᠤᠤᠯᠳᠠᠯᠭ᠎ᠠ      2021 ᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠮᠥᠨ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠮᠥᠨ᠃ ᠡᠨᠡ ᠵᠢᠯ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠭᠤᠣᠯ ᠠᠵᠢᠯ ᠤᠨ ᠲᠣᠭᠤᠷᠢᠨ ᠳᠤ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠣᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠨ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠭᠦᠨᠵᠡᠭᠡᠶᠢᠷᠡᠭᠦᠯᠵᠦ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠲᠦᠷᠭᠡᠨ ᠬᠤᠪᠢᠷᠠᠭᠤᠯᠵᠤ᠂ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ ᠪᠠ ᠬᠠᠮᠢᠶᠠᠷᠤᠯᠲᠠ ᠦᠢᠯᠡᠴᠢᠯᠡᠭᠡ ᠶᠢ ᠨᠡᠩ ᠢᠯᠡ ᠲᠣᠳᠣ ᠵᠢᠷᠤᠮᠵᠢᠯ ᠲᠠᠢ ᠪᠣᠯᠭᠠᠵᠤ᠂ ᠮᠠᠨ ᠤ ᠬᠤᠲᠠ ᠶᠢᠨ ᠵᠠᠰᠠᠯᠲᠠ ᠶᠢᠨ ᠰᠢᠰᠲ᠋ᠧᠮᠵᠢ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ᠃       ᠨᠢᠭᠡ᠂ ᠭᠤᠣᠯᠳᠠᠯᠭ᠎ᠠ ᠲᠠᠢ ᠠᠵᠢᠯ ᠤᠨ ᠮᠡᠳᠡᠭᠡ ᠵᠠᠩᠭᠢ ᠶᠢ ᠢᠯᠡ ᠪᠣᠯᠭᠠᠬᠤ ᠶᠢ ᠦᠷᠭᠦᠯᠵᠢᠯᠡᠨ ᠭᠦᠨᠵᠡᠭᠡᠶᠢᠷᠡᠭᠦᠯᠬᠦ ᠬᠡᠷᠡᠭᠲᠡᠢ       ︵ᠨᠢᠭᠡ︶ ᠡᠯ᠎ᠡ ᠲᠥᠷᠥᠯ ᠤᠨ ᠲᠥᠯᠥᠪᠵᠢᠭᠦᠯᠭᠡ ᠶᠢᠨ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠥᠲᠥᠯᠪᠦᠷᠢ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ᠂ ᠲᠤᠰᠬᠠᠶ ᠵᠦᠢᠯ ᠤᠨ ᠲᠥᠯᠥᠪᠵᠢᠭᠦᠯᠭᠡ ᠪᠠ ᠣᠷᠣᠨ ᠪᠦᠰᠡ ᠶᠢᠨ ᠲᠥᠯᠥᠪᠵᠢᠭᠦᠯᠭᠡ ᠵᠡᠷᠭᠡ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠬᠡᠷᠡᠭᠲᠡᠢ᠃ ᠡᠭᠦᠨ ᠤ ᠬᠠᠮᠲᠤ᠂ ᠲᠡᠤᠬᠡ ᠶᠢᠨ ᠲᠥᠯᠥᠪᠵᠢᠭᠦᠯᠭᠡ ︵ᠲᠥᠯᠥᠪᠯᠡᠭᠡ︶ ᠶᠢ ᠴᠤᠭᠯᠠᠭᠤᠯᠤᠨ ᠡᠮᠬᠢᠳᠬᠡᠬᠦ ᠪᠠ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠠᠵᠢᠯ ᠢ ᠰᠠᠶᠢᠲᠤᠷ ᠬᠢᠵᠦ᠂ ᠲᠥᠪᠯᠡᠷᠡᠭᠦᠯᠦᠨ ᠨᠢᠭᠡᠳᠦᠯᠲᠡᠶ ᠭᠠᠳᠠᠭᠰᠢ ᠢᠯᠡ ᠪᠣᠯᠭᠠᠵᠤ᠂ ᠪᠥᠬᠦ ᠨᠡᠶᠢᠭᠡᠮ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠠᠵᠢᠯ ᠢ ᠬᠠᠯᠠᠮᠵᠢᠯᠠᠨ ᠳᠡᠮᠵᠢᠬᠦ ᠶᠢ ᠨᠠᠩ ᠰᠠᠶᠢᠲᠤᠷ ᠬᠥᠲᠥᠯᠦᠨ ᠵᠢᠯᠣᠭᠤᠳᠬᠤ ᠬᠡᠷᠡᠭᠲᠡᠢ᠃ ᠡᠯ᠎ᠡ ᠲᠥᠷᠥᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠬᠢᠨᠠᠨ ᠵᠥᠪᠰᠢᠶᠡᠷᠡᠬᠦ ᠪᠠᠶᠢᠭᠤᠯᠭ᠎ᠠ ᠲᠥᠯᠥᠪᠵᠢᠭᠦᠯᠭᠡ ᠶᠢᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢᠨ ᠦᠨᠡᠯᠡᠯᠲᠡ ᠶᠢᠨ ᠬᠠᠮᠢᠶ᠎ᠠ ᠪᠥᠬᠦᠶ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠬᠡᠷᠡᠭᠲᠡᠢ᠃       ︵ᠬᠤᠶᠠᠷ︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠶᠢᠨ ᠮᠡᠳᠡᠭᠡ ᠵᠠᠩᠭᠢ ᠶᠢ ᠢᠯᠡ ᠪᠣᠯᠭᠠᠬᠤ ᠶᠢ ᠨᠠᠷᠢᠯᠢᠭᠵᠢᠭᠤᠯᠬᠤ ᠬᠡᠷᠡᠭᠲᠡᠢ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠢᠯᠡ ᠨᠡᠶᠢᠲᠡᠯᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠰᠠᠶᠢᠲᠤᠷ ᠬᠢᠨ᠎ᠠ᠃ ︽ᠳᠥᠷᠪᠡᠨ ᠭᠦᠢᠴᠡᠳᠬᠡᠬᠦ︾ ᠠᠵᠢᠯ ᠤᠨ ᠲᠣᠭᠤᠷᠢᠨ ᠳᠤ ︵︽ᠮᠥᠩᠭᠡ ᠰᠤᠪᠠᠭ ᠤᠨ ᠨᠢᠭᠡ ᠰᠦᠯᠵᠢᠶᠡᠨ ᠢᠶᠠᠷ ᠬᠦᠢᠴᠡᠳᠬᠡᠬᠦ︾ ︽ᠮᠥᠩᠭᠡ ᠰᠤᠪᠠᠭ ᠤᠨ ᠠᠯᠠᠭᠠᠨ ᠳᠡᠭᠡᠷ᠎ᠡ ᠬᠦᠢᠴᠡᠳᠬᠡᠬᠦ︾ ︽ᠮᠥᠩᠭᠡ ᠰᠤᠪᠠᠭ ᠤᠨ ᠨᠢᠭᠡ ᠯᠡ ᠤᠳᠠᠭ᠎ᠠ ᠳᠤ ᠬᠦᠢᠴᠡᠳᠬᠡᠬᠦ︾ ︽ᠮᠥᠩᠭᠡ ᠰᠤᠪᠠᠭ ᠤᠨ ᠲᠠᠨ ᠢ ᠬᠠᠪᠰᠤᠷᠤᠨ ᠭᠦᠢᠴᠡᠳᠬᠡᠬᠦ︾︶᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠢᠯᠡ ᠲᠣᠳᠣ ᠶᠢᠨ ᠬᠡᠮᠵᠢᠶ᠎ᠡ ᠲᠥᠬᠦᠮ ᠦᠵᠡᠭᠦᠯᠬᠦ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽12345︾ ᠬᠠᠯᠠᠮᠰᠢᠯ ᠤᠲᠠᠰᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠯᠠᠪᠤᠷ ᠭᠠᠵᠠᠷ ᠪᠠ ᠵᠠᠰᠠᠭ ᠤᠨ ᠣᠷᠳᠣᠨ ᠤ ᠰᠦᠯᠵᠢᠶ᠎ᠡ ᠳᠤ ᠲᠦᠰᠢᠭᠯᠡᠨ᠂ ᠠᠵᠤ ᠠᠬᠤᠶᠢᠯᠠᠯ ᠪᠠ ᠣᠯᠠᠨ ᠲᠦᠮᠡᠨ ᠳᠤ ︽ᠨᠢᠭᠡ ᠥᠷᠲᠡᠭᠡ ᠮᠠᠶ᠋ᠢᠭ︾ ᠤᠨ ᠮᠡᠳᠡᠭᠡ ᠵᠠᠩᠭᠢ ᠶᠢ ᠢᠯᠡ ᠪᠣᠯᠭᠠᠬᠤ ᠦᠢᠯᠡᠴᠢᠯᠡᠭᠡ ᠬᠠᠩᠭᠠᠨ᠎ᠠ᠃ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠵᠢᠴᠢ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠪᠣᠯᠭᠠᠬᠤ ᠡᠷᠴᠢᠮ ᠢ ᠴᠢᠩᠭᠠᠷᠠᠭᠤᠯᠵᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠥᠷᠥ ᠶᠢᠨ ᠪᠣᠳᠣᠯᠭ᠎ᠠ ᠶᠢᠨ ᠳᠣᠬᠢᠶ᠎ᠠ ᠶᠢ ᠨᠠᠩ ᠪᠥᠬᠦ ᠲᠠᠯ᠎ᠠ ᠪᠠᠷ᠂ ᠲᠣᠳᠣᠷᠬᠠᠶ᠂ ᠣᠨᠣᠪᠴᠢᠲᠠᠶ ᠳᠠᠮᠵᠢᠭᠤᠯᠵᠤ᠂ ᠦᠨᠡᠨᠴᠢ ᠢᠲᠡᠭᠡᠮᠵᠢᠲᠡᠶ ᠪᠥᠭᠡᠳ ᠬᠠᠤᠯᠢ ᠶᠢ ᠰᠠᠬᠢᠬᠤ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠣᠶ ᠪᠣᠯᠭᠠᠬᠤ ᠬᠡᠷᠡᠭᠲᠡᠢ᠃       ︵ᠭᠤᠷᠪᠠ︶ ᠡᠳ᠋ ᠤᠨ ᠵᠠᠰᠠᠭ ᠤᠨ ᠪᠠᠯᠠ ᠮᠥᠩᠭᠦ ᠶᠢᠨ ᠬᠦᠷᠢᠶᠡᠨ ᠳᠠᠬᠢ ᠮᠡᠳᠡᠭᠡ ᠵᠠᠩᠭᠢ ᠶᠢ ᠢᠯᠡ ᠪᠣᠯᠭᠠᠬᠤ ᠶᠢ ᠭᠦᠨᠵᠡᠭᠡᠶᠢᠷᠡᠭᠦᠯᠬᠦ ᠬᠡᠷᠡᠭᠲᠡᠢ᠃ ᠲᠥᠰᠦᠪ ᠪᠠ ᠲᠥᠰᠦᠪ ᠤᠨ ᠭᠦᠢᠴᠡᠳᠬᠡᠯ ᠢ ᠢᠯᠡ ᠪᠣᠯᠭᠠᠬᠤ ᠬᠡᠪᠴᠢᠶ᠎ᠡ ᠶᠢ ᠯᠠᠪᠳᠠᠭᠤᠨ ᠢᠶᠠᠷ ᠥᠷᠭᠡᠳᠬᠡᠵᠦ᠂ ᠰᠠᠯᠠᠭ᠎ᠠ ᠮᠥᠴᠢᠷ ᠤᠨ ᠬᠠᠷᠢᠶ᠎ᠠ ᠨᠢᠭᠡᠴᠡ ᠶᠢᠨ ᠲᠥᠰᠦᠪ᠂ ᠲᠥᠰᠦᠪ ᠤᠨ ᠭᠦᠢᠴᠡᠳᠬᠡᠯ ᠵᠢᠴᠢ ᠬᠤᠯᠪᠣᠭᠳᠠᠯ ᠪᠦᠬᠦᠢ ᠮᠡᠳᠡᠭᠦᠯᠦᠯᠲᠡ ᠶᠢᠨ ᠬᠦᠰᠦᠨᠦᠭᠲᠦ ᠶᠢ ᠢᠯᠡ ᠪᠣᠯᠭᠠᠬᠤ ᠶᠢ ᠲᠦᠯᠬᠢᠨ ᠠᠬᠢᠭᠤᠯᠬᠤ ᠬᠡᠷᠡᠭᠲᠡᠢ᠃ ︽︿ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠮᠡᠳᠡᠭᠡ ᠵᠠᠩᠭᠢ ᠶᠢ ᠢᠯᠡ ᠪᠣᠯᠭᠠᠬᠤ ᠠᠷᠭ᠎ᠠ ︵ᠲᠤᠷᠰᠢᠨ ᠬᠡᠷᠡᠭᠵᠢᠭᠦᠯᠬᠦ︶﹀ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠡᠳ᠋ ᠤᠨ ᠵᠠᠰᠠᠭ ᠲᠥᠰᠥᠪ︹ 2018 ︺ 209 ᠳ᠋ᠦ᠋ᠭᠡᠷ ᠲᠣᠭᠠᠲᠤ︶ ᠢ ᠬᠢᠨᠠᠮᠠᠭᠠᠶ ᠨᠠᠶᠢᠳᠠᠪᠤᠷᠢᠵᠢᠭᠤᠯᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠢᠵᠠᠭᠠᠷ ᠲᠤᠭ᠎ᠠ᠂ ᠦᠯᠡᠳᠡᠪᠦᠷᠢ ᠲᠤᠭ᠎ᠠ᠂ ᠲᠠᠷᠬᠠᠭᠠᠯᠲᠠ᠂ ᠲᠥᠷᠥᠯ ᠵᠦᠢᠯ᠂ ᠬᠤᠭᠤᠴᠠᠭ᠎ᠠ᠂ ᠬᠦᠤ ᠨᠣᠷᠮ᠎ᠠ᠂ ᠳᠥᠯᠥᠬᠦ ᠲᠥᠯᠥᠪᠯᠡᠭᠡ᠂ ᠳᠥᠯᠥᠬᠦ ᠪᠠᠯᠠ ᠮᠥᠩᠭᠦ ᠶᠢᠨ ᠢᠷᠡᠯᠲᠡ ᠵᠡᠷᠭᠡ ᠮᠡᠳᠡᠭᠡ ᠵᠠᠩᠭᠢ ᠶᠢ ᠲᠣᠭᠲᠠᠮᠠᠯ ᠬᠤᠭᠤᠴᠠᠭ᠎ᠠ ᠲᠠᠢ ᠪᠠᠷ ᠢᠯᠡ ᠪᠣᠯᠭᠠᠬᠤ ᠬᠡᠷᠡᠭᠲᠡᠢ᠃ ᠰᠢᠭᠤᠳ ᠪᠠᠭᠤᠯᠭᠠᠭᠰᠠᠨ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠤᠬᠠᠶ ᠡᠳ᠋ ᠤᠨ ᠵᠠᠰᠠᠭ ᠤᠨ ᠶᠠᠮᠤᠨ ᠤ ᠬᠤᠯᠪᠣᠭᠳᠠᠯ ᠪᠥᠬᠦᠶ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠠᠷᠠᠳ ᠲᠤ ᠠᠰᠢᠭ ᠬᠦᠷᠲᠡᠭᠡᠬᠦ ᠲᠠᠷᠢᠶᠠᠯᠠᠩ ᠮᠠᠯ ᠠᠵᠤ ᠠᠬᠤᠶ ᠳᠤ ᠠᠰᠢᠭ ᠬᠦᠷᠲᠡᠭᠡᠬᠦ ᠰᠢᠭᠤᠳ ᠪᠠᠭᠤᠯᠭᠠᠭᠰᠠᠨ ᠪᠠᠯᠠ ᠮᠥᠩᠭᠦ ᠶᠢ ᠬᠤᠪᠢᠶᠠᠷᠢᠯᠠᠨ ᠬᠡᠷᠡᠭᠯᠡᠵᠦ ᠪᠠᠶᠢᠭ᠎ᠠ ᠪᠠᠶᠢᠳᠠᠯ ᠢ ᠢᠯᠡ ᠪᠣᠯᠭᠠᠬᠤ ᠶᠢ ᠰᠠᠶᠢᠲᠤᠷ ᠬᠢᠵᠦ᠂ ᠨᠡᠶᠢᠭᠡᠮ ᠨᠡᠶᠢᠲᠡ ᠶᠢᠨ ᠲᠤᠰᠬᠠᠭᠰᠠᠨ ᠪᠠᠶᠢᠳᠠᠯ ᠳᠤ ᠴᠠᠭ ᠲᠤᠬᠠᠶ ᠳᠤᠨᠢ ᠬᠠᠷᠢᠭᠤ ᠥᠭᠴᠦ᠂ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃       ︵ᠳᠥᠷᠪᠡ︶ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠭᠡ ᠵᠠᠩᠭᠢ ᠶᠢ ᠢᠯᠡ ᠪᠣᠯᠭᠠᠬᠤ ᠶᠢ ᠰᠠᠶᠢᠲᠤᠷ ᠬᠢᠬᠦ ᠬᠡᠷᠡᠭᠲᠡᠢ᠃ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠲᠤ ᠦᠶ᠎ᠡ ᠶᠢᠨ ᠴᠢᠨᠠᠷᠲᠠᠢ ᠣᠨᠴᠠᠯᠢᠭ ᠪᠠ ᠱᠠᠭᠠᠷᠳᠠᠯᠭ᠎ᠠ ᠶᠢ ᠣᠨᠣᠪᠴᠢᠲᠠᠶ ᠡᠵᠡᠮᠰᠢᠵᠦ᠂ ᠭᠤᠣᠯᠳᠠᠭᠤ ᠬᠢᠵᠢᠭ ᠤᠨ ᠪᠠᠶᠢᠳᠠᠯ ᠢ ᠲᠠᠷᠬᠠᠭᠠᠬᠤ᠂ ᠲᠤᠰᠠᠭᠠᠷᠯᠠᠨ ᠬᠠᠮᠢᠶᠠᠷᠴᠤ ᠡᠵᠡᠮᠳᠡᠬᠦ᠂ ᠲᠠᠬᠤᠯ ᠡᠪᠡᠳᠴᠢᠨ ᠢ ᠪᠠᠶᠢᠴᠠᠭᠠᠵᠤ ᠤᠭ ᠦᠨᠳᠦᠰᠦ ᠶᠢ ᠨᠢ ᠡᠷᠢᠬᠦ ᠂ ᠤᠨᠢᠨ ᠳᠡᠭᠡᠷ᠎ᠡ ᠨᠢ ᠰᠡᠷᠭᠡᠶᠢᠯᠡᠨ ᠡᠵᠡᠮᠳᠡᠬᠦ᠂ ᠬᠦᠢᠳᠡᠨ ᠬᠡᠯᠬᠢᠶᠡᠨ ᠤ ᠡᠳ᠋ ᠪᠠᠷᠠᠭᠠᠨ ᠤ ᠭᠦᠢᠯᠭᠡᠭᠡ᠂ ᠠᠮᠠᠷᠠᠯᠲᠠ ᠶᠢᠨ ᠬᠤᠭᠤᠴᠠᠭᠠᠨ ᠳᠠᠬᠢ ᠬᠥᠮᠦᠰ ᠤᠨ ᠰᠢᠯᠵᠢᠯᠲᠡ ᠵᠡᠷᠭᠡ ᠶᠢᠨ ᠲᠣᠭᠤᠷᠢᠨ ᠳᠤ ᠡᠷᠬᠡ ᠰᠦᠷᠲᠦ ᠮᠡᠳᠡᠭᠡ ᠵᠠᠩᠭᠢ ᠶᠢ ᠨᠡᠶᠢᠲᠡᠯᠡᠵᠦ᠂ ᠸᠠᠺᠼᠢᠨ ᠤ ᠲᠠᠷᠢᠯᠭ᠎ᠠ ᠶᠢᠨ ᠮᠡᠳᠡᠭᠡ ᠵᠠᠩᠭᠢ ᠶᠢ ᠢᠯᠡ ᠪᠣᠯᠭᠠᠬᠤ ᠪᠠ ᠶᠠᠷᠢᠶ᠎ᠠ ᠬᠡᠯᠡᠯᠴᠡᠭᠡ ᠪᠠᠷ ᠬᠥᠲᠥᠯᠦᠨ ᠵᠢᠯᠣᠭᠤᠳᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠲᠦᠭᠰᠢᠭᠦᠷᠢ ᠶᠢ ᠪᠦᠲᠦᠮᠵᠢᠲᠡᠶ ᠪᠠᠷ ᠰᠠᠨᠠᠭᠤᠯᠬᠤ ᠪᠠᠷ ᠪᠠᠷᠠᠬᠤ ᠥᠬᠡᠶ ᠪᠠᠰᠠ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠪᠴᠢᠲᠠᠢ ᠬᠢᠵᠦ᠂ ᠮᠡᠳᠡᠭᠡ ᠵᠠᠩᠭᠢ ᠶᠢ ᠢᠯᠡ ᠪᠣᠯᠭᠠᠭᠰᠠᠨ ᠨᠢ ᠵᠣᠬᠢᠰ ᠥᠬᠡᠶ ᠠᠴᠠ ᠪᠣᠯᠵᠣ ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠵᠢᠷᠤᠮ ᠢ ᠨᠥᠯᠥᠭᠡᠯᠡᠬᠦ ᠪᠤᠶᠤ ᠠᠷᠠᠳ ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠬᠤ ᠠᠴᠠ ᠵᠠᠶᠢᠯᠠᠰᠬᠢᠬᠤ ᠬᠡᠷᠡᠭᠲᠡᠢ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠭᠡ ᠵᠠᠩᠭᠢ ᠶᠢ ᠨᠡᠶᠢᠲᠡᠯᠡᠬᠦ ᠵᠢᠷᠤᠮᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠨᠡᠶᠢᠭᠡᠮ ᠨᠡᠶᠢᠲᠡ ᠶᠢᠨ ᠠᠩᠬᠠᠷᠴᠤ ᠪᠠᠶᠢᠭ᠎ᠠ ᠴᠢᠬᠤᠯᠠ ᠶᠡᠭᠡ ᠲᠥᠷᠥ ᠶᠢᠨ ᠪᠣᠳᠣᠯᠭ᠎ᠠ᠂ ᠠᠭᠤᠯᠭ᠎ᠠ ᠨᠢ ᠰᠣᠷᠭᠤᠭ ᠴᠢᠬᠤᠯᠠ ᠮᠡᠳᠡᠭᠡ ᠵᠠᠩᠭᠢ ᠶᠢ ᠨᠡᠶᠢᠲᠡᠯᠡᠬᠦ ᠠᠴᠠ ᠡᠮᠦᠨ᠎ᠡ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠦᠨᠡᠨ ᠠᠴᠠ ᠵᠥᠪ ᠢ ᠡᠷᠢᠭᠰᠡᠨ ᠤᠷᠢᠲᠠᠯ ᠳᠣᠤᠷ᠎ᠠ᠂ ᠵᠠᠰᠠᠭ ᠤᠨ ᠣᠷᠳᠣᠨ ᠤ ᠰᠢᠰᠲ᠋ᠧᠮ ᠤᠨ ᠳᠣᠲᠣᠭᠠᠳᠤ ᠳᠠᠭᠠᠨ ᠮᠡᠳᠡᠭᠡ ᠵᠠᠩᠭᠢ ᠶᠢ ᠡᠮᠬᠢᠯᠡᠨ ᠨᠡᠶᠢᠳᠬᠡᠬᠦ ᠶᠢ ᠴᠢᠩᠭᠠᠳᠬᠠᠵᠤ᠂ ᠨᠢᠭᠡᠳᠦᠯᠲᠡᠶ ᠠᠯᠬᠤᠴᠠ ᠪᠠᠷ ᠭᠠᠳᠠᠭᠰᠢ ᠨᠡᠶᠢᠲᠡᠯᠡᠬᠦ ᠬᠡᠷᠡᠭᠲᠡᠢ᠃       ᠬᠤᠶᠠᠷ᠂ ᠲᠠᠶᠢᠯᠤᠮᠵᠢ ᠬᠢᠵᠦ ᠬᠠᠷᠢᠭᠤ ᠥᠭᠬᠦ ᠪᠣᠳᠠᠲᠤ ᠦᠷ᠎ᠡ ᠪᠦᠲᠦᠮᠵᠢ ᠶᠢ ᠲᠠᠰᠤᠷᠠᠯᠲᠠ ᠥᠬᠡᠶ ᠰᠢᠯᠢᠳᠡᠭᠵᠢᠭᠦᠯᠬᠦ ᠬᠡᠷᠡᠭᠲᠡᠢ       ︵ᠨᠢᠭᠡ︶ ᠴᠢᠬᠤᠯᠠ ᠶᠡᠭᠡ ᠲᠥᠷᠥ ᠶᠢᠨ ᠪᠣᠳᠣᠯᠭ᠎ᠠ ᠳᠤ ᠲᠠᠶᠢᠯᠤᠮᠵᠢ ᠬᠢᠬᠦ ᠶᠢ ᠴᠢᠩᠭᠠᠳᠬᠠᠨ᠎ᠠ᠃ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠪᠣᠯᠤᠨ ᠮᠠᠨ ᠤ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭᠠᠨ ᠤ ᠱᠠᠭᠠᠷᠳᠠᠯᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠱᠤᠭᠤᠮ ᠪᠣᠯᠭᠠᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠵᠣᠷᠢᠯᠭ᠎ᠠ ᠪᠣᠯᠭᠠᠵᠤ᠂ ᠦᠵᠡᠰᠬᠦᠯᠡᠩᠲᠦ ᠰᠠᠶᠢᠬᠠᠨ ᠬᠥᠬᠡ ᠬᠤᠲᠠ᠂ ᠥᠨᠢᠷ ᠪᠠᠶᠠᠯᠢᠭ ᠲᠠᠯ᠎ᠠ ᠶᠢᠨ ᠬᠤᠲᠠ ᠶᠢ ᠴᠣᠭᠴᠠᠯᠠᠨ ᠪᠠᠶᠢᠭᠤᠯᠵᠤ᠂ ᠣᠳᠣᠬᠢᠴᠢᠯᠠᠭᠰᠠᠨ ᠣᠷᠣᠨ ᠪᠦᠰᠡ ᠶᠢᠨ ᠴᠢᠨᠠᠷᠲᠠᠶ ᠭᠤᠣᠯ ᠬᠤᠲᠠ ᠶᠢ ᠪᠦᠲᠦᠭᠡᠨ ᠪᠠᠶᠢᠭᠤᠯᠵᠤ᠂ ᠪᠡᠭᠡᠵᠢᠩ ᠲᠢᠶᠠᠨᠵᠢᠨ ᠾᠧᠪᠧᠶ ᠶᠢᠨ ᠬᠤᠶᠠᠷ ᠴᠠᠭ ᠤᠨ ᠠᠵᠤ ᠠᠬᠤᠶ ᠶᠢᠨ ᠲᠣᠭᠤᠷᠢᠭ ᠲᠤ ᠭᠦᠨᠵᠡᠭᠡᠶ ᠠᠭᠤᠰᠤᠯᠴᠠᠵᠤ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠨᠢᠭᠡ ᠴᠠᠭ ᠤᠨ ᠠᠵᠤ ᠠᠬᠤᠶ ᠶᠢᠨ ᠲᠣᠭᠤᠷᠢᠭ ᠢ ᠢᠳᠡᠪᠬᠢᠲᠡᠶ ᠬᠥᠲᠥᠯᠥᠨ ᠵᠢᠯᠣᠭᠤᠳᠴᠤ᠂ ᠤᠯᠤᠰ ᠲᠥᠷᠥ ᠶᠢᠨ ᠠᠮᠤᠷ ᠲᠦᠪᠰᠢᠨ᠂ ᠦᠨᠳᠦᠰᠦᠲᠡᠨ ᠤ ᠪᠦᠯᠬᠦᠮᠳᠡᠯ᠂ ᠠᠮᠢ ᠠᠬᠤᠶ ᠶᠢᠨ ᠰᠠᠶᠢᠵᠢᠷᠠᠯᠲᠠ᠂ ᠨᠡᠶᠢᠭᠡᠮ ᠤᠨ ᠲᠣᠭᠲᠠᠭᠤᠨ ᠵᠡᠷᠭᠡ ︽ᠳᠥᠷᠪᠡᠨ ᠠᠮᠢᠨ ᠰᠤᠳᠠᠰᠤ︾ ᠶᠢ ᠡᠷᠡᠰ ᠰᠠᠬᠢᠵᠤ᠂ ᠰᠢᠨ᠎ᠡ ᠶᠢ ᠡᠭᠦᠳᠬᠦ ᠬᠥᠭᠵᠢᠯᠲᠡ ᠶᠢᠨ ᠰᠠᠭᠤᠷᠢ ᠶᠢ ᠪᠠᠲᠤᠳᠬᠠᠨ᠂ ᠣᠲᠣ ᠦᠶ᠎ᠡ ᠶᠢᠨ ᠠᠵᠤ ᠦᠢᠯᠡᠰ ᠤᠨ ᠰᠢᠰᠲ᠋ᠧᠮᠵᠢ ᠶᠢ ᠪᠣᠶ ᠪᠣᠯᠭᠠᠵᠤ᠂ ᠪᠣᠬᠢᠷᠲᠤᠯ ᠥᠬᠡᠶ ᠬᠥᠭᠵᠢᠯᠲᠡ ᠶᠢ ᠲᠦᠷᠭᠡᠳᠬᠡᠨ ᠪᠡᠶᠡᠯᠡᠭᠦᠯᠵᠦ᠂ ︽ᠳᠡᠯᠡᠬᠡᠶ ᠶᠢᠨ ᠰᠦ ᠶᠢᠨ ᠬᠤᠲᠠ︾ ︽ᠳᠤᠮᠳᠠᠳᠤ ᠤᠯᠤᠰ ᠤᠨ ᠡᠭᠦᠯᠡᠨ ᠬᠥᠨᠳᠡᠶ︾ ᠶᠢ ᠲᠦᠷᠭᠡᠳᠬᠡᠨ ᠪᠥᠲᠥᠭᠡᠨ ᠪᠠᠶᠢᠭᠤᠯᠬᠤ ᠵᠡᠷᠭᠡ ᠲᠠᠯ᠎ᠠ ᠪᠠᠷ ᠨᠡᠶᠢᠲᠡᠯᠡᠭᠰᠡᠨ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠡᠷᠬᠡ ᠰᠦᠷᠲᠦ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ᠂ ᠭᠦᠨᠵᠡᠭᠡᠶ ᠲᠠᠶᠢᠯᠤᠮᠵᠢ ᠬᠢᠵᠦ᠂ ᠵᠢᠱᠢᠯᠲᠡ ᠶᠢ ᠪᠦᠲᠦᠮᠵᠢᠲᠡᠶ ᠪᠠᠷ ᠬᠥᠲᠥᠯᠦᠨ ᠵᠢᠯᠣᠭᠤᠳᠬᠤ ᠬᠡᠷᠡᠭᠲᠡᠢ᠃       ︵ᠬᠤᠶᠠᠷ︶ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠳᠤ ᠨᠠᠷᠢᠯᠢᠭ ᠣᠨᠣᠪᠴᠢᠲᠠᠢ ᠪᠠᠷ ᠲᠠᠶᠢᠯᠤᠮᠵᠢ ᠬᠢᠬᠦ ᠶᠢ ᠠᠬᠢᠭᠤᠯᠬᠤ ᠬᠡᠷᠡᠭᠲᠡᠢ᠃ ᠲᠥᠷᠥ ᠶᠢᠨ ᠪᠣᠳᠣᠯᠭ᠎ᠠ ᠲᠣᠭᠲᠠᠭᠠᠭᠰᠠᠨ ᠪᠠᠶᠢᠭᠤᠯᠭ᠎ᠠ ᠠᠴᠠ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠪᠠᠶᠢᠭᠤᠯᠭ᠎ᠠ ᠪᠠ ᠠᠵᠤ ᠠᠬᠤᠶᠢᠯᠠᠯ᠂ ᠣᠯᠠᠨ ᠲᠦᠮᠡᠨ ᠤ ᠯᠠᠪᠯᠠᠭ᠎ᠠ ᠳᠤ ᠢᠳᠡᠪᠬᠢᠲᠡᠶ ᠬᠠᠷᠢᠭᠤᠯᠲᠠ ᠥᠭᠴᠦ᠂ ᠲᠥᠷᠥ ᠶᠢᠨ ᠪᠣᠳᠣᠯᠭ᠎ᠠ ᠶᠢᠨ ᠰᠠᠨᠠᠭ᠎ᠠ ᠵᠣᠷᠢᠯᠲᠠ ᠶᠢ ᠨᠠᠷᠢᠯᠢᠭ ᠣᠨᠣᠪᠴᠢᠲᠠᠢ ᠪᠠᠷ ᠤᠯᠠᠮᠵᠢᠯᠠᠵᠤ ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠤᠨ ᠦᠷᠭᠦᠯᠵᠢᠯᠡᠨ ᠰᠠᠶᠢᠵᠢᠷᠠᠬᠤ ᠳᠤ ᠬᠦᠴᠦᠨ ᠨᠡᠮᠡᠷᠢᠯᠡᠬᠦ ᠬᠡᠷᠡᠭᠲᠡᠢ᠃ ᠭᠤᠤᠯᠳᠠᠯᠭ᠎ᠠ ᠲᠠᠢ ᠠᠵᠢᠯ ᠳᠤ ᠲᠠᠶᠢᠯᠤᠮᠵᠢ ᠬᠢᠬᠦ ᠡᠷᠴᠢᠮ ᠢᠶᠠᠨ ᠴᠢᠩᠭᠠᠷᠠᠭᠤᠯᠵᠤ᠂ ᠰᠤᠷᠭᠠᠨ ᠬᠥᠮᠦᠵᠢᠯ᠂ ᠰᠣᠶᠣᠯ᠂ ᠡᠮᠴᠢᠯᠡᠭᠡ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠠᠮᠢ ᠠᠬᠤᠶ ᠣᠷᠴᠢᠨ ᠲᠣᠭᠤᠷᠢᠨ ᠵᠡᠷᠭᠡ ᠲᠠᠯ᠎ᠠ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠶᠢ ᠴᠢᠩᠭᠠᠳᠬᠠᠨ᠂ ᠴᠢᠨᠠᠷ ᠰᠠᠶᠢᠲᠠᠶ ᠦᠷᠭᠦᠯᠵᠢᠯᠡᠭᠰᠡᠨ ᠴᠢᠨᠠᠷᠲᠠᠶ ᠲᠠᠶᠢᠯᠤᠮᠵᠢ ᠬᠢᠵᠦ᠂ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠪᠦᠲᠦᠮᠵᠢᠲᠡᠶ ᠬᠠᠷᠢᠭᠤᠯᠲᠠ ᠥᠭᠴᠦ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠬᠡᠯᠪᠡᠷᠢ ᠶᠢᠨ ᠰᠢᠨ᠎ᠡ ᠶᠢ ᠡᠭᠦᠳᠴᠦ ᠂ ᠵᠢᠷᠤᠭ ᠤᠨ ᠲᠠᠶᠢᠯᠪᠤᠷᠢ᠂ ᠣᠬᠤᠷ ᠸᠢᠳᠢᠤ᠋᠂ ᠥᠰᠥᠭ ᠪᠢᠴᠢᠭ ᠵᠡᠷᠭᠡ ᠬᠡᠯᠪᠡᠷᠢ ᠶᠢ ᠶᠡᠷᠦᠩᠬᠡᠶᠢᠯᠡᠨ ᠬᠡᠷᠡᠭᠯᠡᠵᠦ ᠲᠥᠷᠥ ᠶᠢᠨ ᠪᠣᠳᠣᠯᠭ᠎ᠠ ᠶᠢᠨ ᠠᠬᠤᠶ ᠪᠠᠶᠢᠳᠠᠯ ᠢ ᠲᠣᠳᠣᠷᠬᠠᠶᠢᠯᠠᠨ᠂ ᠲᠥᠷᠥ ᠶᠢᠨ ᠪᠣᠳᠣᠯᠭ᠎ᠠ ᠶᠢᠨ ᠰᠠᠨᠠᠭ᠎ᠠ ᠵᠣᠷᠢᠯᠲᠠ ᠶᠢ ᠤᠯᠠᠮᠵᠢᠯᠠᠵᠤ᠂ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠴᠤᠭᠤᠷᠠᠲᠠᠯ᠎ᠠ ᠲᠠᠶᠢᠯᠪᠤᠷᠢᠯᠠᠬᠤ ᠬᠡᠷᠡᠭᠲᠡᠢ᠃       ︵ᠭᠤᠷᠪᠠ︶ ᠣᠯᠠᠨ ᠨᠡᠶᠢᠲᠡ ᠶᠢᠨ ᠣᠷᠣᠯᠴᠠᠯᠭ᠎ᠠ ᠶᠢ ᠦᠨᠡᠨᠬᠦ ᠠᠬᠢᠭᠤᠯᠬᠤ ᠬᠡᠷᠡᠭᠲᠡᠢ᠃ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠲᠥᠷᠥ ᠶᠢᠨ ᠪᠣᠳᠣᠯᠭ᠎ᠠ ᠶᠢᠨ ᠬᠠᠮᠤᠷᠬᠤ ᠬᠡᠪᠴᠢᠶ᠎ᠡ ᠶᠢ ᠦᠨᠳᠦᠰᠦᠯᠡᠨ᠂ ᠰᠣᠨᠢᠨ ᠮᠡᠳᠡᠭᠡ ᠨᠡᠶᠢᠲᠡᠯᠡᠬᠦ ᠬᠤᠷᠠᠯ᠂ ᠲᠥᠷᠥ ᠶᠢᠨ ᠪᠣᠳᠣᠯᠭ᠎ᠠ ᠶᠢᠨ ᠵᠤᠷᠰᠢᠯᠳᠤ ᠰᠣᠨᠢᠨ ᠮᠡᠳᠡᠭᠡ ᠨᠡᠶᠢᠲᠡᠯᠡᠬᠦ ᠬᠤᠷᠠᠯ᠂ ᠠᠵᠢᠯ ᠤᠨ ᠮᠡᠳᠡᠭᠡᠯᠡᠬᠦ ᠬᠤᠷᠠᠯ᠂ ᠸᠢᠴᠠᠲ ᠤᠨ ᠣᠯᠠᠨ ᠨᠡᠶᠢᠲᠡ ᠶᠢᠨ ᠳ᠋ᠤᠭᠠᠷ᠂ ᠸᠢᠳᠢᠤ᠋ ᠶᠢᠨ ᠳ᠋ᠤᠭᠠᠷ ᠵᠡᠷᠭᠡ ᠣᠯᠠᠨ ᠡᠰᠢᠵᠢᠭᠰᠡᠨ ᠬᠡᠯᠪᠡᠷᠢ ᠶᠢ ᠶᠡᠷᠦᠩᠬᠡᠶᠢᠯᠡᠨ ᠬᠡᠷᠡᠭᠯᠡᠵᠦ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠣᠯᠠᠨ ᠨᠡᠶᠢᠲᠡ ᠳᠤ ᠮᠡᠳᠡᠭᠦᠯᠬᠦ ᠨᠣᠷᠮ᠎ᠠ ᠪᠠ ᠨᠡᠶᠢᠭᠡᠮ ᠳᠡᠭᠡᠷᠡᠬᠢ ᠨᠥᠯᠥᠭᠡᠯᠡᠬᠦ ᠬᠦᠴᠦᠨ ᠢ ᠥᠷᠭᠡᠳᠬᠡᠬᠦ ᠬᠡᠷᠡᠭᠲᠡᠢ᠃ ︽ᠬᠥᠬᠡᠬᠤᠲᠠ ᠶᠢᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ︾ ᠢ ᠴᠢᠩᠭ᠎ᠠ ᠨᠠᠶᠢᠳᠠᠪᠤᠷᠢᠵᠢᠭᠤᠯᠵᠤ᠂ ᠰᠠᠭᠤᠳᠠᠯ ᠤᠨ ᠬᠤᠷᠠᠯ᠂ ᠭᠡᠷᠡᠴᠢᠯᠡᠯᠲᠡ ᠰᠣᠨᠣᠰᠬᠤ ᠬᠤᠷᠠᠯ᠂ ᠨᠡᠶᠢᠭᠡᠮ ᠨᠡᠶᠢᠲᠡ ᠠᠴᠠ ᠢᠯᠡ ᠪᠠᠷ ᠰᠠᠨᠠᠯ ᠬᠤᠷᠢᠶᠠᠬᠤ᠂ ᠠᠷᠠᠳ ᠤᠨ ᠰᠠᠨᠠᠭ᠎ᠠ ᠶᠢ ᠪᠠᠶᠢᠴᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠣᠯᠠᠨ ᠨᠡᠶᠢᠲᠡ ᠶᠢᠨ ᠣᠷᠣᠯᠴᠠᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠨ᠎ᠡ᠃ ︽12345︾ ᠶᠢᠨ ᠬᠠᠯᠠᠮᠰᠢᠯ ᠤᠲᠠᠰᠤᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠬᠠᠷᠢᠭᠤ ᠥᠭᠬᠦ ᠪᠠ ᠵᠠᠰᠠᠭ ᠠᠷᠠᠳ ᠤᠨ ᠬᠠᠷᠢᠯᠴᠠᠨ ᠦᠢᠯᠡᠳᠦᠯᠴᠡᠬᠦ ᠲᠠᠯ᠎ᠠ ᠪᠠᠷ ᠬᠢ ᠦᠢᠯᠡᠳᠦᠯ ᠢ ᠦᠨᠡᠨᠬᠦ ᠰᠠᠶᠢᠲᠤᠷ ᠪᠠᠳᠠᠷᠠᠭᠤᠯᠵᠤ᠂ ︽ᠲᠥᠷᠥ ᠶᠢᠨ ᠪᠣᠳᠣᠯᠭ᠎ᠠ ᠶᠢᠨ ᠲᠤᠰᠬᠠᠶ ᠲᠤᠰᠢᠶᠠᠯᠲᠠᠨ︾ ᠤ ᠠᠵᠢᠯ ᠤᠨ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢᠨ ᠲᠣᠭᠤᠷᠢᠨ ᠳᠤ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠪᠠᠷᠢᠮᠵᠢᠶ᠎ᠠ᠂ ᠬᠡᠷᠡᠭᠵᠢᠭᠦᠯᠬᠦ ᠬᠡᠪᠴᠢᠶ᠎ᠡ᠂ ᠨᠠᠶᠢᠳᠠᠪᠤᠷᠢᠵᠢᠭᠤᠯᠬᠤ ᠠᠭᠤᠯᠭ᠎ᠠ ᠶᠢ ᠡᠮᠬᠢᠯᠡᠨ ᠨᠠᠷᠢᠯᠢᠬᠵᠢᠭᠤᠯᠵᠤ᠂ ᠠᠵᠤ ᠠᠬᠤᠶᠢᠯᠠᠯ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠲᠥᠷᠥ ᠶᠢᠨ ᠪᠣᠳᠣᠯᠭ᠎ᠠ ᠶᠢᠨ ᠠᠰᠠᠭᠤᠨ ᠯᠠᠪᠯᠠᠬᠤ ᠪᠠ ᠬᠠᠷᠢᠭᠤᠯᠲᠠ ᠥᠭᠬᠦ ᠬᠡᠯᠡᠯᠭᠡ ᠪᠠᠨ ᠲᠣᠭᠲᠠᠭᠠᠵᠤ᠂ ᠲᠥᠷᠥ ᠶᠢᠨ ᠪᠣᠳᠣᠯᠭ᠎ᠠ ᠶᠢᠨ ᠬᠠᠯᠠᠮᠰᠢᠯ ᠠᠰᠠᠭᠤᠳᠠᠯ ᠤᠨ ᠲᠤᠰᠬᠠᠶ ᠮᠡᠷᠭᠡᠵᠢᠯ ᠤᠨ ᠮᠡᠳᠡᠯᠭᠡ ᠶᠢᠨ ᠬᠥᠮᠥᠷᠭᠡ ᠶᠢ ᠪᠠᠶᠢᠭᠤᠯᠬᠤ ᠶᠢᠨ ᠬᠠᠮᠲᠤ ᠴᠠᠭ ᠲᠤᠬᠠᠶ ᠳᠤᠨᠢ ᠰᠢᠨᠡᠳᠬᠡᠵᠦ᠂ ᠬᠠᠷᠢᠭᠤ ᠥᠭᠴᠦ ᠬᠠᠷᠢᠯᠴᠠᠨ ᠦᠢᠯᠡᠳᠦᠯᠴᠡᠬᠦ ︽ᠨᠢᠭᠡ ᠨᠣᠮᠧᠷ ᠢᠶᠠᠷ ᠬᠠᠷᠢᠭᠤᠯᠬᠤ︾ ᠶᠢ ᠳᠥᠯᠭᠢᠨ ᠠᠬᠢᠭᠤᠯᠬᠤ ᠬᠡᠷᠡᠭᠲᠡᠢ᠃       ᠭᠤᠷᠪᠠ᠂ ᠵᠠᠰᠠᠭ ᠤᠨ ᠶᠠᠪᠤᠳᠠᠯ ᠢ ᠢᠯᠡ ᠪᠣᠯᠭᠠᠬᠤ ᠰᠠᠭᠤᠷᠢ ᠶᠢ ᠪᠠᠬᠢᠵᠢᠭᠦᠯᠦᠨ ᠴᠢᠩᠭᠠᠷᠠᠭᠤᠯᠬᠤ ᠬᠡᠷᠡᠭᠲᠡᠢ      ︵ᠨᠢᠭᠡ︶ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ ᠬᠤᠲᠠ ᠶᠢᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ ᠶᠢᠨ ᠣᠲᠣ ᠶᠢᠨ ᠪᠠᠶᠢᠭ᠎ᠠ ︽ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠤᠨ ᠬᠥᠮᠥᠷᠭᠡ︾ ᠶᠢᠨ ᠰᠠᠭᠤᠷᠢᠨ ᠳᠡᠭᠡᠷ᠎ᠡ᠂ 2021 ᠣᠨ ᠤ ᠵᠢᠯ ᠤᠨ ᠰᠡᠭᠦᠯᠴᠢ ᠠᠴᠠ ᠡᠮᠦᠨ᠎ᠡ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠬᠤᠲᠠ ᠶᠢᠨ ᠵᠠᠰᠠᠭ ᠤᠨ ᠣᠷᠳᠣᠨ ᠤ ᠲᠦᠷᠢᠮ ᠲᠣᠭᠲᠠᠭᠠᠯ ᠪᠠ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠤᠯᠠᠮ ᠨᠢᠭᠡ ᠠᠯᠬᠤᠮ ᠡᠮᠬᠢᠯᠡᠨ ᠳᠢᠭᠯᠡᠵᠦ᠂ ᠲᠥᠪᠯᠡᠷᠡᠭᠦᠯᠦᠨ ᠨᠢᠭᠡᠳᠦᠯᠲᠡᠶ ᠢᠯᠡ ᠪᠣᠯᠭᠠᠵᠤ᠂ ︽ᠲᠣᠭᠲᠠᠭᠠᠬᠤ ᠥᠭᠡᠷᠡᠴᠢᠯᠡᠬᠦ ᠬᠦᠴᠦᠨ ᠥᠬᠡᠶ ᠪᠣᠯᠭᠠᠬᠤ︾ ᠲᠠᠢ ᠤᠶᠠᠯᠳᠤᠭᠤᠯᠤᠨ ᠮᠡᠳᠡᠭᠡ ᠵᠠᠩᠭᠢ ᠶᠢ ᠬᠠᠮᠠᠭᠠᠯᠠᠬᠤ ᠠᠵᠢᠯ ᠢ ᠴᠠᠭ ᠲᠤᠬᠠᠶ ᠳᠤᠨᠢ ᠰᠠᠶᠢᠲᠤᠷ ᠬᠢᠵᠦ᠂ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ︽ᠰᠦᠯᠵᠢᠶᠡᠨ ᠳᠡᠭᠡᠷ᠎ᠡ ᠪᠦᠬᠦᠨ ᠢ ᠡᠷᠢᠬᠦ︾ ᠶᠢ ᠪᠡᠶᠡᠯᠡᠭᠦᠯᠵᠦ᠂ ᠣᠯᠠᠨ ᠨᠡᠶᠢᠲᠡ ᠶᠢᠨ ᠪᠠᠶᠢᠴᠠᠭᠠᠨ ᠯᠠᠪᠯᠠᠵᠤ ᠬᠡᠷᠡᠭᠯᠡᠬᠦ ᠳᠤ ᠲᠥᠬᠦᠮ ᠦᠵᠡᠭᠦᠯᠬᠦ ᠬᠡᠷᠡᠭᠲᠡᠢ᠃       ︵ᠬᠤᠶᠠᠷ︶ ᠵᠠᠰᠠᠭ ᠤᠨ ᠶᠠᠪᠤᠳᠠᠯ ᠢ ᠢᠯᠡ ᠪᠣᠯᠭᠠᠬᠤ ᠲᠠᠪᠴᠠᠩ ᠢ ᠲᠡᠭᠦᠯᠳᠡᠷᠵᠢᠭᠦᠯᠬᠦ ᠬᠡᠷᠡᠭᠲᠡᠢ᠃ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠦᠷᠢᠮ︾ ᠤᠨ ᠬᠤᠷᠢᠳᠤᠭᠠᠷ ᠵᠦᠢᠯ ᠤᠨ ᠲᠣᠭᠲᠠᠭᠠᠯ ᠵᠢᠴᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠪᠠᠷᠢᠮᠵᠢᠶ᠎ᠠ ᠶᠢᠨ ᠲᠤᠷᠰᠢᠯᠲᠠ ᠶᠢᠨ ᠴᠡᠭ ᠤᠨ ᠠᠵᠢᠯ ᠤᠨ ᠲᠣᠬᠢᠷᠠᠭᠤᠯᠤᠯᠲᠠ ᠶᠣᠰᠣᠭᠠᠷ᠂ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ︾ ᠪᠤᠯᠤᠩ ᠳᠤ ᠭᠤᠤᠯᠳᠠᠯᠭ᠎ᠠ ᠲᠠᠢ ᠲᠣᠬᠢᠷᠠᠭᠤᠯᠤᠯᠲᠠ ᠬᠢᠵᠦ ᠰᠢᠯᠢᠳᠡᠭᠵᠢᠭᠦᠯᠬᠦ ᠬᠡᠷᠡᠭᠲᠡᠢ᠃ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠵᠢᠴᠢ ᠲᠡᠭᠦᠨ ᠤ ᠰᠠᠯᠠᠭ᠎ᠠ ᠮᠥᠴᠢᠷ ᠲᠣᠰ ᠪᠠᠶᠢᠭᠤᠯᠭ᠎ᠠ ᠶᠢᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ ᠬᠠᠤᠯᠢ ᠪᠠᠷ ᠲᠣᠭᠲᠠᠭᠠᠭᠰᠠᠨ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠠᠭᠤᠯᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠬᠤ ᠬᠡᠷᠡᠭᠲᠡᠢ᠃ ᠵᠠᠰᠠᠭ ᠤᠨ ᠣᠷᠳᠣᠨ ᠤ ᠰᠦᠯᠵᠢᠶ᠎ᠡ ᠶᠢ ᠡᠷᠴᠢᠮᠵᠢᠭᠦᠯᠬᠦ ᠪᠠᠶᠢᠭᠤᠯᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠨᠠᠩ ᠣᠯᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠰᠦᠯᠵᠢᠶᠡᠨ ᠳᠡᠭᠡᠷ᠎ᠡ ᠭᠦᠢᠴᠡᠳᠬᠡᠬᠦ᠂ ᠠᠯᠠᠭᠠᠨ ᠳᠡᠭᠡᠷ᠎ᠡ ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ ᠶᠢ ᠳᠥᠯᠭᠢᠨ ᠠᠬᠢᠭᠤᠯᠵᠤ᠂ ᠰᠦᠯᠵᠢᠶᠡᠨ ᠳᠡᠭᠡᠷ᠎ᠡ ᠪᠦᠬᠦᠨ ᠢ ᠡᠷᠢᠬᠦ᠂ ᠰᠦᠯᠵᠢᠶᠡᠨ ᠳᠡᠭᠡᠷ᠎ᠡ ᠪᠦᠬᠦᠨ ᠢ ᠬᠠᠷᠢᠭᠤᠯᠬᠤ᠂ ᠰᠦᠯᠵᠢᠶᠡᠨ ᠳᠡᠭᠡᠷ᠎ᠡ ᠪᠦᠬᠦᠨ ᠢ ᠰᠢᠢᠳᠪᠦᠷᠢᠯᠡᠬᠦ᠂ ᠰᠦᠯᠵᠢᠶᠡᠨ ᠳᠡᠭᠡᠷ᠎ᠡ ᠪᠦᠬᠦᠨ ᠢ ᠬᠠᠮᠢᠶᠠᠷᠬᠤ ᠶᠢ ᠪᠡᠶᠡᠯᠡᠭᠦᠯᠬᠦ ᠬᠡᠷᠡᠭᠲᠡᠢ᠃ 2021 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ ᠪᠦᠬᠦᠨ ᠢᠶᠠᠷ ᠢᠶᠠᠨ ᠢᠨᠲ᠋ᠧᠷ ᠰᠦᠯᠵᠢᠶᠡᠨ ᠤ ᠵᠥᠪᠯᠡᠯᠴᠡᠭᠡᠷ ᠤᠨ 6 ᠳ᠋ᠤᠭᠠᠷ ᠬᠡᠪᠯᠡᠯ ᠢ ᠳᠡᠮᠵᠢᠬᠦ ᠬᠡᠷᠡᠭᠲᠡᠢ᠃ ᠵᠠᠰᠠᠭ ᠤᠨ ᠣᠷᠳᠣᠨ ᠤ ᠠᠯᠪᠠᠨ ᠮᠡᠳᠡᠭᠡ ᠶᠢᠨ ᠠᠵᠢᠯ ᠢ ᠯᠠᠪᠳᠠᠭᠤᠨ ᠢᠶᠠᠷ ᠠᠬᠢᠭᠤᠯᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠵᠡᠷᠭᠡᠪᠡᠷ ᠢᠯᠡ ᠪᠣᠯᠭᠠᠵᠤ᠂ ᠲᠣᠭᠠᠴᠢᠯᠠᠭᠰᠠᠨ ᠠᠰᠢᠭᠯᠠᠯᠲᠠ ᠶᠢ ᠠᠬᠢᠭᠤᠯᠵᠤ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠵᠡᠷᠭᠡ ᠠᠷᠭ᠎ᠠ ᠵᠠᠮ ᠢᠶᠠᠷ ᠵᠠᠰᠠᠭ ᠤᠨ ᠣᠷᠳᠣᠨ ᠤ ᠠᠯᠪᠠᠨ ᠮᠡᠳᠡᠭᠡ ᠶᠢᠨ ᠠᠭᠤᠯᠭ᠎ᠠ ᠶᠢ ᠳᠠᠮᠵᠢᠭᠤᠯᠬᠤ ᠶᠢ ᠴᠢᠩᠭᠠᠳᠬᠠᠬᠤ ᠬᠡᠷᠡᠭᠲᠡᠢ᠃       ︵ᠭᠤᠷᠪᠠ︶ ᠬᠠᠤᠯᠢ ᠪᠠᠷ ᠲᠣᠭᠲᠠᠭᠠᠭᠰᠠᠨ ᠢᠯᠡ ᠪᠣᠯᠭᠠᠬᠤ ᠠᠭᠤᠯᠭ᠎ᠠ ᠶᠢᠨ ᠡᠳᠦᠷ ᠲᠤᠲᠤᠮ ᠤᠨ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠢ᠃ ᠲᠤᠰᠬᠠᠶ ᠬᠥᠮᠦᠨ ᠢᠶᠠᠷ ᠲᠤᠰᠬᠠᠶ ᠬᠠᠷᠢᠭᠤᠴᠠᠭᠤᠯᠵᠤ᠂ ᠬᠠᠤᠯᠢ ᠪᠠᠷ ᠲᠣᠭᠲᠠᠭᠠᠭᠰᠠᠨ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠲᠤᠰᠬᠠᠶ ᠪᠤᠯᠤᠩ ᠤᠨ ᠡᠳᠦᠷ ᠲᠤᠲᠤᠮ ᠤᠨ ᠪᠠᠶᠢᠴᠠᠭᠠᠬᠤ᠂ ᠬᠠᠮᠠᠭᠠᠯᠠᠬᠤ ᠪᠠ ᠰᠢᠨᠡᠴᠢᠯᠡᠬᠦ ᠠᠵᠢᠯ ᠤᠨ ᠲᠣᠭᠲᠠᠴᠠ ᠶᠢ ᠪᠦᠷᠢᠨᠰᠢᠬᠦᠯᠵᠦ᠂ ᠪᠤᠷᠤᠭᠤ ᠬᠡᠯᠬᠢᠶ᠎ᠡ᠂ ᠲᠠᠰᠤᠷᠬᠠᠶ ᠬᠡᠯᠬᠢᠶ᠎ᠡ ᠪᠠ ᠠᠭᠤᠯᠭ᠎ᠠ ᠬᠤᠳᠬᠤᠯᠳᠤᠬᠤ ᠶᠢ ᠲᠠᠰᠤ ᠵᠣᠭᠰᠣᠭᠠᠬᠤ ᠬᠡᠷᠡᠭᠲᠡᠢ᠃ ᠡᠷᠴᠢᠮᠵᠢᠭᠦᠯᠦᠭᠰᠡᠨ ᠲᠠᠪᠴᠠᠩ ᠢ ᠵᠢᠷᠤᠮᠵᠢᠭᠤᠯᠤᠨ ᠬᠡᠷᠡᠭᠯᠡᠵᠦ᠂ ᠢᠯᠡ ᠪᠣᠯᠭᠠᠬᠤ ᠪᠠᠷ ᠪᠠᠶᠢᠭ᠎ᠠ ᠪᠢᠴᠢᠭ ᠮᠠᠲ᠋ᠧᠷᠢᠶᠠᠯ ᠤᠨ ᠮᠡᠳᠡᠭᠡ ᠵᠠᠩᠭᠢ ᠶᠢ ᠴᠢᠩᠭ᠎ᠠ ᠬᠢᠨᠠᠨ ᠬᠠᠷᠭᠤᠭᠤᠯᠬᠤ᠂ ᠪᠤᠷᠤᠭᠤ ᠰᠣᠷᠭᠤᠭ ᠦᠭᠡᠰ ᠢ ᠬᠠᠷᠭᠤᠭᠤᠯᠬᠤ ᠵᠢᠴᠢ ᠰᠢᠨᠵᠢᠯᠡᠬᠦ ᠤᠬᠠᠭᠠᠨᠴᠢ ᠪᠠᠷ ᠪᠠᠷᠯᠠᠬᠤ ᠵᠡᠷᠭᠡ ᠠᠵᠢᠯ ᠢ ᠬᠢᠬᠦ ᠬᠡᠷᠡᠭᠲᠡᠢ᠃ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤ᠂ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠵᠡᠷᠭᠡ ᠡᠷᠬᠡ ᠶᠢᠨ ᠲᠣᠬᠢᠷᠠᠭᠤᠯᠤᠯᠲᠠ ᠪᠠ ᠠᠵᠢᠯ ᠶᠠᠪᠤᠳᠠᠯ ᠭᠦᠢᠴᠡᠳᠬᠡᠬᠦ ᠦᠢᠯᠡᠴᠢᠯᠡᠭᠡᠨ ᠤ ᠮᠡᠳᠡᠭᠡ ᠵᠠᠩᠭᠢ ᠶᠢᠨ ᠲᠣᠬᠢᠷᠠᠭᠤᠯᠤᠯᠲᠠ ᠰᠢᠨᠡᠴᠢᠯᠡᠯᠲᠡ ᠶᠢ ᠴᠢᠩᠭᠠᠷᠠᠭᠤᠯᠬᠤ ᠬᠡᠷᠡᠭᠲᠡᠢ᠃ ᠬᠠᠤᠯᠢ ᠴᠠᠭᠠᠵᠠ ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠬᠤ᠂ ᠡᠭᠦᠷᠭᠡ ᠴᠢᠳᠠᠪᠤᠷᠢ ᠶᠢ ᠰᠢᠯᠵᠢᠭᠦᠯᠦᠨ ᠳᠣᠭᠢᠷᠠᠭᠤᠯᠬᠤ᠂ ᠴᠤᠪᠤᠷᠠᠯ ᠢ ᠰᠢᠯᠢᠳᠡᠭᠵᠢᠭᠦᠯᠬᠦ ᠵᠡᠷᠭᠡ ᠰᠢᠯᠲᠠᠭᠠᠨ ᠠᠴᠠ ᠪᠣᠯᠵᠣ ᠠᠭᠤᠯᠭ᠎ᠠ ᠳᠤ ᠬᠤᠪᠢᠷᠠᠯᠲᠠ ᠭᠠᠷᠣᠭᠰᠠᠨ ᠪᠣᠯ᠂ ᠲᠣᠬᠢᠷᠠᠭᠤᠯᠤᠭᠰᠠᠨ ᠤ ᠳᠠᠷᠠᠭᠠᠬᠢ ᠣᠨᠣᠪᠴᠢᠲᠠᠶ ᠮᠡᠳᠡᠭᠡ ᠵᠠᠩᠭᠢ ᠶᠢ ᠴᠠᠭ ᠲᠤᠬᠠᠶ ᠳᠤᠨᠢ ᠢᠯᠡ ᠪᠣᠯᠭᠠᠵᠤ᠂ ᠡᠷᠬᠡ ᠶᠢᠨ ᠵᠠᠭᠠᠭ ᠬᠢᠵᠠᠭᠠᠷ ᠢ ᠲᠣᠳᠣᠷᠬᠠᠶ ᠪᠣᠯᠭᠠᠬᠤ ᠬᠡᠷᠡᠭᠲᠡᠢ᠃       ᠳᠥᠷᠪᠡ᠂ ᠨᠠᠷᠢᠯᠢᠬᠵᠢᠭᠤᠯᠬᠤ ᠪᠠᠷᠢᠮᠵᠢᠶᠠᠵᠢᠭᠤᠯᠬᠤ ᠵᠢᠷᠤᠮᠵᠢᠭᠤᠯᠬᠤ ᠠᠵᠢᠯ ᠢ ᠨᠠᠶᠢᠳᠠᠪᠣᠷᠢᠵᠢᠭᠤᠯᠬᠤ ᠬᠡᠷᠡᠭᠲᠡᠢ       ︵ᠨᠢᠭᠡ︶ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠠᠷᠢᠮᠵᠢᠶᠠᠵᠢᠭᠤᠯᠤᠨ ᠵᠢᠷᠤᠮᠵᠢᠭᠤᠯᠬᠤ ᠶᠢ ᠠᠬᠢᠭᠤᠯᠬᠤ ᠬᠡᠷᠡᠭᠲᠡᠢ᠃ ᠬᠤᠲᠠ᠂ ᠬᠤᠰᠢᠭᠤ ᠰᠢᠶᠠᠨ ᠲᠣᠭᠤᠷᠢᠭ ᠬᠤᠶᠠᠷ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ 26 ᠬᠦᠷᠢᠶ᠎ᠡ ᠴᠠᠷᠠᠭ᠎ᠠ ᠶᠢᠨ ᠠᠵᠢᠯ ᠲᠥᠷᠥᠯ ᠤᠨ ᠰᠢᠰᠲ᠋ᠧᠮᠵᠢᠭᠦᠯᠦᠭᠰᠡᠨ ᠲᠤᠬᠠᠶᠢᠯᠠᠭᠰᠠᠨ ᠠᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠦᠨᠳᠦᠰᠦᠨ ᠱᠠᠲᠤᠨ ᠤ ᠵᠠᠰᠠᠭ ᠤᠨ ᠣᠷᠳᠣᠨ ᠪᠠ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠠᠷᠢᠮᠵᠢᠶᠠᠵᠢᠭᠤᠯᠤᠨ ᠵᠢᠷᠤᠮᠵᠢᠭᠤᠯᠬᠤ ᠠᠵᠢᠯ ᠢ ᠵᠢᠯᠣᠭᠤᠳᠴᠤ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠳᠡᠭᠡᠷ᠎ᠡ ᠨᠢᠭᠡ ᠵᠢᠯ ᠤᠨ ᠠᠵᠢᠯ ᠢᠶᠠᠨ ᠪᠡᠶᠡᠯᠡᠭᠦᠯᠦᠭᠰᠡᠨ ᠪᠠᠶᠢᠳᠠᠯ ᠢ ᠡᠷᠭᠢᠨ ᠬᠠᠷᠠᠵᠤ᠂ ᠲᠣᠰ ᠵᠢᠯ ᠤᠨ ᠠᠵᠢᠯ ᠤᠨ ᠡᠭᠦᠷᠭᠡ ᠳᠡᠭᠡᠨ ᠳᠠᠬᠢᠨᠲᠠ ᠪᠠᠶᠢᠷᠢᠯᠠᠭᠤᠯᠤᠯᠲᠠ ᠬᠢᠬᠦ ᠬᠡᠷᠡᠭᠲᠡᠢ᠃ ᠬᠤᠲᠠ ᠶᠢᠨ ᠱᠠᠲᠤᠨ ᠤ 26 ᠲᠤᠷᠰᠢᠯᠲᠠ ᠶᠢᠨ ᠴᠡᠭ ᠤᠨ ᠬᠦᠷᠢᠶ᠎ᠡ ᠴᠠᠷᠠᠭ᠎ᠠ ᠶᠢᠨ ᠠᠵᠢᠯ ᠲᠥᠷᠥᠯ ᠢᠶᠠᠷ ᠬᠠᠷᠠᠭᠠᠯᠵᠠᠭᠰᠠᠨ ᠲᠤᠬᠠᠶᠢᠯᠠᠭᠰᠠᠨ ᠠᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠵᠢᠯ ᠤᠨ ᠳᠣᠲᠣᠷ᠎ᠠ ᠲᠣᠰ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠵᠦᠢᠯᠡᠰ ᠤᠨ ᠪᠠᠷᠢᠮᠵᠢᠶ᠎ᠠ ᠶᠢᠨ ᠭᠠᠷᠴᠠᠭ ᠢ ᠠᠬᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠵᠤ ᠳᠣᠭᠢᠷᠠᠭᠤᠯᠤᠨ᠂ ᠰᠢᠮᠳᠠᠭᠤᠯᠤᠨ ᠪᠠᠶᠢᠴᠠᠭᠠᠵᠤ ᠳᠣᠭᠢᠷᠠᠭᠤᠯᠤᠭᠰᠠᠨ ᠪᠠᠶᠢᠳᠠᠯ ᠢᠶᠠᠨ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠬᠠᠷᠢᠭᠤ ᠳᠤᠰᠬᠠᠬᠤ ᠬᠡᠷᠡᠭᠲᠡᠢ᠃ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠰᠢᠮᠳᠠᠭᠤᠯᠤᠨ ᠪᠠᠶᠢᠴᠠᠭᠠᠵᠤ ᠳᠣᠭᠢᠷᠠᠭᠤᠯᠤᠭᠰᠠᠨ ᠪᠠᠶᠢᠳᠠᠯ ᠲᠠᠢ ᠪᠠᠨ ᠤᠶᠠᠯᠳᠤᠭᠤᠯᠤᠨ ᠥᠪᠡᠷ ᠢ ᠪᠠᠨ ᠪᠠᠶᠢᠴᠠᠭᠠᠬᠤ ᠵᠢᠴᠢ ᠴᠡᠭᠴᠡᠯᠡᠨ ᠰᠠᠶᠢᠵᠢᠷᠠᠭᠤᠯᠬᠤ ᠠᠵᠢᠯ ᠢ ᠥᠷᠨᠢᠭᠦᠯᠵᠦ᠂ ᠵᠢᠯ ᠤᠨ ᠰᠡᠭᠦᠯᠴᠢ ᠠᠴᠠ ᠡᠮᠦᠨ᠎ᠡ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢᠶᠠᠨ ᠬᠤᠲᠠ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠤᠳᠤᠷᠢᠳᠬᠤ ᠳᠤᠭᠤᠶᠢᠯᠠᠩ ᠤᠨ ᠠᠯᠪᠠᠨ ᠬᠡᠷ ᠲᠤ ᠮᠡᠳᠡᠭᠦᠯᠬᠦ ᠬᠡᠷᠡᠭᠲᠡᠢ᠃       ︵ᠬᠤᠶᠠᠷ︶ ᠣᠷᠣᠨ ᠨᠤᠲᠤᠭ ᠤᠨ ᠪᠠᠷᠢᠮᠵᠢᠶ᠎ᠠ ᠶᠢᠨ ᠲᠤᠷᠰᠢᠯᠲᠠ ᠶᠢᠨ ᠴᠡᠭ ᠢ ᠬᠢᠨᠠᠮᠠᠭᠠᠶ ᠨᠠᠶᠢᠳᠠᠪᠣᠷᠢᠵᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ︽ᠪᠦᠬᠦ ᠬᠤᠲᠠ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠪᠠᠷᠢᠮᠵᠢᠶ᠎ᠠ ᠶᠢᠨ ᠰᠢᠰᠲ᠋ᠧᠮᠵᠢ ᠶᠢᠨ ᠲᠤᠷᠰᠢᠯᠲᠠ ᠶᠢᠨ ᠴᠡᠭ ᠤᠨ ᠠᠵᠢᠯ ᠤᠨ ᠡᠭᠦᠷᠭᠡ ᠶᠢ ᠰᠠᠶᠢᠲᠤᠷ ᠬᠢᠬᠦ ᠲᠤᠬᠠᠶ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ᠢ ᠴᠢᠩᠭ᠎ᠠ ᠵᠢᠷᠤᠮᠯᠠᠨ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠠᠵᠢᠯ ᠤᠨ ᠳᠦᠷᠢᠮᠵᠢᠯ︾ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠭᠤᠶᠤᠴᠢᠯᠠᠯ ᠢᠶᠠᠷ ᠢᠯᠡ ᠪᠣᠯᠭᠠᠬᠤ ᠠᠵᠢᠯ ᠤᠨ ᠵᠢᠷᠤᠮᠵᠢᠯ︾ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠵᠦᠭᠯᠡᠭᠦᠷ ᠢ ᠨᠠᠶᠢᠷᠠᠭᠤᠯᠤᠨ ᠲᠣᠭᠲᠠᠭᠠᠬᠤ ᠵᠢᠷᠤᠮᠵᠢᠯ︾ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠣᠨ ᠤ ᠮᠡᠳᠡᠭᠦᠯᠦᠯᠲᠡ ᠶᠢ ᠨᠠᠶᠢᠷᠠᠭᠤᠯᠤᠨ ᠲᠣᠭᠲᠠᠭᠠᠬᠤ ᠵᠢᠷᠤᠮᠵᠢᠯ︾ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠠᠪᠴᠠᠩ ᠤᠨ ᠪᠠᠶᠢᠭᠤᠯᠤᠯᠲᠠ ᠶᠢᠨ ᠵᠢᠷᠤᠮᠵᠢᠯ︾ ︽ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠠᠵᠢᠯ ᠤᠨ ᠵᠢᠷᠤᠮᠵᠢᠯ︾ ︽ᠵᠠᠰᠠᠭ ᠤᠨ ᠶᠠᠪᠤᠳᠠᠯ ᠢ ᠢᠯᠡ ᠪᠣᠯᠭᠠᠬᠤ ᠪᠠᠷᠢᠮᠵᠢᠶ᠎ᠠ ᠶᠢᠨ ᠭᠠᠷᠴᠠᠭ ᠢ ᠨᠠᠶᠢᠷᠠᠭᠤᠯᠤᠨ ᠲᠣᠭᠲᠠᠭᠠᠬᠤ ᠵᠢᠷᠤᠮᠵᠢᠯ︾ ︽ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠵᠢᠷᠤᠮᠵᠢᠯ︾ ᠵᠡᠷᠭᠡ 8 ᠵᠦᠢᠯ ᠤᠨ ᠣᠷᠣᠨ ᠨᠤᠲᠤᠭ ᠤᠨ ᠪᠠᠷᠢᠮᠵᠢᠶ᠎ᠠ ᠶᠢᠨ ᠲᠤᠷᠰᠢᠯᠲᠠ ᠶᠢᠨ ᠡᠭᠦᠷᠭᠡ ᠶᠢ ᠵᠢᠯ ᠤᠨ ᠳᠣᠲᠣᠷ᠎ᠠ ᠪᠡᠶᠡᠯᠡᠭᠦᠯᠵᠦ᠂ ᠮᠠᠨ ᠤ ᠬᠤᠲᠠ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠪᠠᠷᠢᠮᠵᠢᠶᠠᠵᠢᠭᠤᠯᠤᠯᠲᠠ᠂ ᠵᠢᠷᠤᠮᠵᠢᠭᠤᠯᠤᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃      ︵ᠭᠤᠷᠪᠠ︶ ᠭᠤᠶᠤᠴᠢᠯᠠᠯ ᠢᠶᠠᠷ ᠢᠯᠡ ᠪᠣᠯᠭᠠᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠣᠶᠢᠯᠠᠭᠠᠭᠳᠠᠬᠤᠨ ᠢᠶᠠᠨ ᠦᠨᠡᠨᠬᠦ ᠬᠤᠪᠢᠷᠠᠭᠤᠯᠵᠤ᠂ ᠦᠢᠯᠡᠴᠢᠯᠡᠭᠡᠨ ᠤ ᠣᠶᠢᠯᠠᠭᠠᠭᠳᠠᠬᠤᠨ ᠢᠶᠠᠨ ᠴᠢᠩᠭᠠᠳᠬᠠᠨ᠂ ᠭᠤᠶᠤᠴᠢᠯᠠᠯ ᠢᠶᠠᠷ ᠢᠯᠡ ᠪᠣᠯᠭᠠᠬᠤ ᠠᠵᠢᠯ ᠢ ᠠᠷᠠᠳ ᠣᠯᠠᠨ ᠤ ᠦᠢᠯᠡᠳᠪᠦᠷᠢᠯᠡᠯ ᠠᠮᠢᠳᠤᠷᠠᠯ ᠳᠤ ᠦᠢᠯᠡᠴᠢᠯᠡᠬᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠶᠢ ᠳᠡᠮᠵᠢᠬᠦ ᠴᠢᠬᠤᠯᠠ ᠠᠷᠭ᠎ᠠ ᠮᠠᠶ᠋ᠢᠭ ᠪᠣᠯᠭᠠᠵᠤ᠂ ᠭᠤᠶᠤᠴᠢᠯᠠᠭᠴᠢ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠥᠪᠡᠷᠮᠢᠴᠡ ᠪᠥᠭᠡᠳ ᠵᠦᠶ ᠵᠣᠬᠢᠰᠲᠠᠶ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠨ ᠬᠠᠩᠭᠠᠬᠤ ᠬᠡᠷᠡᠭᠲᠡᠢ᠃ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠪᠠ ᠬᠡᠷᠡᠭ ᠤᠨ ᠵᠢᠱᠢᠶ᠎ᠡ ᠶᠢᠨ ᠵᠢᠯᠣᠭᠤᠳᠣᠯᠭ᠎ᠠ ᠶᠢ ᠴᠢᠩᠭᠠᠳᠬᠠᠵᠤ᠂ ᠬᠠᠷᠢᠭᠤᠯᠲᠠ ᠥᠭᠬᠦ ᠪᠢᠴᠢᠭ ᠬᠠᠷ᠎ᠠ ᠶᠢ ᠵᠢᠷᠤᠮᠵᠢᠭᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃       ᠲᠠᠪᠤ᠂ ᠠᠵᠢᠯ ᠤᠨ ᠪᠠᠲᠤᠯᠠᠭ᠎ᠠ ᠪᠣᠯᠤᠨ ᠬᠢᠨᠠᠯᠲᠠ ᠲᠠᠯᠪᠢᠬᠤ ᠶᠢ ᠴᠢᠩᠳᠠᠯᠠᠬᠤ ᠬᠡᠷᠡᠭᠲᠡᠢ      ︵ᠨᠢᠭᠡ︶ ᠪᠠᠲᠤᠯᠠᠭ᠎ᠠ ᠬᠢᠨᠠᠯᠲᠠ ᠲᠠᠯᠪᠢᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠠᠵᠢᠯ ᠤᠨ ᠪᠠᠶᠢᠭᠤᠯᠤᠮᠵᠢ ᠲᠣᠰ ᠭᠠᠵᠠᠷ ᠣᠷᠣᠨ᠂ ᠲᠣᠰ ᠰᠢᠰᠲ᠋ᠧᠮ ᠤᠨ ᠢᠶᠠᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠭᠦᠨᠵᠡᠭᠡᠶᠢᠷᠡᠭᠦᠯᠵᠦ ᠪᠠᠶᠢᠭ᠎ᠠ ᠪᠠᠶᠢᠳᠠᠯ ᠢ ᠨᠢᠭᠲᠠ ᠠᠩᠬᠠᠷᠴᠤ᠂ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠴᠠᠭ ᠲᠤᠬᠠᠶ ᠳᠤᠨᠢ ᠢᠯᠡᠷᠡᠭᠦᠯᠦᠨ ᠳᠡᠯᠭᠡᠷᠡᠭᠦᠯᠵᠦ᠂ ᠲᠣᠰ ᠭᠠᠵᠠᠷ ᠣᠷᠣᠨ᠂ ᠲᠣᠰ ᠨᠢᠭᠡᠴᠡ ᠶᠢᠨ ᠢᠶᠠᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠠᠬᠢᠭᠤᠯᠬᠤ᠂ ᠵᠢᠯᠣᠭᠤᠳᠬᠤ᠂ ᠵᠣᠬᠢᠴᠠᠭᠤᠯᠬᠤ᠂ ᠬᠢᠨᠠᠯᠲᠠ ᠲᠠᠯᠪᠢᠬᠤ ᠬᠢᠷᠢ ᠬᠡᠮᠵᠢᠶ᠎ᠡ ᠪᠠᠨ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠬᠢᠨᠠᠨ ᠰᠢᠯᠭᠠᠬᠤ᠂ ᠦᠨᠡᠯᠡᠨ ᠶᠠᠷᠢᠯᠴᠠᠬᠤ ᠶᠢ ᠬᠠᠤᠯᠢ ᠲᠣᠭᠲᠠᠭᠠᠯ ᠰᠠᠬᠢᠯᠭ᠎ᠠ ᠪᠠᠲᠤ ᠶᠣᠰᠣᠭᠠᠷ ᠥᠷᠨᠢᠭᠦᠯᠵᠦ᠂ ᠭᠤᠷᠪᠠᠳᠠᠬᠢ ᠡᠲᠡᠭᠡᠳ ᠤᠨ ᠦᠨᠡᠯᠡᠨ ᠵᠢᠱᠢᠯᠲᠡ ᠪᠠᠷ ᠵᠠᠰᠠᠭ ᠤᠨ ᠣᠷᠳᠣᠨ ᠤ ᠲᠣᠰ ᠪᠡᠶ᠎ᠡ ᠶᠢᠨ ᠥᠷᠨᠢᠭᠦᠯᠪᠡᠯ ᠵᠣᠬᠢᠬᠤ ᠬᠢᠨᠠᠨ ᠰᠢᠯᠭᠠᠵᠤ ᠦᠨᠡᠯᠡᠨ ᠵᠢᠱᠢᠬᠦ ᠶᠢ ᠳᠥᠭᠦᠮᠬᠡᠨ ᠢᠶᠠᠷ ᠣᠷᠣᠯᠠᠭᠤᠯᠬᠤ ᠠᠴᠠ ᠵᠠᠶᠢᠯᠠᠰᠬᠢᠵᠦ᠂ ᠭᠦᠢᠴᠡᠳᠬᠡᠯ ᠲᠤᠭ᠎ᠠ ᠶᠢᠨ ᠰᠢᠰᠲ᠋ᠧᠮᠵᠢ ᠶᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠲᠣᠭᠲᠠᠭᠠᠵᠤ᠂ ᠠᠵᠢᠯ ᠤᠨ ᠤᠳᠤᠷᠢᠳᠤᠮᠵᠢ ᠶᠢ ᠨᠠᠩ ᠰᠠᠶᠢᠨ ᠢᠯᠡᠷᠡᠭᠦᠯᠬᠦ ᠬᠡᠷᠡᠭᠲᠡᠢ᠃       ︵ᠬᠤᠶᠠᠷ︶ ᠵᠠᠰᠠᠭ ᠤᠨ ᠶᠠᠪᠤᠳᠠᠯ ᠢ ᠢᠯᠡ ᠪᠣᠯᠭᠠᠬᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠠᠵᠢᠯᠯᠠᠬᠤ ᠬᠦᠴᠦᠨ ᠢ ᠭᠦᠢᠴᠡᠳ ᠮᠦᠷᠲᠡᠭᠡᠨ ᠴᠢᠩᠭ᠎ᠠ ᠳᠣᠭᠢᠷᠠᠭᠤᠯᠵᠤ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠲᠤᠰᠬᠠᠶ ᠠᠵᠢᠯᠲᠠᠨ ᠳᠣᠭᠢᠷᠠᠭᠤᠯᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠬᠠᠷᠢᠭᠤᠴᠠᠭᠤᠯᠵᠤ᠂ ᠠᠵᠢᠯᠲᠠᠨ ᠤ ᠰᠢᠯᠵᠢᠬᠦ ᠶᠢ ᠪᠠᠭᠠᠰᠬᠠᠨ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠳᠤ ᠠᠩᠬᠠᠷᠬᠤ ᠬᠥᠮᠦᠨ ᠲᠠᠢ᠂ ᠬᠠᠮᠢᠶᠠᠷᠬᠤ ᠬᠥᠮᠦᠨ ᠲᠠᠢ᠂ ᠬᠢᠬᠦ ᠬᠥᠮᠦᠨ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠲᠤᠰᠬᠠᠶ ᠮᠡᠷᠭᠡᠵᠢᠯ ᠤᠨ ᠮᠡᠳᠡᠯᠭᠡ᠂ ᠲᠤᠰᠬᠠᠶ ᠮᠡᠷᠭᠡᠵᠢᠯ ᠤᠨ ᠰᠡᠳᠬᠢᠬᠦᠶ᠂ ᠲᠤᠰᠬᠠᠶ ᠮᠡᠷᠭᠡᠵᠢᠯ ᠤᠨ ᠴᠢᠳᠠᠪᠤᠷᠢ ᠪᠠᠷ ᠴᠠᠭᠠᠷᠠᠭᠰᠠᠨ ᠵᠠᠰᠠᠭ ᠤᠨ ᠶᠠᠪᠤᠳᠠᠯ ᠢ ᠢᠯᠡ ᠪᠣᠯᠭᠠᠬᠤ ᠡᠩᠨᠡᠭᠡ ᠶᠢ ᠪᠠᠶᠢᠭᠤᠯᠬᠤ ᠶᠢ ᠪᠣᠳᠣᠯᠬᠢᠯᠠᠨ᠂ ᠵᠠᠰᠠᠭ ᠤᠨ ᠶᠠᠪᠤᠳᠠᠯ ᠢ ᠢᠯᠡ ᠪᠣᠯᠭᠠᠬᠤ ᠪᠣᠯᠪᠠᠰᠤᠷᠠᠭᠤᠯᠤᠯ ᠤᠨ ᠠᠵᠢᠯ ᠢ ᠦᠷᠭᠦᠯᠵᠢᠯᠡᠨ ᠰᠠᠶᠢᠵᠢᠷᠠᠭᠤᠯᠵᠤ᠂ ᠲᠥᠪᠯᠡᠷᠡᠭᠦᠯᠦᠨ ᠪᠣᠯᠪᠠᠰᠤᠷᠠᠭᠤᠯᠬᠤ ᠪᠠ ᠲᠠᠷᠠᠬᠠᠶ ᠪᠤᠲᠠᠷᠬᠠᠶ ᠪᠠᠷ ᠪᠣᠯᠪᠠᠰᠤᠷᠠᠭᠤᠯᠬᠤ ᠶᠢ ᠬᠠᠷᠢᠯᠴᠠᠨ ᠤᠶᠠᠯᠳᠤᠭᠤᠯᠤᠭᠰᠠᠨ᠂ ᠶᠡᠷᠦᠩᠬᠡᠶᠢᠯᠡᠭᠰᠡᠨ ᠴᠢᠳᠠᠪᠤᠷᠢ ᠶᠢᠨ ᠪᠣᠯᠪᠠᠰᠤᠷᠠᠭᠤᠯᠤᠯ ᠪᠠ ᠬᠠᠤᠯᠢ ᠴᠠᠭᠠᠵᠠ ᠶᠢᠨ ᠮᠡᠳᠡᠯᠭᠡ ᠶᠢᠨ ᠪᠣᠯᠪᠠᠰᠤᠷᠠᠭᠤᠯᠤᠯ ᠢ ᠬᠠᠷᠢᠯᠴᠠᠨ ᠤᠶᠠᠯᠳᠤᠭᠤᠯᠤᠭᠰᠠᠨ᠂ ᠰᠦᠯᠵᠢᠶᠡᠨ ᠳᠡᠭᠡᠷᠡᠬᠢ ᠪᠣᠯᠪᠠᠰᠤᠷᠠᠭᠤᠯᠤᠯ ᠪᠠ ᠰᠦᠯᠵᠢᠶᠡᠨ ᠭᠠᠳᠠᠨᠠᠬᠢ ᠪᠣᠯᠪᠠᠰᠤᠷᠠᠭᠤᠯᠤᠯ ᠢ ᠬᠠᠷᠢᠯᠴᠠᠨ ᠤᠶᠠᠯᠳᠤᠭᠤᠯᠤᠭᠰᠠᠨ ᠣᠯᠠᠨ ᠡᠰᠢᠵᠢᠭᠰᠡᠨ ᠪᠣᠯᠪᠠᠰᠤᠷᠠᠭᠤᠯᠤᠯ ᠤᠨ ᠪᠠᠶᠢᠷᠢᠰᠢᠯ ᠢ ᠰᠦᠪᠡᠭᠴᠢᠯᠡᠨ ᠪᠠᠶᠢᠭᠤᠯᠬᠤ ᠬᠡᠷᠡᠭᠲᠡᠢ᠃ ᠪᠣᠯᠪᠠᠰᠤᠷᠠᠭᠤᠯᠤᠯ ᠢᠶᠠᠷ ᠳᠠᠮᠵᠢᠭᠤᠯᠤᠨ ᠪᠣᠳᠠᠲᠠᠶ ᠠᠵᠢᠯ ᠤᠨ ᠳᠤᠮᠳᠠᠬᠢ ᠬᠦᠴᠢᠷᠳᠡᠯ ᠪᠠ ᠪᠠᠯᠠᠶ ᠲᠠᠯ᠎ᠠ ᠶᠢ ᠴᠢᠷᠮᠠᠶᠢᠨ ᠰᠢᠢᠳᠪᠦᠷᠢᠯᠡᠵᠦ᠂ ᠠᠵᠢᠯ ᠤᠨ ᠴᠢᠳᠠᠪᠤᠷᠢ ᠪᠠᠨ ᠪᠦᠲᠦᠮᠵᠢᠲᠡᠶ ᠪᠠᠷ ᠳᠡᠭᠡᠭᠰᠢᠯᠡᠭᠦᠯᠬᠦ ᠬᠡᠷᠡᠭᠲᠡᠢ᠃       ︵ᠭᠤᠷᠪᠠ︶ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠢ᠃ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠪᠠ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠵᠤ᠂ ᠲᠣᠰ ᠭᠤᠣᠯ ᠵᠦᠢᠯ ᠳᠤ ᠳᠤᠷᠠᠳᠤᠭᠰᠠᠨ ᠲᠣᠰ ᠭᠠᠵᠠᠷ ᠣᠷᠣᠨ᠂ ᠲᠣᠰ ᠰᠢᠰᠲ᠋ᠧᠮ ᠳᠤ ᠬᠤᠯᠪᠣᠭᠳᠠᠬᠤ ᠭᠤᠤᠯᠳᠠᠯᠭ᠎ᠠ ᠲᠠᠢ ᠡᠭᠦᠷᠭᠡ ᠶᠢ ᠠᠵᠢᠯ ᠤᠨ ᠡᠬᠡ ᠲᠠᠩᠰᠠ ᠪᠣᠯᠭᠠᠨ ᠡᠮᠬᠢᠯᠡᠵᠦ᠂ ᠴᠠᠭ ᠲᠤᠬᠠᠶ ᠳᠤᠨᠢ ᠮᠥᠷᠳᠡᠨ ᠠᠬᠢᠭᠤᠯᠵᠤ᠂ ᠨᠠᠶᠢᠳᠠᠪᠤᠷᠢᠵᠢᠭᠤᠯᠤᠯᠲᠠ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠳᠡᠭᠡᠷ᠎ᠡ ᠨᠢᠭᠡ ᠵᠢᠯ ᠤᠨ ᠠᠵᠢᠯ ᠤᠨ ᠭᠤᠤᠯᠳᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ︽ᠡᠷᠬᠢᠨ ᠬᠠᠷᠠᠬᠤ︾ ᠠᠵᠢᠯᠯᠠᠭ᠎ᠠ ᠥᠷᠨᠢᠭᠦᠯᠵᠦ᠂ ᠲᠤᠳᠤᠷᠬᠠᠢ ᠬᠠᠷᠢᠭᠤᠴᠠᠯᠭ᠎ᠠ ᠶᠢᠨ ᠭᠤᠤᠯ ᠴᠣᠭᠴᠠ ᠪᠠ ᠴᠠᠭ ᠤᠨ ᠱᠠᠭᠠᠷᠳᠠᠯᠭ᠎ᠠ ᠠᠵᠢᠯ ᠤᠨ ᠡᠭᠦᠷᠭᠡ ᠳᠤ ᠭᠤᠤᠯᠳᠠᠯᠭ᠎ᠠ ᠲᠠᠢ ᠴᠢᠭᠯᠡᠭᠦᠯᠦᠨ᠂ ᠨᠠᠶᠢᠳᠠᠪᠤᠷᠢᠵᠢᠭᠤᠯᠤᠭᠰᠠᠨ ᠪᠠᠶᠢᠳᠠᠯ ᠢ ᠵᠦᠢᠯ ᠳᠠᠷᠠᠭᠠᠯᠠᠨ ᠬᠠᠷᠭᠤᠭᠤᠯᠤᠨ ᠪᠠᠶᠢᠴᠠᠭᠠᠵᠤ᠂ ᠪᠡᠶᠡᠯᠡᠭᠦᠯᠦᠭᠡᠳᠦᠶ ᠪᠣᠯ ᠬᠠᠤᠯᠢ ᠶᠣᠰᠣᠭᠠᠷ ᠰᠢᠮᠳᠠᠭᠤᠯᠤᠨ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃       ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠲᠣᠰ ᠭᠤᠤᠯᠳᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠣᠨ ᠤ ᠮᠡᠳᠡᠭᠦᠯᠦᠯᠲᠡ ᠳᠤ ᠣᠷᠣᠭᠤᠯᠤᠨ ᠢᠯᠡ ᠪᠣᠯᠭᠠᠵᠤ᠂ ᠨᠡᠶᠢᠭᠡᠮ ᠤᠨ ᠬᠢᠨᠠᠯᠲᠠ ᠶᠢ ᠬᠦᠯᠢᠶᠡᠬᠦ ᠬᠡᠷᠡᠭᠲᠡᠢ᠃ 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ