︽ᠬᠥᠬᠡᠬᠤᠲᠠ ᠶᠢᠨ ᠲᠠᠷᠢᠶᠠᠨ ᠭᠠᠵᠠᠷ ᠢ ︿ᠠᠮᠤ ᠪᠤᠳᠠᠭᠠᠨ ᠤ ᠪᠤᠰᠤ ᠪᠣᠯᠭᠠᠬᠤ﹀ ᠶᠢ ᠰᠡᠷᠭᠡᠶᠢᠯᠡᠨ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠭᠤᠨ ᠪᠠᠶᠢᠯᠭᠠᠬᠤ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2021/8/9
           ᠬᠦᠬᠡᠬᠤᠲᠠ ᠵᠠᠰᠠᠭ ᠠᠯᠪᠠᠨ ᠦᠰᠦᠭ ︹ 2021 ︺ 30 ᠳ᠋ᠤᠭᠠᠷ ᠲᠤᠭᠠᠲᠤ                  2021 ᠣᠨ ᠤ 4 ᠳ᠋ᠤᠭᠡᠷ ᠰᠠᠷ᠎ᠠ ᠶᠢᠨ 22 ᠤᠨ ᠡᠳᠦᠷ ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄      ︽ᠬᠥᠬᠡᠬᠤᠲᠠ ᠶᠢᠨ ᠲᠠᠷᠢᠶᠠᠨ ᠭᠠᠵᠠᠷ ᠢ ︿ᠠᠮᠤ ᠪᠤᠳᠠᠭᠠᠨ ᠤ ᠪᠤᠰᠤ﹀ ᠪᠣᠯᠭᠠᠬᠤ ᠶᠢ ᠰᠡᠷᠭᠡᠶᠢᠯᠡᠨ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠭᠤᠨ  ᠪᠠᠶᠢᠯᠭᠠᠬᠤ ᠬᠡᠷᠡᠭᠵᠢᠭᠦᠯᠬᠦ ᠲᠥᠰᠦᠯ︾ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠵᠦ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃          ᠬᠥᠬᠡᠬᠤᠲᠠ ᠶᠢᠨ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠨ          ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠭᠤᠨ ᠪᠠᠶᠢᠯᠭᠠᠬᠤ ᠬᠡᠷᠡᠭᠵᠢᠭᠦᠯᠬᠦ ᠲᠥᠰᠦᠯ      ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠨ ᠭᠠᠵᠠᠷ ᠢ ︿ᠠᠮᠤ ᠪᠤᠳᠠᠭᠠᠨ ᠤ ᠪᠤᠰᠤ ᠪᠣᠯᠭᠠᠬᠤ﹀ ᠶᠢ ᠰᠡᠷᠭᠡᠶᠢᠯᠡᠨ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠭᠤᠨ ᠪᠠᠶᠢᠯᠭᠠᠬᠤ ᠠᠵᠢᠯ ᠤᠨ ᠲᠥᠰᠦᠯ﹀ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹ 2021 ︺ 11 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠶᠢ ᠡᠷᠡᠰ ᠰᠡᠷᠭᠡᠶᠢᠯᠡᠨ᠂ ᠠᠮᠤ ᠪᠤᠳᠠᠭᠠᠨ ᠤ ᠦᠢᠯᠡᠳᠪᠦᠷᠢᠯᠡᠯ ᠢ ᠦᠨᠡᠨᠬᠦ ᠲᠣᠭᠲᠠᠭᠤᠨ ᠪᠠᠶᠢᠯᠭᠠᠬᠤ ᠶᠢᠨ ᠲᠤᠰᠠᠳᠠ᠂ ᠬᠥᠬᠡᠬᠤᠲᠠ ᠶᠢᠨ ᠪᠣᠳᠠᠲᠠᠶ ᠲᠠᠢ ᠤᠶᠠᠯᠳᠤᠭᠤᠯᠤᠨ᠂ ᠲᠣᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃        ᠨᠢᠭᠡ᠂ ᠶᠡᠷᠦᠩᠬᠡᠶ ᠱᠠᠭᠠᠷᠳᠠᠯᠭ᠎ᠠ        ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠦᠨᠡᠨᠬᠦ ᠪᠠᠲᠤᠯᠠᠬᠤ ᠶᠢ ︽ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠡᠷᠢᠭᠦᠨ ᠴᠢᠬᠤᠯᠠ ᠡᠭᠦᠷᠭᠡ ᠪᠣᠯᠭᠠᠵᠤ᠂ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢᠨ ᠤᠷᠢᠲᠠᠯ ᠪᠣᠯᠭᠠᠵᠤ᠂ ᠲᠠᠷᠢᠶᠠᠯᠠᠬᠤ  ᠭᠠᠵᠠᠷ ᠤᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠠᠰᠢᠭᠯᠠᠨ᠂ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠶᠢ ᠡᠷᠡᠰ ᠰᠡᠷᠭᠡᠶᠢᠯᠡᠨ᠂ ᠠᠮᠤ ᠪᠤᠳᠠᠭᠠᠨ ᠤ ᠦᠢᠯᠡᠳᠪᠦᠷᠢᠯᠡᠯ ᠢ ᠬᠥᠭᠵᠢᠭᠦᠯᠬᠦ ᠪᠠ ᠬᠠᠷᠢᠴᠠᠭᠤᠯᠤᠭᠰᠠᠨ ᠦᠷ᠎ᠡ ᠠᠰᠢᠭ ᠢ ᠪᠠᠳᠠᠷᠠᠭᠤᠯᠬᠤ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠬᠦ ᠬᠡᠷᠡᠭᠲᠡᠶ᠃ ᠠᠮᠤ ᠪᠤᠳᠠᠭ᠎ᠠ ᠶᠢ ᠪᠠᠲᠤᠯᠠᠬᠤ ᠳᠤ ᠭᠠᠵᠠᠷ ᠰᠢᠷᠣᠶ ᠳᠤ ᠲᠦᠰᠢᠭᠯᠡᠵᠦ᠂ ᠠᠮᠤ ᠪᠤᠳᠠᠭ᠎ᠠ ᠶᠢ ᠪᠠᠳᠤᠯᠠᠬᠤ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠤ ᠲᠦᠰᠢᠭᠯᠡᠬᠦ ᠪᠠᠶᠢᠯᠳᠤᠬᠤ ᠪᠤᠳᠤᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠲᠦᠷᠦ ᠶᠢᠨ ᠪᠤᠳᠤᠯᠭ᠎ᠠ ᠶᠢ ᠲᠣᠭᠲᠠᠭᠤᠨ ᠪᠠᠶᠢᠯᠭᠠᠬᠤ᠂ ᠲᠠᠯᠠᠪᠠᠢ ᠶᠢ ᠲᠣᠭᠲᠠᠭᠤᠨ ᠪᠠᠶᠢᠯᠭᠠᠬᠤ᠂ ᠤᠨᠠᠯᠲᠠ ᠶᠢ ᠲᠣᠭᠲᠠᠭᠤᠨ ᠪᠠᠶᠢᠯᠭᠠᠬᠤ ᠪᠠᠷ ᠬᠦᠴᠦᠯᠡᠨ ᠴᠢᠷᠮᠠᠶᠢᠵᠤ᠂ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠲᠠᠰᠤᠷᠠᠯᠳᠠ ᠦᠭᠡᠢ ᠪᠠᠬᠢᠵᠢᠭᠦᠯᠦᠨ ᠳᠡᠭᠡᠭᠰᠢᠯᠡᠭᠦᠯᠵᠦ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠪᠦᠲᠦᠮᠵᠢᠲᠡᠶ ᠬᠠᠩᠭᠠᠯᠭ᠎ᠠ ᠶᠢᠨ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠵᠦ᠂ ᠠᠮᠤ ᠪᠤᠳᠠᠭ᠎ᠠ ᠲᠠᠷᠢᠬᠤ ᠲᠠᠯᠠᠪᠠᠢ ᠶᠢ ᠪᠠᠭᠠᠰᠬᠠᠬᠤ ᠦᠭᠡᠢ᠂ ᠦᠢᠯᠡᠳᠪᠦᠷᠢᠯᠡᠬᠦ ᠴᠢᠳᠠᠮᠵᠢ ᠶᠢ ᠳᠡᠭᠡᠭᠰᠢᠯᠡᠭᠦᠯᠬᠦ᠂ ᠤᠨᠠᠯᠲᠠ ᠶᠢ ᠪᠠᠭᠤᠷᠠᠭᠤᠯᠬᠤ ᠦᠭᠡᠢ ᠪᠠᠶᠢᠬᠤ ᠶᠢ ᠦᠨᠡᠨᠬᠦ  ᠪᠠᠲᠤᠯᠠᠬᠤ ᠬᠡᠷᠡᠭᠲᠡᠢ᠃ ᠮᠠᠨ ᠤ ᠬᠤᠲᠠ ᠶᠢᠨ 581 ᠲᠦᠮᠡᠨ ᠮᠥ ᠶᠢᠨ ᠦᠨᠢᠲᠡ ᠶᠢᠨ ᠦᠨᠳᠦᠰᠦᠨ ᠲᠠᠷᠢᠶᠠᠨ ᠭᠠᠵᠠᠷ ᠢ ᠠᠮᠤ ᠪᠤᠳᠠᠭᠠᠨ ᠤ ᠦᠢᠯᠡᠳᠪᠦᠷᠢᠯᠡᠯ ᠳᠤ ᠭᠤᠣᠯᠳᠠᠯᠭ᠎ᠠ ᠲᠠᠢ ᠬᠡᠷᠡᠭᠯᠡᠵᠦ᠂ ᠠᠮᠤ ᠪᠤᠳᠠᠭ᠎ᠠ ᠲᠠᠷᠢᠬᠤ ᠲᠠᠯᠠᠪᠠᠢ ᠶᠢ 495 ᠲᠦᠮᠡᠨ ᠮᠥ ᠠᠴᠠ ᠳᠡᠭᠡᠭᠰᠢ ᠳᠤ ᠲᠣᠭᠲᠠᠪᠤᠷᠢᠵᠢᠭᠤᠯᠵᠤ᠂ ᠠᠮᠤ ᠪᠤᠳᠠᠭᠠᠨ ᠤ ᠤᠨᠠᠯᠲᠠ ᠶᠢ 34.82 ᠳ᠋ᠦᠩᠰᠢᠭᠤᠷ ᠵᠢᠩ ᠠᠴᠠ ᠳᠡᠭᠡᠭᠰᠢ ᠳᠤ ᠲᠣᠭᠲᠠᠪᠤᠷᠢᠵᠢᠭᠤᠯᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠶᠢ ᠪᠠᠳᠤᠯᠠᠬᠤ ᠬᠡᠷᠡᠭᠲᠡᠢ᠃       ᠬᠤᠶᠠᠷ᠂ ᠭᠤᠣᠯᠳᠠᠯᠭ᠎ᠠ ᠲᠠᠢ ᠠᠵᠢᠯ       ︵ᠨᠢᠭᠡ︶  ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠨ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠭᠤᠨ ᠪᠠᠶᠢᠯᠭᠠᠬᠤ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠬᠤ ᠬᠡᠷᠡᠭᠲᠡᠢ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠠᠮᠤ ᠪᠤᠳᠠᠭᠠᠨ ᠤ ᠠᠮᠤᠷ ᠲᠦᠪᠰᠢᠨ ᠢ  ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠶᠡᠷᠦᠩᠬᠡᠶ ᠱᠦᠵᠢ ᠰᠢ ᠶᠢᠨ ᠫᠢᠩ᠄ ᠠᠮᠤ ᠪᠤᠳᠠᠭᠠᠨ ᠤ ᠦᠢᠯᠡᠳᠪᠦᠷᠢᠯᠡᠯ ᠢ ᠵᠢᠯ ᠪᠦᠷᠢ ᠴᠢᠩᠭ᠎ᠠ ᠠᠳᠬᠤᠬᠤ ᠬᠡᠷᠡᠭᠲᠡᠶ᠂ ᠲᠠᠯᠠᠪᠠᠢ ᠶᠢ ᠪᠠᠭᠠᠰᠬᠠᠵᠤ᠂ ᠤᠨᠠᠯᠲᠠ ᠶᠢ ᠪᠠᠭᠤᠷᠠᠭᠤᠯᠵᠤ ᠪᠣᠯᠬᠤ ᠦᠭᠡᠢ᠂ ᠬᠠᠩᠭᠠᠯᠭ᠎ᠠ᠂ ᠵᠠᠬ᠎ᠠ ᠳᠡᠯᠭᠡᠭᠦᠷ ᠲᠤ ᠠᠰᠠᠭᠤᠳᠠᠯ ᠭᠠᠷᠭᠠᠵᠤ ᠪᠣᠯᠬᠤ ᠦᠭᠡᠢ ᠭᠡᠵᠦ ᠲᠣᠳᠣᠷᠬᠠᠶ ᠵᠢᠭᠠᠵᠤ ᠭᠠᠷᠭᠠᠪᠠ᠃ ᠬᠥᠬᠡᠬᠤᠲᠠ ᠥᠪᠡᠷᠲᠡᠭᠡᠨ ᠵᠠᠰᠠᠬᠤ ᠣᠷᠣᠨ ᠤ ᠲᠥᠪ ᠪᠣᠯᠤᠭᠰᠠᠨ ᠤ ᠬᠤᠪᠢ ᠳᠤ᠂ ᠡᠷᠬᠡᠪᠰᠢ ᠢᠮᠠᠭᠲᠠ ︽ᠬᠤᠶᠠᠷ ᠶᠡᠭᠡ ᠲᠠᠯ᠎ᠠ︾ ᠳᠤ ᠰᠠᠭᠤᠷᠢᠯᠠᠵᠤ᠂ ︽ᠤᠯᠤᠰ ᠤᠨ ᠶᠡᠭᠡ ᠲᠠᠯ᠎ᠠ︾ ᠶᠢ ᠪᠤᠳᠤᠵᠤ᠂ ︽ᠳᠤᠮᠳᠠᠳᠤᠴᠤᠳ ᠪᠤᠳᠠᠭᠠᠨ ᠠᠶᠠᠭ᠎ᠠ ᠪᠠᠨ ᠥᠪᠡᠷ ᠤᠨ ᠭᠠᠷ ᠲᠠᠭᠠᠨ ᠴᠢᠩᠭ᠎ᠠ ᠠᠳᠬᠤᠬᠤ︾ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠨᠥᠬᠦᠴᠡᠯ ᠲᠠᠢ᠂ ᠴᠢᠳᠠᠪᠤᠷᠢ ᠲᠠᠢ᠂ ᠨᠠᠩ ᠴᠤ ᠬᠠᠷᠢᠭᠤᠴᠠᠯᠭ᠎ᠠ ᠲᠠᠢ ᠶᠤᠮ᠃ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾᠂ ︽ᠠᠮᠤ ᠪᠤᠳᠠᠭᠠᠨ ᠤ ᠪᠤᠰᠤ ᠪᠣᠯᠭᠠᠬᠤ︾ ᠶᠢ ᠴᠢᠩᠭ᠎ᠠ ᠰᠡᠷᠭᠡᠶᠢᠯᠡᠵᠦ᠂ ᠲᠠᠷᠢᠶᠠᠨ ᠭᠠᠵᠠᠷ ᠤᠨ ᠤᠯᠠᠭᠠᠨ ᠱᠤᠭᠤᠮ ᠢ ᠪᠠᠲᠤ ᠰᠠᠬᠢᠵᠤ᠂ ᠬᠠᠷᠢᠭᠤᠴᠠᠯᠭ᠎ᠠ ᠶᠢ ᠪᠣᠳᠠᠳᠠᠶᠢᠵᠢᠭᠤᠯᠬᠤ᠂ ᠲᠠᠯᠠᠪᠠᠢ ᠶᠢ ᠲᠣᠭᠲᠠᠪᠤᠷᠢᠵᠢᠭᠤᠯᠬᠤ᠂ ᠳᠠᠯᠳᠠ ᠬᠦᠴᠦᠨ ᠢ ᠠᠭᠤᠳᠠᠯᠬᠤ᠂ ᠨᠢᠭᠡᠴᠢ ᠲᠠᠯᠠᠪᠠᠢ ᠶᠢᠨ ᠤᠨᠠᠯᠲᠠ ᠶᠢ ᠳᠡᠭᠡᠭᠰᠢᠯᠡᠭᠦᠯᠬᠦ ᠳᠡᠭᠡᠷ᠎ᠡ ᠭᠤᠣᠯᠳᠠᠯᠭ᠎ᠠ ᠪᠠᠨ ᠲᠠᠯᠪᠢᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠣᠳᠣᠬᠠᠨ ᠳᠤ ᠤᠯᠤᠰ ᠤᠨ ᠳᠣᠲᠣᠭᠠᠳᠤ ᠶᠢᠨ ᠠᠮᠤ ᠪᠤᠳᠠᠭᠠᠨ ᠤ ᠦᠢᠯᠡᠳᠪᠦᠷᠢᠯᠡᠯ ᠬᠡᠷᠡᠭᠴᠡᠭᠡ ᠮᠥᠨ ᠬᠦ ᠲᠠᠲᠠᠭᠤ ᠲᠡᠩᠴᠡᠭᠦᠷᠢᠲᠡᠶ ᠪᠠᠶᠢᠳᠠᠯ ᠳᠤ ᠪᠠᠨ ᠪᠠᠶᠢᠵᠤ᠂ ᠰᠢᠨ᠎ᠡ ᠳᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠪᠦᠬᠦ ᠪᠥᠮᠪᠥᠷᠴᠡᠭ ᠲᠤ ᠳᠡᠯᠭᠡᠷᠡᠵᠦ᠂ ᠣᠯᠠᠨ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠲᠣᠭᠲᠠᠪᠤᠷᠢ ᠦᠭᠡᠢ ᠴᠢᠨᠠᠷ ᠬᠤᠷᠴᠠᠳᠪᠠ᠂ ᠲᠥᠪ ᠠᠴᠠ ᠡᠷᠬᠡᠪᠰᠢ ᠤᠯᠤᠰ ᠤᠨ ᠳᠣᠲᠣᠭᠠᠳᠤ ᠶᠢᠨ ᠠᠮᠤ ᠪᠤᠳᠠᠭᠠᠨ ᠤ ᠦᠢᠯᠡᠳᠪᠦᠷᠢᠯᠡᠯ ᠢ ᠲᠤᠭᠲᠠᠭᠤᠨ ᠪᠠᠶᠢᠯᠭᠠᠬᠤ ᠪᠠᠷ ᠳᠠᠮᠵᠢᠭᠤᠯᠤᠨ ᠣᠯᠠᠨ ᠤᠯᠤᠰ ᠤᠨ ᠪᠠᠶᠢᠳᠠᠯ ᠤᠨ ᠬᠤᠪᠢᠷᠠᠯᠲᠠ ᠠᠴᠠ ᠪᠣᠯᠤᠭᠰᠠᠨ ᠲᠣᠭᠲᠠᠪᠤᠷᠢ ᠦᠭᠡᠢ ᠴᠢᠨᠠᠷ ᠢ ᠠᠷᠭᠠᠴᠠᠭᠠᠬᠤ ᠬᠡᠷᠡᠭᠲᠡᠶ ᠭᠡᠵᠦ ᠳᠤᠷᠠᠳᠤᠭᠰᠠᠨ ᠪᠠᠶᠢᠨ᠎ᠠ᠃ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠶᠠᠪᠤᠳᠠᠯ ᠢ ︽ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠡᠷᠢᠭᠦᠨ ᠴᠢᠬᠤᠯᠠ ᠡᠭᠦᠷᠭᠡ ᠪᠣᠯᠭᠠᠬᠤ ᠶᠢ ᠪᠠᠷᠢᠮᠲᠠᠯᠠᠵᠤ᠂ ᠲᠠᠷᠢᠶᠠᠨ ᠭᠠᠵᠠᠷ ᠤᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠠᠰᠢᠭᠯᠠᠵᠤ᠂ ᠵᠥᠪᠬᠡᠨ ᠠᠵᠤ ᠠᠬᠤᠶ ᠶᠢᠨ ᠦᠷ᠎ᠡ ᠠᠰᠢᠭ ᠢᠶᠠᠷ ᠲᠠᠷᠢᠶᠠᠨ ᠭᠠᠵᠠᠷ ᠤᠨ ᠬᠡᠷᠡᠭᠯᠡᠯᠲᠡ ᠶᠢ ᠲᠣᠭᠲᠠᠭᠠᠵᠤ ᠪᠣᠯᠬᠤ ᠦᠭᠡᠶ᠂ ᠡᠷᠬᠡᠪᠰᠢ ᠬᠢᠵᠠᠭᠠᠷ ᠲᠠᠢ ᠲᠠᠷᠢᠶᠠᠨ ᠭᠠᠵᠠᠷ ᠤᠨ ᠡᠬᠢ ᠪᠠᠶᠠᠯᠢᠭ ᠢ ᠡᠩ ᠲᠡᠷᠢᠭᠦᠨ ᠳᠤ ᠠᠮᠤ ᠪᠤᠳᠠᠭᠠᠨ ᠤ ᠦᠢᠯᠡᠳᠪᠦᠷᠢᠯᠡᠯ ᠳᠤ ᠬᠡᠷᠡᠭᠯᠡᠵᠦ᠂ ᠠᠮᠤ ᠪᠤᠳᠠᠭᠠᠨ ᠤ ᠳᠣᠲᠣᠭᠠᠳᠤ ᠶᠢᠨ ᠲᠠᠷᠢᠮᠠᠯ ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠬᠦ ᠪᠠᠷ ᠭᠤᠣᠯᠳᠠᠯᠭ᠎ᠠ ᠪᠣᠯᠭᠠᠨ᠂ ᠣᠷᠣᠨ ᠪᠦᠰᠡ ᠶᠢᠨ ᠪᠠᠶᠢᠷᠢᠰᠢᠯ ᠪᠠ ᠦᠢᠯᠡᠳᠪᠦᠷᠢᠯᠡᠯ ᠤᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠠᠮᠤ ᠪᠤᠳᠠᠭ᠎ᠠ ᠲᠠᠷᠢᠬᠤ ᠲᠠᠯᠠᠪᠠᠢ ᠶᠢ ᠪᠠᠭᠠᠰᠬᠠᠬᠤ ᠦᠭᠡᠢ᠂ ᠦᠢᠯᠡᠳᠪᠦᠷᠢᠯᠡᠬᠦ ᠴᠢᠳᠠᠮᠵᠢ ᠶᠢ ᠳᠡᠭᠡᠭᠰᠢᠯᠡᠭᠦᠯᠬᠦ᠂ ᠤᠨᠠᠯᠲᠠ ᠶᠢ ᠪᠠᠭᠤᠷᠠᠭᠤᠯᠬᠤ ᠦᠭᠡᠢ ᠪᠠᠶᠢᠬᠤ ᠶᠢ ᠦᠨᠡᠨᠬᠦ ᠪᠠᠲᠤᠯᠠᠵᠤ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠬᠦ ᠬᠡᠷᠡᠭᠲᠡᠢ᠃      ︵ᠬᠤᠶᠠᠷ︶ ᠲᠠᠷᠢᠶᠠᠨ ᠭᠠᠵᠠᠷ ᠤᠨ ᠬᠠᠮᠠᠭᠠᠯᠠᠯᠲᠠ ᠪᠣᠯᠣᠨ ᠬᠡᠷᠡᠭᠯᠡᠯᠲᠡ ᠶᠢᠨ ᠵᠠᠬᠢᠷᠤᠨ ᠬᠠᠮᠢᠶᠠᠷᠤᠯᠲᠠ ᠶᠢ ᠴᠢᠩᠳᠠᠯᠠᠨ᠎ᠠ᠃ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠲᠠᠷᠢᠶᠠᠨ ᠭᠠᠵᠠᠷ ᠢ ᠬᠠᠮᠠᠭᠠᠯᠠᠬᠤ ᠬᠠᠷᠠᠯᠲᠠ ᠪᠠ ᠦᠨᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠡᠭᠦᠷᠭᠡ ᠶᠢ ᠨᠠᠶᠢᠳᠠᠪᠤᠷᠢᠵᠢᠭᠤᠯᠵᠤ᠂ ᠠᠮᠤ ᠪᠤᠳᠠᠭ᠎ᠠ ᠲᠠᠷᠢᠬᠤ ᠲᠠᠯᠠᠪᠠᠢ ᠶᠢ ᠲᠣᠭᠲᠠᠪᠤᠷᠢᠵᠢᠭᠤᠯᠬᠤ ᠶᠠᠪᠤᠳᠠᠯ ᠢ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠭᠤᠨ ᠪᠠᠶᠢᠯᠭᠠᠬᠤ ᠬᠠᠮᠤᠭ ᠤᠨ ᠦᠨᠳᠦᠰᠦᠨ ᠡᠭᠦᠷᠭᠡ ᠪᠣᠯᠭᠠᠨ ᠴᠢᠩᠭ᠎ᠠ ᠠᠳᠬᠤᠬᠤ ᠬᠡᠷᠡᠭᠲᠡᠶ᠃ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠲᠠᠷᠢᠶᠠᠨ ᠭᠠᠵᠠᠷ ᠲᠤ ᠣᠨᠴᠠᠭᠠᠶ ᠬᠠᠮᠠᠭᠠᠯᠠᠯᠲᠠ ᠪᠠ ᠬᠡᠷᠡᠭᠯᠡᠯᠲᠡ ᠶᠢᠨ ᠵᠠᠬᠢᠷᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠠᠰᠠᠭᠤᠳᠠᠯ ᠢ ᠡᠷᠡᠰ ᠬᠤᠷᠢᠭᠯᠠᠵᠤ᠂ ᠲᠣᠭᠲᠠᠭᠠᠯ ᠠᠴᠠ ᠵᠥᠷᠢᠴᠡᠨ ᠲᠠᠷᠢᠶᠠᠨ ᠭᠠᠵᠠᠷ ᠢ ᠡᠵᠡᠯᠡᠨ ᠨᠣᠭᠤᠭᠠᠷᠠᠭᠤᠯᠵᠤ ᠣᠶᠢᠵᠢᠭᠤᠯᠬᠤ ᠶᠢ ᠴᠢᠩᠭ᠎ᠠ ᠴᠠᠭᠠᠵᠠᠯᠠᠵᠤ᠂ ᠲᠣᠭᠲᠠᠭᠠᠯ ᠠᠴᠠ ᠵᠥᠷᠢᠴᠡᠨ ᠪᠠᠷᠢᠮᠵᠢᠶ᠎ᠠ ᠠᠴᠠ ᠬᠡᠲᠦᠷᠡᠭᠦᠯᠦᠨ ᠰᠠᠭᠠᠳ ᠥᠬᠡᠶ ᠨᠡᠪᠲᠡᠷᠡᠬᠦ ᠵᠠᠮ ᠪᠠᠶᠢᠭᠤᠯᠬᠤ ᠶᠢ ᠴᠢᠩᠭ᠎ᠠ ᠴᠠᠭᠠᠵᠠᠯᠠᠵᠤ᠂ ᠲᠣᠭᠲᠠᠭᠠᠯ ᠠᠴᠠ ᠵᠥᠷᠢᠴᠡᠨ ᠲᠠᠷᠢᠶᠠᠨ ᠭᠠᠵᠠᠷ ᠢ ᠡᠵᠡᠯᠡᠨ ᠨᠠᠭᠤᠷ ᠮᠠᠯᠲᠠᠵᠤ ᠦᠵᠡᠮᠵᠢ ᠭᠠᠷᠭᠠᠬᠤ ᠶᠢ ᠴᠢᠩᠭ᠎ᠠ ᠴᠠᠭᠠᠵᠠᠯᠠᠵᠤ᠂ ᠦᠨᠢᠲᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠥᠷᠭᠡᠳᠬᠡᠬᠦ ᠶᠢ ᠴᠢᠩᠭ᠎ᠠ ᠴᠠᠭᠠᠵᠠᠯᠠᠵᠤ᠂ ᠲᠣᠭᠲᠠᠭᠠᠯ ᠠᠴᠠ ᠵᠥᠷᠢᠴᠡᠨ ᠲᠠᠷᠢᠶᠠᠨ ᠭᠠᠵᠠᠷ ᠢ ᠡᠵᠡᠯᠡᠨ ᠲᠠᠷᠢᠶᠠᠯᠠᠩ ᠤᠨ ᠪᠤᠰᠤ ᠪᠥᠲᠥᠭᠡᠨ ᠪᠠᠶᠢᠭᠤᠯᠤᠯᠲᠠ ᠬᠢᠬᠦ ᠶᠢ ᠴᠢᠩᠭ᠎ᠠ ᠴᠠᠭᠠᠵᠠᠯᠠᠵᠤ᠂ ᠬᠠᠤᠯᠢ ᠲᠣᠭᠲᠠᠭᠠᠯ ᠠᠴᠠ ᠵᠥᠷᠢᠴᠡᠨ ᠭᠠᠵᠠᠷ ᠰᠢᠷᠣᠶ ᠬᠡᠷᠡᠭᠯᠡᠬᠦ ᠶᠢ ᠵᠥᠪᠰᠢᠶᠡᠷᠡᠨ ᠭᠠᠵᠠᠷ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠶᠢ ᠡᠷᠡᠰ ᠰᠡᠷᠭᠡᠶᠢᠯᠡᠵᠦ᠂ ᠦᠨᠢᠲᠡ ᠶᠢᠨ ᠦᠨᠳᠦᠰᠦᠨ ᠲᠠᠷᠢᠶᠠᠨ ᠭᠠᠵᠠᠷ ᠳᠡᠭᠡᠷᠡᠬᠢ ᠲᠠᠷᠢᠶᠠᠯᠠᠩ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠴᠢᠩᠭ᠎ᠠ ᠵᠢᠷᠤᠮᠵᠢᠭᠤᠯᠵᠤ᠂ ᠦᠨᠢᠲᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ ᠤᠢ ᠵᠢᠮᠢᠰ ᠤᠨ ᠦᠢᠯᠡᠰ ᠡᠷᠬᠢᠯᠡᠬᠦ ᠵᠢᠴᠢ ᠨᠠᠭᠤᠷ ᠮᠠᠯᠲᠠᠵᠤ ᠵᠢᠭᠠᠰᠤ ᠲᠡᠵᠢᠭᠡᠬᠦ᠂ ᠬᠠᠤᠯᠢ ᠪᠤᠰᠤ ᠪᠠᠷ ᠰᠢᠷᠣᠶ ᠠᠪᠴᠤ ᠲᠠᠷᠢᠶᠠᠯᠠᠬᠤ ᠳᠠᠪᠬᠤᠷᠭ᠎ᠠ ᠶᠢ ᠡᠪᠳᠡᠬᠦ ᠠᠵᠢᠯᠯᠠᠭ᠎ᠠ ᠶᠢ ᠴᠠᠭᠠᠵᠠᠯᠠᠵᠤ᠂ ᠦᠨᠢᠲᠡ ᠶᠢᠨ ᠦᠨᠳᠦᠰᠦᠨ ᠲᠠᠷᠢᠶᠠᠨ ᠭᠠᠵᠠᠷ ᠢ ᠰᠤᠯᠠ ᠪᠠᠶᠢᠯᠭᠠᠬᠤ᠂ ᠠᠲᠠᠷᠰᠢᠭᠤᠯᠬᠤ ᠶᠢ ᠴᠠᠭᠠᠵᠠᠯᠠᠨ᠎ᠠ᠃      ︵ᠭᠤᠷᠪᠠ︶ ᠲᠠᠷᠢᠶᠠᠨ ᠭᠠᠵᠠᠷ ᠤᠨ ᠶᠠᠰᠤ ᠴᠢᠨᠠᠷ ᠤᠨ ᠳᠡᠭᠡᠭᠰᠢᠯᠡᠯᠲᠡ ᠶᠢ ᠶᠡᠬᠡᠪᠡᠷ ᠠᠬᠢᠭᠤᠯᠤᠨ᠎ᠠ᠃ ᠨᠢᠭᠡ ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠭᠤᠤᠯᠳᠠᠭᠤ ᠠᠮᠤ ᠪᠤᠳᠠᠭᠠᠨ ᠤ ᠦᠢᠯᠡᠳᠪᠦᠷᠢᠯᠡᠯ ᠳᠤ ᠬᠡᠷᠡᠭᠯᠡᠬᠦ ᠶᠢ ᠳᠡᠮᠵᠢᠨ᠎ᠡ᠃ 2021 ᠣᠨ ᠳᠤ ᠮᠠᠨ ᠤ ᠬᠤᠲᠠ 2019 ᠣᠨ ᠤ 24 ᠲᠦᠮᠡᠨ ᠮᠥ᠂ 2020 ᠣᠨ ᠤ 25 ᠲᠦᠮᠡᠨ ᠮᠥ ᠵᠢᠴᠢ 2021 ᠣᠨ ᠤ 51.2 ᠲᠦᠮᠡᠨ ᠮᠥ ᠶᠢᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠳᠤ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠵᠤ᠂ ᠤᠰᠤᠨ ᠤ ᠬᠡᠮᠵᠢᠶ᠎ᠡ ᠪᠠᠷ ᠲᠠᠷᠢᠬᠤ︾ ᠵᠠᠷᠴᠢᠮ ᠢ ᠪᠠᠷᠢᠮᠲᠠᠯᠠᠨ᠂ ︽ᠬᠤᠶᠠᠷ ᠢ ᠨᠡᠮᠡᠭᠳᠡᠭᠦᠯᠬᠦ᠂ ᠳᠥᠷᠪᠡ ᠶᠢ ᠬᠢᠵᠠᠭᠠᠷᠯᠠᠬᠤ᠂ ᠳᠣᠯᠤᠭ᠎ᠠ ᠶᠢ ᠢᠵᠢ ᠪᠦᠷᠢᠳᠦᠭᠦᠯᠬᠦ︾ ᠪᠠ ︽ᠠᠷᠪᠠ ᠶᠢ ᠲᠥᠪᠯᠡᠷᠡᠭᠦᠯᠬᠦ︾ ᠪᠥᠲᠥᠭᠡᠨ ᠪᠠᠶᠢᠭᠤᠯᠤᠯᠲᠠ ᠶᠢᠨ ᠠᠭᠤᠯᠭ᠎ᠠ᠂ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠪᠠ ᠡᠵᠡᠩᠨᠡᠯᠲᠡ ᠬᠠᠮᠢᠶᠠᠷᠤᠯᠲᠠ ᠶᠢ ᠰᠠᠶᠢᠲᠤᠷ ᠠᠳᠬᠤᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠬᠥᠮᠥᠷᠭᠡ ᠳᠤ ᠣᠷᠣᠭᠤᠯᠵᠤ᠂ ᠦᠨᠢᠲᠡ ᠶᠢᠨ ᠦᠨᠳᠦᠰᠦᠨ ᠲᠠᠷᠢᠶᠠᠨ ᠭᠠᠵᠠᠷ ᠪᠣᠯᠭᠠᠨ ᠬᠤᠪᠢᠶᠠᠷᠢᠯᠠᠵᠤ᠂ ︽ᠲᠠᠷᠢᠶᠠᠯᠠᠩ ᠤᠨ ᠪᠤᠰᠤ ᠪᠣᠯᠭᠠᠬᠤ︾ ︽ᠠᠮᠤ ᠪᠤᠳᠠᠭᠠᠨ ᠤ ᠪᠤᠰᠤ ᠪᠣᠯᠭᠠᠬᠤ︾ ᠶᠢ ᠡᠷᠡᠰ ᠰᠡᠷᠭᠡᠶᠢᠯᠡᠨ᠎ᠡ᠃ ᠬᠤᠶᠠᠷ ᠲᠤ ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ ᠲᠤᠷᠰᠢᠯᠲᠠ ᠶᠢᠨ ᠴᠡᠭ ᠤᠨ ᠲᠥᠷᠥᠯ ᠵᠦᠢᠯ ᠢ ᠰᠠᠶᠢᠲᠤᠷ ᠬᠢᠵᠦ᠂ ᠲᠠᠷᠢᠶᠠᠨ ᠭᠠᠵᠠᠷ ᠤᠨ ᠦᠢᠯᠡᠳᠪᠦᠷᠢᠯᠡᠬᠦ ᠴᠢᠳᠠᠮᠵᠢ ᠶᠢ ᠪᠦᠲᠦᠮᠵᠢᠲᠡᠶ ᠪᠠᠷ ᠳᠡᠭᠡᠭᠰᠢᠯᠡᠭᠦᠯᠦᠨ᠎ᠡ᠃ 2021 ᠣᠨ ᠳᠤ ᠮᠠᠨ ᠤ ᠬᠤᠲᠠ ᠶᠢᠨ 50 ᠲᠦᠮᠡᠨ ᠮᠥ ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ ᠲᠤᠷᠰᠢᠯᠲᠠ ᠶᠢᠨ ᠴᠡᠭ ᠤᠨ ᠲᠥᠷᠥᠯ ᠵᠦᠢᠯ ᠢ ᠦᠴᠤᠸᠠᠨ ᠰᠢᠶᠠᠨ᠂ ᠲᠦᠮᠡᠳ ᠵᠡᠭᠦᠨ ᠬᠤᠰᠢᠭᠤ᠂ ᠲᠣᠭᠲᠠᠬᠤ ᠰᠢᠶᠠᠨ ᠵᠡᠷᠭᠡ ᠬᠤᠰᠢᠭᠤ ᠰᠢᠶᠠᠨ ᠳᠤ ᠭᠤᠤᠯᠳᠠᠯᠭ᠎ᠠ ᠲᠠᠢ ᠪᠠᠷ ᠬᠡᠷᠡᠭᠵᠢᠭᠦᠯᠦᠨ᠎ᠡ᠃ ᠡᠷᠳᠡᠨᠢ ᠰᠢᠰᠢ᠂ ᠲᠥᠮᠥᠰᠥ ᠪᠠᠷ ᠭᠤᠤᠯ ᠪᠣᠯᠭᠠᠵᠤ᠂ ᠪᠤᠰᠤᠳ ᠠᠮᠤ ᠪᠤᠳᠠᠭ᠎ᠠ ᠶᠢᠨ ᠲᠠᠷᠢᠮᠠᠯ ᠢᠶᠠᠷ ᠬᠠᠪᠰᠤᠷᠤᠮᠵᠢ ᠪᠣᠯᠭᠠᠭᠰᠠᠨ ︽ᠨᠢᠭᠡ ᠵᠦᠢᠯ ᠢᠶᠠᠷ ᠭᠤᠤᠯ ᠪᠣᠯᠭᠠᠵᠤ ᠣᠯᠠᠨ ᠵᠦᠢᠯ ᠢᠶᠠᠷ ᠲᠤᠰᠠᠯᠠᠬᠤ︾ ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ ᠵᠠᠭᠪᠤᠷ ᠢ ᠪᠠᠷᠢᠮᠲᠠᠯᠠᠨ᠂ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠭᠤᠨ ᠪᠠᠶᠢᠯᠭᠠᠬᠤ ᠪᠠᠷ ᠤᠳᠤᠷᠢᠳᠤᠮᠵᠢ ᠪᠣᠯᠭᠠᠵᠤ᠂ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠪᠠᠷ ᠲᠦᠰᠢᠭ ᠪᠣᠯᠭᠠᠨ᠂ ᠲᠠᠷᠢᠶᠠᠨ ᠭᠠᠵᠠᠷ ᠤᠨ ᠬᠡᠷᠡᠭᠯᠡᠬᠦ ᠪᠠ ᠲᠡᠵᠢᠭᠡᠬᠦ ᠶᠢ ᠤᠶᠠᠯᠳᠤᠭᠤᠯᠬᠤ ᠵᠠᠭᠪᠤᠷ ᠢ ᠲᠦᠪᠯᠡᠷᠡᠭᠦᠯᠦᠨ ᠵᠠᠯᠭᠠᠯᠳᠤᠭᠤᠯᠤᠨ ᠠᠬᠢᠭᠤᠯᠵᠤ᠂ ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ ᠶᠢ ᠪᠠᠶᠢᠩᠭᠤᠵᠢᠭᠤᠯᠬᠤ᠂ ᠳᠦᠷᠢᠮᠵᠢᠭᠦᠯᠬᠦ ᠶᠢ ᠠᠬᠢᠭᠤᠯᠤᠨ᠂ ᠲᠠᠷᠢᠶᠠᠯᠠᠩ ᠤᠨ ᠪᠣᠬᠢᠷᠲᠤᠯ ᠥᠬᠡᠶ᠂ ᠪᠠᠷᠢᠮᠵᠢᠶᠠᠵᠢᠭᠰᠠᠨ᠂ ᠴᠢᠨᠠᠷᠵᠢᠭᠰᠠᠨ ᠬᠥᠭᠵᠢᠯᠲᠡ ᠶᠢ ᠠᠬᠢᠭᠤᠯᠤᠨ᠎ᠠ᠃ ᠭᠤᠷᠪᠠ ᠳᠤ ︽ᠳᠥᠷᠪᠡ ᠶᠢ ᠬᠢᠵᠠᠭᠠᠷᠯᠠᠬᠤ︾ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠵᠢᠴᠢ ᠬᠢᠮᠢ ᠶᠢᠨ ᠪᠣᠷᠲᠣᠭᠤᠷ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠬᠤᠷᠢᠶᠠᠨ ᠠᠪᠬᠤ ᠵᠠᠭᠪᠤᠷ ᠢ ᠬᠠᠶᠢᠨ ᠰᠦᠪᠡᠭᠴᠢᠯᠡᠨ᠎ᠡ᠃ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠬᠤ ᠶᠢᠨ ᠵᠡᠷᠭᠡᠪᠡᠷ ᠲᠠᠷᠢᠶᠠᠨ ᠭᠠᠵᠠᠷ ᠤᠨ ᠶᠠᠰᠤ ᠴᠢᠨᠠᠷ ᠢ ᠬᠠᠮᠠᠭᠠᠯᠠᠬᠤ ᠪᠠ ᠳᠡᠭᠡᠭᠰᠢᠯᠡᠭᠦᠯᠬᠦ ᠶᠢ ᠴᠢᠬᠤᠯᠠᠴᠢᠯᠠᠨ᠎ᠠ᠃ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠲᠦᠷᠢᠮ ᠪᠠ ᠭᠠᠵᠠᠷ ᠰᠢᠷᠣᠶ ᠶᠢ ᠭᠠᠮᠨᠠᠨ ᠬᠡᠷᠡᠭᠯᠡᠬᠦ ᠲᠦᠷᠢᠮ ᠢ ᠪᠠᠷᠢᠮᠲᠠᠯᠠᠵᠤ᠂ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ᠂ ᠶᠠᠰᠤ ᠴᠢᠨᠠᠷ᠂ ᠠᠮᠢ ᠠᠬᠤᠶ ᠶᠢᠨ ︽ᠭᠤᠷᠪᠠ ᠶᠢ ᠨᠢᠭᠡ ᠴᠤᠭᠴᠠᠵᠢᠭᠤᠯᠬᠤ︾ ᠬᠠᠮᠠᠭᠠᠯᠠᠯᠲᠠ ᠶᠢ ᠴᠢᠩᠭᠠᠳᠬᠠᠨ᠎ᠠ᠃ ︽ᠳᠥᠷᠪᠡ ᠶᠢ ᠬᠢᠵᠠᠭᠠᠷᠯᠠᠬᠤ︾ ᠠᠵᠢᠯᠯᠠᠭ᠎ᠠ ᠶᠢ ᠴᠢᠩᠭ᠎ᠠ ᠬᠡᠷᠡᠭᠵᠢᠭᠦᠯᠵᠦ᠂ ᠬᠢᠮᠢ ᠶᠢᠨ ᠪᠣᠷᠲᠣᠭᠤᠷ ᠬᠡᠷᠡᠭᠯᠡᠬᠦ ᠬᠡᠮᠵᠢᠶ᠎ᠡ ᠶᠢᠨ ᠰᠥᠭᠡᠷᠭᠦ ᠨᠡᠮᠡᠭᠳᠡᠯ ᠤᠨ ᠠᠵᠢᠯᠯᠠᠭ᠎ᠠ ᠶᠢ ᠥᠷᠨᠢᠭᠦᠯᠦᠨ᠂ ᠪᠥᠬᠦ ᠬᠤᠲᠠ ᠶᠢᠨ ᠬᠢᠮᠢ ᠶᠢᠨ ᠪᠣᠷᠲᠣᠭᠤᠷ ᠬᠡᠷᠡᠭᠯᠡᠬᠦ ᠬᠡᠮᠵᠢᠶ᠎ᠡ ᠶᠢ 12.3 ᠲᠦᠮᠡᠨ ᠲᠣᠨ ᠳᠤ ᠬᠢᠵᠠᠭᠠᠷᠯᠠᠬᠤ ᠶᠢ ᠪᠠᠲᠤᠯᠠᠵᠤ᠂ ᠠᠳᠠᠯᠢ ᠬᠤᠭᠤᠴᠠᠭᠠᠨ ᠤ ᠬᠢ ᠠᠴᠠ 3.45% ᠪᠠᠷ ᠪᠠᠭᠠᠰᠬᠠᠨ᠂ ︽ᠪᠣᠷᠲᠣᠭᠤᠷ ᠢ ᠬᠢᠵᠠᠭᠠᠷᠯᠠᠨ ᠦᠷ᠎ᠡ ᠠᠰᠢᠭ ᠢ ᠨᠡᠮᠡᠭᠳᠡᠭᠦᠯᠬᠦ︾ ᠶᠢ ᠪᠡᠶᠡᠯᠡᠭᠦᠯᠦᠨ᠎ᠡ︔ ᠲᠠᠷᠢᠶᠠᠨ ᠡᠮ ᠬᠡᠷᠡᠭᠯᠡᠬᠦ ᠬᠡᠮᠵᠢᠶ᠎ᠡ ᠶᠢᠨ ᠰᠥᠭᠡᠷᠭᠦ ᠨᠡᠮᠡᠭᠳᠡᠯ ᠤᠨ ᠠᠵᠢᠯᠯᠠᠭ᠎ᠠ ᠶᠢ ᠥᠷᠨᠢᠭᠦᠯᠵᠦ᠂ ᠪᠥᠬᠦ ᠬᠤᠲᠠ ᠶᠢᠨ ᠲᠠᠷᠢᠶᠠᠨ ᠡᠮ ᠬᠡᠷᠡᠭᠯᠡᠬᠦ ᠬᠡᠮᠵᠢᠶ᠎ᠡ ᠶᠢ 294.2 ᠲᠣᠨ ᠳᠤ ᠬᠢᠵᠠᠭᠠᠷᠯᠠᠬᠤ ᠶᠢ ᠦᠨᠡᠨᠬᠦ ᠪᠠᠲᠤᠯᠠᠵᠤ᠂ ᠠᠳᠠᠯᠢ ᠬᠤᠭᠤᠴᠠᠭᠠᠨ ᠤ ᠬᠢ ᠠᠴᠠ 2% ᠢᠶᠠᠷ ᠪᠠᠭᠠᠰᠬᠠᠨ᠂ ︽ᠡᠮ ᠢ ᠬᠢᠵᠠᠭᠠᠷᠯᠠᠨ ᠬᠥᠨᠥᠭᠡᠯ ᠢ ᠪᠠᠭᠠᠰᠬᠠᠬᠤ︾ ᠶᠢ ᠪᠡᠶᠡᠯᠡᠭᠦᠯᠵᠦ᠂ ᠲᠠᠷᠢᠶᠠᠯᠠᠩ ᠤᠨ ᠤᠰᠤᠯᠠᠯᠲᠠ ᠶᠢᠨ ᠤᠰᠤᠨ ᠤ ᠪᠦᠲᠦᠮᠵᠢᠲᠡᠶ ᠠᠰᠢᠭᠯᠠᠯᠲᠠ ᠶᠢᠨ ᠢᠯᠡᠳᠬᠡᠮᠵᠢ ᠶᠢ 0.65 ᠪᠣᠯᠭᠠᠨ ᠳᠡᠭᠡᠭᠰᠢᠯᠡᠭᠦᠯᠵᠦ᠂ ︽ᠤᠰᠤ ᠶᠢ ᠬᠢᠵᠠᠭᠠᠷᠯᠠᠨ ᠬᠤᠷᠣᠭᠳᠠᠯ ᠢ ᠪᠠᠭᠠᠰᠬᠠᠬᠤ︾ ᠶᠢ ᠪᠡᠶᠡᠯᠡᠭᠦᠯᠦᠨ᠎ᠡ︔ ᠪᠥᠬᠦ ᠬᠤᠲᠠ ᠶᠢᠨ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠪᠤᠴᠠᠭᠠᠨ ᠬᠤᠷᠢᠶᠠᠬᠤ ᠨᠣᠷᠮ᠎ᠠ ᠶᠢ 81% ᠠᠴᠠ ᠳᠡᠭᠡᠭᠰᠢ ᠳᠤ ᠬᠦᠷᠭᠡᠵᠦ᠂ ︽ᠰᠦᠯᠢᠶᠣᠣ ᠪᠦᠷᠬᠦᠪᠴᠢ ᠶᠢ ᠬᠢᠵᠠᠭᠠᠷᠯᠠᠨ ᠦᠷ᠎ᠡ ᠪᠦᠲᠦᠮᠵᠢ ᠶᠢ ᠳᠡᠭᠡᠭᠰᠢᠯᠡᠭᠦᠯᠬᠦ︾ ᠶᠢ ᠪᠡᠶᠡᠯᠡᠭᠦᠯᠦᠨ᠎ᠡ᠃ ᠲᠦᠷᠪᠡ ᠳᠤ ᠪᠣᠬᠢᠷᠲᠤᠯ ᠦᠭᠡᠢ ᠡᠭᠦᠯᠳᠡᠷ ᠤᠨ ᠲᠡᠵᠢᠭᠡᠨ ᠦᠷᠡᠵᠢᠭᠦᠯᠦᠯᠲᠡ ᠶᠢᠨ ᠣᠷᠴᠢᠯ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠮᠠᠯ ᠵᠢᠭᠦᠷᠲᠡᠨ ᠤ ᠢᠯᠭᠠᠳᠠᠰᠤ ᠶᠢ ᠶᠡᠷᠦᠩᠬᠡᠶᠢᠯᠡᠨ ᠠᠰᠢᠭᠯᠠᠬᠤ ᠶᠢ ᠨᠡᠮᠡᠭᠳᠡᠭᠦᠯᠵᠦ᠂ ᠢᠯᠭᠠᠳᠠᠰᠤ ᠶᠢ ᠪᠥᠬᠦ ᠬᠡᠮᠵᠢᠶ᠎ᠡ ᠪᠠᠷ ᠴᠤᠭᠯᠠᠭᠤᠯᠤᠨ ᠰᠢᠢᠳᠪᠦᠷᠢᠯᠡᠬᠦ᠂ ᠢᠰᠬᠡᠵᠦ ᠲᠠᠷᠢᠶᠠᠨ ᠭᠠᠵᠠᠷ ᠲᠤ ᠪᠤᠴᠠᠭᠠᠬᠤ᠂ ᠪᠣᠬᠢᠷ ᠤᠰᠤ ᠶᠢ ᠪᠣᠷᠲᠣᠭᠤᠷ ᠪᠣᠯᠭᠠᠨ ᠠᠰᠢᠭᠯᠠᠬᠤ ᠵᠡᠷᠭᠡ ᠮᠡᠷᠭᠡᠵᠢᠯ ᠤᠨ ᠵᠠᠭᠪᠤᠷ ᠢ ᠶᠡᠬᠡᠪᠡᠷ ᠳᠡᠯᠭᠡᠷᠡᠭᠦᠯᠵᠦ᠂ ᠢᠯᠭᠠᠳᠠᠰᠤ ᠶᠢᠨ ᠠᠰᠢᠭᠯᠠᠯᠲᠠ ᠶᠢᠨ ᠨᠣᠷᠮ᠎ᠠ ᠶᠢ 90% ᠠᠴᠠ ᠳᠡᠭᠡᠭᠰᠢ ᠳᠤ ᠲᠣᠭᠲᠠᠪᠤᠷᠢᠵᠢᠭᠤᠯᠤᠨ᠎ᠠ︔ ᠲᠣᠮᠣ ᠲᠠᠯᠠᠪᠠᠢ ᠶᠢᠨ ᠲᠠᠷᠢᠮᠠᠯ ᠪᠠ ᠪᠡᠯᠡᠳᠭᠡᠮᠵᠢᠳᠤ ᠲᠠᠷᠢᠶᠠᠯᠠᠩ ᠤᠨ ᠪᠣᠬᠢᠷᠲᠤᠯ ᠦᠭᠡᠢ ᠣᠷᠭᠠᠨᠢᠭ ᠪᠤᠷᠳᠤᠭᠤᠷ ᠢ ᠬᠡᠷᠡᠭᠯᠡᠬᠦ ᠬᠡᠮᠵᠢᠶ᠎ᠡ ᠶᠢ ᠳᠡᠭᠡᠭᠰᠢᠯᠡᠭᠦᠯᠵᠦ᠂ ᠭᠠᠵᠠᠷ ᠤᠨ ᠬᠦᠴᠦᠨ ᠤ ᠦᠢᠯᠡᠳᠪᠦᠷᠢᠯᠡᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃       ︵ᠲᠦᠷᠪᠡ︶ ᠲᠠᠷᠢᠶᠠᠨ ᠭᠠᠵᠠᠷ ᠢ ᠤᠷᠢᠳᠠᠪᠠᠷ ᠠᠰᠢᠭᠯᠠᠬᠤ ᠲᠡᠰ ᠳᠠᠷᠠᠭᠠᠯᠠᠯ ᠢ ᠲᠣᠳᠣᠷᠬᠠᠶᠢᠯᠠᠨ᠎ᠠ᠃ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠪᠠᠲᠤᠯᠠᠭ᠎ᠠ ᠶᠢᠨ ᠪᠠᠶᠢᠯᠳᠤᠬᠤ ᠪᠤᠳᠤᠯᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠷᠣᠨ ᠪᠦᠰᠡ ᠶᠢᠨ ᠪᠠᠶᠢᠷᠢᠰᠢᠯ ᠪᠠ ᠦᠢᠯᠡᠳᠪᠦᠷᠢᠯᠡᠯ ᠤᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠳᠤ ᠡᠷᠬᠡᠪᠰᠢ ᠬᠢᠵᠠᠭᠠᠷ ᠲᠠᠢ ᠲᠠᠷᠢᠶᠠᠨ ᠭᠠᠵᠠᠷ ᠤᠨ ᠡᠬᠢ ᠪᠠᠶᠠᠯᠢᠭ ᠢ ᠠᠮᠤ ᠪᠤᠳᠠᠭᠠᠨ ᠤ ᠦᠢᠯᠡᠳᠪᠦᠷᠢᠯᠡᠯ ᠳᠤ ᠡᠩ ᠲᠡᠷᠢᠭᠦᠨ ᠳᠤ ᠬᠡᠷᠡᠭᠯᠡᠬᠦ ᠬᠡᠷᠡᠭᠲᠡᠶ᠃ ᠦᠨᠢᠲᠡ ᠶᠢᠨ ᠦᠨᠳᠦᠰᠦᠨ ᠲᠠᠷᠢᠶᠠᠨ ᠭᠠᠵᠠᠷ ᠤᠨ ᠣᠨᠴᠠᠭᠠᠶ ᠬᠠᠮᠠᠭᠠᠯᠠᠯᠲᠠ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠤᠯᠢ ᠶᠣᠰᠣᠭᠠᠷ ᠵᠠᠭᠠᠭᠯᠠᠨ ᠲᠣᠭᠲᠠᠭᠠᠭᠰᠠᠨ ᠡᠨᠡ ᠬᠡᠰᠡᠭ ᠴᠢᠨᠠᠷ ᠰᠠᠶᠢᠲᠠᠶ ᠲᠠᠷᠢᠶᠠᠨ ᠭᠠᠵᠠᠷ ᠢ ᠠᠮᠤ ᠪᠤᠳᠠᠭᠠᠨ ᠤ ᠦᠢᠯᠡᠳᠪᠦᠷᠢᠯᠡᠯ ᠢ ᠬᠥᠭᠵᠢᠭᠦᠯᠬᠦ ᠳᠤ ᠭᠤᠤᠯᠳᠠᠯᠭ᠎ᠠ ᠲᠠᠢ ᠬᠡᠷᠡᠭᠯᠡᠵᠦ᠂ ᠢᠯᠠᠩᠭᠤᠶ᠎ᠠ ᠡᠷᠳᠡᠨᠢ ᠰᠢᠰᠢ ᠵᠡᠷᠭᠡ ᠴᠢᠬᠤᠯᠠ ᠠᠮᠤ ᠪᠤᠳᠠᠭᠠᠨ ᠤ ᠲᠠᠷᠢᠮᠠᠯ ᠤᠨ ᠲᠠᠯᠠᠪᠠᠶ ᠶᠢ ᠪᠠᠲᠤᠯᠠᠨ᠎ᠠ︔ ᠡᠩ ᠤᠨ ᠲᠠᠷᠢᠶᠠᠨ ᠭᠠᠵᠠᠷ ᠢ ᠭᠤᠣᠯᠳᠠᠭᠤ ᠠᠮᠤ ᠪᠤᠳᠠᠭ᠎ᠠ ᠪᠠ ᠲᠤᠰᠤ᠂ ᠢᠳᠡᠰᠢᠨ ᠨᠣᠭᠤᠭ᠎ᠠ ᠵᠡᠷᠭᠡ ᠲᠠᠷᠢᠶᠠᠯᠠᠩ ᠤᠨ ᠪᠦᠲᠦᠭᠡᠭᠳᠡᠬᠦᠨ ᠵᠢᠴᠢ ᠲᠡᠵᠢᠭᠡᠯ ᠡᠪᠡᠰᠦ ᠪᠣᠷᠳᠣᠭᠠᠨ ᠤ ᠦᠢᠯᠡᠳᠪᠦᠷᠢᠯᠡᠯ ᠳᠤ ᠬᠡᠷᠡᠭᠯᠡᠬᠦ ᠬᠡᠷᠡᠭᠲᠡᠶ᠃ ᠬᠥᠬᠡᠬᠤᠲᠠ ᠶᠢᠨ ᠲᠠᠷᠢᠮᠠᠯ ᠤᠨ ᠦᠢᠯᠡᠰ ᠲᠤ ︽ᠭᠤᠷᠪᠠᠨ ᠨᠢᠭᠡ ᠵᠠᠭᠤᠨ ᠲᠦᠮᠡᠨ︾ ᠤ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠪᠥᠬᠦ ᠬᠤᠲᠠ ᠶᠢᠨ ᠠᠮᠤ ᠪᠤᠳᠠᠭᠠᠨ ᠤ ᠦᠢᠯᠡᠳᠪᠦᠷᠢᠯᠡᠯ ᠤᠨ ᠲᠠᠯᠠᠪᠠᠶ ᠶᠢ ᠤᠷᠢᠳᠠᠪᠠᠷ ᠪᠠᠲᠤᠯᠠᠬᠤ ᠬᠡᠷᠡᠭᠲᠡᠶ᠃ ᠲᠦᠮᠡᠳ ᠵᠡᠭᠦᠨ ᠬᠤᠰᠢᠭᠤ᠂ ᠲᠣᠭᠲᠠᠬᠤ ᠰᠢᠶᠠᠨ᠂ ᠬᠤᠷᠢᠨᠭᠡᠷ ᠰᠢᠶᠠᠨ ᠢᠶᠠᠷ ᠭᠤᠤᠯ ᠴᠣᠭᠴᠠ ᠪᠣᠯᠭᠠᠵᠤ᠂ 300 ᠲᠦᠮᠡᠨ ᠮᠥ ᠴᠢᠨᠠᠷ ᠰᠠᠶᠢᠲᠠᠶ ᠡᠷᠳᠡᠨᠢ ᠰᠢᠰᠢ ᠶᠢᠨ ᠥᠨᠳᠥᠷ ᠲᠣᠭᠲᠠᠭᠤᠨ ᠤᠨᠠᠯᠲᠠ ᠲᠠᠢ ᠲᠠᠷᠢᠮᠠᠯ ᠤᠨ ᠣᠷᠣᠨ ︵ᠲᠦᠭᠦᠬᠡᠶ ᠮᠠᠲ᠋ᠧᠷᠢᠶᠠᠯ᠂ ᠲᠡᠵᠢᠭᠡᠯ ᠪᠣᠷᠳᠤᠭ᠎ᠠ︶ ᠢ ᠪᠥᠲᠥᠭᠡᠨ ᠪᠠᠶᠢᠭᠤᠯᠵᠤ᠂ ᠴᠢᠨᠠᠷ ᠰᠠᠶᠢᠲᠠᠶ ᠡᠷᠳᠡᠨᠢ ᠰᠢᠰᠢ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢ ᠴᠢᠩᠭᠠᠷᠠᠭᠤᠯᠤᠨ᠎ᠠ︔ ᠦᠴᠤᠸᠠᠨ ᠰᠢᠶᠠᠨ᠂ ᠴᠢᠩ ᠱᠦᠶ ᠾᠧ ᠰᠢᠶᠠᠨ ᠢᠶᠠᠷ ᠭᠤᠤᠯ ᠴᠣᠭᠴᠠ ᠪᠣᠯᠭᠠᠵᠤ᠂ 100 ᠲᠦᠮᠡᠨ ᠮᠥ ᠰᠢᠯᠢᠳᠡᠭ ᠲᠥᠮᠥᠰᠥ ᠳᠠᠷᠢᠬᠤ ᠣᠷᠣᠨ ᠢ ᠪᠠᠶᠢᠭᠤᠯᠵᠤ᠂ ᠲᠥᠮᠥᠰᠥ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢ ᠪᠣᠶ ᠪᠣᠯᠭᠠᠨ᠎ᠠ︔ ᠦᠴᠤᠸᠠᠨ ᠰᠢᠶᠠᠨ᠂ ᠴᠢᠩ ᠱᠦᠶ ᠾᠧ ᠰᠢᠶᠠᠨ ᠢᠶᠠᠷ ᠭᠤᠤᠯ ᠴᠣᠭᠴᠠ ᠪᠣᠯᠭᠠᠵᠤ᠂ 100 ᠲᠦᠮᠡᠨ ᠮᠥ ᠴᠢᠨᠠᠷ ᠰᠠᠶᠢᠲᠠᠶ ᠬᠠᠭᠤᠷᠠᠶ ᠲᠠᠷᠢᠶᠠᠯᠠᠭ᠎ᠠ ᠶᠢᠨ ᠤᠰᠤ ᠠᠷᠪᠢᠯᠠᠬᠤ ᠡᠯᠳᠡᠪ ᠠᠮᠤ᠂ ᠲᠣᠰᠣᠯᠢᠭ ᠲᠠᠷᠢᠮᠠᠯ ᠤᠨ ᠣᠷᠣᠨ ᠢ ᠪᠠᠶᠢᠭᠤᠯᠵᠤ᠂ ᠡᠯᠳᠡᠪ ᠠᠮᠤ᠂ ᠲᠣᠰᠣᠯᠢᠭ ᠲᠠᠷᠢᠮᠠᠯ ᠤᠨ ᠠᠵᠤ ᠦᠢᠯᠡᠰ ᠤᠨ ᠬᠡᠯᠬᠢᠶ᠎ᠡ ᠶᠢ ᠰᠢᠯᠢᠳᠡᠭᠵᠢᠭᠦᠯᠦᠨ᠎ᠡ᠃ ᠲᠠᠷᠢᠶᠠᠨ ᠭᠠᠵᠠᠷ ᠢ ᠠᠮᠤ ᠪᠤᠳᠠᠭ᠎ᠠ ᠪᠠ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠢ ᠡᠩ ᠲᠡᠷᠢᠭᠦᠨ ᠳᠤ ᠬᠠᠩᠭᠠᠭᠰᠠᠨ ᠰᠠᠭᠤᠷᠢᠨ ᠳᠡᠭᠡᠷ᠎ᠡ᠂ ᠲᠤᠬᠠᠶ ᠶᠢᠨ ᠭᠠᠵᠠᠷ ᠤᠨ ᠣᠨᠴᠠᠯᠢᠭᠲᠤ ᠠᠵᠤ ᠦᠢᠯᠡᠰ ᠢ ᠬᠥᠭᠵᠢᠭᠦᠯᠬᠦ ᠲᠠᠢ ᠤᠶᠠᠯᠳᠤᠭᠤᠯᠤᠨ᠂ ᠢᠳᠡᠰᠢᠨ ᠤ ᠪᠤᠰᠤ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠳᠤ ᠵᠣᠬᠢᠰᠲᠠᠶ ᠪᠠᠷ ᠬᠡᠷᠡᠭᠯᠡᠵᠦ᠂ ᠵᠠᠬ᠎ᠠ ᠳᠡᠯᠭᠡᠭᠦᠷ ᠲᠤ ᠢᠯᠡᠳᠲᠡ ᠦᠯᠡᠭᠦᠳᠡᠵᠦ ᠪᠠᠶᠢᠭ᠎ᠠ ᠢᠳᠡᠰᠢᠨ ᠤ ᠪᠤᠰᠤ ᠲᠠᠷᠢᠶᠠᠯᠠᠩ ᠤᠨ ᠪᠦᠲᠦᠭᠡᠭᠳᠡᠬᠦᠨ ᠢ ᠬᠥᠲᠥᠯᠥᠨ ᠵᠢᠯᠣᠭᠤᠳᠴᠤ᠂ ᠡᠮᠬᠢ ᠵᠠᠮᠪᠠᠷᠠᠭ᠎ᠠ ᠦᠭᠡᠢ ᠬᠥᠭᠵᠢᠬᠦ ᠶᠢ ᠰᠡᠷᠭᠡᠶᠢᠯᠡᠨ᠎ᠡ᠃     ︵ᠲᠠᠪᠤ︶ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠳᠤ ᠣᠷᠣᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠳᠣ ᠣᠷᠣᠨ ᠢ ᠪᠤᠳᠠᠳᠠᠢ ᠭᠠᠵᠠᠷ ᠬᠡᠰᠡᠭ ᠲᠤ ᠬᠦᠷᠲᠡᠯ᠎ᠡ ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ ᠲᠠᠷᠢᠶᠠᠯᠠᠩ ᠤᠨ ᠪᠦᠲᠦᠭᠡᠭᠳᠡᠬᠦᠨ ᠤ ᠠᠵᠤ ᠦᠢᠯᠡᠰ ᠤᠨ ᠪᠦᠰᠡ ᠶᠢᠨ ᠪᠥᠳᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠶᠣᠰᠣᠭᠠᠷ᠂ ᠬᠠᠷᠠᠯᠲᠠᠲᠤ ᠲᠠᠷᠢᠮᠠᠯ ᠲᠠᠷᠢᠬᠤ ᠶᠢ ᠬᠥᠲᠥᠯᠥᠨ ᠵᠢᠯᠣᠭᠤᠳᠴᠤ᠂ ᠠᠮᠤ ᠪᠤᠳᠠᠭ᠎ᠠ ᠲᠠᠷᠢᠬᠤ ᠲᠠᠯᠠᠪᠠᠢ ᠶᠢ ᠪᠠᠲᠤᠯᠠᠨ᠎ᠠ᠃ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠳᠤ ᠣᠷᠣᠨ ᠢ ᠵᠠᠭᠠᠭᠯᠠᠨ ᠲᠣᠭᠲᠠᠭᠠᠭᠰᠠᠨ ᠪᠠᠶᠢᠳᠠᠯ ᠢ ︽ᠪᠣᠴᠠᠵᠤ ᠪᠠᠶᠢᠴᠠᠭᠠᠨ ᠦᠵᠡᠬᠦ︾ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠳᠤ ᠣᠷᠣᠨ ᠤ ᠪᠤᠳᠠᠳᠠᠢ ᠭᠠᠵᠠᠷ ᠬᠡᠰᠡᠭ ᠲᠠᠬᠢ ᠲᠠᠷᠢᠶᠠᠯᠠᠩ ᠤᠨ ᠰᠠᠭᠤᠷᠢ ᠲᠥᠬᠦᠭᠡᠷᠦᠮᠵᠢ ᠶᠢ ᠬᠠᠮᠢᠶᠠᠷᠤᠨ ᠬᠠᠮᠠᠭᠠᠯᠠᠬᠤ ᠬᠠᠷᠢᠭᠤᠴᠠᠯᠭ᠎ᠠ ᠶᠢ ᠡᠵᠡᠩᠨᠡᠯᠲᠡ ᠶᠢᠨ ᠭᠤᠣᠯ ᠴᠣᠭᠴᠠ ᠬᠦᠷᠲᠡᠯ᠎ᠡ ᠨᠠᠶᠢᠳᠠᠪᠤᠷᠢᠵᠢᠭᠤᠯᠵᠤ᠂ ᠡᠵᠡᠩᠨᠡᠯᠲᠡ ᠶᠢᠨ ᠭᠤᠣᠯ ᠴᠣᠭᠴᠠ ᠶᠢ ᠰᠢᠮᠳᠠᠭᠤᠯᠤᠨ ᠵᠢᠯᠣᠭᠤᠳᠴᠤ ᠪᠠᠶᠢᠭᠠᠳ ᠲᠥᠬᠦᠭᠡᠷᠦᠮᠵᠢ ᠶᠢ ᠬᠠᠮᠢᠶᠠᠷᠤᠨ ᠬᠠᠮᠠᠭᠠᠯᠠᠬᠤ ᠡᠷᠴᠢᠮ ᠢ ᠴᠢᠩᠭᠠᠷᠠᠭᠤᠯᠤᠨ᠎ᠠ᠃ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠳᠣ ᠣᠷᠣᠨ ᠤ ᠬᠤᠪᠢᠶᠠᠷᠢᠯᠠᠨ ᠲᠣᠭᠲᠠᠭᠠᠭᠰᠠᠨ ᠪᠤᠳᠠᠳᠠᠢ ᠭᠠᠵᠠᠷ ᠬᠡᠰᠡᠭ᠂ ᠬᠠᠷᠠᠯᠲᠠᠲᠤ ᠲᠠᠷᠢᠮᠠᠯ ᠤᠨ ᠲᠠᠯᠠᠪᠠᠶ᠂ ᠠᠮᠤ ᠪᠤᠳᠠᠭᠠᠨ ᠤ ᠤᠨᠠᠯᠲᠠ ᠵᠡᠷᠭᠡ ᠪᠠᠶᠢᠳᠠᠯ ᠳᠤ ᠪᠥᠬᠦ ᠶᠠᠪᠤᠴᠠ ᠶᠢᠨ ᠮᠥᠷᠳᠡᠯᠲᠡ ᠬᠢᠵᠦ᠂ ᠬᠥᠳᠡᠯᠦᠩᠭᠦᠶ ᠬᠢᠨᠠᠨ ᠬᠡᠮᠵᠢᠯᠲᠡ ᠶᠢᠨ ᠬᠠᠮᠢᠶᠠᠷᠤᠯᠲᠠ ᠶᠢ ᠴᠢᠩᠳᠠᠯᠠᠨ᠎ᠠ᠃ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠳᠦ ᠣᠷᠣᠨ ᠳᠤ ᠳᠤᠷ᠎ᠠ ᠪᠠᠷ ᠢᠶᠠᠨ ᠲᠤᠬᠢᠷᠠᠭᠤᠯᠤᠯᠳᠠ ᠬᠢᠵᠦ ᠪᠣᠯᠬᠤ ᠦᠭᠡᠢ᠂ ᠲᠣᠭᠲᠠᠭᠠᠯ ᠠᠴᠠ ᠵᠥᠷᠢᠴᠡᠨ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠳᠦ ᠣᠷᠣᠨ ᠳᠤ ᠲᠠᠷᠢᠬᠤ ᠪᠠ ᠲᠡᠵᠢᠭᠡᠨ ᠦᠷᠡᠵᠢᠭᠦᠯᠬᠦ ᠲᠥᠬᠦᠭᠡᠷᠦᠮᠵᠢ ᠪᠠᠶᠢᠭᠤᠯᠵᠤ ᠪᠣᠯᠬᠤ ᠦᠭᠡᠢ᠂ ᠲᠣᠭᠲᠠᠭᠠᠯ ᠠᠴᠠ ᠵᠥᠷᠢᠴᠡᠨ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠳᠦ ᠣᠷᠣᠨ ᠢ ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠡᠪᠡᠰᠦ ᠪᠡᠯᠴᠢᠭᠡᠷ ᠢ ᠰᠡᠷᠭᠦᠭᠡᠬᠦ ᠬᠡᠪᠴᠢᠶᠡᠨ ᠳᠤ ᠣᠷᠣᠭᠤᠯᠵᠤ ᠪᠣᠯᠬᠤ ᠦᠭᠡᠢ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠳᠦ ᠣᠷᠣᠨ ᠳᠤ ᠪᠠᠷᠢᠮᠵᠢᠶ᠎ᠠ ᠠᠴᠠ ᠬᠡᠲᠦᠷᠡᠭᠦᠯᠦᠨ ᠲᠠᠷᠢᠶᠠᠨ ᠭᠠᠵᠠᠷ ᠤᠨ ᠤᠢ ᠰᠢᠭᠤᠶ ᠶᠢᠨ ᠲᠣᠣᠷ ᠢ ᠪᠠᠶᠢᠭᠤᠯᠵᠤ ᠪᠣᠯᠬᠤ ᠦᠭᠡᠢ᠃       ︵ᠵᠢᠷᠭᠤᠭ᠎ᠠ︶ ᠠᠮᠤ ᠪᠤᠳᠠᠭ᠎ᠠ ᠳᠠᠷᠢᠬᠤ ᠲᠠᠯᠠᠪᠠᠶ ᠶᠢ ᠲᠣᠭᠲᠠᠪᠤᠷᠢᠵᠢᠭᠤᠯᠤᠨ᠎ᠠ᠃ ᠮᠠᠨ ᠤ ᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠲᠠᠯᠠᠪᠠᠶ ᠪᠠ ᠤᠨᠠᠯᠲᠠ ᠶᠢᠨ ᠪᠣᠳᠠᠲᠠᠶ ᠡᠭᠦᠷᠭᠡ ᠪᠣᠯ᠄ ᠲᠦᠮᠡᠳ ᠵᠡᠭᠦᠨ ᠬᠤᠰᠢᠭᠤ 139.76 ᠲᠦᠮᠡᠨ ᠮᠥ᠂ 66.17 ᠲᠦᠮᠡᠨ ᠲᠣᠨ︔ ᠲᠣᠭᠲᠠᠬᠤ ᠰᠢᠶᠠᠨ 94.39 ᠲᠦᠮᠡᠨ ᠮᠦ᠂ 35.62 ᠲᠦᠮᠡᠨ ᠲᠣᠨ︔ ᠬᠤᠷᠢᠨᠭᠡᠷ ᠰᠢᠶᠠᠨ  98.35 ᠲᠦᠮᠡᠨ ᠮᠦ᠂ 32.58 ᠲᠦᠮᠡᠨ ᠲᠣᠨ︔ ᠴᠢᠩ ᠱᠦᠢ ᠾᠧ ᠰᠢᠶᠠᠨ 36.06 ᠲᠦᠮᠡᠨ ᠮᠦ᠂ 5.14 ᠲᠦᠮᠡᠨ ᠲᠣᠨ︔ ᠦᠴᠤᠸᠠᠨ ᠰᠢᠶᠠᠨ 79.05 ᠲᠦᠮᠡᠨ ᠮᠦ᠂ 17.35 ᠲᠦᠮᠡᠨ ᠲᠣᠨ︔ ᠰᠠᠶᠢᠬᠠᠨ ᠲᠣᠭᠤᠷᠢᠭ 38.3 ᠲᠦᠮᠡᠨ ᠮᠦ᠂ 13.11 ᠲᠦᠮᠡᠨ ᠲᠣᠨ︔ ᠰᠢᠨ᠎ᠡ ᠬᠤᠲᠠ ᠲᠣᠭᠤᠷᠢᠭ 0.45 ᠲᠦᠮᠡᠨ ᠮᠥ᠂ 0.079 ᠲᠦᠮᠡᠨ ᠲᠣᠨ︔ ᠬᠤᠲᠣᠩ ᠠᠷᠠᠳ ᠤᠨ ᠲᠣᠭᠤᠷᠢᠭ 0.21 ᠲᠦᠮᠡᠨ ᠮᠦ᠂ 0.066 ᠲᠦᠮᠡᠨ ᠲᠣᠨ︔ ᠢᠦᠶ ᠴᠢᠤᠸᠠᠨ ᠲᠣᠭᠤᠷᠢᠭ 8.43 ᠲᠦᠮᠡᠨ ᠮᠥ᠂ 3.99 ᠲᠦᠮᠡᠨ ᠲᠣᠨ ᠪᠣᠯᠤᠨ᠎ᠠ᠃ ᠡᠯ᠎ᠡ ᠬᠤᠰᠢᠭᠤ ᠰᠢᠶᠠᠨ ᠲᠣᠭᠤᠷᠢᠭ ᠨᠢ ᠲᠣᠰ ᠲᠣᠰ ᠤᠨ ᠡᠭᠦᠷᠭᠡ ᠪᠠᠨ ᠲᠣᠳᠣᠷᠬᠠᠶᠢᠯᠠᠵᠤ᠂ ᠶᠠᠰᠤ ᠴᠢᠨᠠᠷ ᠢ ᠪᠠᠲᠤᠯᠠᠨ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠬᠡᠷᠡᠭᠲᠡᠶ᠃ ᠨᠢᠭᠡ ᠳᠤ ᠠᠮᠤ ᠪᠤᠳᠠᠭ᠎ᠠ ᠲᠠᠷᠢᠬᠤ ᠲᠠᠯᠠᠪᠠᠢ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠠᠮᠤ ᠪᠤᠳᠠᠭᠠᠨ ᠤ ᠦᠢᠯᠡᠳᠪᠦᠷᠢᠯᠡᠯ ᠤᠨ ᠲᠠᠯᠠᠪᠠᠢ ᠪᠣᠯ ᠬᠢᠵᠠᠭᠠᠷᠯᠠᠬᠤ ᠴᠢᠨᠠᠷᠲᠠᠶ ᠭᠦᠢᠴᠡᠳᠭᠡᠯ ᠲᠤᠭ᠎ᠠ ᠪᠣᠯᠬᠤᠷ ᠨᠡᠮᠡᠭᠳᠡᠭᠦᠯᠬᠦ ᠠᠴᠠ ᠪᠢᠰᠢ ᠬᠠᠰᠤᠭᠳᠠᠭᠤᠯᠵᠤ ᠪᠣᠯᠬᠤ ᠦᠭᠡᠢ᠃ ᠡᠯ᠎ᠡ ᠬᠤᠰᠢᠭᠤ ᠰᠢᠶᠠᠨ ᠲᠣᠭᠤᠷᠢᠭ ᠤᠨ ᠬᠢᠨ ᠶᠡᠷᠦᠩᠬᠡᠶ ᠱᠦᠵᠢ ᠶᠢᠨ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ︾ ᠱᠠᠭᠠᠷᠳᠠᠯᠭ᠎ᠠ ᠶᠢ ᠦᠨᠡᠨᠬᠦ ᠨᠠᠶᠢᠳᠠᠪᠤᠷᠢᠵᠢᠭᠤᠯᠵᠤ᠂ ᠠᠯᠢ ᠲᠦᠷᠭᠡᠨ ᠢᠶᠠᠷ ᠨᠠᠷᠢᠯᠢᠬᠵᠢᠭᠤᠯᠤᠨ ᠵᠠᠳᠠᠯᠵᠤ ᠳᠣᠷᠣᠭᠰᠢ ᠰᠢᠶᠠᠩ ᠪᠠᠯᠭᠠᠰᠤᠨ ᠳᠤ ᠬᠦᠷᠦᠭᠦᠯᠵᠦ᠂ ᠱᠠᠲᠤ ᠱᠠᠲᠤ ᠪᠠᠷ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠠᠯᠠᠪᠠᠶ ᠶᠢ ᠲᠣᠰᠬᠤᠨ ᠳᠤ ᠬᠦᠷᠲᠡᠯ᠎ᠡ ᠡᠷᠦᠬᠡ ᠳᠤ ᠬᠦᠷᠲᠡᠯ᠎ᠡ ᠲᠠᠷᠢᠶᠠᠨ ᠭᠠᠵᠠᠷ ᠲᠤ ᠬᠦᠷᠲᠡᠯ᠎ᠡ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠤᠶᠠᠷ ᠲᠤ ᠠᠮᠤ  ᠪᠤᠳᠠᠭ᠎ᠠ ᠲᠠᠷᠢᠬᠤ ᠲᠠᠯᠠᠪᠠᠢ ᠪᠠ ᠭᠠᠷᠤᠯᠲᠠ ᠶᠢᠨ ᠲᠠᠯᠳᠡ ᠬᠦᠴᠦᠨ ᠢ ᠠᠭᠤᠳᠠᠯᠤᠨ᠎ᠠ᠃ ᠪᠦᠬᠦ ᠬᠤᠳᠠ ᠪᠠᠷ ᠢᠶᠠᠨ ᠬᠤᠵᠢᠷᠰᠢᠭᠰᠠᠨ ᠲᠠᠷᠢᠶᠠᠨ ᠭᠠᠵᠠᠷ ᠢ ᠰᠠᠶᠢᠵᠢᠷᠠᠭᠤᠯᠬᠤ ᠠᠵᠢᠯ ᠢ ᠡᠮᠬᠢ ᠵᠢᠷᠤᠮ ᠲᠠᠢ ᠪᠠᠷ ᠥᠷᠨᠢᠭᠦᠯᠵᠦ᠂ ᠤᠰᠤ ᠠᠷᠪᠢᠯᠠᠬᠤ᠂ ᠭᠠᠩ ᠳᠤ ᠲᠡᠰᠪᠦᠷᠢᠲᠡᠢ᠂ ᠰᠥᠷᠬᠦ ᠴᠢᠨᠠᠷ ᠢᠶᠠᠷ ᠴᠢᠩᠭ᠎ᠠ ᠡᠭᠦᠯᠳᠡᠷ ᠢ ᠳᠡᠯᠭᠡᠷᠡᠭᠦᠯᠦᠨ᠂ ᠤᠰᠤᠨ ᠤ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠮᠤ ᠪᠤᠳᠠᠭᠠᠨ ᠤ ᠦᠢᠯᠡᠳᠪᠦᠷᠢᠯᠡᠯ ᠤᠨ ᠪᠦᠬᠦ ᠶᠠᠪᠤᠴᠠ ᠶᠢᠨ ᠮᠧᠬᠠᠨᠢᠭᠵᠢᠭᠤᠯᠤᠯᠲᠠ ᠶᠢᠨ ᠮᠡᠷᠭᠡᠵᠢᠯ ᠢ ᠲᠦᠷᠭᠡᠪᠴᠢᠯᠡᠨ ᠠᠬᠢᠭᠤᠯᠵᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠠᠮᠤ ᠪᠤᠳᠠᠭᠠᠨ ᠤ ᠦᠢᠯᠡᠳᠪᠦᠷᠢᠯᠡᠯ ᠤᠨ ᠥᠪᠡᠷ ᠤᠨ ᠦᠷᠳᠡᠭ ᠢ ᠪᠠᠭᠤᠷᠠᠭᠤᠯᠵᠤ᠂ ᠲᠠᠷᠢᠶᠠᠴᠢᠳ ᠤᠨ ᠠᠮᠤ ᠪᠤᠳᠠᠭ᠎ᠠ ᠲᠠᠷᠢᠬᠤ ᠦᠷ᠎ᠡ ᠠᠰᠢᠭ ᠢ ᠨᠡᠮᠡᠭᠳᠡᠭᠦᠯᠬᠦ ᠬᠡᠷᠡᠭᠲᠡᠶ᠃       ︵ᠳᠣᠯᠤᠭ᠎ᠠ︶  ᠠᠵᠤ ᠦᠢᠯᠡᠳᠪᠦᠷᠢ ᠬᠤᠳᠠᠯᠳᠤᠭᠠᠨ ᠤ ᠬᠥᠷᠥᠩᠭᠡ ᠶᠢ ᠬᠥᠳᠡᠭᠡ ᠪᠠᠭᠤᠯᠭᠠᠬᠤ ᠶᠢ ᠡᠮᠬᠢ ᠵᠢᠷᠤᠮ ᠲᠠᠢ ᠬᠥᠲᠥᠯᠦᠨ ᠵᠢᠯᠣᠭᠤᠳᠤᠨ᠎ᠠ᠃ ᠠᠵᠤ ᠦᠢᠯᠡᠳᠪᠦᠷᠢ ᠬᠤᠳᠠᠯᠳᠤᠭᠠᠨ ᠤ ᠬᠦᠷᠦᠩᠭᠡ ᠶᠢᠨ ᠬᠥᠳᠡᠭᠡ ᠲᠣᠰᠬᠤᠨ ᠳᠤ ᠣᠴᠢᠵᠤ ᠪᠡᠯᠠ ᠣᠷᠣᠭᠤᠯᠤᠨ ᠰᠡᠶᠢᠠ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ᠂ ᠠᠮᠤ ᠪᠤᠳᠠᠭ᠎ᠠ ᠦᠢᠯᠡᠳᠪᠦᠷᠢᠯᠡᠬᠦ᠂ ᠠᠮᠤ  ᠪᠤᠳᠠᠭ᠎ᠠ ᠪᠣᠯᠪᠠᠰᠤᠷᠠᠭᠤᠯᠵᠤ ᠬᠦᠢᠯᠭᠡᠬᠦ ᠵᠡᠷᠭᠡ ᠲᠤᠰᠬᠠᠶᠢᠵᠢᠭᠰᠠᠨ ᠨᠡᠶᠢᠭᠡᠮᠴᠢᠯᠡᠭᠰᠡᠨ ᠦᠢᠯᠡᠴᠢᠯᠡᠭᠡ ᠡᠷᠬᠢᠯᠡᠬᠦ ᠳᠤ ᠪᠡᠯᠡ ᠣᠷᠤᠭᠤᠯᠬᠤ ᠶᠢ ᠵᠣᠷᠢᠭᠵᠢᠭᠤᠯᠬᠤ ᠪᠠ ᠬᠥᠲᠥᠯᠥᠨ ᠵᠢᠯᠣᠭᠤᠳᠤᠨ᠎ᠠ᠃ ᠡᠯ᠎ᠡ ᠬᠤᠰᠢᠭᠤ ᠰᠢᠶᠠᠨ ᠲᠣᠭᠤᠷᠢᠭ ᠢ ᠵᠢᠯᠣᠭᠤᠳᠤᠨ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠶᠢᠨ ᠡᠷᠭᠢᠯᠲᠡ ᠶᠢᠨ ᠭᠡᠷ᠎ᠡ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠠᠵᠤ ᠦᠢᠯᠡᠳᠪᠦᠷᠢ ᠬᠤᠳᠠᠯᠳᠤᠭᠠᠨ ᠤ ᠬᠥᠷᠥᠩᠭᠡ ᠶᠢᠨ ᠡᠷᠭᠢᠯᠲᠡ ᠶᠢᠨ ᠭᠠᠵᠠᠷ ᠰᠢᠷᠣᠶ ᠶᠢᠨ ᠬᠢᠷᠢ ᠬᠡᠮ ᠢ ᠬᠢᠨᠠᠨ ᠪᠠᠶᠢᠴᠠᠭᠠᠬᠤ ᠪᠠ ᠲᠥᠷᠥᠯ ᠵᠦᠢᠯ ᠢ ᠬᠢᠨᠠᠨ ᠬᠠᠷᠭᠤᠭᠤᠯᠬᠤ ᠲᠦᠷᠢᠮ ᠢ ᠪᠠᠶᠢᠭᠤᠯᠵᠤ᠂ ᠠᠵᠤ ᠦᠢᠯᠡᠳᠪᠦᠷᠢ ᠬᠤᠳᠠᠯᠳᠤᠭᠠᠨ ᠤ ᠠᠵᠤ ᠠᠬᠤᠶᠢᠯᠠᠯ ᠤᠨ ᠬᠢᠷᠢ ᠬᠡᠮ᠂ ᠡᠵᠡᠩᠨᠡᠯᠲᠡ ᠶᠢᠨ ᠲᠥᠷᠥᠯ ᠵᠦᠢᠯ᠂ ᠠᠵᠤ ᠠᠬᠤᠶᠢᠯᠠᠯ ᠤᠨ ᠢᠲᠡᠭᠡᠮᠵᠢ᠂ ᠭᠠᠵᠠᠷ ᠰᠢᠷᠣᠶ ᠶᠢᠨ ᠡᠷᠭᠢᠯᠲᠡ ᠵᠡᠷᠭᠡ ᠲᠠᠯ᠎ᠠ ᠶᠢᠨ ᠬᠢᠨᠠᠨ ᠬᠠᠷᠭᠤᠭᠤᠯᠤᠯᠲᠠ ᠶᠢ ᠴᠢᠩᠭᠠᠷᠠᠭᠤᠯᠤᠨ᠎ᠠ᠃ ᠠᠵᠤ ᠦᠢᠯᠡᠳᠪᠦᠷᠢ ᠬᠤᠳᠠᠯᠳᠤᠭᠠᠨ ᠤ ᠬᠥᠷᠥᠩᠭᠡ ᠶᠢᠨ ᠲᠦᠷᠢᠶᠡᠰᠦᠯᠡᠭᠰᠡᠨ ᠭᠠᠵᠠᠷ ᠰᠢᠷᠣᠶ ᠶᠢ ᠬᠢᠨᠠᠨ ᠬᠡᠮᠵᠢᠵᠦ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠲᠠᠷᠢᠶᠠᠨ ᠭᠠᠵᠠᠷ ᠢ ᠶᠡᠭᠡ ᠬᠡᠪᠴᠢᠶ᠎ᠡ ᠪᠠᠷ ᠡᠷᠭᠢᠯᠲᠡ ᠳᠤ  ᠣᠷᠤᠭᠤᠯᠵᠤ ᠬᠠᠮᠢᠶ᠎ᠠ ᠪᠥᠬᠦᠶ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠠᠴᠠ ᠵᠥᠷᠢᠴᠡᠭᠰᠡᠨ ︽ᠠᠮᠤ ᠪᠤᠳᠠᠭᠠᠨ ᠤ ᠪᠤᠰᠤ ᠪᠣᠯᠭᠠᠬᠤ︾ ᠦᠢᠯᠡ ᠠᠵᠢᠯᠯᠠᠭ᠎ᠠ ᠶᠢ  ᠨᠢ ᠣᠯᠵᠤ ᠮᠡᠳᠡᠪᠡᠯ ᠡᠷᠡᠰ ᠵᠠᠯᠠᠷᠠᠭᠤᠯᠬᠤ ᠶᠢᠨ ᠬᠠᠮᠲᠤ᠂ ᠬᠦᠷᠲᠡᠵᠦ ᠪᠠᠶᠢᠭ᠎ᠠ ᠬᠠᠮᠢᠶ᠎ᠠ ᠪᠥᠬᠦᠶ ᠲᠡᠳᠬᠦᠬᠦ ᠲᠥᠷᠥ ᠶᠢᠨ ᠪᠣᠳᠣᠯᠭ᠎ᠠ ᠶᠢ ᠨᠢ ᠳᠠᠷᠦ᠋ᠢᠬᠠᠨ ᠵᠣᠭᠰᠣᠭᠠᠬᠤ ᠬᠡᠷᠡᠭᠲᠡᠶ᠃ ᠠᠮᠤ ᠪᠤᠳᠠᠭ᠎ᠠ ᠳᠠᠷᠢᠬᠤ ᠳᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠵᠤ ᠦᠢᠯᠡᠳᠪᠦᠷᠢ ᠬᠤᠳᠠᠯᠳᠤᠭᠠᠨ ᠤ ᠠᠵᠤ ᠠᠬᠤᠶᠢᠯᠠᠯ ᠤᠨ ᠭᠠᠵᠠᠷ ᠰᠢᠷᠣᠶ ᠪᠠᠨ ᠡᠷᠬᠢᠯᠲᠡ ᠳᠤ ᠤᠷᠤᠭᠤᠯᠤᠨ ᠬᠡᠪᠴᠢᠶᠡᠵᠢᠭᠦᠯᠦᠭᠰᠡᠨ ᠠᠮᠤ ᠪᠤᠳᠠᠭ᠎ᠠ ᠳᠠᠷᠢᠬᠤ ᠬᠥᠭᠵᠢᠯᠲᠡ ᠶᠢ ᠳᠡᠮᠵᠢᠨ᠎ᠡ᠃       ︵ᠨᠠᠢᠮᠠ︶ ᠠᠲᠠᠷᠰᠢᠭᠰᠠᠨ ᠭᠠᠵᠠᠷ ᠢ ᠨᠢᠭᠡᠳᠦᠯᠲᠡᠶ ᠲᠥᠯᠥᠪᠯᠡᠨ ᠠᠰᠢᠭᠯᠠᠵᠤ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠢ ᠠᠬᠢᠭᠤᠯᠤᠨ᠎ᠠ᠃ ᠪᠥᠬᠦ ᠬᠤᠲᠠ ᠶᠢᠨ  ᠲᠠᠷᠢᠶᠠᠨ ᠭᠠᠵᠠᠷ ᠤᠨ ᠠᠲᠠᠷᠰᠢᠭᠰᠠᠨ ᠭᠠᠵᠠᠷ ᠤᠨ ᠦᠨᠳᠦᠰᠦᠨ ᠪᠠᠶᠢᠳᠠᠯ ᠢ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠰᠠᠭᠤᠷᠢ ᠲᠤᠭ᠎ᠠ ᠶᠢ ᠲᠣᠳᠣᠷᠬᠠᠶ ᠤᠶᠢᠯᠠᠭᠠᠨ᠂ ᠠᠲᠠᠷᠰᠢᠭᠰᠠᠨ ᠭᠠᠵᠠᠷ ᠢ ᠨᠢᠭᠡᠳᠦᠯᠲᠡᠶ ᠲᠥᠯᠥᠪᠯᠡᠨ ᠠᠰᠢᠭᠯᠠᠬᠤ ᠬᠡᠷᠡᠭᠵᠢᠭᠦᠯᠬᠦ ᠲᠥᠰᠦᠯ ᠢ ᠲᠣᠭᠲᠠᠭᠠᠨ᠎ᠠ᠃ ᠬᠤᠵᠢᠷᠰᠢᠭᠰᠠᠨ᠂ ᠡᠯᠡᠰᠦᠷᠬᠡᠭᠵᠢᠭᠰᠡᠨ ᠪᠠ ᠤᠰᠤᠨ ᠤ ᠡᠬᠢ ᠪᠠᠶᠠᠯᠢᠭ ᠬᠦᠷᠦᠯᠴᠡᠬᠦ ᠥᠭᠡᠢ ᠵᠡᠷᠭᠡ ᠠᠴᠠ ᠪᠣᠯᠵᠤ ᠲᠠᠷᠢᠶᠠᠯᠠᠬᠤ ᠨᠥᠬᠦᠴᠡᠯ ᠢᠶᠠᠷ ᠪᠠᠷᠤᠭᠲᠠᠶ ᠪᠣᠯᠣᠭᠰᠠᠨ ᠠᠲᠠᠷᠰᠢᠭᠰᠠᠨ ᠠᠳᠠᠷ ᠭᠠᠵᠠᠷ ᠤᠨ ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ ᠶᠢ ᠴᠢᠩᠭᠠᠳᠬᠠᠨ᠂ ᠲᠠᠷᠢᠶᠠᠯᠠᠬᠤ ᠨᠥᠬᠦᠴᠡᠯ ᠢ ᠨᠢ ᠰᠠᠶᠢᠵᠢᠷᠠᠭᠤᠯᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠢ ᠬᠥᠭᠵᠢᠭᠦᠯᠬᠦ ᠬᠡᠷᠡᠭᠲᠡᠶ᠃ ᠤᠷᠳᠤ ᠬᠤᠭᠤᠴᠠᠭ᠎ᠠ ᠪᠠᠷ ᠭᠠᠳᠠᠭᠰᠢ ᠭᠠᠷᠴᠤ ᠠᠵᠢᠯ ᠬᠢᠭᠰᠡᠨ᠂ ᠭᠡᠷ ᠲᠡᠭᠡᠨ ᠬᠥᠳᠡᠯᠮᠦᠷᠢ ᠬᠦᠴᠦ ᠦᠭᠡᠢ ᠠᠴᠠ ᠪᠣᠯᠤᠭᠰᠠᠨ ᠠᠲᠠᠷᠰᠢᠭᠰᠠᠨ ᠭᠠᠵᠠᠷ ᠲᠤ ᠠᠲᠠᠷᠰᠢᠭᠤᠯᠤᠭᠰᠠᠨ ᠲᠠᠷᠢᠶᠠᠴᠢᠨ ᠡᠷᠦᠭᠡ ᠶᠢ ᠲᠠᠶᠢᠴᠢᠯᠠᠨ ᠲᠦᠷᠢᠶᠡᠰᠦᠯᠡᠭᠦᠯᠬᠦ ︵ᠰᠢᠯᠵᠢᠭᠦᠯᠦᠨ ᠳᠠᠭᠠᠭᠠᠴᠢᠯᠠᠭᠤᠯᠬᠤ︶᠂ ᠬᠤᠪᠢ ᠣᠷᠣᠭᠤᠯᠬᠤ ᠵᠡᠷᠭᠡ ᠠᠷᠭ᠎ᠠ ᠮᠠᠶ᠋ᠢᠭ ᠢᠶᠠᠷ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠶᠢ ᠨᠢ ᠡᠷᠭᠢᠯᠲᠡ ᠳᠤ ᠣᠷᠣᠭᠤᠯᠵᠤ᠂ ᠵᠣᠬᠢᠬᠤ ᠬᠡᠪᠴᠢᠶᠡᠲᠦ ᠡᠵᠡᠩᠨᠡᠯᠲᠡ ᠶᠢ ᠬᠥᠭᠵᠢᠭᠦᠯᠬᠦ ᠬᠡᠷᠡᠭᠲᠡᠶ᠃ ᠵᠠᠯᠭᠠᠪᠡᠷ ᠬᠤᠶᠠᠷ ᠵᠢᠯ ᠠᠴᠠ ᠳᠡᠭᠡᠭᠰᠢ ᠠᠲᠠᠷᠰᠢᠭᠤᠯᠤᠭᠰᠠᠨ ᠪᠠᠶᠢᠪᠠᠯ᠂ ᠳᠠᠭᠠᠭᠠᠴᠢᠯᠠᠭᠴᠢ ᠨᠢ ᠵᠦᠢ ᠵᠣᠬᠢᠰᠲᠠᠶ ᠬᠤᠭᠤᠴᠠᠭᠠᠨ ᠤ ᠳᠣᠲᠣᠷ᠎ᠠ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠶᠢᠨ ᠡᠷᠭᠢᠯᠲᠡ ᠶᠢᠨ ᠭᠡᠷ᠎ᠡ ᠶᠢ  ᠬᠦᠴᠦᠨ ᠦᠭᠡᠢ ᠪᠣᠯᠭᠠᠬᠤ ᠦᠭᠡᠢ ᠪᠠᠶᠢᠪᠠᠯ᠂ ᠳᠠᠭᠠᠭᠠᠴᠢᠯᠠᠭᠤᠯᠤᠭᠴᠢ ᠨᠢ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠶᠢᠨ ᠡᠷᠭᠢᠯᠲᠡ ᠶᠢᠨ ᠭᠡᠷ᠎ᠡ ᠶᠢ ᠳᠠᠭᠤᠰᠬᠠᠬᠤ ᠪᠠᠷ ᠱᠠᠭᠠᠷᠳᠠᠬᠤ ᠡᠷᠬᠡ ᠲᠠᠢ᠃ ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠶᠢᠨ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂ ᠠᠲᠠᠷᠰᠢᠭᠰᠠᠨ ᠭᠠᠵᠠᠷ ᠲᠤ ᠨᠥᠬᠦᠪᠥᠷᠢ ᠥᠭᠬᠦ ᠶᠢ ᠵᠣᠭᠰᠣᠭᠠᠨ᠎ᠠ᠃ ᠠᠲᠠᠷᠰᠢᠭᠰᠠᠨ ᠭᠠᠵᠠᠷ ᠢ ᠲᠠᠬᠢᠨ ᠬᠠᠭᠠᠯᠪᠤᠷᠢᠯᠠᠵᠤ ᠲᠠᠬᠢᠨ ᠲᠠᠷᠢᠬᠤ ᠮᠡᠷᠭᠡᠵᠢᠯ ᠤᠨ ᠵᠢᠯᠤᠭᠤᠳᠤᠯᠭ᠎ᠠ ᠶᠢ ᠴᠢᠩᠭᠠᠳᠬᠠᠵᠤ ᠂ ᠣᠷᠣᠯᠠᠨ ᠬᠠᠭᠠᠯᠪᠤᠷᠢᠯᠠᠵᠤ ᠣᠷᠣᠯᠠᠨ ᠲᠠᠷᠢᠬᠤ᠂ ᠨᠠᠶᠢᠳᠠᠨ ᠬᠠᠮᠢᠶᠠᠷᠤᠭᠤᠯᠬᠤ ᠵᠡᠷᠭᠡ ᠨᠡᠶᠢᠭᠡᠮᠴᠢᠯᠡᠭᠰᠡᠨ ᠦᠢᠯᠡᠴᠢᠯᠡᠭᠡ ᠶᠢ ᠬᠥᠭᠵᠢᠭᠦᠯᠦᠨ᠎ᠡ᠃ ᠤᠬᠠᠭᠤᠯᠤᠨ ᠬᠥᠲᠥᠯᠦᠨ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠪᠥᠬᠦ ᠨᠡᠶᠢᠭᠡᠮ ᠢᠶᠠᠷ ᠢᠶᠠᠨ ᠲᠠᠷᠢᠶᠠᠨ ᠭᠠᠵᠠᠷ ᠢ ᠠᠲᠠᠷᠰᠢᠭᠤᠯᠬᠤ ᠶᠢ ᠬᠤᠷᠢᠭᠯᠠᠬᠤ ᠥᠳᠬᠡᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠨ᠎ᠠ᠃       ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ       ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠎ᠠ᠃ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ  ᠲᠣᠰ ᠭᠠᠵᠠᠷ ᠣᠷᠣᠨ ᠤ ᠪᠠᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠲᠣᠰ ᠭᠠᠵᠠᠷ ᠣᠷᠣᠨ ᠤ ᠪᠠᠨ ᠠᠮᠤ ᠪᠤᠳᠠᠭᠠᠨ ᠤ ᠦᠢᠯᠡᠳᠪᠦᠷᠢᠯᠡᠯ ᠤᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠡᠯ᠎ᠡ ᠬᠤᠰᠢᠭᠤ ᠰᠢᠶᠠᠨ ᠲᠣᠭᠤᠷᠢᠭ ᠨᠢ ᠲᠣᠰ ᠬᠡᠷᠡᠭᠵᠢᠭᠦᠯᠬᠦ ᠲᠥᠰᠦᠯ ᠤᠨ ᠱᠠᠭᠠᠷᠳᠠᠯᠭ᠎ᠠ ᠶᠣᠰᠣᠭᠠᠷ᠂ ᠲᠣᠰ ᠬᠤᠰᠢᠭᠤ ᠰᠢᠶᠠᠨ ᠲᠣᠭᠤᠷᠢᠭ ᠤᠨ ᠪᠠᠨ ᠪᠣᠳᠠᠲᠠᠶ ᠬᠡᠷᠡᠭᠵᠢᠭᠦᠯᠬᠦ ᠲᠥᠰᠦᠯ ᠢ ᠱᠠᠯᠠᠪᠳᠠᠨ ᠲᠣᠭᠲᠠᠭᠠᠵᠤ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠬᠦ ᠬᠡᠷᠡᠭᠲᠡᠶ᠃ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠲᠠᠷᠢᠶᠠᠨ ᠭᠠᠵᠠᠷ ᠢ ᠬᠠᠮᠠᠭᠠᠯᠠᠬᠤ᠂ ᠠᠮᠤ ᠪᠤᠳᠠᠭᠠᠨ ᠤ ᠦᠢᠯᠡᠳᠪᠦᠷᠢᠯᠡᠯ ᠢ ᠬᠥᠭᠵᠢᠭᠦᠯᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃       ︵ᠬᠤᠶᠠᠷ︶ ᠠᠮᠤ ᠪᠤᠳᠠᠭᠠᠨ ᠤ ᠦᠢᠯᠡᠳᠪᠦᠷᠢᠯᠡᠯ ᠤᠨ ᠠᠮᠤᠷ ᠲᠦᠪᠰᠢᠨ ᠤ ᠨᠠᠮ ᠵᠠᠰᠠᠭ ᠤᠨ ᠠᠳᠠᠯᠢ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠠᠮᠤ ᠪᠤᠳᠠᠭᠠᠨ ᠤ ᠠᠮᠤᠷ ᠲᠦᠪᠰᠢᠨ ᠤ ᠨᠠᠮ ᠵᠠᠰᠠᠭ ᠠᠳᠠᠯᠢ  ᠬᠠᠷᠢᠭᠤᠴᠠᠯᠭ᠎ᠠ ᠡᠭᠦᠷᠭᠡᠯᠡᠬᠦ ᠤᠯᠤᠰ ᠲᠥᠷᠥ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ ᠬᠤᠰᠢᠭᠤ ᠰᠢᠶᠠᠨ ᠲᠣᠭᠤᠷᠢᠭ ᠤᠨ ᠬᠢᠨ ᠲᠣᠰ ᠭᠠᠵᠠᠷ ᠣᠷᠣᠨ ᠤ ᠪᠠᠨ ᠠᠮᠤ ᠪᠤᠳᠠᠭᠠᠨ ᠤ ᠦᠢᠯᠡᠳᠪᠦᠷᠢᠯᠡᠯ ᠢ ᠪᠠᠲᠤᠯᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠬᠦ ᠬᠡᠷᠡᠭᠲᠡᠶ᠃ ᠡᠯ᠎ᠡ ᠬᠤᠰᠢᠭᠤ ᠰᠢᠶᠠᠨ ᠲᠣᠭᠤᠷᠢᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠨᠢ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠨᠡᠮᠡᠭᠳᠡᠯ ᠤᠨ ᠬᠡᠮᠵᠢᠶ᠎ᠡ ᠶᠢ ᠡᠷᠡᠰ ᠬᠤᠷᠢᠭᠯᠠᠬᠤ ᠶᠢᠨ ᠬᠠᠮᠲᠤ᠂ ᠦᠯᠡᠳᠡᠭᠡᠯ ᠠᠰᠠᠭᠤᠳᠠᠯ ᠤᠨ ᠪᠠᠶᠢᠳᠠᠯ ᠢ ᠣᠶᠢᠯᠠᠭᠠᠵᠤ᠂ ᠲᠥᠷᠥᠯ ᠬᠤᠪᠢᠶᠠᠨ ᠲᠠᠩᠰᠠ ᠪᠠᠶᠢᠭᠤᠯᠬᠤ ᠬᠡᠷᠡᠭᠲᠡᠶ᠃ ᠬᠤᠲᠠ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠲᠠᠢ ᠬᠠᠮᠵᠢᠯᠴᠠᠨ ᠪᠥᠬᠦ ᠬᠤᠲᠠ ᠶᠢᠨ ᠬᠡᠪᠴᠢᠶᠡᠨ ᠳᠤ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠪᠠᠶᠢᠳᠠᠯ ᠤᠨ ᠪᠠᠶᠢᠴᠠᠭᠠᠯᠲᠠ ᠶᠢ ᠪᠡᠶᠡᠯᠡᠭᠦᠯᠵᠦ᠂ ᠡᠯ᠎ᠡ ᠬᠤᠰᠢᠭᠤ ᠰᠢᠶᠠᠨ ᠲᠣᠭᠤᠷᠢᠭ ᠤᠨ ᠪᠠᠶᠢᠳᠠᠯ ᠢ ᠣᠶᠢᠯᠠᠭᠠᠭᠰᠠᠨ ᠪᠠᠶᠢᠳᠠᠯ ᠲᠠᠢ ᠤᠶᠠᠯᠳᠤᠭᠤᠯᠤᠨ᠂ ᠪᠣᠳᠠᠲᠠᠶ ᠠᠴᠠ ᠡᠭᠦᠰᠬᠦ᠂ ᠯᠠᠪᠳᠠᠭᠤᠨ ᠢᠶᠠᠷ ᠰᠢᠢᠳᠪᠦᠷᠢᠯᠡᠬᠦ ᠵᠠᠷᠴᠢᠮ ᠶᠣᠰᠣᠭᠠᠷ᠂ ᠲᠥᠷᠥᠯ ᠬᠤᠪᠢᠶᠠᠨ ᠰᠢᠢᠳᠪᠦᠷᠢᠯᠡᠬᠦ ᠰᠠᠨᠠᠯ ᠢᠶᠠᠨ ᠳᠤᠷᠠᠳᠬᠤ ᠬᠡᠷᠡᠭᠲᠡᠶ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠬᠦ ᠶᠢ ᠠᠮᠤ ᠪᠤᠳᠠᠭᠠᠨ ᠤ ᠠᠮᠤᠷ ᠲᠦᠪᠰᠢᠨ ᠤ ᠨᠠᠮ ᠵᠠᠰᠠᠭ ᠠᠳᠠᠯᠢ ᠬᠠᠷᠢᠭᠤᠴᠠᠯᠭ᠎ᠠ  ᠡᠭᠦᠷᠭᠡᠯᠡᠬᠦ ᠬᠠᠷᠢᠭᠤᠴᠠᠯᠭ᠎ᠠ ᠶᠢᠨ ᠲᠦᠷᠢᠮ ᠤᠨ ᠬᠢᠨᠠᠨ ᠰᠢᠯᠭᠠᠬᠤ ᠴᠢᠬᠤᠯᠠ ᠠᠭᠤᠯᠭ᠎ᠠ ᠳᠤ ᠣᠷᠣᠭᠤᠯᠵᠤ᠂ ᠠᠮᠤ ᠪᠤᠳᠠᠭ᠎ᠠ ᠳᠠᠷᠢᠬᠤ ᠲᠠᠯᠠᠪᠠᠶ᠂ ᠤᠨᠠᠯᠲᠠ ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠵᠡᠷᠭᠡ ᠭᠦᠢᠴᠡᠳᠬᠡᠯ ᠲᠤᠭ᠎ᠠ ᠶᠢᠨ ᠡᠵᠡᠯᠡᠬᠦᠨ ᠢ ᠳᠡᠭᠡᠭᠰᠢᠯᠡᠭᠦᠯᠵᠦ᠂ ᠠᠮᠤ ᠪᠤᠳᠠᠭᠠᠨ ᠤ ᠭᠤᠤᠯ ᠭᠠᠷᠤᠯᠲᠠ ᠶᠢᠨ ᠣᠷᠣᠨ ᠪᠠ ᠭᠤᠤᠯ ᠭᠠᠷᠤᠯᠲᠠ ᠶᠢᠨ ᠪᠤᠰᠤ ᠣᠷᠣᠨ ᠳᠤ ᠵᠥᠷᠢᠶᠡᠲᠦ ᠬᠢᠨᠠᠨ ᠰᠢᠯᠭᠠᠯᠲᠠ ᠬᠢᠬᠦ ᠶᠢᠨ ᠬᠠᠮᠲᠤ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠬᠤ ᠬᠡᠷᠡᠭᠲᠡᠢ᠃       ︵ᠭᠤᠷᠪᠠ︶ ᠠᠮᠤ ᠪᠤᠳᠠᠭᠠᠨ ᠤ ᠦᠢᠯᠡᠳᠪᠦᠷᠢᠯᠡᠯ ᠢ ᠳᠡᠮᠵᠢᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠲᠥᠷᠥ ᠶᠢᠨ ᠪᠣᠳᠣᠯᠭ᠎ᠠ ᠶᠢᠨ ᠪᠡᠯᠡ ᠮᠥᠩᠭᠦᠨ ᠤ ᠳᠡᠮᠵᠢᠯᠭᠡ ᠶᠢ ᠴᠢᠩᠭᠠᠳᠬᠠᠵᠤ᠂ ᠠᠮᠤ ᠪᠤᠳᠠᠭᠠᠨ ᠤ ᠤᠨᠠᠯᠲᠠ ᠶᠢᠨ ᠲᠣᠮᠣ ᠰᠢᠶᠠᠨ ᠢ ᠱᠠᠩᠨᠠᠨ ᠬᠥᠬᠢᠭᠦᠯᠬᠦ ᠵᠡᠷᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠲᠥᠷᠥᠯ ᠵᠦᠢᠯ ᠢ ᠤᠷᠢᠳᠠᠪᠠᠷ ᠳᠣᠭᠢᠷᠠᠭᠤᠯᠬᠤ ᠪᠠ ᠡᠮᠬᠢᠯᠡᠨ ᠨᠡᠶᠢᠯᠡᠭᠦᠯᠵᠦ ᠠᠮᠤ ᠪᠤᠳᠠᠭᠠᠨ ᠤ ᠭᠤᠤᠯ ᠭᠠᠷᠤᠯᠲᠠ ᠶᠢᠨ ᠭᠠᠵᠠᠷ ᠣᠷᠣᠨ ᠪᠠ ᠲᠠᠷᠢᠮᠠᠯ ᠢ ᠳᠡᠮᠵᠢᠵᠦ᠂ ᠡᠯ᠎ᠡ ᠬᠤᠰᠢᠭᠤ ᠰᠢᠶᠠᠨ ᠲᠣᠭᠤᠷᠢᠭ ᠤᠨ ᠪᠣᠳᠠᠲᠠᠶ ᠪᠠᠨ ᠦᠨᠳᠦᠰᠦᠯᠡᠨ ᠠᠮᠤ ᠪᠤᠳᠠᠭᠠᠨ ᠤ ᠦᠢᠯᠡᠳᠪᠦᠷᠢᠯᠡᠯ ᠢ ᠳᠡᠮᠵᠢᠬᠦ ᠲᠥᠷᠥ ᠶᠢᠨ ᠪᠣᠳᠣᠯᠭ᠎ᠠ ᠨᠡᠶᠢᠲᠡᠯᠡᠬᠦ ᠶᠢ ᠵᠣᠷᠢᠭᠵᠢᠭᠤᠯᠤᠨ ᠳᠡᠮᠵᠢᠵᠦ᠂ ᠲᠠᠷᠢᠶᠠᠯᠠᠩ ᠢ ᠳᠡᠮᠵᠢᠵᠦ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠡᠷᠲᠡ ᠠᠴᠠ ᠰᠦᠪᠡᠭᠴᠢᠯᠡᠬᠦ ᠪᠠ ᠶᠡᠬᠡᠪᠡᠷ ᠤᠬᠠᠭᠤᠯᠵᠤ᠂ ᠡᠯ᠎ᠡ ᠭᠠᠵᠠᠷ ᠣᠷᠣᠨ ᠤ ᠲᠠᠷᠢᠶᠠᠯᠠᠩ ᠢ ᠴᠢᠬᠤᠯᠠᠴᠢᠯᠠᠨ ᠠᠮᠤ ᠪᠤᠳᠠᠭ᠎ᠠ ᠶᠢ ᠠᠳᠬᠤᠬᠤ᠂ ᠲᠠᠷᠢᠶᠠᠴᠢᠳ ᠤᠨ ᠲᠠᠷᠢᠶᠠᠨ ᠠᠵᠢᠯ ᠬᠢᠵᠦ ᠠᠮᠤ ᠪᠤᠳᠠᠭ᠎ᠠ ᠳᠠᠷᠢᠬᠤ ᠢᠳᠡᠪᠬᠢᠵᠢᠯ ᠢ ᠬᠦᠴᠦᠯᠡᠨ ᠬᠠᠮᠠᠭᠠᠯᠠᠬᠤ ᠪᠠ ᠳᠠᠶᠢᠴᠢᠯᠠᠬᠤ ᠬᠡᠷᠡᠭᠲᠡᠢ᠃ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠳᠦ ᠣᠷᠣᠨ ᠳᠠᠬᠢ ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠬᠠᠮᠢᠶ᠎ᠠ ᠪᠦᠬᠦᠢ ᠲᠠᠷᠢᠶᠠᠯᠠᠩ ᠤᠨ ᠪᠡᠯᠡ ᠮᠥᠩᠭᠦ ᠶᠢ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠳᠦ ᠣᠷᠣᠨ ᠲᠡᠰᠢ ᠬᠡᠯᠪᠠᠶᠢᠯᠭᠡᠵᠦ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠳᠦ ᠣᠷᠣᠨ ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠤᠷᠢᠳᠠᠪᠠᠷ ᠥᠷᠨᠢᠭᠦᠯᠵᠦ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠳᠦ ᠣᠷᠣᠨ ᠤ ᠳᠣᠲᠤᠷ᠎ᠠ ᠬᠠᠷᠠᠯᠲᠠᠲᠤ ᠲᠠᠷᠢᠮᠠᠯ ᠲᠠᠷᠢᠬᠤ ᠶᠢ ᠤᠷᠢᠳᠠᠪᠠᠷ ᠳᠡᠮᠵᠢᠬᠦ ᠬᠡᠷᠡᠭᠲᠡᠢ᠃ ᠡᠯ᠎ᠡ ᠬᠤᠰᠢᠭᠤ ᠰᠢᠶᠠᠨ ᠲᠣᠭᠤᠷᠢᠭ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠳᠣ ᠣᠷᠣᠨ ᠤ ᠬᠠᠷᠠᠯᠲᠠᠲᠤ ᠲᠠᠷᠢᠮᠠᠯ ᠳᠤ ᠴᠢᠭᠯᠡᠭᠦᠯᠦᠨ ᠵᠦᠷᠢᠶᠡᠴᠢᠯᠡᠭᠰᠡᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠲᠣᠭᠲᠠᠭᠠᠬᠤ ᠶᠢ ᠵᠣᠷᠢᠭᠵᠢᠭᠤᠯᠤᠨ᠎ᠠ᠃ ᠠᠮᠤ ᠪᠤᠳᠠᠭ᠎ᠠ ᠲᠠᠷᠢᠬᠤ ᠭᠤᠣᠯ ᠴᠣᠭᠴᠠ ᠶᠢᠨ ᠲᠦᠷᠦ ᠶᠢᠨ ᠪᠤᠳᠤᠯᠭ᠎ᠠ ᠶᠢᠨ ᠤᠷᠮᠠᠰᠢᠭᠤᠯᠤᠯ ᠢ ᠴᠢᠩᠭᠠᠳᠬᠠᠵᠤ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ᠂ ᠲᠠᠷᠢᠶᠠᠴᠢᠳ ᠤᠨ ᠬᠤᠷᠰᠢᠶ᠎ᠠ ᠶᠢᠨ ᠠᠮᠤ ᠪᠤᠳᠠᠭᠠᠨ ᠤ ᠵᠣᠬᠢᠰᠲᠠᠶ ᠬᠡᠪᠴᠢᠶᠡᠲᠦ ᠡᠵᠡᠩᠨᠡᠯᠲᠡ ᠶᠢ ᠬᠥᠭᠵᠢᠭᠦᠯᠬᠦ ᠶᠢ ᠳᠡᠮᠵᠢᠵᠦ᠂  ᠣᠷᠤᠯᠠᠨ ᠬᠠᠭᠠᠯᠪᠤᠷᠢᠯᠠᠵᠤ ᠣᠷᠣᠯᠠᠨ ᠲᠠᠷᠢᠬᠤ᠂ ᠨᠢᠭᠡᠳᠦᠯᠲᠡᠶ ᠰᠡᠷᠭᠡᠶᠢᠯᠡᠨ ᠵᠠᠰᠠᠬᠤ᠂ ᠭᠠᠵᠠᠷ ᠰᠢᠷᠣᠶ ᠶᠢ ᠨᠠᠶᠢᠳᠠᠨ ᠬᠠᠮᠢᠶᠠᠷᠤᠭᠤᠯᠬᠤ ᠵᠡᠷᠭᠡ ᠨᠡᠶᠢᠭᠡᠮᠴᠢᠯᠡᠭᠰᠡᠨ ᠦᠢᠯᠡᠴᠢᠯᠡᠭᠡ ᠶᠢ ᠶᠡᠭᠡ ᠪᠠᠷ ᠳᠡᠯᠭᠡᠷᠡᠭᠦᠯᠵᠦ᠂ ᠠᠮᠤ ᠪᠤᠳᠠᠭ᠎ᠠ ᠲᠠᠷᠢᠬᠤ ᠬᠡᠪᠴᠢᠶᠡᠲᠦ ᠦᠷ᠎ᠡ ᠠᠰᠢᠭ ᠢ ᠳᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠠᠵᠢᠯ ᠤᠨ ᠪᠠᠶᠢᠷᠢᠯᠠᠭᠤᠯᠤᠯᠲᠠ ᠶᠢ ᠦᠨᠳᠦᠰᠦᠯᠡᠨ᠂ ᠲᠠᠷᠢᠶᠠᠯᠠᠩ ᠤᠨ ᠶᠡᠭᠡ ᠭᠠᠮᠰᠢᠭ ᠤᠨ ᠳᠠᠭᠠᠳᠬᠠᠯ ᠤᠨ ᠲᠤᠷᠰᠢᠯᠲᠠ ᠶᠢᠨ ᠴᠡᠭ ᠢ ᠴᠠᠭ ᠲᠤᠨᠢ ᠳᠣᠭᠢᠷᠠᠭᠤᠯᠤᠨ ᠥᠷᠭᠡᠳᠬᠡᠵᠦ᠂ ᠠᠮᠤ ᠪᠤᠳᠠᠭᠠᠨ ᠤ ᠦᠢᠯᠡᠳᠪᠦᠷᠢᠯᠡᠯ ᠤᠨ ᠪᠠᠭᠤᠷᠠᠶ ᠭᠤᠭᠴᠤᠭ᠎ᠠ ᠶᠢᠨ ᠮᠠᠰᠢᠨᠴᠢᠯᠠᠯᠲᠠ ᠶᠢᠨ ᠮᠡᠷᠭᠡᠵᠢᠯ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠢᠯ ᠢ ᠥᠷᠨᠢᠭᠦᠯᠦᠨ᠎ᠡ᠃ ᠠᠮᠤ ᠪᠤᠳᠠᠭ᠎ᠠ ᠦᠢᠯᠡᠳᠪᠦᠷᠢᠯᠡᠭᠰᠡᠨ ᠤ ᠳᠠᠷᠠᠭᠠᠬᠢ ᠬᠠᠭᠰᠠᠭᠠᠬᠤ᠂ ᠪᠣᠯᠪᠠᠰᠤᠷᠠᠭᠤᠯᠬᠤ ᠪᠡᠯᠡᠳᠬᠡᠮᠵᠢ ᠪᠠᠶᠢᠭᠤᠯᠬᠤ ᠶᠢ ᠲᠡᠮᠵᠢᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠠᠮᠤ ᠪᠤᠳᠠᠭᠠᠨ ᠤ ᠡᠵᠡᠩᠨᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ᠃       ︵ᠳᠥᠷᠪᠡ︶ ᠲᠠᠷᠢᠶᠠᠨ ᠭᠠᠵᠠᠷ ᠤᠨ ᠠᠮᠤ ᠪᠤᠳᠠᠭ᠎ᠠ ᠳᠠᠷᠢᠵᠤ ᠪᠠᠶᠢᠭ᠎ᠠ ᠪᠠᠶᠢᠳᠠᠯ ᠢ ᠬᠢᠨᠠᠨ ᠬᠡᠮᠵᠢᠬᠦ ᠶᠢ ᠴᠢᠩᠭᠠᠳᠬᠠᠨ᠎ᠠ᠃ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠢ ᠳᠠᠭᠠᠭᠤᠯᠢ ᠣᠳᠣᠨ ᠤ ᠠᠯᠤᠰ ᠰᠡᠷᠡᠯ ᠵᠡᠷᠭᠡ ᠣᠲᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ ᠶᠡᠷᠦᠩᠬᠡᠶᠢᠯᠡᠨ ᠬᠡᠷᠡᠭᠯᠡᠵᠦ᠂ ᠵᠢᠯ ᠪᠦᠷᠢ ᠨᠢᠭᠡ ᠤᠳᠠᠭ᠎ᠠ ᠪᠥᠬᠦ ᠬᠤᠲᠠ ᠶᠢᠨ ᠲᠠᠷᠢᠶᠠᠨ ᠭᠠᠵᠠᠷ ᠤᠨ ᠠᠮᠤ ᠪᠤᠳᠠᠭ᠎ᠠ ᠳᠠᠷᠢᠭᠰᠠᠨ ᠪᠠᠶᠢᠳᠠᠯ ᠢ ᠬᠢᠨᠠᠨ ᠬᠡᠮᠵᠢᠵᠦ ᠦᠨᠡᠯᠡᠬᠦ ᠠᠵᠢᠯ ᠢ ᠥᠷᠨᠢᠭᠦᠯᠵᠦ᠂ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠪᠠᠶᠢᠳᠠᠯ ᠢ ᠮᠡᠳᠡᠭᠡᠯᠡᠬᠦ ᠲᠣᠭᠲᠠᠴᠠ ᠶᠢ ᠪᠠᠶᠢᠭᠤᠯᠬᠤ ᠬᠡᠷᠡᠭᠲᠡᠶ᠃ ᠡᠯ᠎ᠡ ᠬᠤᠰᠢᠭᠤ ᠰᠢᠶᠠᠨ ᠲᠣᠭᠤᠷᠢᠭ ᠨᠢ ᠲᠣᠰ ᠵᠠᠰᠠᠭ ᠵᠠᠬᠢᠷᠭᠠᠨ ᠤ ᠣᠷᠣᠨ ᠤ ᠲᠠᠷᠢᠶᠠᠨ ᠭᠠᠵᠠᠷ ᠲᠤ ᠠᠮᠤ ᠪᠤᠳᠠᠭ᠎ᠠ ᠲᠠᠷᠢᠵᠤ ᠪᠠᠶᠢᠭ᠎ᠠ ᠪᠠᠶᠢᠳᠠᠯ ᠳᠤ ᠬᠥᠳᠡᠯᠦᠩᠭᠦᠶ ᠬᠢᠨᠠᠨ ᠬᠡᠮᠵᠢᠯᠲᠡ ᠦᠨᠡᠯᠡᠯᠲᠡ ᠬᠢᠵᠦ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ᠂ ᠴᠢᠬᠤᠯᠠ ᠶᠡᠭᠡ ᠪᠠᠶᠢᠳᠠᠯ ᠢ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠳᠣ ᠣᠷᠣᠨ ᠤ ᠳᠣᠲᠣᠷᠠᠬᠢ ᠬᠠᠷᠠᠯᠲᠠᠲᠤ ᠲᠠᠷᠢᠮᠠᠯ ᠤᠨ ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠬᠡᠮᠵᠢᠵᠦ ᠦᠨᠡᠯᠡᠨ᠂ ᠮᠡᠳᠡᠭᠡ ᠵᠠᠩᠭᠢᠵᠢᠭᠤᠯᠬᠤ᠂ ᠨᠠᠷᠢᠯᠢᠬᠵᠢᠭᠤᠯᠬᠤ ᠬᠠᠮᠢᠶᠠᠷᠤᠯᠲᠠ ᠶᠢ ᠬᠡᠷᠡᠭᠵᠢᠭᠦᠯᠦᠨ᠂ ᠡᠯᠧᠺᠲᠷᠣᠨ ᠭᠠᠵᠠᠷ ᠤᠨ ᠵᠢᠷᠤᠭ ᠪᠣᠯᠤᠨ ᠲᠤᠭ᠎ᠠ ᠪᠠᠷᠢᠮᠲᠠ ᠶᠢᠨ ᠬᠥᠮᠥᠷᠭᠡ ᠶᠢ ᠴᠠᠭ ᠲᠤᠬᠠᠶ ᠳᠤᠨᠢ ᠰᠢᠨᠡᠳᠬᠡᠨ᠎ᠡ᠃  
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ