︽ᠬᠥᠬᠡᠬᠤᠲᠠ ᠶᠢᠨ ᠬᠡᠦᠬᠡᠳ ᠲᠥᠷᠥᠬᠦ ︿ᠨᠢᠭᠡ ᠤᠴᠢᠷ ᠢ ᠨᠢᠭᠡ ᠯᠡ ᠤᠳᠠᠭ᠎ᠠ ᠳᠤ ᠭᠦᠢᠴᠡᠳᠬᠡᠬᠦ﹀ ᠠᠵᠢᠯ ᠤᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2021/8/9
           ᠬᠥᠬᠡᠬᠤᠲᠠ ᠵᠠᠰᠠᠭ ᠠᠯᠪᠠᠨ ᠦᠰᠦᠭ ﹇2021﹈ 27 ᠳ᠋ᠤᠭᠠᠷ ᠲᠣᠭᠠᠲᠤ          2021 ᠣᠨ ᠤ 4 ᠳ᠋ᠦ᠋ᠭᠡᠷ ᠰᠠᠷ᠎ᠠ ᠶᠢᠨ 16 ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄       ︽ᠬᠥᠬᠡᠬᠤᠲᠠ ᠶᠢᠨ ᠬᠡᠦᠬᠡᠳ ᠲᠥᠷᠥᠬᠦ ︿ᠨᠢᠭᠡ ᠤᠴᠢᠷ ᠢ ᠨᠢᠭᠡ ᠯᠡ ᠤᠳᠠᠭ᠎ᠠ ᠳᠤ ᠭᠦᠢᠴᠡᠳᠬᠡᠬᠦ﹀ ᠠᠵᠢᠯ ᠤᠨ ᠬᠡᠷᠡᠭᠵᠢᠭᠦᠯᠬᠦ ᠲᠥᠰᠦᠯ︾ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃          ᠬᠥᠬᠡᠬᠤᠲᠠ ᠶᠢᠨ ᠬᠡᠦᠬᠡᠳ ᠲᠥᠷᠥᠬᠦ ︽ᠨᠢᠭᠡ ᠤᠴᠢᠷ ᠢ ᠨᠢᠭᠡ ᠯᠡ ᠤᠳᠠᠭ᠎ᠠ ᠳᠤ ᠭᠦᠢᠴᠡᠳᠬᠡᠬᠦ︾          ᠠᠵᠢᠯ ᠤᠨ ᠬᠡᠷᠡᠭᠵᠢᠭᠦᠯᠬᠦ ᠲᠥᠰᠦᠯ      ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠲᠠᠰᠤᠷᠠᠯᠲᠠ ᠦᠭᠡᠶ ᠰᠢᠯᠢᠳᠡᠭᠵᠢᠭᠦᠯᠵᠦ᠂ ᠬᠡᠦᠬᠡᠳ ᠲᠥᠷᠥᠬᠦ ︽ᠨᠢᠭᠡ ᠤᠴᠢᠷ︾ ᠲᠤ ᠬᠤᠯᠪᠣᠭᠳᠠᠬᠤ ᠰᠠᠯᠠᠭ᠎ᠠ ᠮᠥᠴᠢᠷ ᠣᠯᠠᠨ᠂ ᠴᠠᠭ ᠤᠷᠲᠤ᠂ ᠨᠠᠭᠠᠰᠢ ᠴᠠᠭᠠᠰᠢ ᠭᠦᠶᠦᠬᠦ ᠵᠡᠷᠭᠡ ᠠᠰᠠᠭᠤᠳᠠᠯ ᠢ ᠰᠢᠢᠳᠪᠦᠷᠢᠯᠡᠬᠦ ᠶᠢᠨ ᠲᠤᠰᠠᠳᠠ᠂ ︽︿  ᠮᠥᠩᠬᠡ ᠰᠤᠪᠠᠭ · ᠨᠢᠭᠡ ᠯᠡ ᠰᠦᠯᠵᠢᠶ᠎ᠡ ᠪᠠᠷ ᠭᠦᠢᠴᠡᠳᠬᠡᠬᠦ︾ ︽ᠮᠥᠩᠬᠡ ᠰᠤᠪᠠᠭ · ᠠᠯᠠᠭᠠᠨ ᠳᠡᠭᠡᠷ᠎ᠡ ᠪᠠᠨ ᠭᠦᠢᠴᠡᠳᠬᠡᠬᠦ︾ ︽ᠮᠥᠩᠬᠡ ᠰᠤᠪᠠᠭ · ᠨᠢᠭᠡ ᠯᠡ ᠤᠳᠠᠭ᠎ᠠ ᠳᠤ ᠭᠦᠢᠴᠡᠳᠬᠡᠬᠦ︾ ︽ᠮᠥᠩᠬᠡ ᠰᠤᠪᠠᠭ · ᠲᠠᠨ ᠢ ᠬᠠᠪᠰᠤᠷᠤᠨ ᠭᠦᠢᠴᠡᠳᠬᠡᠬᠦ︾ ᠠᠵᠢᠯ ᠢ ᠪᠥᠬᠦ ᠲᠠᠯ᠎ᠠ ᠪᠠᠷ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾   ︵ᠥᠪᠥᠷ ᠵᠠᠰᠠᠭ ᠠᠯᠪᠠᠨ ᠲᠠᠷᠬᠠᠭᠠᠭᠰᠠᠨ ﹇2021﹈ 8 ᠳ᠋ᠤᠭᠠᠷ ᠲᠣᠭᠠᠲᠤ︶ ᠪᠠ ︽ᠬᠥᠬᠡᠬᠤᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠨᠡᠩ ᠰᠠᠶᠢᠨ ᠢᠶᠠᠷ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭᠲᠠᠶ ᠬᠦᠷᠲᠡᠭᠡᠬᠦ ᠶᠢᠰᠦᠨ ᠵᠦᠢᠯ ᠤᠨ ᠠᠷᠭ᠎ᠠ ᠬᠡᠮᠵᠢᠶ᠎ᠡ ᠶᠢ ᠳᠠᠷᠤᠮᠠᠯᠯᠠᠨ ᠶᠠᠪᠤᠭᠤᠯᠬᠤ ᠲᠤᠬᠠᠶ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ︾ ︵ᠬᠥᠬᠡᠬᠤᠲᠠ ᠵᠠᠰᠠᠭ ᠠᠯᠪᠠᠨ ᠥᠰᠥᠭ ﹇2020﹈ 71 ᠳ᠋ᠦ᠋ᠭᠡᠷ ᠲᠣᠭᠠᠲᠤ︶ ᠤᠨ ᠪᠢᠴᠢᠭ ᠮᠠᠲ᠋ᠧᠷᠢᠶᠠᠯ ᠳᠤ ᠱᠠᠭᠠᠷᠳᠠᠭᠰᠠᠨ ᠶᠣᠰᠤᠭᠠᠷ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃       ᠨᠢᠭᠡ᠂ ᠶᠡᠷᠦᠩᠬᠡᠶ ᠱᠠᠭᠠᠷᠳᠠᠯᠭ᠎ᠠ       ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠠᠷᠠᠳ ᠲᠦᠮᠡᠨ ᠢᠶᠠᠷ ᠭᠤᠤᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ︽ᠮᠥᠩᠬᠡ ᠰᠤᠪᠠᠭ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠷᠥᠯ ᠲᠡᠮᠳᠡᠭᠲᠦ ᠶᠢ ᠪᠣᠶ ᠪᠣᠯᠭᠠᠬᠤ ᠪᠠᠷ ᠭᠠᠷᠳᠠᠴᠠ ᠪᠣᠯᠭᠠᠵᠤ᠂ ᠴᠤᠪᠤᠷᠠᠯ ᠢ ᠡᠮᠬᠢᠯᠡᠨ ᠨᠡᠶᠢᠯᠡᠭᠦᠯᠬᠦ᠂ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ᠂ ᠣᠷᠣᠯᠠᠨ ᠭᠦᠢᠴᠡᠳᠬᠡᠬᠦ ᠦᠢᠯᠡᠴᠢᠯᠡᠭᠡ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠡᠦᠬᠡᠳ ᠲᠥᠷᠥᠬᠦ ︽ᠨᠢᠭᠡ ᠤᠴᠢᠷ ︾ ᠲᠤ ᠬᠤᠯᠪᠣᠭᠳᠠᠬᠤ ᠵᠦᠢᠯᠡᠰ ᠢ ᠡᠮᠬᠢᠯᠡᠨ ᠨᠡᠶᠢᠯᠡᠭᠦᠯᠵᠦ᠂ ︽ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ᠂ ᠬᠠᠮᠲᠤᠷᠠᠨ ᠬᠢᠨᠠᠨ ᠵᠥᠪᠰᠢᠶᠡᠷᠡᠬᠦ᠂ ᠲᠦᠷᠭᠡᠨ ᠬᠦᠷᠭᠡᠯᠲᠡ ᠪᠠᠷ ᠬᠦᠷᠭᠡᠬᠦ︾ ᠶᠢ ᠪᠡᠶᠡᠯᠡᠭᠦᠯᠦᠨ᠂ ᠣᠯᠠᠨ ᠨᠡᠶᠢᠲᠡ ᠶᠢᠨ ᠦᠢᠯᠡᠴᠢᠯᠡᠭᠡᠨ ᠤ ᠬᠦᠴᠦᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃       ᠬᠤᠶᠠᠷ᠂ ᠬᠡᠷᠡᠭᠵᠢᠭᠦᠯᠬᠦ ᠠᠭᠤᠯᠭ᠎ᠠ       ᠲᠥᠷᠥᠭᠰᠡᠨ ᠤ ᠠᠨᠠᠭᠠᠬᠤ ᠤᠬᠠᠭᠠᠨ ᠤ ᠭᠡᠷᠡᠴᠢᠯᠡᠯ᠂ ᠰᠡᠷᠭᠡᠶᠢᠯᠡᠬᠦ ᠲᠠᠷᠢᠯᠭ᠎ᠠ ᠶᠢᠨ ᠦᠨᠡᠮᠯᠡᠯ᠂ ᠡᠷᠦᠬᠡ ᠠᠮᠠ ᠶᠢᠨ ᠳᠡᠩᠰᠡᠯᠡᠯᠲᠡ᠂ ᠨᠢᠯᠬ᠎ᠠ ᠬᠡᠤᠬᠡᠳ ᠤᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠬᠢᠨᠠᠨ ᠲᠣᠭᠲᠠᠭᠠᠯᠲᠠ᠂ ᠨᠡᠶᠢᠭᠡᠮ ᠤᠨ ᠪᠠᠲᠤᠯᠠᠭ᠎ᠠ ᠶᠢᠨ ᠺᠠᠷᠲ ᠭᠤᠶᠤᠴᠢᠯᠠᠨ ᠠᠪᠬᠤ ᠵᠡᠷᠭᠡ ᠲᠠᠪᠤᠨ ᠵᠦᠢᠯᠡᠰ ᠢ ᠡᠮᠬᠢᠯᠡᠨ ᠨᠡᠶᠢᠯᠡᠭᠦᠯᠬᠦ ᠪᠠ ᠴᠤᠪᠤᠷᠠᠯ ᠢ ᠳᠠᠬᠢᠨ ᠵᠣᠬᠢᠶᠠᠬᠤ ᠪᠠᠷ ᠳᠠᠮᠵᠢᠭᠤᠯᠤᠨ᠂ ︽ᠨᠢᠭᠡ ᠤᠴᠢᠷ ᠢ ᠨᠢᠭᠡ ᠯᠡ ᠤᠳᠠᠭ᠎ᠠ ᠳᠤ ᠭᠦᠢᠴᠡᠳᠬᠡᠬᠦ ︾ ᠭᠥᠯᠢᠶᠡᠨ ᠠᠪᠴᠤ ᠰᠢᠢᠳᠪᠦᠷᠢᠯᠡᠬᠦ ᠰᠢᠰᠲ᠋ᠧᠮ ᠢ ᠰᠤᠳᠤᠯᠤᠨ ᠨᠡᠭᠡᠭᠡᠵᠦ᠂  ᠬᠡᠦᠬᠡᠳ ᠲᠥᠷᠥᠬᠦ ︽ᠨᠢᠭᠡ ᠤᠴᠢᠷ ᠢ ᠨᠢᠭᠡ ᠯᠡ ᠤᠳᠠᠭ᠎ᠠ ᠳᠤ ᠭᠦᠢᠴᠡᠳᠬᠡᠬᠦ ︾ ᠶᠢ ᠪᠡᠶᠡᠯᠡᠭᠦᠯᠦᠨ᠎ᠡ᠃       ᠭᠤᠷᠪᠠ᠂ ᠦᠢᠯᠡᠴᠢᠯᠡᠬᠦ ᠡᠲᠡᠭᠡᠳ       ᠳᠣᠣᠷ᠎ᠠ ᠵᠢᠭᠰᠠᠭᠠᠭᠰᠠᠨ ᠨᠥᠬᠦᠴᠡᠯ ᠳᠤ ᠵᠡᠷᠭᠡᠪᠡᠷ ᠨᠡᠶᠢᠴᠡᠭᠰᠡᠨ ᠨᠢᠯᠬ᠎ᠠ ᠬᠡᠦᠬᠡᠳ ᠤᠨ ᠡᠬᠡ ︵ᠪᠤᠶᠤ ᠨᠠᠶᠢᠳᠠᠭᠴᠢ︶ ᠨᠢ ᠭᠤᠶᠤᠴᠢᠯᠠᠯ ᠭᠠᠷᠭᠠᠵᠤ ᠪᠣᠯᠤᠨ᠎ᠠ᠄       ︵ᠨᠢᠭᠡ︶ ᠮᠠᠨ ᠤ ᠬᠤᠲᠠ ᠶᠢᠨ ᠬᠥᠩᠭᠡᠵᠢᠭᠦᠯᠬᠦ ᠰᠠᠯᠠᠭ᠎ᠠ ᠲᠠᠢ ᠬᠥᠩᠭᠡᠵᠢᠭᠦᠯᠬᠦ ᠪᠠᠶᠢᠭᠤᠯᠤᠮᠵᠢ ᠳᠤ ᠲᠥᠷᠥᠭᠰᠡᠨ ᠳᠤ ︵ᠲᠤᠷᠰᠢᠨ ᠠᠵᠢᠯᠯᠠᠭᠤᠯᠬᠤ ᠬᠤᠭᠤᠴᠠᠭᠠᠨ ᠳᠤ ᠵᠥᠪᠬᠡᠨ ᠬᠥᠬᠡᠬᠤᠲᠠ ᠶᠢᠨ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠳᠤ ᠲᠥᠷᠥᠭᠰᠡᠨ ᠳᠤ ᠬᠢᠵᠠᠭᠠᠷᠯᠠᠨ᠎ᠠ︶︔       ︵ᠬᠤᠶᠠᠷ︶ ᠮᠠᠨ ᠤ ᠬᠤᠲᠠ ᠶᠢᠨ ᠨᠢᠯᠬ᠎ᠠ ᠬᠡᠤᠬᠡᠳ ᠤᠨ ᠰᠡᠷᠭᠡᠶᠢᠯᠡᠬᠦ ᠲᠠᠷᠢᠯᠭ᠎ᠠ ᠶᠢᠨ ᠦᠨᠡᠮᠯᠡᠯ ᠢ ᠠᠪᠬᠤ ᠲᠥᠷᠥ ᠶᠢᠨ ᠪᠣᠳᠣᠯᠭ᠎ᠠ ᠳᠤ ᠨᠡᠶᠢᠴᠡᠬᠦ ᠪᠥᠭᠡᠳ ᠮᠠᠨ ᠤ ᠬᠤᠲᠠ ᠳᠤ ᠰᠡᠷᠭᠡᠶᠢᠯᠡᠬᠦ ᠲᠠᠷᠢᠯᠭ᠎ᠠ ᠬᠢᠬᠦ ᠪᠠᠷ ᠱᠠᠭᠠᠷᠳᠠᠭᠰᠠᠨ ᠳᠤ︔       ︵ᠭᠤᠷᠪᠠ︶ ᠮᠠᠨ ᠤ ᠬᠤᠲᠠ ᠶᠢᠨ ᠡᠷᠦᠬᠡ ᠠᠮᠠ ᠳᠤ ᠣᠷᠣᠬᠤ ᠲᠥᠷᠥ ᠶᠢᠨ ᠪᠣᠳᠣᠯᠭ᠎ᠠ ᠳᠤ ᠨᠡᠶᠢᠴᠡᠬᠦ ᠪᠥᠭᠡᠳ ᠮᠠᠨ ᠤ ᠬᠤᠲᠠ ᠳᠤ ᠡᠷᠦᠬᠡ ᠠᠮᠠ ᠣᠷᠣᠬᠤ ᠪᠠᠷ ᠱᠠᠭᠠᠷᠳᠠᠭᠰᠠᠨ ᠳᠤ ︵ᠲᠤᠷᠰᠢᠨ ᠠᠵᠢᠯᠯᠠᠭᠤᠯᠬᠤ ᠬᠤᠭᠤᠴᠠᠭᠠᠨ ᠳᠤ ᠵᠥᠪᠬᠡᠨ ᠰᠠᠶᠢᠬᠠᠨ ᠲᠣᠭᠤᠷᠢᠭ᠂ ᠰᠢᠨ᠎ᠡ ᠬᠤᠲᠠ ᠲᠣᠭᠤᠷᠢᠭ ᠤᠨ ᠡᠷᠦᠬᠡ ᠠᠮᠠ ᠶᠢᠨ ᠲᠠᠩᠰᠠ ᠳᠤ ᠬᠢᠵᠠᠭᠠᠷᠯᠠᠨ᠎ᠠ︶︔       ︵ᠳᠥᠷᠪᠡ︶ ᠮᠠᠨ ᠤ ᠬᠤᠲᠠ ᠶᠢᠨ ᠨᠢᠯᠬ᠎ᠠ ᠬᠡᠤᠬᠡᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠲᠥᠷᠥ ᠶᠢᠨ ᠪᠣᠳᠣᠯᠭ᠎ᠠ ᠳᠤ ᠨᠡᠶᠢᠴᠡᠬᠦ ᠪᠥᠭᠡᠳ ᠮᠠᠨ ᠤ ᠬᠤᠲᠠ ᠳᠤ ᠳᠠᠭᠠᠳᠬᠠᠯ ᠳᠤ ᠣᠷᠣᠬᠤ ᠪᠠᠷ ᠱᠠᠭᠠᠷᠳᠠᠭᠰᠠᠨ ᠳᠤ︔       ︵ᠲᠠᠪᠤ︶ ᠮᠠᠨ ᠤ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠡᠶᠢᠭᠡᠮ ᠤᠨ ᠳᠠᠭᠠᠳᠬᠠᠯ ᠤᠨ ᠺᠠᠷᠲ ᠭᠤᠶᠤᠴᠢᠯᠠᠨ ᠠᠪᠬᠤ ᠲᠥᠷᠥ ᠶᠢᠨ ᠪᠣᠳᠣᠯᠭ᠎ᠠ ᠳᠤ ᠨᠡᠶᠢᠴᠡᠭᠰᠡᠨ ᠳᠤ᠃        ᠨᠢᠯᠬ᠎ᠠ ᠬᠡᠦᠬᠡᠳ ᠲᠤ ᠨᠡᠷ᠎ᠡ ᠶᠢ ᠠᠪᠤᠭ᠎ᠠ ᠦᠭᠡᠶ᠂ ᠡᠴᠢᠭᠡ ᠡᠬᠡ ᠶᠢᠨ ᠬᠢᠨᠢ ᠨᠢᠭᠡ ᠡᠲᠡᠭᠡᠳ ᠨᠢ ᠭᠠᠳᠠᠭᠠᠳᠤ ᠤᠯᠤᠰ ᠤᠨ ᠬᠥᠮᠦᠨ ᠪᠤᠶᠤ ᠰᠢᠶᠠᠩᠭᠠᠩ ᠣᠣᠮᠧᠨ ᠲᠠᠶᠢᠸᠠᠨ ᠤ ᠰᠠᠭᠤᠭᠠᠯᠢ ᠠᠷᠠᠳ᠂ ᠪᠡᠶ᠎ᠡ ᠶᠢᠨ ᠦᠨᠡᠮᠯᠡᠯ ᠨᠢ ᠬᠦᠴᠦᠨ ᠦᠭᠡᠶ᠂ ᠡᠷᠲᠡ ᠬᠥᠩᠭᠡᠵᠢᠭᠰᠡᠨ ᠪᠤᠶᠤ ᠪᠡᠶ᠎ᠡ ᠶᠢᠨ ᠬᠦᠨᠳᠦ ᠨᠢ ᠬᠦᠷᠦᠯᠴᠡᠬᠦ ᠦᠭᠡᠶ ᠵᠡᠷᠭᠡ ᠪᠠᠶᠢᠳᠠᠯ ᠢ ᠲᠦᠷ ᠣᠷᠣᠭᠤᠯᠬᠤ ᠦᠭᠡᠶ᠃       ᠡᠬᠡ ᠨᠢ ᠵᠢᠷᠮᠦᠰᠦᠨ ᠪᠠᠶᠢᠬᠤ ᠬᠤᠭᠤᠴᠠᠭᠠᠨ ᠳᠠᠭᠠᠨ ᠨᠢᠭᠡᠨᠲᠡ ᠡᠴᠢᠭᠡ ᠡᠬᠡ ᠶᠢᠨ ᠢᠶᠠᠨ ᠳᠤᠷ᠎ᠠ ᠶᠢᠨ ᠨᠢᠭᠡ ᠡᠲᠡᠭᠡᠳ ᠤᠨ ᠨᠡᠷ᠎ᠡ ᠪᠠᠷ ᠨᠢᠯᠬ᠎ᠠ ᠬᠡᠦᠬᠡᠳ ᠤᠨ ᠡᠮ ᠡᠮᠨᠡᠯᠭᠡ ᠶᠢᠨ ᠦᠨᠳᠦᠰᠦᠨ ᠳᠠᠭᠠᠳᠬᠠᠯ ᠤᠨ ᠳᠠᠭᠠᠳᠬᠠᠯ ᠳᠤ ᠣᠷᠣᠯᠴᠠᠬᠤ ᠳᠠᠩᠰᠠᠯᠠᠯ ᠢ ᠬᠢᠵᠦ ᠥᠩᠭᠡᠷᠡᠭᠰᠡᠨ ᠪᠠᠶᠢᠪᠠᠯ᠂ ᠬᠦᠯᠢᠶᠡᠨ ᠠᠪᠴᠤ ᠰᠢᠢᠳᠪᠦᠷᠢᠯᠡᠬᠦ ᠶᠠᠪᠤᠴᠠ ᠳᠤ ᠨᠢᠯᠬ᠎ᠠ ᠬᠡᠦᠬᠡᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠶᠢ ᠬᠢᠨᠠᠨ ᠲᠣᠭᠲᠠᠭᠠᠬᠤ ᠵᠦᠢᠯᠡᠰ ᠢ ᠭᠦᠢᠴᠡᠳᠬᠡᠬᠦ ᠴᠢᠬᠤᠯᠠ ᠦᠭᠡᠢ᠃       ᠳᠥᠷᠪᠡ᠂ ᠭᠦᠢᠴᠡᠳᠬᠡᠬᠦ ᠶᠠᠪᠤᠴᠠ       ︵ᠨᠢᠭᠡ︶ ᠭᠤᠶᠤᠴᠢᠯᠠᠬᠤ᠃ ᠨᠢᠯᠬ᠎ᠠ ᠬᠡᠦᠬᠡᠳ ᠤᠨ ᠡᠬᠡ ︵ᠪᠤᠶᠤ ᠨᠠᠶᠢᠳᠠᠭᠳᠠᠭᠴᠢ︶ ᠡᠮᠨᠡᠯᠭᠡ ᠠᠴᠠ ᠭᠠᠷᠬᠤ ᠦᠶ᠎ᠡ ᠳᠤ ᠨᠢᠯᠬ᠎ᠠ ᠬᠡᠦᠬᠡᠳ ᠤᠨ ᠡᠴᠢᠭᠡ ᠡᠬᠡ ᠬᠤᠶᠠᠷ ᠡᠲᠡᠭᠡᠳ ᠤᠨ ᠪᠡᠶ᠎ᠡ ᠶᠢᠨ ᠦᠨᠡᠮᠯᠡᠯ ᠤᠨ ᠤᠭ ᠡᠬᠡ ︵ᠬᠥᠬᠡᠬᠤᠲᠠ ᠶᠢᠨ ᠰᠠᠭᠤᠭᠠᠯᠢ ᠠᠷᠠᠳ︶᠂ ᠰᠠᠭᠤᠭᠠᠯᠢ ᠠᠷᠠᠳ ᠤᠨ ᠡᠷᠦᠬᠡ ᠠᠮᠠ ᠶᠢᠨ ᠳᠡᠪᠲᠡᠷ ᠤᠨ ᠤᠭ ᠡᠬᠡ᠂ ᠤᠷᠤᠭ ᠤᠨ ᠦᠨᠡᠮᠯᠡᠯ ᠤᠨ ᠤᠭ ᠡᠬᠡ ︵  ᠤᠷᠤᠭᠯᠠᠭᠰᠠᠨ ᠥᠬᠡᠶ ᠪᠠᠷ ᠲᠥᠷᠥᠭᠰᠡᠨ ᠬᠡᠤᠬᠡᠳ ᠬᠠᠩᠭᠠᠬᠤ ᠥᠬᠡᠶ ᠪᠠᠶᠢᠵᠤ ᠪᠣᠯᠣᠨ᠎ᠠ︶᠂ ︽ᠡᠬᠡ ᠬᠡᠦᠬᠡᠳ ᠤᠨ ᠡᠷᠡᠭᠦᠯ ᠮᠡᠨᠳᠦ ᠶᠢᠨ ᠭᠠᠷ ᠳᠡᠪᠲᠡᠷ︾᠂ ᠡᠮᠨᠡᠯᠭᠡ ᠠᠴᠠ ᠭᠠᠷᠬᠤ ᠳᠠᠩᠰᠠ ᠪᠣᠳᠣᠭᠰᠠᠨ ᠬᠠᠭᠤᠳᠠᠰᠤ᠂ ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ ᠢᠶᠠᠨ ᠠᠪᠴᠤ ᠬᠥᠩᠭᠡᠵᠢᠭᠦᠯᠬᠦ ᠶᠢ ᠲᠤᠰᠠᠯᠠᠬᠤ ᠪᠠᠶᠢᠭᠤᠯᠤᠮᠵᠢ ᠶᠢᠨ ᠲᠥᠷᠥᠭᠰᠡᠨ ᠤ ᠠᠨᠠᠭᠠᠬᠤ ᠤᠬᠠᠭᠠᠨ ᠤ ᠭᠡᠷᠡᠴᠢᠯᠡᠯ ᠤᠨ ᠴᠣᠩᠬᠤᠪᠴᠢ ᠳᠤ ᠬᠦᠷᠴᠦ ᠭᠤᠶᠤᠴᠢᠯᠠᠵᠤ ᠪᠦᠷᠢᠳᠬᠡᠭᠦᠯᠦᠨ᠎ᠡ᠃        ︵ᠬᠤᠶᠠᠷ︶ ᠲᠥᠷᠥᠭᠰᠡᠨ ᠤ ᠠᠨᠠᠭᠠᠬᠤ ᠤᠬᠠᠭᠠᠨ ᠤ ᠭᠡᠷᠡᠴᠢᠯᠡᠯ᠂ ᠰᠡᠷᠭᠡᠶᠢᠯᠡᠬᠦ ᠲᠠᠷᠢᠯᠭ᠎ᠠ ᠶᠢᠨ ᠦᠨᠡᠮᠯᠡᠯ ᠢ ᠭᠦᠢᠴᠡᠳᠬᠡᠬᠦ᠃ ᠬᠥᠩᠭᠡᠵᠢᠭᠦᠯᠬᠦ ᠶᠢ ᠲᠤᠰᠠᠯᠠᠬᠤ ᠪᠠᠶᠢᠭᠤᠯᠤᠮᠵᠢ ᠨᠢ ᠲᠥᠷᠥᠭᠰᠡᠨ ᠤ ᠠᠨᠠᠭᠠᠬᠤ ᠤᠬᠠᠭᠠᠨ ᠤ ᠭᠡᠷᠡᠴᠢᠯᠡᠯ ᠤᠨ ᠴᠣᠩᠬᠤᠪᠴᠢ ᠳᠤ ᠮᠡᠳᠡᠭᠡ ᠵᠠᠩᠭᠢ ᠶᠢ ᠬᠢᠨᠠᠨ ᠪᠠᠶᠢᠴᠠᠭᠠᠵᠤ᠂ ᠱᠠᠭᠠᠷᠳᠠᠯᠭ᠎ᠠ ᠳᠤ ᠨᠡᠶᠢᠴᠡᠭᠰᠡᠨ ᠪᠠᠶᠢᠪᠠᠯ ᠲᠤᠬᠠᠶ ᠶᠢᠨ ᠲᠠᠯᠠᠪᠤᠷ ᠲᠤᠨᠢ ᠬᠥᠩᠭᠡᠵᠢᠭᠦᠯᠬᠦ ᠶᠢ ᠲᠤᠰᠠᠯᠠᠬᠤ ᠪᠠᠶᠢᠭᠤᠯᠤᠮᠵᠢ ᠶᠢᠨ ᠲᠠᠮᠠᠭ᠎ᠠ ᠶᠢ ᠳᠠᠷᠤᠭᠰᠠᠨ ᠨᠢᠯᠬ᠎ᠠ ᠬᠡᠦᠬᠡᠳ ᠤᠨ ᠰᠡᠷᠭᠡᠶᠢᠯᠡᠬᠦ ᠲᠠᠷᠢᠯᠭ᠎ᠠ ᠶᠢᠨ ᠦᠨᠡᠮᠯᠡᠯ ᠢ ᠣᠯᠭᠤᠨ᠎ᠠ᠃ ᠡᠭᠦᠨ ᠤ ᠵᠡᠷᠭᠡ ᠳᠤ᠂ ᠭᠥᠯᠢᠶᠡᠨ ᠠᠪᠴᠤ ᠰᠢᠢᠳᠪᠦᠷᠢᠯᠡᠬᠦ ᠠᠵᠢᠯᠲᠠᠨ ᠨᠢᠯᠬ᠎ᠠ ᠬᠡᠤᠬᠡᠳ ᠤᠨ ᠡᠴᠢᠭᠡ ᠡᠬᠡ ᠬᠤᠶᠠᠷ ᠲᠠᠯ᠎ᠠ ᠶᠢᠨ ᠪᠡᠶ᠎ᠡ ᠶᠢᠨ ᠦᠨᠡᠮᠯᠡᠯ᠂ ᠰᠠᠭᠤᠭᠠᠯᠢ ᠠᠷᠠᠳ ᠤᠨ ᠡᠷᠦᠬᠡ ᠠᠮᠠ ᠶᠢᠨ ᠳᠡᠪᠲᠡᠷ᠂ ᠣᠷᠤᠭ ᠤᠨ ᠦᠨᠡᠮᠯᠡᠯ ᠪᠠ ᠲᠥᠷᠥᠭᠰᠡᠨ ᠤ ᠠᠨᠠᠭᠠᠬᠤ ᠤᠬᠠᠭᠠᠨ ᠤ ᠭᠡᠷᠡᠴᠢᠯᠡᠯ᠂ ᠰᠡᠷᠭᠡᠶᠢᠯᠡᠬᠦ ᠲᠠᠷᠢᠯᠭ᠎ᠠ ᠶᠢᠨ ᠦᠨᠡᠮᠯᠡᠯ ᠵᠡᠷᠭᠡ ᠮᠠᠲ᠋ᠧᠷᠢᠶᠠᠯ ᠢ ᠰᠢᠷᠪᠢᠬᠦ ᠶᠢᠨ ᠬᠠᠮᠲᠤ ᠲᠥᠷᠥᠭᠰᠡᠨ ᠤ ᠳᠠᠷᠠᠭᠠᠬᠢ ︽ᠨᠢᠭᠡ ᠤᠴᠢᠷ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠭᠥᠯᠢᠶᠡᠨ ᠠᠪᠴᠤ ᠰᠢᠢᠳᠪᠦᠷᠢᠯᠡᠬᠦ ᠰᠢᠰᠲ᠋ᠧᠮ ᠳᠤ ᠳᠠᠮᠵᠢᠭᠤᠯᠵᠤ ᠥᠭᠭᠦᠨ᠎ᠡ᠃ ᠡᠴᠢᠭᠡ ᠡᠬᠡ ᠨᠢ ᠦᠨᠳᠦᠰᠦᠲᠡᠨ ᠨᠢ ᠨᠢᠭᠡᠳᠦᠯ ᠥᠬᠡᠶ ᠪᠠᠶᠢᠪᠠᠯ᠂ ᠡᠷᠬᠡᠪᠰᠢ ᠡᠴᠢᠭᠡ ᠡᠬᠡ ᠨᠢ ︽ᠰᠢᠨ᠎ᠡ ᠪᠠᠷ ᠨᠡᠮᠡᠭᠳᠡᠭᠰᠡᠨ ᠬᠥᠮᠦᠨ ᠠᠮᠠ ᠶᠢᠨ ᠦᠨᠳᠦᠰᠦᠲᠡᠨ ᠤ ᠪᠦᠷᠢᠯᠳᠦᠬᠦᠨ ᠤ ᠨᠤᠲᠠᠯᠠᠯᠲᠠ ᠶᠢᠨ ᠪᠢᠴᠢᠭ︾ ᠢ ᠲᠤᠰᠢᠶᠠᠬᠤ ᠶᠢᠨ ᠬᠠᠮᠲᠤ ᠰᠢᠷᠪᠢᠵᠦ ᠰᠢᠰᠲ᠋ᠧᠮ ᠳᠤ ᠳᠠᠮᠵᠢᠭᠤᠯᠬᠤ ᠬᠡᠷᠡᠭᠲᠡᠶ᠃ ᠡᠴᠢᠭᠡ ᠡᠭᠡ ᠶᠢᠨ ᠬᠢᠨᠢ ᠨᠢᠭᠡ ᠲᠠᠯ᠎ᠠ ᠨᠢ ᠠᠯᠪᠠᠨ ᠳᠤ ᠪᠠᠶᠢᠭ᠎ᠠ ᠴᠡᠷᠢᠭ ᠪᠠᠶᠢᠪᠠᠯ ᠡᠷᠬᠡᠪᠰᠢ ︽ᠠᠯᠪᠠᠨ ᠳᠤ ᠪᠠᠶᠢᠭ᠎ᠠ ᠴᠡᠷᠢᠭ ᠤᠨ ᠨᠢᠭᠡᠴᠡ ᠶᠢᠨ ᠭᠡᠷᠡᠴᠢ︾ ᠶᠢ ᠲᠤᠰᠢᠶᠠᠬᠤ ᠪᠥᠭᠡᠳ ᠰᠢᠰᠲ᠋ᠧᠮ ᠳᠤ ᠰᠢᠷᠪᠢᠵᠦ ᠳᠠᠮᠵᠢᠭᠤᠯᠬᠤ ᠬᠡᠷᠡᠭᠲᠡᠶ᠃       ᠮᠠᠲ᠋ᠧᠷᠢᠶᠠᠯ ᠨᠢ ᠪᠦᠷᠢᠨ ᠪᠤᠰᠤ ᠪᠤᠶᠤ ᠬᠡᠦᠬᠡᠳ ᠲᠥᠷᠥᠬᠦ ︽ᠨᠢᠭᠡ ᠤᠴᠢᠷ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠵᠦᠢᠯᠡᠰ ᠢ ᠭᠦᠢᠴᠡᠳᠬᠡᠬᠦ ᠳᠤ ᠨᠡᠶᠢᠴᠡᠬᠦ ᠥᠬᠡᠶ ᠪᠠᠶᠢᠪᠠᠯ ᠥᠯᠥ ᠭᠥᠯᠢᠶᠡᠨ ᠠᠪᠴᠤ ᠰᠢᠢᠳᠪᠦᠷᠢᠯᠡᠬᠦ ᠰᠢᠯᠲᠠᠭᠠᠨ ᠵᠢᠴᠢ ᠨᠥᠬᠦᠪᠥᠷᠢᠯᠡᠨ ᠵᠠᠯᠠᠷᠠᠭᠤᠯᠬᠤ ᠴᠢᠬᠤᠯᠠᠲᠠᠶ ᠬᠠᠮᠢᠶ᠎ᠠ ᠪᠥᠬᠦᠶ ᠮᠠᠲ᠋ᠧᠷᠢᠶᠠᠯ ᠢ ᠨᠢᠭᠡ ᠯᠡ ᠤᠳᠠᠭ᠎ᠠ ᠳᠤ ᠮᠡᠳᠡᠭᠳᠡᠬᠦ ᠬᠡᠷᠡᠭᠲᠡᠶ᠃       ᠲᠥᠷᠥᠭᠰᠡᠨ ᠤ ᠠᠨᠠᠭᠠᠬᠤ ᠤᠬᠠᠭᠠᠨ ᠤ ᠭᠡᠷᠡᠴᠢᠯᠡᠯ᠂ ᠰᠡᠷᠭᠡᠶᠢᠯᠡᠬᠦ ᠲᠠᠷᠢᠯᠭ᠎ᠠ ᠶᠢᠨ ᠦᠨᠡᠮᠯᠡᠯ᠂ ᠨᠢᠯᠬ᠎ᠠ ᠬᠡᠤᠬᠡᠳ ᠤᠨ ᠡᠴᠢᠭᠡ ᠡᠬᠡ ᠬᠤᠶᠠᠷ ᠲᠠᠯ᠎ᠠ ᠶᠢᠨ ᠪᠡᠶ᠎ᠡ ᠶᠢᠨ ᠦᠨᠡᠮᠯᠡᠯ᠂ ᠰᠠᠭᠤᠭᠠᠯᠢ ᠠᠷᠠᠳ ᠤᠨ ᠡᠷᠦᠬᠡ ᠠᠮᠠ ᠶᠢᠨ ᠳᠡᠪᠲᠡᠷ᠂ ᠣᠷᠤᠭ ᠤᠨ ᠦᠨᠡᠮᠯᠡᠯ ︵ᠤᠷᠤᠭᠯᠠᠭᠰᠠᠨ ᠥᠬᠡᠶ ᠪᠠᠷ ᠲᠥᠷᠥᠭᠰᠡᠨ ᠬᠡᠤᠬᠡᠳ ᠬᠠᠩᠭᠠᠬᠤ ᠥᠬᠡᠶ ᠪᠠᠶᠢᠵᠤ ᠪᠣᠯᠣᠨ᠎ᠠ︶᠂ ︽ᠰᠢᠨ᠎ᠡ ᠪᠠᠷ ᠨᠡᠮᠡᠭᠳᠡᠭᠰᠡᠨ ᠬᠥᠮᠦᠨ ᠠᠮᠠ ᠦᠨᠳᠦᠰᠦᠲᠡᠨ ᠤ ᠪᠦᠷᠢᠯᠳᠦᠬᠦᠨ ᠢ ᠨᠤᠲᠠᠯᠠᠬᠤ ᠪᠢᠴᠢᠭ︾᠂ ︽ᠠᠯᠪᠠᠨ ᠳᠤ ᠪᠠᠶᠢᠭ᠎ᠠ ᠴᠡᠷᠢᠭ ᠤᠨ ᠨᠢᠭᠡᠴᠡ ᠶᠢᠨ ᠭᠡᠷᠡᠴᠢᠯᠡᠯ︾ ᠵᠡᠷᠭᠡ ᠤᠤᠯ ᠮᠠᠲ᠋ᠧᠷᠢᠶᠠᠯ ᠤᠨ ᠬᠥᠩᠭᠡᠵᠢᠭᠦᠯᠬᠦ ᠶᠢ ᠲᠤᠰᠠᠯᠠᠬᠤ ᠪᠠᠶᠢᠭᠤᠯᠤᠮᠵᠢ ᠶᠢ ᠲᠤᠬᠠᠶ ᠶᠢᠨ ᠡᠳᠦᠷ ᠲᠤ ᠲᠤᠰᠬᠠᠶ ᠭᠦᠢᠴᠡᠳᠬᠡᠭᠴᠢ ᠳᠤ ᠲᠤᠰᠢᠶᠠᠨ᠎ᠠ᠃       ︵ᠭᠤᠷᠪᠠ︶ ᠡᠷᠦᠬᠡ ᠠᠮᠠ ᠶᠢᠨ ᠲᠠᠩᠰᠠᠨ ᠤ ᠳᠡᠩᠰᠡᠯᠡᠯᠲᠡ ᠬᠢᠬᠦ᠃ ᠡᠷᠦᠬᠡ ᠠᠮᠠ ᠤᠷᠤᠭᠰᠠᠨ ᠭᠠᠵᠠᠷ ᠤᠨ ᠬᠤᠰᠢᠭᠤ ᠰᠢᠶᠠᠨ ᠲᠣᠭᠤᠷᠢᠭ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠲᠣᠮᠢᠯᠠᠭᠰᠠᠨ ᠰᠠᠯᠪᠤᠷᠢ ᠨᠢ ᠲᠤᠰᠬᠠᠶ ᠭᠦᠢᠴᠡᠳᠬᠡᠭᠴᠢ ᠶᠢᠨ ᠲᠤᠰᠢᠶᠠᠭᠰᠠᠨ ᠬᠠᠮᠢᠶ᠎ᠠ ᠪᠥᠬᠦᠶ ᠮᠠᠲ᠋ᠧᠷᠢᠶᠠᠯ ᠢ ᠴᠠᠭ ᠲᠤᠬᠠᠶ ᠳᠤᠨᠢ ᠪᠠᠶᠢᠴᠠᠭᠠᠨ ᠬᠤᠷᠢᠶᠠᠵᠤ᠂ ᠬᠢᠨᠠᠨ ᠬᠠᠷᠭᠤᠭᠤᠯᠵᠤ᠂ ᠲᠥᠷᠥ ᠶᠢᠨ ᠪᠣᠳᠣᠯᠭ᠎ᠠ ᠳᠤ ᠨᠡᠶᠢᠴᠡᠪᠡᠯ᠂ ᠲᠤᠬᠠᠶ ᠶᠢᠨ ᠲᠠᠯᠠᠪᠤᠷ ᠲᠤᠨᠢ ᠡᠷᠦᠬᠡ ᠠᠮᠠ ᠶᠢᠨ ᠲᠠᠩᠰᠠ ᠶᠢᠨ ᠳᠡᠩᠰᠡᠯᠡᠯᠲᠡ ᠬᠢᠯᠭᠡᠨ᠎ᠡ᠃       ︵ᠳᠥᠷᠪᠡ︶ ᠨᠢᠯᠬ᠎ᠠ ᠬᠡᠤᠬᠡᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ ᠬᠢᠨᠠᠨ ᠲᠣᠭᠲᠠᠭᠠᠬᠤ ᠶᠢ ᠭᠦᠢᠴᠡᠳᠬᠡᠬᠦ᠃ ᠡᠷᠦᠬᠡ ᠠᠮᠠ ᠣᠷᠣᠭᠤᠯᠤᠭᠰᠠᠨ ᠭᠠᠵᠠᠷ ᠤᠨ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠤᠳ ᠲᠤᠰᠬᠠᠶ ᠭᠦᠢᠴᠡᠳᠬᠡᠭᠴᠢ ᠶᠢᠨ ᠲᠤᠰᠢᠶᠠᠭᠰᠠᠨ ᠬᠠᠮᠢᠶ᠎ᠠ ᠪᠥᠬᠦᠶ ᠮᠠᠲ᠋ᠧᠷᠢᠶᠠᠯ ᠢ ᠴᠠᠭ ᠲᠤᠬᠠᠶ ᠳᠤᠨᠢ ᠪᠠᠶᠢᠴᠠᠭᠠᠨ ᠬᠤᠷᠢᠶᠠᠵᠤ᠂ ᠬᠢᠨᠠᠨ ᠬᠠᠷᠭᠤᠭᠤᠯᠵᠤ᠂ ᠲᠥᠷᠥ ᠶᠢᠨ ᠪᠣᠳᠣᠯᠭ᠎ᠠ ᠳᠤ ᠨᠡᠶᠢᠴᠡᠪᠡᠯ᠂ ᠨᠢᠯᠬ᠎ᠠ ᠬᠡᠤᠬᠡᠳ ᠤᠨ ᠡᠮᠴᠢᠯᠡᠭᠡᠨ ᠤ ᠳᠠᠭᠠᠳᠬᠠᠯ ᠳᠤ ᠣᠷᠣᠯᠴᠠᠵᠤ ᠬᠢᠨᠠᠨ ᠲᠣᠭᠲᠠᠭᠠᠬᠤ ᠶᠢ ᠲᠤᠬᠠᠶ ᠶᠢᠨ ᠲᠠᠯᠠᠪᠤᠷ ᠲᠤᠨᠢ ᠭᠦᠢᠴᠡᠳᠬᠡᠨ᠎ᠡ᠃       ︵ᠲᠠᠪᠤ︶ ᠨᠡᠶᠢᠭᠡᠮ ᠤᠨ ᠪᠠᠲᠤᠯᠠᠭ᠎ᠠ ᠶᠢᠨ ᠺᠠᠷᠲ ᠭᠤᠶᠤᠴᠢᠯᠠᠨ ᠠᠪᠬᠤ᠃ ᠨᠡᠶᠢᠭᠡᠮ ᠤᠨ ᠪᠠᠲᠤᠯᠠᠭ᠎ᠠ ᠶᠢᠨ ᠺᠠᠷᠲ ᠢ ᠭᠦᠢᠴᠡᠳᠬᠡᠵᠦ ᠪᠠᠶᠢᠭ᠎ᠠ ᠭᠡᠷᠡᠲᠦ ᠪᠠᠩᠬᠢ ᠨᠢ ᠲᠤᠰᠬᠠᠶ ᠭᠦᠢᠴᠡᠳᠬᠡᠭᠴᠢ ᠶᠢᠨ ᠲᠤᠰᠢᠶᠠᠭᠰᠠᠨ ᠬᠠᠮᠢᠶ᠎ᠠ ᠪᠥᠬᠦᠶ ᠮᠠᠲ᠋ᠧᠷᠢᠶᠠᠯ ᠢ ᠴᠠᠭ ᠲᠤᠬᠠᠶ ᠳᠤᠨᠢ ᠪᠠᠶᠢᠴᠠᠭᠠᠨ ᠬᠤᠷᠢᠶᠠᠵᠤ᠂ ᠬᠢᠨᠠᠨ ᠬᠠᠷᠭᠤᠭᠤᠯᠵᠤ᠂ ᠲᠥᠷᠥ ᠶᠢᠨ ᠪᠣᠳᠣᠯᠭ᠎ᠠ ᠳᠤ ᠨᠡᠶᠢᠴᠡᠪᠡᠯ᠂ ᠨᠢᠭᠡ ᠠᠵᠢᠯᠯᠠᠬᠤ ᠡᠳᠦᠷ ᠤᠨ ᠳᠣᠲᠣᠷ᠎ᠠ ᠨᠡᠶᠢᠭᠡᠮ ᠤᠨ ᠪᠠᠲᠤᠯᠠᠭ᠎ᠠ ᠶᠢᠨ ᠺᠠᠷᠲ ᠢ ᠭᠦᠢᠴᠡᠳᠬᠡᠨ᠎ᠡ᠃             ︵ᠵᠢᠷᠭᠤᠭ᠎ᠠ︶ ᠨᠢᠭᠡᠳᠦᠯᠲᠡᠶ ᠬᠦᠷᠭᠡᠨ᠎ᠡ᠃ ᠤᠴᠢᠷ ᠶᠠᠪᠤᠳᠠᠯ ᠢ ᠰᠢᠢᠳᠪᠦᠷᠢᠯᠡᠵᠦ ᠳᠠᠭᠤᠰᠬᠠᠭᠰᠠᠨ ᠤ ᠳᠠᠷᠠᠭ᠎ᠠ᠂ ᠲᠤᠰᠬᠠᠶ ᠭᠦᠢᠴᠡᠳᠬᠡᠭᠴᠢ ᠠᠴᠠ ᠭᠤᠶᠤᠴᠢᠯᠠᠭᠴᠢ ᠶᠢᠨ ᠰᠠᠶᠢᠨ ᠳᠤᠷ᠎ᠠ ᠠᠴᠠ ᠪᠠᠨ ᠰᠣᠩᠭᠤᠭᠰᠠᠨ ᠦᠷ᠎ᠡ ᠳ᠋ᠦᠩ ᠢ ᠠᠪᠬᠤ ᠠᠷᠭ᠎ᠠ ᠮᠠᠶ᠋ᠢᠭ ︵ᠠᠪᠬᠤ ᠠᠷᠭ᠎ᠠ ᠮᠠᠶ᠋ᠢᠭ ᠢ ᠡᠮᠨᠡᠯᠭᠡ ᠶᠢᠨ ᠬᠤᠷᠢᠶ᠎ᠠ ᠠᠪᠬᠤ ᠪᠤᠶᠤ ᠦᠨ᠎ᠡ ᠦᠭᠡᠢ ᠲᠦᠷᠭᠡᠨ ᠬᠦᠷᠭᠡᠯᠲᠡ ᠪᠠᠷ ᠬᠦᠷᠭᠡᠨ᠎ᠡ︶ ᠢ ᠦᠨᠳᠦᠰᠦᠯᠡᠨ᠂ ᠰᠢᠢᠳᠪᠦᠷᠢᠯᠡᠭᠰᠡᠨ ᠦᠷ᠎ᠡ ᠳ᠋ᠦᠩ ᠢ ᠭᠤᠶᠤᠴᠢᠯᠠᠭᠴᠢ ᠳᠤ ᠬᠦᠷᠭᠡᠨ᠎ᠡ       ᠲᠠᠪᠤ᠂ ᠠᠬᠢᠴᠠ ᠶᠢᠨ ᠱᠠᠭᠠᠷᠳᠠᠯᠭ᠎ᠠ       ︵ᠨᠢᠭᠡ︶ 4 ᠳ᠋ᠦ᠋ᠭᠡᠷ ᠰᠠᠷ᠎ᠠ ᠶᠢᠨ 16 ᠤ ᠡᠳᠦᠷ ᠠᠴᠠ 4 ᠳ᠋ᠦ᠋ᠭᠡᠷ ᠰᠠᠷ᠎ᠠ ᠶᠢᠨ 20 ᠤ ᠡᠳᠦᠷ ᠪᠣᠯᠲᠠᠯ᠎ᠠ ᠲᠤᠷᠰᠢᠨ ᠠᠵᠢᠯᠯᠠᠭᠤᠯᠬᠤ ᠬᠤᠭᠤᠴᠠᠭᠠᠨ ᠳᠤ ᠂ ᠬᠡᠦᠬᠡᠳ ᠲᠥᠷᠥᠬᠦ ︽ᠨᠢᠭᠡ ᠤᠴᠢᠷ ᠢ ᠨᠢᠭᠡ ᠤᠳᠠᠭ᠎ᠠ ᠳᠤ ᠭᠦᠢᠴᠡᠳᠬᠡᠬᠦ︾ ᠭᠥᠯᠢᠶᠡᠨ ᠠᠪᠴᠤ ᠰᠢᠢᠳᠪᠦᠷᠢᠯᠡᠬᠦ ᠰᠢᠰᠲ᠋ᠧᠮ ᠢ ᠪᠦᠷᠢᠨᠰᠢᠭᠦᠯᠵᠦ᠂ ᠬᠡᠦᠬᠡᠳ ᠲᠥᠷᠥᠬᠦ ︽ᠨᠢᠭᠡ ᠤᠴᠢᠷ ᠢ ᠨᠢᠭᠡ ᠤᠳᠠᠭ᠎ᠠ ᠳᠤ ᠭᠦᠢᠴᠡᠳᠬᠡᠬᠦ︾ ᠦᠢᠯᠡᠴᠢᠯᠡᠭᠡᠨ ᠤ ᠵᠦᠭᠯᠡᠭᠦᠷ᠂ ᠴᠤᠪᠤᠷᠠᠯ ᠵᠢᠷᠤᠭ ᠵᠡᠷᠭᠡ ᠶᠢ ᠡᠮᠬᠢᠯᠡᠨ ᠨᠠᠶᠢᠷᠠᠭᠤᠯᠬᠤ ᠠᠵᠢᠯ ᠢ ᠪᠡᠶᠡᠯᠡᠭᠦᠯᠦᠨ᠎ᠡ᠃       ︵ᠬᠤᠶᠠᠷ︶ 4 ᠳ᠋ᠦ᠋ᠭᠡᠷ ᠰᠠᠷ᠎ᠠ ᠶᠢᠨ 30 ᠤ ᠡᠳᠦᠷ ᠠᠴᠠ ᠡᠮᠦᠨ᠎ᠡ᠂ ᠬᠥᠬᠡᠬᠤᠲᠠ ᠶᠢᠨ ᠬᠡᠦᠬᠡᠳ ᠲᠥᠷᠥᠬᠦ ︽ᠨᠢᠭᠡ ᠤᠴᠢᠷ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠭᠥᠯᠢᠶᠡᠨ ᠠᠪᠴᠤ ᠰᠢᠢᠳᠪᠦᠷᠢᠯᠡᠬᠦ ᠰᠢᠰᠲ᠋ᠧᠮ ᠢ ᠵᠢᠩᠬᠢᠨᠢ ᠪᠠᠷ ᠰᠦᠯᠵᠢᠶᠡᠨ ᠳᠤ ᠣᠷᠣᠭᠤᠯᠤᠨ ᠠᠵᠢᠯᠯᠠᠭᠤᠯᠤᠨ᠎ᠠ᠃       ︵ᠭᠤᠷᠪᠠ︶ 5 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ᠂ ᠪᠥᠬᠦ ᠬᠤᠲᠠ ᠶᠢᠨ ᠡᠯ᠎ᠡ ᠱᠠᠲᠤᠨ ᠤ ᠬᠥᠩᠭᠡᠵᠢᠭᠦᠯᠬᠦ ᠶᠢ ᠲᠤᠰᠠᠯᠠᠬᠤ ᠪᠠᠶᠢᠭᠤᠯᠤᠮᠵᠢ ᠨᠤᠭᠤᠳ ︽ᠨᠢᠭᠡ ᠤᠴᠢᠷ ᠢ ᠨᠢᠭᠡ ᠤᠳᠠᠭ᠎ᠠ ᠳᠤ ᠭᠦᠢᠴᠡᠳᠬᠡᠬᠦ︾ ᠴᠣᠩᠬᠤᠪᠴᠢ ᠭᠠᠷᠭᠠᠵᠤ᠂ ᠴᠤᠪᠤᠷᠠᠯ ᠢ ᠡᠮᠬᠢᠯᠡᠨ ᠨᠡᠶᠢᠯᠡᠭᠦᠯᠬᠦ ᠵᠢᠴᠢ ᠬᠠᠮᠢᠶ᠎ᠠ ᠪᠥᠬᠦᠶ ᠠᠵᠢᠯᠲᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠵᠡᠷᠭᠡ ᠠᠵᠢᠯ ᠢ ᠪᠡᠶᠡᠯᠡᠭᠦᠯᠦᠨ᠎ᠡ᠃       ᠵᠢᠷᠭᠤᠭ᠎ᠠ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ       ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠪᠠᠷ ᠲᠦᠷᠦᠭᠦᠯᠡᠬᠦ ᠨᠢᠭᠡᠴᠡ ᠪᠣᠯᠭᠠᠵᠤ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠬᠥᠩᠭᠡᠵᠢᠭᠦᠯᠬᠦ ᠶᠢ ᠲᠤᠰᠠᠯᠠᠬᠤ ᠪᠠᠶᠢᠭᠤᠯᠤᠮᠵᠢ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠢᠶᠠᠷ ᠬᠠᠷᠢᠭᠤᠴᠠᠯᠭᠠᠲᠤ ᠨᠢᠭᠡᠴᠡ ᠪᠣᠯᠭᠠᠨ᠎ᠠ᠂ ᠪᠣᠳᠠᠲᠠᠶ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠨᠢ ᠳᠣᠤᠷᠠᠬᠢ ᠮᠡᠲᠦ᠄       ︵ᠨᠢᠭᠡ︶ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠄ ᠡᠯ᠎ᠡ ᠬᠠᠷᠢᠭᠤᠴᠠᠯᠭᠠᠲᠤ ᠨᠢᠭᠡᠴᠡ ᠶᠢᠨ ᠰᠠᠯᠠᠭ᠎ᠠ ᠮᠥᠴᠢᠷ ᠠᠯᠤᠰᠯᠠᠨ ᠬᠠᠮᠲᠤᠷᠠᠨ ᠭᠦᠢᠴᠡᠳᠬᠡᠬᠦ ᠠᠵᠢᠯ ᠤᠨ ᠲᠣᠭᠲᠠᠴᠠ ᠪᠠᠶᠢᠭᠤᠯᠬᠤ ᠶᠢ ᠵᠣᠬᠢᠴᠠᠭᠤᠯᠤᠨ ᠵᠢᠯᠣᠭᠤᠳᠬᠤ ᠶᠢ ᠬᠠᠷᠢᠭᠤᠴᠠᠵᠤ᠂ ᠬᠡᠦᠬᠡᠳ ᠲᠥᠷᠥᠬᠦ ︽ᠨᠢᠭᠡ ᠤᠴᠢᠷ ᠢ ᠨᠢᠭᠡ ᠯᠡ ᠤᠳᠠᠭ᠎ᠠ ᠳᠤ ᠭᠦᠢᠴᠡᠳᠬᠡᠬᠦ ︾ ᠰᠢᠰᠲ᠋ᠧᠮ ᠤᠨ ᠰᠤᠳᠤᠯᠤᠨ ᠨᠡᠭᠡᠭᠡᠬᠦ᠂ ᠬᠦᠰᠦᠨᠦᠭ ᠬᠠᠭᠤᠳᠠᠰᠤ ᠶᠢ ᠡᠮᠬᠢᠯᠡᠨ ᠨᠡᠶᠢᠯᠡᠭᠦᠯᠬᠦ᠂ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ᠂ ᠴᠤᠪᠤᠷᠠᠯ ᠵᠢᠷᠤᠭ ᠢ ᠡᠮᠬᠢᠯᠡᠬᠦ᠂ ᠨᠠᠶᠢᠷᠠᠭᠤᠯᠤᠨ ᠵᠣᠬᠢᠶᠠᠬᠤ᠂ ᠨᠡᠶᠢᠲᠡᠯᠡᠬᠦ ᠵᠡᠷᠭᠡ ᠠᠵᠢᠯ ᠢ ᠬᠠᠷᠢᠭᠤᠴᠠᠨ᠎ᠠ᠃       ︵ᠬᠤᠶᠠᠷ︶ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠄ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠡᠯ᠎ᠡ ᠬᠥᠩᠭᠡᠵᠢᠭᠦᠯᠬᠦ ᠶᠢ ᠲᠤᠰᠠᠯᠠᠬᠤ ᠪᠠᠶᠢᠭᠤᠯᠤᠮᠵᠢ ᠶᠢᠨ ᠬᠡᠦᠬᠡᠳ ᠲᠥᠷᠥᠬᠦ ︽ᠨᠢᠭᠡ ᠤᠴᠢᠷ︾ ᠤᠨ ᠲᠤᠬᠠᠶᠢᠯᠠᠭᠰᠠᠨ ᠠᠵᠢᠯ ᠢ ᠥᠷᠨᠢᠭᠦᠯᠬᠦ᠂ ᠴᠣᠩᠬᠤᠪᠴᠢ ᠲᠣᠬᠢᠷᠠᠭᠤᠯᠬᠤ ᠵᠡᠷᠭᠡ ᠠᠵᠢᠯ ᠢ ᠵᠢᠯᠣᠭᠤᠳᠤᠨ ᠵᠣᠬᠢᠴᠠᠭᠤᠯᠬᠤ ᠶᠢ ᠬᠠᠷᠢᠭᠤᠴᠠᠨ᠎ᠠ᠃ ᠬᠤᠰᠢᠭᠤ ᠰᠢᠶᠠᠨ ᠲᠣᠭᠤᠷᠢᠭ ᠤᠨ ᠬᠢᠵᠢᠭ ᠢ ᠰᠡᠷᠭᠡᠶᠢᠯᠡᠬᠦ ᠰᠠᠯᠠᠭ᠎ᠠ ᠮᠥᠴᠢᠷ ᠤᠨ ᠵᠥᠪᠰᠢᠶᠡᠷᠡᠭᠰᠡᠨ ᠬᠥᠩᠭᠡᠵᠢᠭᠦᠯᠬᠦ ᠶᠢ ᠲᠤᠰᠠᠯᠠᠬᠤ ᠪᠠᠶᠢᠭᠤᠯᠤᠮᠵᠢ ᠶᠢᠨ ᠲᠠᠮᠠᠭ᠎ᠠ ᠶᠢ ᠳᠠᠷᠤᠭᠰᠠᠨ ᠰᠡᠷᠭᠡᠶᠢᠯᠡᠬᠦ ᠲᠠᠷᠢᠯᠭ᠎ᠠ ᠶᠢᠨ ᠦᠨᠡᠮᠯᠡᠯ ᠪᠣᠯᠤᠨ ᠨᠢᠯᠬ᠎ᠠ ᠬᠡᠦᠬᠡᠳ ᠤᠨ ᠳᠠᠷᠠᠭᠠᠴᠢ ᠶᠢᠨ ᠲᠠᠷᠢᠯᠭ᠎ᠠ ᠳᠠᠷᠢᠬᠤ ᠦᠶ᠎ᠡ ᠶᠢᠨ ᠬᠢᠵᠢᠭ ᠢ ᠰᠡᠷᠭᠡᠶᠢᠯᠡᠬᠦ ᠰᠠᠯᠠᠭ᠎ᠠ ᠮᠥᠴᠢᠷ ᠤᠨ ᠨᠥᠬᠦᠵᠦ ᠳᠠᠷᠤᠬᠤ ᠠᠯᠪᠠᠨ ᠲᠠᠮᠠᠭ᠎ᠠ ᠵᠢᠴᠢ ᠮᠠᠲ᠋ᠧᠷᠢᠶᠠᠯ ᠢ ᠪᠦᠷᠢᠨᠰᠢᠭᠦᠯᠬᠦ ᠵᠡᠷᠭᠡ ᠠᠵᠢᠯ ᠢ ᠵᠢᠯᠣᠭᠤᠳᠤᠨ ᠵᠢᠷᠤᠮᠵᠢᠭᠤᠯᠬᠤ ᠶᠢ ᠬᠠᠷᠢᠭᠤᠴᠠᠨ᠎ᠠ᠃       ︵ᠭᠤᠷᠪᠠ︶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠄ ᠬᠤᠰᠢᠭᠤ ᠰᠢᠶᠠᠨ ᠲᠣᠭᠤᠷᠢᠭ ᠤᠨ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠲᠣᠮᠢᠯᠠᠭᠰᠠᠨ ᠰᠠᠯᠪᠤᠷᠢ ᠶᠢᠨ ᠡᠷᠦᠬᠡ ᠠᠮᠠ ᠶᠢᠨ ᠲᠠᠩᠰᠠ ᠶᠢᠨ ᠳᠡᠩᠰᠡᠯᠡᠯᠲᠡ ᠶᠢᠨ ᠲᠤᠬᠠᠶᠢᠯᠠᠭᠰᠠᠨ ᠠᠵᠢᠯ ᠵᠡᠷᠭᠡ ᠠᠵᠢᠯ ᠢ ᠰᠢᠮᠳᠠᠭᠤᠯᠬᠤ ᠪᠠ ᠵᠢᠯᠣᠭᠤᠳᠬᠤ ᠶᠢ ᠬᠠᠷᠢᠭᠤᠴᠠᠨ᠎ᠠ᠃       ︵ᠳᠥᠷᠪᠡ︶ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠄ ︽ᠨᠢᠭᠡ ᠤᠴᠢᠷ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠰᠢᠰᠲ᠋ᠧᠮ ᠤᠨ ᠰᠤᠳᠤᠯᠤᠨ ᠨᠡᠭᠡᠭᠡᠬᠦ᠂ ᠤᠷᠢᠵᠤ ᠬᠡᠷᠡᠭᠯᠡᠬᠦ ᠰᠢᠤᠳᠠᠨ ᠤ ᠲᠤᠰᠬᠠᠶ ᠳᠠᠮᠵᠢᠭᠤᠯᠭ᠎ᠠ ᠶᠢᠨ ᠬᠠᠮᠢᠶ᠎ᠠ ᠪᠥᠬᠦᠶ ᠵᠠᠷᠤᠳᠠᠯ ᠢ ᠪᠠᠲᠤᠯᠠᠬᠤ ᠠᠵᠢᠯ ᠢ ᠬᠠᠷᠢᠭᠤᠴᠠᠨ᠎ᠠ᠃       ︵ᠲᠠᠪᠤ︶ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠄ ᠭᠡᠷ᠎ᠡ ᠲᠣᠭᠲᠠᠭᠰᠠᠨ ᠪᠠᠩᠬᠢ ᠶᠢᠨ ᠨᠡᠶᠢᠭᠡᠮ ᠤᠨ ᠪᠠᠲᠤᠯᠠᠭ᠎ᠠ ᠶᠢᠨ ᠺᠠᠷᠲ ᠭᠤᠶᠤᠴᠢᠯᠠᠨ ᠠᠪᠬᠤ ᠲᠤᠬᠠᠶᠢᠯᠠᠭᠰᠠᠨ ᠠᠵᠢᠯ ᠢ ᠭᠦᠢᠴᠡᠳᠬᠡᠬᠦ ᠵᠡᠷᠭᠡ ᠠᠵᠢᠯ ᠢ ᠰᠢᠮᠳᠠᠭᠤᠯᠤᠨ ᠵᠢᠯᠣᠭᠤᠳᠬᠤ ᠶᠢ ᠬᠠᠷᠢᠭᠤᠴᠠᠨ᠎ᠠ᠃       ︵ᠵᠢᠷᠭᠤᠭ᠎ᠠ︶ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠄ ᠬᠤᠰᠢᠭᠤ ᠰᠢᠶᠠᠨ ᠲᠣᠭᠤᠷᠢᠭ ᠤᠨ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠤᠨ ᠨᠢᠯᠬ᠎ᠠ ᠬᠡᠤᠬᠡᠳ ᠤᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠶᠢ ᠬᠢᠨᠠᠨ ᠲᠣᠭᠲᠠᠭᠠᠬᠤ ᠲᠤᠬᠠᠶᠢᠯᠠᠭᠰᠠᠨ ᠠᠵᠢᠯ ᠢ ᠭᠦᠢᠴᠡᠳᠬᠡᠬᠦ ᠶᠢ ᠰᠢᠮᠳᠠᠭᠤᠯᠬᠤ ᠪᠠ ᠵᠢᠯᠣᠭᠤᠳᠬᠤ ᠶᠢ ᠬᠠᠷᠢᠭᠤᠴᠠᠨ᠎ᠠ᠃       ︵ᠳᠣᠯᠤᠭ᠎ᠠ︶ ᠬᠥᠩᠭᠡᠵᠢᠭᠦᠯᠬᠦ ᠶᠢ ᠲᠤᠰᠠᠯᠠᠬᠤ ᠪᠠᠶᠢᠭᠤᠯᠤᠮᠵᠢ᠄ ᠬᠡᠦᠬᠡᠳ ᠲᠥᠷᠥᠬᠦ ︽ᠨᠢᠭᠡ ᠤᠴᠢᠷ ᠢ ᠨᠢᠭᠡ ᠯᠡ ᠤᠳᠠᠭ᠎ᠠ ᠳᠤ ᠭᠦᠢᠴᠡᠳᠬᠡᠬᠦ ︾ ᠲᠠᠯᠠᠪᠤᠷ ᠭᠠᠵᠠᠷ ᠢ ᠬᠠᠷᠢᠭᠤᠴᠠᠬᠤ ᠶᠢᠨ ᠬᠠᠮᠲᠤ᠂ ᠴᠣᠩᠬᠤᠪᠴᠢ ᠳᠣᠭᠢᠷᠠᠭᠤᠯᠬᠤ᠂ ᠬᠥᠮᠦᠨ ᠰᠣᠩᠭᠤᠨ ᠳᠣᠭᠢᠷᠠᠭᠤᠯᠬᠤ᠂ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠬᠦ ᠵᠡᠷᠭᠡ ᠠᠵᠢᠯ ᠢ ᠬᠠᠷᠢᠭᠤᠴᠠᠨ᠎ᠠ᠃       ︵ᠨᠠᠢᠮᠠ︶ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠄ ᠬᠡᠦᠬᠡᠳ ᠲᠥᠷᠥᠬᠦ ︽ᠨᠢᠭᠡ ᠤᠴᠢᠷ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠳᠤ ᠬᠤᠯᠪᠣᠭᠳᠠᠬᠤ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠣᠷᠣᠵᠤ ᠰᠠᠭᠤᠬᠤ ᠶᠢ ᠬᠠᠷᠢᠭᠤᠴᠠᠵᠤ᠂ ᠲᠤᠰᠬᠠᠶ ᠮᠡᠷᠭᠡᠵᠢᠯ ᠤᠨ ᠡᠩᠨᠡᠭᠡ ᠶᠢ ᠵᠣᠬᠢᠶᠠᠨ ᠪᠠᠶᠢᠭᠤᠯᠬᠤ ᠶᠢ ᠬᠠᠷᠢᠭᠤᠴᠠᠨ᠎ᠠ᠃ ᠬᠤᠲᠠ ᠶᠢᠨ ᠱᠠᠲᠤᠨ ᠤ ᠬᠡᠦᠬᠡᠳ ᠲᠥᠷᠥᠬᠦ ︽ᠨᠢᠭᠡ ᠤᠴᠢᠷ ᠢ ᠨᠢᠭᠡ ᠯᠡ ᠤᠳᠠᠭ᠎ᠠ ᠳᠤ ᠭᠦᠢᠴᠡᠳᠬᠡᠬᠦ ︾ ᠥᠭᠡᠷᠡᠴᠢᠯᠡᠯᠲᠡ ᠶᠢᠨ ᠵᠠᠭᠪᠤᠷ ᠢᠶᠠᠷ ᠯᠠᠪᠯᠠᠯᠲᠠ ᠪᠣᠯᠭᠠᠵᠤ᠂ ᠬᠤᠰᠢᠭᠤ ᠰᠢᠶᠠᠨ ᠲᠣᠭᠤᠷᠢᠭ ᠤᠨ ᠱᠠᠲᠤᠨ ᠤ ᠬᠥᠩᠭᠡᠵᠢᠭᠦᠯᠬᠦ ᠶᠢ ᠲᠤᠰᠠᠯᠠᠬᠤ ᠪᠠᠶᠢᠭᠤᠯᠤᠮᠵᠢ ᠶᠢᠨ ᠬᠡᠦᠬᠡᠳ ᠲᠥᠷᠥᠬᠦ ︽ᠨᠢᠭᠡ ᠤᠴᠢᠷ ᠢ ᠨᠢᠭᠡ ᠯᠡ ᠤᠳᠠᠭ᠎ᠠ ᠳᠤ ᠭᠦᠢᠴᠡᠳᠬᠡᠬᠦ ︾ ᠶᠢ ᠪᠡᠶᠡᠯᠡᠭᠦᠯᠬᠦ ᠶᠢ ᠨᠠᠶᠢᠳᠠᠪᠤᠷᠢᠵᠢᠭᠤᠯᠤᠨ᠎ᠠ᠃       ᠳᠣᠯᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ       ︵ᠨᠢᠭᠡ︶ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠦᠨ᠎ᠡ᠃ ᠬᠡᠦᠬᠡᠳ ᠲᠥᠷᠥᠬᠦ ︽ᠨᠢᠭᠡ ᠤᠴᠢᠷ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠬᠤᠷᠠᠮᠠᠯ ᠦᠢᠯᠡᠴᠢᠯᠡᠭᠡ ᠶᠢ ᠳᠥᠯᠭᠢᠨ ᠠᠬᠢᠭᠤᠯᠬᠤ ᠪᠣᠯ ︽ᠨᠢᠭᠡ ᠤᠴᠢᠷ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠥᠭᠡᠷᠡᠴᠢᠯᠡᠯᠲᠡ ᠶᠢ ᠣᠯᠠᠨ ᠨᠡᠶᠢᠲᠡ ᠶᠢᠨ ᠦᠢᠯᠡᠴᠢᠯᠡᠭᠡᠨ ᠤ ᠬᠦᠷᠢᠶ᠎ᠡ ᠳᠠᠰᠢ ᠤᠷᠲᠤᠳᠬᠠᠬᠤ ᠶᠢᠨ ᠴᠢᠬᠤᠯᠠ ᠠᠭᠤᠯᠭ᠎ᠠ ᠪᠣᠯᠤᠨ᠎ᠠ᠂ ᠡᠯ᠎ᠡ ᠭᠠᠵᠠᠷ ᠣᠷᠣᠨ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠠᠵᠢᠯ ᠤᠨ ᠡᠭᠦᠷᠭᠡᠲᠦ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠰᠢᠯᠢᠳᠡᠭ ᠢ ᠨᠢ ᠰᠣᠩᠭᠤᠵᠤ ᠬᠦᠴᠦᠷᠬᠡᠭ ᠢ ᠳᠣᠭᠢᠷᠠᠭᠤᠯᠤᠨ᠂ ᠮᠡᠷᠭᠡᠵᠢᠯ ᠤᠨ ᠪᠠᠲᠤᠯᠠᠭ᠎ᠠ ᠬᠠᠩᠭᠠᠵᠤ᠂ ᠥᠭᠡᠷᠡᠴᠢᠯᠡᠯᠲᠡ ᠶᠢᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃       ︵ᠬᠤᠶᠠᠷ︶ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠲᠦᠷᠦᠭᠦᠯᠡᠨ ᠬᠢᠬᠦ ᠨᠢᠭᠡᠴᠡ ᠪᠠ ᠬᠠᠷᠢᠭᠤᠴᠠᠯᠭᠠᠲᠤ ᠨᠢᠭᠡᠴᠡ ᠨᠦᠭᠦᠳ ᠠᠵᠢᠯ ᠤᠨ ᠪᠠᠶᠢᠷᠢᠯᠠᠭᠤᠯᠤᠯᠲᠠ ᠪᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠦᠨᠳᠦᠰᠦᠯᠡᠨ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠲᠣᠭᠲᠠᠴᠠ ᠪᠠᠨ ᠪᠦᠷᠢᠨᠰᠢᠬᠦᠯᠦᠨ᠂ ᠡᠮᠬᠢᠯᠡᠨ ᠨᠡᠶᠢᠯᠡᠭᠦᠯᠬᠦ ᠪᠠ ᠬᠠᠮᠲᠤᠷᠠᠨ ᠭᠦᠢᠴᠡᠳᠬᠡᠬᠦ ᠥᠭᠡᠷᠡᠴᠢᠯᠡᠯᠲᠡ ᠶᠢᠨ ᠱᠠᠭᠠᠷᠳᠠᠯᠭ᠎ᠠ ᠶᠣᠰᠣᠭᠠᠷ᠂ ᠵᠦᠢᠯᠡᠰ ᠢ ᠡᠮᠬᠢᠯᠡᠬᠦ᠂ ᠴᠤᠪᠤᠷᠠᠯ ᠢ ᠳᠠᠬᠢᠨ ᠵᠣᠬᠢᠶᠠᠬᠤ ᠪᠠ ᠮᠡᠳᠡᠭᠡ ᠵᠠᠩᠭᠢ ᠶᠢᠨ ᠰᠢᠰᠲ᠋ᠧᠮ ᠢ ᠵᠣᠯᠭᠠᠭᠤᠯᠬᠤ ᠵᠡᠷᠭᠡ ᠠᠵᠢᠯ ᠤᠨ ᠵᠣᠬᠢᠴᠠᠭᠤᠯᠭ᠎ᠠ ᠪᠠᠨ ᠴᠢᠩᠭᠠᠷᠠᠭᠤᠯᠵᠤ᠂ ᠠᠬᠢᠴᠠ ᠶᠢᠨ ᠱᠠᠭᠠᠷᠳᠠᠯᠭ᠎ᠠ ᠶᠣᠰᠣᠭᠠᠷ ᠥᠭᠡᠷᠡᠴᠢᠯᠡᠯᠲᠡ ᠶᠢᠨ ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃       ︵ᠭᠤᠷᠪᠠ︶ ᠠᠵᠢᠯᠲᠠᠨ ᠤ ᠪᠣᠯᠪᠠᠰᠤᠷᠠᠭᠤᠯᠤᠯ ᠢ ᠴᠢᠩᠭᠠᠳᠬᠠᠬᠤ ᠬᠡᠷᠡᠭᠲᠡᠶ᠃ ᠬᠡᠦᠬᠡᠳ ᠲᠥᠷᠥᠬᠦ ︽ᠨᠢᠭᠡ ᠤᠴᠢᠷ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠥᠭᠡᠷᠡᠴᠢᠯᠡᠯᠲᠡ ᠶᠢᠨ ᠱᠠᠭᠠᠷᠳᠠᠯᠭ᠎ᠠ ᠶᠣᠰᠣᠭᠠᠷ᠂ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠴᠢᠩᠭᠠᠳᠬᠠᠵᠤ᠂ ᠴᠣᠩᠬᠤᠪᠴᠢ ᠶᠢᠨ ᠠᠵᠢᠯᠲᠠᠳ ᠲᠤ ᠥᠭᠡᠷᠡᠴᠢᠯᠡᠯᠲᠡ ᠶᠢᠨ ᠳᠠᠷᠠᠭᠠᠬᠢ ᠲᠤᠬᠠᠶᠢᠯᠠᠭᠰᠠᠨ ᠠᠵᠢᠯ ᠤᠨ ᠴᠤᠪᠤᠷᠠᠯ ᠪᠠ ᠠᠵᠢᠯ ᠤᠨ ᠵᠢᠷᠤᠮᠵᠢᠯ ᠢ ᠪᠣᠯᠪᠠᠰᠤᠷᠠᠩᠭᠤᠶ ᠡᠵᠡᠮᠰᠢᠭᠦᠯᠵᠦ᠂ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠦᠢᠯᠡᠴᠢᠯᠡᠭᠡᠨ ᠤ ᠶᠠᠰᠤ ᠴᠢᠨᠠᠷ ᠢ ᠦᠨᠡᠨᠬᠦ ᠪᠠᠲᠤᠯᠠᠬᠤ ᠬᠡᠷᠡᠭᠲᠡᠶ᠃       ︵ᠳᠥᠷᠪᠡ︶ ᠤᠬᠠᠭᠤᠯᠵᠤ ᠬᠥᠲᠥᠯᠦᠨ ᠵᠢᠯᠣᠭᠤᠳᠬᠤ ᠶᠢ ᠴᠢᠬᠤᠯᠠᠴᠢᠯᠠᠨ᠎ᠠ᠃ ᠰᠣᠨᠢᠨ᠂ ᠲᠧᠯᠸᠢᠰ᠂ ᠢᠨᠲ᠋ᠧᠷ ᠰᠦᠯᠵᠢᠶ᠎ᠡ᠂ ᠰᠢᠨ᠎ᠡ ᠵᠠᠭᠤᠴᠢᠯᠠᠭᠤᠷ ᠵᠡᠷᠭᠡ ᠰᠣᠨᠢᠨ ᠮᠡᠳᠡᠭᠡᠨ ᠤ ᠵᠠᠭᠤᠴᠢᠯᠠᠭᠤᠷ ᠢ ᠭᠦᠢᠴᠡᠳ ᠠᠰᠢᠭᠯᠠᠨ᠂ ᠬᠥᠩᠭᠡᠵᠢᠭᠦᠯᠬᠦ ᠶᠢ ᠲᠤᠰᠠᠯᠠᠬᠤ ᠪᠠᠶᠢᠭᠤᠯᠤᠮᠵᠢ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠵᠡᠷᠭᠡ ᠲᠠᠪᠴᠠᠩ ᠳᠤ ᠲᠦᠰᠢᠭᠯᠡᠨ ᠤᠬᠠᠭᠤᠯᠭ᠎ᠠ ᠪᠠᠨ ᠴᠢᠩᠭᠠᠳᠬᠠᠵᠤ᠂ ᠬᠡᠦᠬᠡᠳ ᠲᠥᠷᠥᠬᠦ ︽ᠨᠢᠭᠡ ᠤᠴᠢᠷ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠦᠢᠯᠡᠴᠢᠯᠡᠭᠡ ᠶᠢ ᠣᠶᠢᠯᠠᠭᠠᠬᠤ ᠬᠡᠮᠵᠢᠶ᠎ᠡ ᠪᠠ ᠬᠡᠷᠡᠭᠯᠡᠬᠦ ᠨᠣᠷᠮ᠎ᠠ ᠶᠢ ᠳᠡᠭᠡᠭᠰᠢᠯᠡᠭᠦᠯᠦᠨ᠎ᠡ᠃ ᠲᠤᠷᠰᠢᠯᠭ᠎ᠠ ᠪᠠᠨ ᠴᠠᠭ ᠲᠤᠬᠠᠶ ᠳᠤᠨᠢ ᠳ᠋ᠦᠩᠨᠡᠵᠦ᠂ ᠦᠢᠯᠡᠴᠢᠯᠡᠭᠡᠨ ᠤ ᠵᠠᠭᠪᠤᠷ ᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠳᠥᠯᠭᠢᠨ ᠠᠬᠢᠭᠤᠯᠵᠤ᠂ ᠬᠡᠦᠬᠡᠳ ᠲᠥᠷᠥᠬᠦ ︽ᠨᠢᠭᠡ ᠤᠴᠢᠷ︾ ᠤᠨ ᠬᠤᠷᠠᠮᠠᠯ ᠦᠢᠯᠡᠴᠢᠯᠡᠭᠡᠨ ᠤ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃       ︵ᠲᠠᠪᠤ︶ ᠮᠡᠳᠡᠭᠦᠯᠦᠨ ᠬᠦᠷᠭᠡᠬᠦ ᠠᠵᠢᠯ ᠤᠨ ᠠᠬᠢᠴᠠ᠃ ᠡᠯ᠎ᠡ ᠭᠠᠵᠠᠷ ᠣᠷᠣᠨ᠂ ᠬᠤᠲᠠ ᠶᠢᠨ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ 2021 ᠣᠨ ᠤ 5 ᠳ᠋ᠤᠭᠠᠷ ᠰᠠᠷ᠎ᠠ ᠶᠢᠨ 15 ᠤ ᠡᠳᠦᠷ ᠠᠴᠠ ᠡᠮᠦᠨ᠎ᠡ ᠰᠢᠨ᠎ᠡ ᠪᠠᠷ ᠨᠡᠮᠡᠭᠳᠡᠭᠰᠡᠨ ᠬᠥᠩᠭᠡᠵᠢᠭᠦᠯᠬᠦ ᠪᠠᠶᠢᠭᠤᠯᠤᠮᠵᠢ ᠶᠢᠨ ᠴᠣᠩᠬᠤᠪᠴᠢ ᠶᠢᠨ ᠭᠥᠯᠢᠶᠡᠨ ᠠᠪᠴᠤ ᠰᠢᠢᠳᠪᠦᠷᠢᠯᠡᠬᠦ ᠠᠵᠢᠯᠲᠠᠨ᠂ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠤᠨ ᠴᠣᠩᠬᠤᠪᠴᠢ ᠶᠢᠨ ᠭᠥᠯᠢᠶᠡᠨ ᠠᠪᠴᠤ ᠰᠢᠢᠳᠪᠦᠷᠢᠯᠡᠬᠦ ᠠᠵᠢᠯᠲᠠᠨ᠂ ᠭᠡᠷ᠎ᠡ ᠲᠣᠭᠲᠠᠭᠰᠠᠨ ᠪᠠᠩᠬᠢ ᠶᠢᠨ ᠴᠣᠩᠬᠤᠪᠴᠢ ᠶᠢᠨ ᠭᠥᠯᠢᠶᠡᠨ ᠠᠪᠴᠤ ᠰᠢᠢᠳᠪᠦᠷᠢᠯᠡᠬᠦ ᠠᠵᠢᠯᠲᠠᠨ ᠤ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶ᠋ᠢᠭ ᠢ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠳᠤ ᠮᠡᠳᠡᠭᠦᠯᠦᠨ ᠬᠦᠷᠭᠡᠵᠦ ᠰᠢᠰᠲ᠋ᠧᠮ ᠤᠨ ᠡᠷᠬᠡ ᠮᠡᠳᠡᠯ ᠤᠨ ᠲᠣᠬᠢᠷᠠᠭᠤᠯᠤᠯᠲᠠ ᠬᠢᠬᠦ ᠬᠡᠷᠡᠭᠲᠡᠶ᠃ ︵ᠮᠡᠷᠭᠡᠵᠢᠯ ᠤᠨ ᠬᠠᠷᠢᠯᠴᠠᠬᠤ ᠬᠥᠮᠦᠨ᠄ ᠫᠠᠨ ᠭᠤᠸᠠᠨ ᠢᠦᠢ᠂ ᠬᠠᠷᠢᠯᠴᠠᠬᠤ ᠤᠲᠠᠰᠤ᠄ 18649143629᠂ ᠰᠢᠦᠳᠠᠨ ᠬᠠᠶᠢᠷᠴᠠᠭ᠄ 740038570@QQ. com︶᠃ 2021 ᠣᠨ ᠤ 6 ᠳ᠋ᠤᠭᠠᠷ ᠰᠠᠷ᠎ᠠ ᠶᠢᠨ 10 ᠤ ᠡᠳᠦᠷ ᠠᠴᠠ ᠡᠮᠦᠨ᠎ᠡ ᠬᠡᠦᠬᠡᠳ ᠲᠥᠷᠥᠬᠦ ︽ᠨᠢᠭᠡ ᠤᠴᠢᠷ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠢᠶᠠᠨ ᠬᠤᠲᠠ ᠶᠢᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠵᠣᠬᠢᠴᠠᠭᠤᠯᠬᠤ ᠳᠤᠭᠤᠶᠢᠯᠠᠩ ᠤᠨ ᠠᠯᠪᠠᠨ ᠬᠡᠷ ︵ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠤᠨ ᠨᠠᠷᠢᠨ ᠪᠢᠴᠢᠭᠡᠴᠢ ᠶᠢᠨ ᠵᠢᠷᠭᠤᠳᠤᠭᠠᠷ ᠰᠠᠯᠠᠭ᠎ᠠ︶ ᠳᠤ ᠮᠡᠳᠡᠭᠦᠯᠵᠦ᠂ ᠡᠯᠧᠺᠲᠷᠣᠨ ᠬᠡᠪᠯᠡᠯ ᠢ ᠰᠢᠤᠳᠠᠨ ᠤ ᠬᠠᠶᠢᠷᠴᠠᠭ ᠲᠤ ᠮᠡᠳᠡᠭᠦᠯᠦᠭᠡᠷᠡᠶ᠄ hhtfgf@163.com ᠬᠠᠷᠢᠯᠴᠠᠬᠤ ᠬᠥᠮᠦᠨ᠄ ᠸᠠᠩ ᠹᠧᠩ᠂ ᠬᠠᠷᠢᠯᠴᠠᠬᠤ ᠤᠲᠠᠰᠤ᠄ 5332215᠃ 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ