︽ᠬᠥᠬᠡᠬᠤᠲᠠ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠦᠨᠡᠯᠡᠨ ᠰᠢᠯᠭᠠᠵᠤ ᠤᠷᠮᠠᠰᠢᠭᠤᠯᠬᠤ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ ᠶᠠᠪᠤᠭᠤᠯᠬᠤ ᠲᠤᠬᠠᠶ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2021/8/9
           ᠬᠦᠬᠡᠬᠤᠲᠠ ᠵᠠᠰᠠᠭ ᠲᠠᠷᠬᠠᠭᠠᠭᠰᠠᠨ  ﹇2021﹈ 9 ᠳ᠋ᠤᠭᠡᠷ ᠲᠤᠭᠠᠲᠤ           2021 ᠣᠨ ᠤ 5 ᠰᠠᠷ᠎ᠠ ᠶᠢᠨ 26ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠬᠠᠮᠢᠶ᠎ᠠ ᠪᠥᠬᠦᠶ ᠨᠢᠭᠡᠴᠡ ᠳᠤ᠄       ︽ᠬᠥᠬᠡᠬᠤᠲᠠ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠦᠨᠡᠯᠡᠨ ᠰᠢᠯᠭᠠᠵᠤ ᠤᠷᠮᠠᠰᠢᠭᠤᠯᠬᠤ ᠶᠢᠨ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠵᠢᠷᠤᠮᠯᠠᠨ ᠬᠡᠷᠡᠭᠵᠢᠭᠦᠯᠲᠦᠭᠡᠶ᠃                                                                        ᠬᠥᠬᠡᠬᠤᠲᠠ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠦᠨᠡᠯᠡᠨ ᠰᠢᠯᠭᠠᠵᠤ           ᠤᠷᠮᠠᠰᠢᠭᠤᠯᠬᠤ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ᠂ ︽ᠠᠮᠢ ᠠᠬᠤᠶ ᠶᠢ ᠤᠷᠢᠳᠠᠪᠠᠷ ᠪᠤᠳᠤᠯᠬᠢᠯᠠᠭᠰᠠᠨ᠂ ᠪᠣᠬᠢᠷᠲᠤᠯ ᠦᠭᠡᠶ ᠬᠥᠭᠵᠢᠯᠲᠡ︾ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠶ ᠰᠠᠶᠢᠲᠤᠷ ᠵᠠᠮᠨᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠦᠬᠡᠬᠤᠲᠠ ᠳᠤ ᠲᠠᠯᠪᠢᠭᠰᠠᠨ ︽ᠡᠮᠦᠨ᠎ᠡ ᠨᠢ ᠶᠠᠪᠤᠵᠤ᠂ ᠦᠯᠢᠭᠡᠷ ᠳᠠᠭᠤᠷᠢᠶᠠᠯ ᠪᠣᠯᠬᠤ︾ ᠠᠵᠢᠯ ᠤᠨ ᠱᠠᠭᠠᠷᠳᠠᠯᠭ᠎ᠠ ᠶᠣᠰᠣᠭᠠᠷ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠤᠶ ᠪᠣᠯᠭᠠᠵᠤ᠂ ᠬᠤᠲᠠ ᠶᠢᠨ ᠨᠠᠮ ᠤᠨ ᠬᠤᠷᠢᠶ᠎ᠠ ᠶᠢᠨ ︽ᠬᠤᠳᠠᠯᠳᠤᠭᠠᠴᠢᠨ ᠤᠷᠢᠬᠤ ᠲᠥᠷᠥᠯ ᠵᠦᠢᠯ ᠢ ᠨᠠᠶᠢᠳᠠᠪᠤᠷᠢᠵᠢᠭᠤᠯᠬᠤ ᠣᠨ︾ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠪᠦᠲᠦᠮᠵᠢᠲᠡᠶ ᠨᠠᠶᠢᠳᠠᠪᠤᠷᠢᠵᠢᠭᠤᠯᠵᠤ᠂ ᠡᠯ᠎ᠡ ᠲᠠᠯ᠎ᠠ ᠶᠢᠨ ᠬᠢᠨ ᠤ ᠢᠳᠡᠪᠬᠢᠵᠢᠯ ᠢ ᠬᠠᠮᠤᠭ ᠤᠨ ᠶᠡᠭᠡ ᠬᠡᠮᠵᠢᠶ᠎ᠡ ᠪᠠᠷ ᠳᠠᠶᠢᠴᠢᠯᠠᠨ᠂ ᠬᠤᠰᠢᠭᠤ ᠰᠢᠶᠠᠨ ᠲᠣᠭᠤᠷᠢᠭ ᠂ ᠨᠡᠭᠡᠭᠡᠯᠲᠡ ᠶᠢᠨ ᠲᠣᠭᠤᠷᠢᠭ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ  ᠴᠢᠩᠭᠠᠳᠬᠠᠵᠤ᠂ ᠰᠠᠯᠠᠭ᠎ᠠ ᠮᠥᠴᠢᠷ ᠤᠳ ᠬᠠᠮᠲᠤᠷᠠᠨ ᠬᠦᠲᠡᠯᠦᠯᠴᠡᠵᠦ᠂ ᠭᠠᠵᠠᠷ ᠣᠷᠣᠨ ᠪᠤᠯᠤᠨ ᠰᠠᠯᠠᠭ᠎ᠠ ᠮᠥᠴᠢᠷ ᠤᠳ  ᠵᠤᠬᠢᠴᠠᠯᠳᠤᠨ ᠬᠦᠲᠡᠯᠦᠯᠴᠡᠵᠦ᠂ ︽ᠲᠥᠷᠥᠯ ᠵᠦᠢᠯ ᠢ ᠶᠡᠬᠡᠪᠡᠷ ᠠᠳᠬᠤᠵᠤ᠂ ᠶᠡᠭᠡ ᠲᠥᠷᠥᠯ ᠵᠦᠢᠯ ᠢ ᠠᠳᠬᠤᠬᠤ︾ ᠬᠦᠴᠦᠷᠬᠡᠭ ᠶᠡᠭᠡ ᠨᠡᠶᠢᠯᠡᠯ ᠬᠦᠴᠦᠨ ᠢ ᠪᠦᠷᠢᠯᠳᠦᠭᠦᠯᠵᠦ᠂ ᠬᠤᠳᠠᠯᠳᠤᠭᠠᠴᠢᠨ ᠤᠷᠢᠬᠤ ᠲᠥᠷᠥᠯ ᠵᠦᠢᠯ ᠢ ᠪᠤᠲᠠᠲᠠᠶᠢᠵᠢᠭᠤᠯᠬᠤ ᠨᠣᠷᠮ᠎ᠠ ᠶᠢ ᠳᠡᠭᠡᠭᠰᠢᠯᠡᠭᠦᠯᠦᠨ᠂ ᠬᠤᠳᠠᠯᠳᠤᠭᠠᠴᠢᠨ ᠤᠷᠢᠵᠤ ᠪᠠᠯᠠ ᠣᠷᠣᠭᠤᠯᠤᠭᠰᠠᠨ ᠦᠷ᠎ᠡ ᠪᠦᠲᠦᠭᠡᠯ ᠢ ᠦᠨᠡᠨᠬᠦ ᠬᠥᠭᠵᠢᠯᠲᠡ ᠶᠢᠨ ᠦᠷ᠎ᠡ ᠪᠦᠲᠦᠭᠡᠯ ᠪᠣᠯᠭᠠᠨ ᠬᠤᠪᠢᠷᠠᠭᠤᠯᠬᠤ ᠶᠢᠨ ᠲᠤᠰᠠᠲᠠ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ ᠲᠣᠰ ᠠᠷᠭ᠎ᠠ ᠶᠢ ᠲᠣᠭᠲᠠᠭᠠᠪᠠ᠃       ᠨᠢᠭᠡ᠂  ᠦᠨᠡᠯᠡᠨ ᠰᠢᠯᠭᠠᠬᠤ ᠳᠤ ᠤᠷᠤᠯᠴᠠᠬᠤ ᠡᠲᠡᠭᠡᠳ      ︵ᠨᠢᠭᠡ︶ ᠬᠤᠳᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠬᠠᠷᠠᠯᠲᠠ ᠡᠭᠦᠷᠭᠡ ᠶᠢ ᠡᠭᠦᠷᠭᠡᠯᠡᠵᠦ ᠪᠠᠶᠢᠭ᠎ᠠ ᠬᠤᠰᠢᠭᠤ ᠰᠢᠶᠠᠨ ᠲᠣᠭᠤᠷᠢᠭ᠂ ᠬᠥᠬᠡᠬᠤᠲᠠ ᠶᠢᠨ ᠠᠵᠤ ᠠᠬᠤᠶ ᠮᠡᠷᠭᠡᠵᠢᠯ ᠤᠨ ᠨᠡᠭᠡᠭᠡᠯᠳᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ︵ᠳᠣᠷᠣᠭᠰᠢ ᠭᠠᠵᠠᠷ ᠣᠷᠣᠨ ᠭᠡᠵᠦ ᠶᠡᠷᠦᠩᠬᠡᠶᠢᠯᠡᠨ ᠨᠡᠷᠡᠯᠡᠨ᠎ᠡ︶᠃        ︵ᠬᠤᠶᠠᠷ︶ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠳᠤ ᠣᠷᠣᠯᠴᠠᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ᠂ ᠬᠤᠳᠠᠯᠳᠤᠭᠠᠴᠢᠨ ᠤᠷᠢᠬᠤ ᠲᠥᠷᠥᠯ ᠵᠦᠢᠯ ᠢ ᠪᠤᠲᠠᠲᠠᠶᠢᠵᠢᠭᠤᠯᠤᠨ ᠪᠥᠲᠥᠭᠡᠨ ᠪᠠᠶᠢᠭᠤᠯᠬᠤ ᠳᠤ  ᠦᠢᠯᠡᠴᠢᠯᠡᠭᠡ ᠬᠠᠩᠭᠠᠬᠤ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ︵ᠳᠣᠷᠣᠭᠰᠢ ᠰᠠᠯᠠᠭ᠎ᠠ ᠮᠥᠴᠢᠷ ᠭᠡᠵᠦ ᠶᠡᠷᠦᠩᠬᠡᠶᠢᠯᠡᠨ  ᠨᠡᠷᠡᠯᠡᠨ᠎ᠡ︶᠃ ᠡᠭᠦᠨ ᠳᠤ᠄ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠠ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠵᠠᠮ ᠲᠡᠭᠡᠭᠡᠪᠦᠷᠢ ᠶᠢᠨ ᠲᠣᠪᠴᠢᠶ᠎ᠠ᠂ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠬᠤᠲᠠ ᠶᠢᠨ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠬᠡᠷ᠂ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠬᠤᠲᠠ ᠶᠢᠨ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠣᠪᠴᠢᠶ᠎ᠠ᠂ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠭᠠᠵᠠᠷ ᠰᠢᠷᠣᠶ ᠨᠦᠬᠡᠴᠡᠯᠡᠨ ᠬᠠᠳᠠᠭᠠᠯᠠᠬᠤ ᠲᠥᠪ᠂ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠬᠥᠬᠡᠬᠤᠲᠠ ᠶᠢᠨ ᠴᠠᠬᠢᠯᠭᠠᠨ ᠬᠠᠩᠭᠠᠬᠤ ᠲᠣᠪᠴᠢᠶ᠎ᠠ᠃       ᠬᠤᠶᠠᠷ᠂ ᠭᠠᠵᠠᠷ ᠣᠷᠣᠨ ᠢ ᠦᠨᠡᠯᠡᠨ ᠰᠢᠯᠭᠠᠬᠤ ᠶᠢ ︽ᠨᠡᠷᠡᠰ ᠤᠨ ᠵᠢᠭᠰᠠᠭᠠᠯ ᠬᠢᠵᠦ᠂ ᠤᠯᠠᠷᠢᠯ ᠢᠶᠠᠷ ᠠᠮᠠᠯᠯᠠᠲᠠ ᠪᠠᠨ ᠪᠡᠶᠡᠯᠡᠭᠦᠯᠬᠦ᠂ ᠵᠢᠯ ᠤᠨ ᠡᠴᠦᠰ ᠲᠤ ᠦᠨᠡᠯᠡᠨ ᠰᠢᠯᠭᠠᠬᠤ︾ ᠠᠷᠭ᠎ᠠ ᠮᠠᠶ᠋ᠢᠭ ᠢᠶᠠᠷ ᠶᠠᠪᠤᠭᠳᠠᠭᠤᠯᠤᠨ᠎ᠠ᠃ ᠲᠥᠷᠥᠯ ᠵᠦᠢᠯ ᠢ  ᠪᠠᠲᠤᠯᠠᠨ ᠲᠤᠭᠲᠠᠭᠠᠬᠤ ᠨᠢ᠄ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠨᠢ 5000 ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠢᠯ᠃ ᠲᠠᠷᠢᠶᠠᠯᠠᠩ᠂ ᠣᠲᠣ ᠦᠶ᠎ᠡ ᠶᠢᠨ ᠬᠤᠳᠠᠯᠳᠤᠭᠠᠨ ᠤ ᠶᠠᠪᠤᠳᠠᠯ᠂ ᠰᠣᠶᠣᠯ ᠤᠨ ᠪᠦᠲᠦᠭᠡᠯᠴᠢ ᠰᠡᠳᠬᠢᠮᠵᠢ᠂ ᠬᠤᠷᠠᠯ ᠦᠵᠡᠰᠬᠦᠯᠡᠩ ᠤᠨ ᠠᠵᠤ ᠠᠬᠤᠶ᠂ ᠶᠡᠷᠦᠩᠬᠡᠶ ᠬᠡᠯᠲᠡᠰ ᠤᠨ ᠠᠵᠤ ᠠᠬᠤᠶ᠂ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡ᠂ ᠠᠷᠠᠯᠵᠢᠶ᠎ᠠ ᠬᠤᠳᠠᠯᠳᠤᠭᠠᠨ ᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ᠂ ᠬᠤᠲᠠ ᠶᠢᠨ ᠰᠡᠯᠡᠭᠦᠴᠡᠯ ᠤᠨ ᠲᠠᠷᠢᠶᠠᠯᠠᠩ ᠤᠨ ᠵᠡᠷᠭᠡᠯᠡᠯ ᠢᠶᠠᠨ ᠳᠡᠭᠡᠭᠰᠢᠯᠡᠭᠦᠯᠦᠨ ᠲᠠᠰ ᠳᠡᠪᠰᠢᠭᠦᠯᠬᠦ᠂ ᠲᠠᠪᠴᠠᠩ ᠤᠨ ᠪᠥᠲᠥᠭᠡᠨ ᠪᠠᠶᠢᠭᠤᠯᠤᠯᠲᠠ ᠡᠵᠡᠩᠨᠡᠯᠲᠡ ᠵᠡᠷᠭᠡ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠲᠥᠷᠥᠯ ᠤᠨ ᠠᠵᠤ ᠦᠢᠯᠡᠰ ᠤᠨ ᠪᠠᠷᠢᠮᠵᠢᠶ᠎ᠠ ᠶᠢ ᠵᠣᠬᠢᠰᠲᠠᠶ ᠪᠠᠭᠤᠷᠠᠭᠤᠯᠵᠤ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 2000 ᠲᠦᠮᠡᠨ ᠲᠥᠭᠦᠷᠢᠭ ᠠᠴᠠ ᠳᠡᠭᠡᠭᠰᠢ ᠪᠤᠶᠤ ᠪᠣᠳᠠᠲᠠᠶ ᠲᠤᠰᠢᠶᠠᠨ ᠳᠠᠩᠰᠠᠯᠠᠭᠤᠯᠤᠭᠰᠠᠨ ᠪᠠᠯᠠ ᠮᠥᠩᠭᠦ ᠶᠢ 1000 ᠲᠦᠮᠡᠨ ᠲᠥᠭᠦᠷᠢᠭ ᠠᠴᠠ ᠳᠡᠭᠡᠭᠰᠢ  ᠪᠠᠷ ᠪᠠᠲᠤᠯᠠᠨ ᠲᠣᠭᠲᠠᠭᠠᠨ᠎ᠠ᠃ ᠲᠥᠪ᠂ ᠥᠪᠡᠷᠲᠡᠭᠡᠨ ᠵᠠᠰᠠᠬᠤ ᠣᠷᠣᠨ᠂ ᠬᠤᠳᠠ ᠠᠴᠠ ᠲᠣᠬᠢᠷᠠᠭᠤᠯᠤᠭᠰᠠᠨ ᠲᠦᠷᠦᠯ ᠵᠦᠢᠯ ᠤᠨ ᠪᠡᠯᠡ ᠮᠥᠩᠭᠦ᠂ ᠤᠯᠤᠰ ᠤᠨ ᠵᠢᠭᠡᠯᠡᠯᠭᠡ ᠵᠡᠷᠭᠡ ᠡᠳ᠋ ᠤᠨ ᠵᠠᠰᠠᠭ ᠤᠨ ᠴᠢᠨᠠᠷᠲᠠᠶ ᠪᠡᠯᠡ ᠣᠷᠣᠭᠤᠯᠤᠯᠲᠠ ᠶᠢᠨ ᠲᠦᠷᠦᠯ ᠵᠦᠢᠯ ᠪᠠ ᠡᠯ᠎ᠡ ᠵᠦᠢᠯ ᠤᠨ ᠲᠤᠰᠠᠯᠠᠭᠰᠠᠨ᠂ ᠪᠡᠯᠡᠭᠯᠡᠨ ᠬᠦᠷᠭᠡᠭᠰᠡᠨ᠂ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢᠨ ᠲᠦᠷᠦᠯ ᠵᠦᠢᠯ ᠢ  ᠦᠨᠡᠯᠡᠨ ᠰᠢᠯᠭᠠᠬᠤ ᠬᠡᠪᠴᠢᠶᠡᠨ ᠳᠤ ᠣᠷᠣᠭᠤᠯᠬᠤ ᠦᠭᠡᠢ᠃       ︵ᠨᠢᠭᠡ︶ ᠰᠠᠷ᠎ᠠ ᠶᠢᠨ ᠨᠡᠷᠡᠰ ᠤᠨ ᠵᠢᠭᠰᠠᠭᠠᠯᠲᠠ  1. ᠬᠤᠪᠢ ᠲᠣᠭᠲᠠᠭᠠᠬᠤ ᠠᠷᠭ᠎ᠠ ᠶᠢᠨ ᠰᠠᠷ᠎ᠠ ᠶᠢᠨ ᠨᠡᠷᠡᠰ ᠤᠨ ᠵᠢᠭᠰᠠᠭᠠᠯᠲᠠ᠂ ᠳᠠᠷᠤᠶ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢᠨ ᠨᠡᠷᠡᠰ ᠤᠨ ᠵᠢᠭᠰᠠᠭᠠᠯᠲᠠ᠃ ᠰᠠᠷ᠎ᠠ ᠪᠦᠷᠢ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠢᠯ ᠤᠨ ᠠᠬᠢᠴᠠ ᠶᠢᠨ ᠪᠠᠶᠢᠳᠠᠯ ᠢᠶᠠᠷ ᠲᠦᠷᠦᠯ ᠬᠤᠪᠢᠶᠠᠨ ᠬᠤᠪᠢ ᠪᠤᠳᠤᠵᠤ᠂ ᠶᠡᠷᠦᠩᠬᠡᠶᠢᠯᠡᠭᠰᠡᠨ ᠤ ᠳᠠᠷᠠᠭ᠎ᠠ ᠰᠠᠷ᠎ᠠ ᠶᠢᠨ ᠨᠡᠷᠡᠰ ᠤᠨ ᠵᠢᠭᠰᠠᠭᠠᠯᠲᠠ ᠬᠢᠨ᠎ᠡ᠂ ᠨᠡᠷᠡᠰ ᠤᠨ ᠵᠢᠭᠰᠠᠭᠠᠯᠲᠠ ᠶᠢᠨ ᠦᠷ᠎ᠡ ᠳ᠋ᠦᠩ ᠢ ᠳᠠᠷᠠᠭ᠎ᠠ ᠰᠠᠷ᠎ᠠ ᠶᠢᠨ 15 ᠤ ᠡᠳᠦᠷ ᠠᠴᠠ ᠡᠮᠦᠨ᠎ᠡ ᠪᠥᠬᠦ ᠬᠤᠲᠠ ᠶᠢᠨ ᠬᠡᠪᠴᠢᠶᠡᠨ ᠳᠤ ᠵᠠᠷᠯᠠᠨ ᠮᠡᠳᠡᠭᠳᠡᠨ᠎ᠡ᠃ ︵ᠪᠣᠳᠠᠲᠠᠶ ᠬᠤᠪᠢ ᠪᠤᠳᠤᠬᠤ ᠪᠠᠷᠢᠮᠵᠢᠶ᠎ᠠ ᠶᠢ ᠳᠠᠭᠠᠯᠳᠤᠭᠤᠯᠤᠯ 1 ᠳᠤ ᠦᠵᠡ︶  2. ᠬᠤᠪᠢ ᠤᠯᠭᠤᠬᠤ ᠳᠤ ᠰᠠᠷ᠎ᠠ ᠪᠦᠷᠢ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠭᠡᠷ᠎ᠡ ᠲᠣᠭᠲᠠᠭᠰᠠᠨ ᠲᠥᠷᠥᠯ ᠵᠦᠢᠯ ᠤᠨ ᠬᠠᠮᠢᠶ᠎ᠠ ᠪᠥᠬᠦᠶ ᠬᠢᠨᠠᠨ ᠵᠥᠪᠰᠢᠶᠡᠷᠡᠭᠰᠡᠨ ᠪᠢᠴᠢᠭ ᠮᠠᠲ᠋ᠧᠷᠢᠶᠠᠯ᠂ ᠮᠠᠲ᠋ᠧᠷᠢᠶᠠᠯ᠂ ᠬᠠᠷᠠᠭᠠᠯᠵᠠᠭᠰᠠᠨ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ  ᠭᠡᠷᠡᠴᠢᠯᠡᠭᠰᠡᠨ ᠮᠠᠲ᠋ᠧᠷᠢᠶᠠᠯ ︵ᠪᠣᠶ ᠪᠥᠬᠦᠶ ᠮᠠᠲ᠋ᠧᠷᠢᠶᠠᠯ ᠳᠤ ᠡᠷᠬᠡᠪᠰᠢ ᠠᠯᠪᠠᠨ ᠲᠠᠮᠠᠭ᠎ᠠ ᠳᠠᠷᠤᠬᠤ ᠶᠢᠨ ᠬᠠᠮᠲᠤ ᠬᠠᠩᠭᠠᠭᠰᠠᠨ ᠭᠡᠷᠡᠴᠢᠯᠡᠬᠦ ᠮᠠᠲ᠋ᠧᠷᠢᠶᠠᠯ ᠤᠨ ᠦᠨᠡᠨ ᠪᠣᠳᠠᠲᠤ ᠴᠢᠨᠠᠷ ᠢ ᠪᠠᠲᠤᠯᠠᠭᠰᠠᠨ ᠪᠠᠶᠢᠬᠤ ᠬᠡᠷᠡᠭᠲᠡᠢ︶ ᠢ ᠳᠠᠷᠠᠭ᠎ᠠ ᠰᠠᠷ᠎ᠠ ᠶᠢᠨ ᠬᠢᠨᠢ 3 ᠤ ᠡᠳᠦᠷ ᠠᠴᠠ ᠡᠮᠦᠨ᠎ᠡ ᠬᠤᠲᠠ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠲᠤ ᠮᠡᠳᠡᠭᠦᠯᠦᠨ  ᠬᠦᠷᠭᠡᠭᠰᠡᠨ ᠢ ᠦᠨᠳᠦᠰᠦᠯᠡᠵᠦ᠂ ᠴᠠᠭ ᠲᠤᠬᠠᠶ ᠳᠠᠭᠠᠨ ᠮᠡᠳᠡᠭᠦᠯᠦᠨ ᠬᠦᠷᠭᠡᠭᠰᠡᠨ ᠥᠬᠡᠶ ᠪᠠᠶᠢᠪᠠᠯ ᠪᠠᠲᠤᠯᠠᠨ ᠮᠠᠭᠠᠳᠯᠠᠨ ᠲᠣᠭᠲᠠᠭᠠᠬᠤ ᠥᠬᠡᠶ᠃ ᠦᠨᠡᠯᠡᠨ ᠰᠢᠯᠭᠠᠬᠤ ᠶᠢ ᠲᠤᠬᠠᠶ ᠶᠢᠨ ᠭᠠᠵᠠᠷ ᠲᠤᠨᠢ ᠦᠨᠡᠯᠡᠬᠦ ᠪᠠ ᠭᠡᠷᠡᠴᠢᠯᠡᠬᠦ ᠮᠠᠲ᠋ᠧᠷᠢᠶᠠᠯ ᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠭᠤᠯᠤᠨ᠎ᠠ᠃       ︵ᠬᠤᠶᠠᠷ︶ ᠤᠯᠠᠷᠢᠯ ᠤᠨ  ᠠᠮᠠᠯᠯᠠᠲᠠ ᠪᠠᠨ ᠪᠡᠶᠡᠯᠡᠭᠦᠯᠬᠦ ᠳᠤ ᠡᠯ᠎ᠡ ᠤᠯᠠᠷᠢᠯ ᠤᠨ ᠤᠯᠤᠭᠰᠠᠨ ᠬᠤᠪᠢ ︵ᠭᠤᠷᠪᠠᠨ ᠰᠠᠷ᠎ᠠ ᠶᠢᠨ ᠨᠡᠶᠢᠯᠡᠪᠦᠷᠢ︶ ᠶᠢ ᠦᠨᠳᠦᠰᠦᠯᠡᠨ ᠨᠡᠷᠡᠰ ᠤᠨ ᠵᠢᠭᠰᠠᠭᠠᠯᠲᠠ ᠬᠢᠵᠦ᠂ ᠡᠮᠦᠨ᠎ᠡ ᠭᠤᠷᠪᠠ ᠳᠤ ᠵᠢᠭᠰᠠᠭᠠᠭᠳᠠᠭᠰᠠᠨ ᠭᠠᠵᠠᠷ ᠣᠷᠣᠨ ᠳᠤ ᠲᠣᠰ ᠲᠣᠰ 200 ᠲᠦᠮᠡᠨ ᠲᠥᠭᠦᠷᠢᠭ᠂ 100 ᠲᠦᠮᠡᠨ ᠲᠥᠭᠦᠷᠢᠭ᠂ 50 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ ᠬᠠᠮᠤᠭ ᠤᠨ ᠰᠡᠭᠦᠯ ᠳᠤ ᠵᠢᠭᠰᠠᠭᠠᠭᠳᠠᠭᠰᠠᠨ ᠭᠠᠵᠠᠷ ᠣᠷᠣᠨ ᠢ ᠪᠥᠬᠦ ᠬᠤᠲᠠ ᠶᠢᠨ ᠬᠡᠪᠴᠢᠶᠡᠨ ᠳᠤ ᠵᠠᠷᠯᠠᠨ ᠰᠢᠭᠦᠮᠵᠢᠯᠡᠨ᠎ᠡ᠃ ᠣᠯᠤᠭᠰᠠᠨ ᠱᠠᠩᠨᠠᠯ ᠤᠨ ᠮᠥᠩᠭᠦ ᠶᠢ ᠡᠯ᠎ᠡ ᠭᠠᠵᠠᠷ ᠣᠷᠣᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠬᠠᠮᠢᠶ᠎ᠠ ᠪᠥᠬᠦᠶ ᠠᠵᠢᠯ ᠳᠤ ᠬᠡᠷᠡᠭᠯᠡᠨ᠎ᠡ᠃       ︵ᠭᠤᠷᠪᠠ︶ ᠵᠢᠯ ᠤᠨ ᠡᠴᠦᠰ ᠤᠨ ᠦᠨᠡᠯᠡᠨ ᠰᠢᠯᠭᠠᠯᠲᠠ   1. ᠬᠤᠪᠢ ᠲᠣᠭᠲᠠᠭᠠᠬᠤ ᠠᠷᠭ᠎ᠠ ᠶᠢ ᠣᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠤᠭᠰᠠᠨ ᠦᠷ᠎ᠡ ᠪᠦᠲᠦᠮᠵᠢ ᠶᠢᠨ ᠬᠤᠪᠢ ᠪᠠ ᠱᠠᠩᠨᠠᠯ ᠤᠨ ᠨᠡᠮᠡᠬᠦ ᠬᠤᠪᠢ ᠨᠢ ᠬᠤᠶᠠᠷ ᠬᠡᠰᠡᠭ ᠢᠶᠠᠷ ᠪᠦᠷᠢᠯᠳᠦᠭᠦᠯᠦᠨ᠎ᠡ᠃ ᠣᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠤᠭᠰᠠᠨ ᠦᠷ᠎ᠡ ᠪᠦᠲᠦᠮᠵᠢ ᠶᠢᠨ ᠬᠤᠪᠢ ᠳᠤ᠄ ᠵᠢᠯ ᠤᠨ ᠡᠬᠢᠨ ᠳᠤ ᠬᠤᠲᠠ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠠᠭᠤᠯᠭᠠᠭᠰᠠᠨ ᠡᠭᠦᠷᠭᠡ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠤᠨ ᠣᠯᠤᠭᠰᠠᠨ ᠬᠤᠪᠢ ᠪᠠ ᠰᠠᠷ᠎ᠠ ᠶᠢᠨ ᠨᠡᠷᠡᠰ ᠤᠨ ᠵᠢᠭᠰᠠᠭᠠᠯᠲᠠ ᠶᠢᠨ ᠨᠡᠶᠢᠲᠡ ᠬᠤᠪᠢ ᠪᠠᠭᠲᠠᠨ᠎ᠠ᠃ ︵ᠪᠣᠳᠠᠲᠠᠶ ᠬᠤᠪᠢ ᠪᠤᠳᠤᠬᠤ ᠪᠠᠷᠢᠮᠵᠢᠶ᠎ᠠ ᠶᠢ ᠳᠠᠭᠠᠯᠳᠤᠭᠤᠯᠤᠯ 1 ᠳᠤ ᠦᠵᠡ︶ 2. ᠬᠤᠪᠢ ᠲᠣᠭᠲᠠᠭᠠᠬᠤ ᠦᠨᠳᠦᠰᠦᠯᠡᠯ   ︵1︶ ᠣᠨ ᠤ ᠦᠨᠡᠯᠡᠨ ᠰᠢᠯᠭᠠᠬᠤ ᠳᠤ ᠬᠡᠷᠡᠭᠰᠡᠬᠦ ᠮᠠᠲ᠋ᠧᠷᠢᠶᠠᠯ ᠢ ᠡᠷᠬᠡᠪᠰᠢ ᠳᠠᠷᠠᠭ᠎ᠠ ᠵᠢᠯ ᠤᠨ 1 ᠳ᠋ᠤᠭᠡᠷ ᠰᠠᠷ᠎ᠠ ᠶᠢᠨ 15 ᠤ ᠡᠳᠦᠷ ᠠᠴᠠ ᠡᠮᠦᠨ᠎ᠡ ᠬᠤᠲᠠ ᠶᠢᠨ ᠬᠤᠳᠠᠯᠳᠤᠭᠠᠴᠢᠨ ᠤᠷᠢᠵᠤ ᠪᠠᠯᠠ ᠤᠷᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠲᠤ ᠮᠡᠳᠡᠭᠦᠯᠦᠨ ᠬᠦᠷᠭᠡᠵᠦ᠂ ᠴᠠᠭ ᠲᠤᠬᠠᠶ ᠳᠠᠭᠠᠨ ᠮᠡᠳᠡᠭᠦᠯᠦᠨ ᠬᠦᠷᠭᠡᠭᠰᠡᠨ ᠥᠬᠡᠶ ᠪᠠᠶᠢᠪᠠᠯ  ᠪᠠᠲᠤᠯᠠᠨ ᠲᠣᠭᠲᠠᠭᠠᠬᠤ ᠥᠬᠡᠶ᠃   ︵2︶ ᠬᠤᠲᠠ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ ᠭᠤᠤᠯᠳᠠᠭᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠣᠳᠠᠲᠠᠶᠢᠵᠢᠭᠤᠯᠤᠭᠰᠠᠨ ᠪᠠᠯᠠ ᠮᠥᠩᠭᠦ᠂ ᠲᠥᠷᠥᠯ ᠵᠦᠢᠯ ᠢ ᠬᠢᠨᠠᠨ ᠵᠥᠪᠰᠢᠶᠡᠷᠡᠬᠦ ᠵᠡᠷᠭᠡ ᠬᠠᠮᠢᠶ᠎ᠠ ᠪᠥᠬᠦᠶ ᠮᠠᠲ᠋ᠧᠷᠢᠶᠠᠯ᠂ ᠪᠢᠴᠢᠭ ᠮᠠᠲ᠋ᠧᠷᠢᠶᠠᠯ ᠢ ᠰᠢᠯᠭᠠᠨ ᠬᠢᠨᠠᠵᠤ᠂  ᠦᠨᠡᠯᠡᠨ ᠰᠢᠯᠭᠠᠬᠤ ᠳᠤ ᠤᠷᠤᠯᠴᠠᠬᠤ ᠨᠢᠭᠡᠴᠡ ᠶᠢᠨ ᠮᠠᠲ᠋ᠧᠷᠢᠶᠠᠯ ᠢ ᠬᠢᠨᠠᠨ ᠬᠠᠷᠭᠤᠭᠤᠯᠬᠤ ᠶᠢᠨ ᠬᠠᠮᠲᠤ  ᠦᠨᠡᠯᠡᠨ ᠰᠢᠯᠭᠠᠬᠤ ᠭᠦᠢᠴᠡᠳᠭᠡᠯ ᠲᠤᠭ᠎ᠠ ᠶᠢ ᠦᠨᠳᠦᠰᠦᠯᠡᠨ  ᠶᠡᠷᠦᠩᠬᠡᠢ ᠬᠤᠪᠢ ᠥᠭᠴᠦ᠂ ᠵᠢᠯ ᠤᠨ ᠡᠴᠦᠰ ᠤᠨ ᠦᠨᠡᠯᠡᠨ ᠰᠢᠯᠭᠠᠭᠰᠠᠨ ᠦᠷ᠎ᠡ ᠳ᠋ᠦᠩ ᠢ ᠵᠠᠷᠯᠠᠬᠤ ᠶᠢᠨ ᠬᠠᠮᠲᠤ ᠱᠠᠩᠨᠠᠵᠤ ᠲᠤᠷᠭᠠᠨ᠎ᠠ᠃  3.ᠦᠨᠡᠯᠡᠨ ᠰᠢᠯᠭᠠᠵᠤ ᠱᠠᠩᠨᠠᠵᠤ ᠲᠣᠷᠭᠠᠬᠤ   ︵1︶ ᠵᠢᠯ ᠤᠨ ᠡᠴᠦᠰ ᠤᠨ ᠦᠨᠡᠯᠡᠨ ᠰᠢᠯᠭᠠᠬᠤ ᠳᠤ ᠡᠮᠦᠨ᠎ᠡ ᠭᠤᠷᠪᠠ ᠳᠤ ᠤᠷᠤᠭᠰᠠᠨ ᠭᠠᠵᠠᠷ ᠣᠷᠣᠨ ᠢ ᠵᠠᠷᠯᠠᠨ ᠬᠥᠬᠢᠭᠦᠯᠵᠦ᠂ ︽ᠬᠤᠳᠠᠯᠳᠤᠭᠠᠴᠢᠨ ᠤᠷᠢᠵᠤ ᠪᠡᠯᠡ ᠣᠷᠣᠭᠤᠯᠤᠭᠰᠠᠨ ᠰᠢᠯᠢᠳᠡᠭ ᠭᠠᠵᠠᠷ ᠣᠷᠣᠨ ᠤ ᠱᠠᠩᠨᠠᠯ︾ ᠣᠯᠭᠤᠵᠤ᠂ ᠭᠠᠵᠠᠷ ᠣᠷᠣᠨ ᠳᠤ ᠲᠤᠰ ᠲᠤᠰ 2000 ᠲᠦᠮᠡᠨ ᠲᠥᠭᠦᠷᠢᠭ᠂ 1000 ᠲᠦᠮᠡᠨ ᠲᠥᠭᠦᠷᠢᠭ᠂ 500 ᠲᠦᠮᠡᠨ ᠲᠥᠭᠦᠷᠢᠭ ᠤᠨ ᠱᠠᠩᠨᠠᠯ ᠣᠯᠭᠤᠵᠤ᠂ ᠤᠯᠭᠤᠭᠰᠠᠨ ᠱᠠᠩᠨᠠᠯ ᠤᠨ ᠮᠥᠩᠭᠦ ᠶᠢ ᠲᠤᠰ ᠭᠠᠵᠠᠷ ᠣᠷᠣᠨ ᠤ ᠲᠥᠷᠥ ᠶᠢᠨ ᠪᠤᠳᠤᠯᠭ᠎ᠠ ᠪᠠᠨ ᠪᠡᠶᠡᠯᠡᠭᠦᠯᠬᠦ᠂ ᠪᠤᠲᠠᠲᠠᠢ ᠣᠷᠣᠨ ᠵᠠᠶ ᠶᠢ ᠲᠦᠷᠢᠶᠡᠰᠦᠯᠡᠨ ᠬᠡᠷᠡᠭᠯᠡᠬᠦ᠂ ᠭᠠᠳᠠᠷ ᠤᠷᠤᠨ ᠳᠤ ᠰᠠᠭᠤᠭ᠎ᠠ ᠬᠥᠮᠦᠰ ᠤᠨ ᠠᠮᠢᠳᠤᠷᠠᠯ ᠤᠨ ᠨᠥᠬᠦᠪᠥᠷᠢ ᠵᠡᠷᠭᠡ ᠲᠤᠬᠠᠶ ᠶᠢᠨ ᠭᠠᠵᠠᠷ ᠤᠨ ᠬᠤᠳᠠᠯᠳᠤᠭᠠᠴᠢᠨ ᠤᠷᠢᠬᠤ ᠠᠵᠢᠯ ᠢ ᠠᠬᠢᠭᠤᠯᠬᠤ ᠲᠣᠭᠲᠠᠭᠠᠯ ᠳᠤ ᠨᠡᠶᠢᠴᠡᠬᠦ ᠴᠢᠨᠠᠷᠲᠠᠶ ᠵᠠᠷᠤᠯᠭ᠎ᠠ ᠳᠤ ᠬᠡᠷᠡᠭᠯᠡᠨ᠎ᠡ᠃  ︵2︶ ᠵᠢᠯ ᠤᠨ ᠡᠴᠦᠰ ᠲᠤ ᠪᠥᠬᠦ ᠬᠤᠲᠠ ᠶᠢᠨ ᠬᠡᠪᠴᠢᠶᠡᠨ ᠳᠤ 80 ᠬᠤᠳᠠᠯᠳᠤᠭᠠᠴᠢᠨ ᠤᠷᠢᠵᠤ ᠪᠠᠯᠠ ᠣᠷᠣᠭᠤᠯᠤᠭᠰᠠᠨ ᠲᠡᠷᠢᠭᠦᠨ ᠤ ᠬᠤᠪᠢ ᠬᠥᠮᠦᠨ ᠢ ᠰᠢᠯᠭᠠᠷᠠᠭᠤᠯᠤᠨ ᠭᠠᠷᠭᠠᠵᠤ᠂ ︽ᠬᠤᠳᠠᠯᠳᠤᠭᠠᠴᠢᠨ ᠤᠷᠢᠵᠤ ᠪᠠᠯᠠ ᠣᠷᠣᠭᠤᠯᠤᠭᠰᠠᠨ ᠰᠢᠯᠢᠳᠡᠭ ᠬᠤᠪᠢ ᠬᠥᠮᠦᠨ ᠤ ᠱᠠᠩᠨᠠᠯ︾ ᠣᠯᠭᠤᠨ᠎ᠠ᠃  ︵3︶ ᠵᠢᠯ ᠤᠨ ᠡᠴᠦᠰ ᠤᠨ ᠦᠨᠡᠯᠡᠨ ᠰᠢᠯᠭᠠᠯᠲᠠ ᠶᠢᠨ ᠦᠷ᠎ᠡ ᠳ᠋ᠦᠩ ᠢ ᠺᠠᠳ᠋ᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠠᠵᠢᠯ ᠤᠨ ᠴᠢᠬᠤᠯᠠ ᠦᠨᠳᠦᠰᠦᠯᠡᠯ ᠤᠨ ᠨᠢᠭᠡ ᠪᠣᠯᠭᠠᠨ᠎ᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠳᠤᠮᠳᠠ ᠲᠤᠪᠤᠶᠢᠮ᠎ᠠ ᠠᠮᠵᠢᠯᠲᠠ ᠪᠦᠲᠦᠮᠵᠢ ᠲᠠᠢ ᠺᠠᠳ᠋ᠷ ᠢ ᠡᠩ ᠲᠡᠷᠢᠭᠦᠨ ᠳᠤ ᠳᠡᠪᠰᠢᠭᠦᠯᠦᠨ ᠬᠡᠷᠡᠭᠯᠡᠨ᠎ᠡ᠃  ︵4︶ ᠬᠤᠳᠠ ᠶᠢᠨ ᠨᠠᠮ ᠤᠨ ᠬᠤᠷᠢᠶᠠᠨ ᠤ ᠣᠨ ᠤ ᠦᠨᠡᠯᠡᠨ ᠰᠢᠯᠭᠠᠯᠲᠠ ᠳᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠬᠠᠷᠢᠴᠠᠯ ᠢ ᠨᠡᠮᠡᠭᠳᠡᠭᠦᠯᠦᠨ᠎ᠡ᠃ ︽ᠨᠢᠭᠡ ᠪᠢᠯᠧᠲ ᠢᠶᠠᠷ ᠦᠭᠡᠶᠢᠰᠬᠡᠬᠦ︾ ᠪᠠᠶᠢᠳᠠᠯ ᠪᠠᠶᠢᠬᠤ ᠥᠬᠡᠶ ᠰᠠᠭᠤᠷᠢᠨ ᠳᠡᠭᠡᠷ᠎ᠡ᠂ ︽ᠨᠠᠮ ᠵᠠᠰᠠᠭ ᠤᠨ ᠤᠳᠤᠷᠢᠳᠬᠤ ᠺᠠᠳ᠋ᠷ ᠢ ᠦᠨᠡᠯᠡᠨ ᠰᠢᠯᠭᠠᠬᠤ ᠠᠵᠢᠯ ᠤᠨ ᠲᠦᠷᠢᠮ︾ ᠤᠨ ᠬᠠᠮᠢᠶ᠎ᠠ ᠪᠥᠬᠦᠶ ᠲᠣᠭᠲᠠᠭᠠᠯ ᠶᠣᠰᠣᠭᠠᠷ᠂ ᠲᠤᠬᠠᠶ ᠶᠢᠨ ᠵᠢᠯ ᠳᠤ ᠬᠤᠳᠠᠯᠳᠤᠭᠠᠴᠢᠨ ᠤᠷᠢᠵᠤ ᠪᠠᠯᠠ ᠣᠷᠣᠭᠤᠯᠤᠭᠰᠠᠨ ᠰᠢᠯᠢᠳᠡᠭ ᠭᠠᠵᠠᠷ ᠣᠷᠣᠨ  ᠢᠶᠠᠷ ᠦᠨᠡᠯᠡᠭᠳᠡᠭᠰᠡᠨ ᠭᠠᠵᠠᠷ ᠤᠷᠤᠨ ᠤ ᠨᠠᠮ ᠵᠠᠰᠠᠭ ᠤᠨ ᠭᠤᠤᠯ ᠬᠠᠷᠢᠭᠤᠴᠠᠯᠭᠠᠲᠠᠨ ᠢ ᠬᠥᠬᠢᠭᠦᠯᠦᠨ ᠱᠠᠩᠨᠠᠨ᠎ᠠ︔ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠶᠢ ᠤᠷᠢᠳ ᠢᠶᠠᠷ ᠰᠢᠯᠢᠳᠡᠭ ᠢᠶᠠᠷ ᠰᠢᠯᠭᠠᠷᠠᠭᠤᠯᠬᠤ ᠪᠤᠶᠤ ᠰᠠᠶᠢᠰᠢᠶᠠᠨ ᠬᠥᠬᠢᠭᠦᠯᠦᠨ᠎ᠡ︔ ᠡᠭᠦᠨ ᠤ ᠬᠠᠮᠲᠤ᠂ ᠰᠢᠯᠢᠳᠡᠭ ᠪᠤᠶᠤ ᠬᠥᠬᠢᠭᠦᠯᠦᠯ ᠭᠥᠷᠳᠡᠭᠰᠡᠨ ᠤᠳᠤᠷᠢᠳᠤᠯᠭ᠎ᠠ ᠶᠢ ᠲᠤᠰᠢᠶᠠᠯ ᠳᠡᠪᠰᠢᠬᠦ᠂ ᠲᠤᠰᠢᠶᠠᠯ ᠤᠨ ᠲᠠᠰ ᠳᠡᠪᠰᠢᠬᠦ ᠳᠤ ᠤᠷᠢᠳ ᠢᠶᠠᠷ ᠪᠣᠳᠣᠯᠬᠢᠯᠠᠨ᠎ᠠ᠃  ︵5︶ ᠣᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠡᠭᠦᠷᠭᠡ ᠪᠠᠨ ᠪᠡᠶᠡᠯᠡᠭᠦᠯᠦᠭᠰᠡᠨ ᠥᠬᠡᠶ ᠮᠥᠷᠲᠡᠭᠡᠨ ᠵᠢᠯ ᠤᠨ ᠡᠴᠦᠰ ᠲᠤ ᠬᠠᠮᠤᠭ ᠤᠨ ᠰᠡᠭᠦᠯ ᠳᠤ ᠵᠢᠭᠰᠠᠭᠠᠭᠳᠠᠭᠰᠠᠨ ᠭᠠᠵᠠᠷ ᠣᠷᠣᠨ ᠢ ᠪᠥᠬᠦ ᠬᠤᠲᠠ ᠳᠤ ᠵᠠᠷᠯᠠᠨ ᠰᠢᠭᠦᠮᠵᠢᠯᠡᠵᠦ᠂ ᠵᠢᠯ ᠤᠨ ᠡᠴᠦᠰ ᠤᠨ ᠦᠨᠡᠯᠡᠨ ᠰᠢᠯᠭᠠᠯᠲᠠ ᠶᠢ ᠰᠢᠯᠢᠳᠡᠭ ᠲᠠᠰ ᠢᠶᠠᠷ ᠦᠨᠡᠯᠡᠵᠦ ᠪᠣᠯᠬᠤ ᠥᠬᠡᠶ ᠪᠥᠭᠡᠳ ᠭᠤᠤᠯ ᠤᠳᠤᠷᠢᠳᠤᠯᠭ᠎ᠠ ᠶᠢ ᠺᠠᠳ᠋ᠷ ᠤᠨ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠢᠨ ᠶᠣᠰᠣᠭᠠᠷ ᠪᠣᠯᠵᠣᠨ ᠶᠠᠷᠢᠯᠴᠠᠬᠤ ᠪᠤᠶᠤ ᠬᠠᠷᠢᠭᠤᠴᠠᠯᠭ᠎ᠠ ᠨᠡᠬᠡᠮᠵᠢᠯᠡᠨ᠎ᠡ᠃  ︵6︶ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠠᠯ᠎ᠠ ᠪᠠᠷ ᠵᠣᠯᠭᠠᠯᠳᠤᠭᠤᠯᠬᠤ ᠨᠢ ᠰᠠᠨᠠᠭᠠᠴᠢᠯᠠᠭ᠎ᠠ ᠲᠠᠢ ᠪᠢᠰᠢ᠂ ᠠᠵᠢᠯᠯᠠᠭ᠎ᠠ ᠨᠢ ᠲᠦᠷᠭᠡᠨ ᠪᠢᠰᠢ᠂ ᠴᠠᠭ ᠲᠤᠬᠠᠶ ᠳᠤᠨᠢ ᠵᠣᠬᠢᠴᠠᠭᠤᠯᠤᠭᠰᠠᠨ ᠥᠬᠡᠶ ᠵᠡᠷᠭᠡ ᠪᠠᠶᠢᠳᠠᠯ ᠣᠷᠣᠰᠢᠵᠤ᠂ ᠦᠢᠯᠡᠴᠢᠯᠡᠬᠦ ᠡᠲᠡᠭᠡᠳ ᠲᠤ ᠵᠠᠭᠠᠯᠳᠤᠭᠳᠠᠵᠤ᠂ ᠪᠥᠬᠦ ᠬᠤᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠳᠤ ᠮᠠᠭᠤ ᠨᠥᠯᠥᠭᠡ ᠤᠴᠠᠷᠠᠭᠤᠯᠤᠭᠰᠠᠨ ᠪᠠᠶᠢᠪᠠᠯ᠂ ᠪᠠᠶᠢᠴᠠᠭᠠᠵᠤ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠪᠤᠶᠤ ᠵᠣᠬᠢᠶᠠᠨ  ᠪᠠᠶᠢᠭᠤᠯᠤᠯᠲᠠ ᠠᠵᠢᠯᠲᠠᠨ ᠤ ᠶᠠᠪᠤᠳᠠᠯ ᠤᠨ ᠰᠠᠯᠠᠭ᠎ᠠ ᠮᠥᠴᠢᠷ ᠠᠴᠠ ᠰᠢᠢᠳᠪᠦᠷᠢᠯᠡᠨ᠎ᠡ᠃       ᠭᠤᠷᠪᠠ᠂ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠢ ᠦᠨᠡᠯᠡᠨ ᠰᠢᠯᠭᠠᠬᠤ        ︵ᠨᠢᠭᠡ︶  ᠦᠨᠡᠯᠡᠨ ᠰᠢᠯᠭᠠᠬᠤ ᠠᠷᠭ᠎ᠠ ᠮᠠᠶ᠋ᠢᠭ᠄ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠲᠤ  ᠦᠨᠡᠯᠡᠨ ᠰᠢᠯᠭᠠᠬᠤ ᠠᠭᠤᠯᠭ᠎ᠠ ᠪᠠ ᠬᠤᠪᠢ ᠲᠣᠭᠲᠠᠭᠠᠬᠤ ᠠᠷᠭ᠎ᠠ ᠶᠢ ᠦᠨᠳᠦᠰᠦᠯᠡᠨ ᠬᠠᠭᠠᠰ ᠵᠢᠯ ᠢᠶᠠᠷ ᠮᠡᠳᠡᠭᠡᠯᠡᠬᠦ᠂ ᠵᠢᠯ ᠤᠨ ᠡᠴᠦᠰ ᠤᠨ  ᠦᠨᠡᠯᠡᠨ ᠰᠢᠯᠭᠠᠬᠤ ᠠᠷᠭ᠎ᠠ ᠮᠠᠶ᠋ᠢᠭ ᠢ  ᠬᠡᠷᠡᠭᠯᠡᠨ᠎ᠡ᠃       ︵ᠬᠤᠶᠠᠷ︶ ᠦᠨᠡᠯᠡᠨ ᠰᠢᠯᠭᠠᠬᠤ ᠠᠭᠤᠯᠭ᠎ᠠ᠄ ᠬᠥᠬᠡᠬᠤᠲᠠ ᠳᠤ ᠢᠷᠡᠵᠦ ᠪᠠᠯᠠ ᠣᠷᠣᠭᠤᠯᠤᠭᠰᠠᠨ ᠠᠵᠤ ᠠᠬᠤᠶᠢᠯᠠᠯ ᠵᠢᠴᠢ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠢᠯ  ᠳᠤ ᠦᠢᠯᠡᠴᠢᠯᠡᠭᠰᠡᠨ ᠤ ᠪᠠᠶᠢᠳᠠᠯ᠂ ᠡᠭᠦᠨ ᠳᠤ ᠬᠠᠤᠯᠢ ᠶᠣᠰᠣᠭᠠᠷ ᠠᠵᠢᠯᠯᠠᠬᠤ᠂ ᠲᠥᠪ ᠭᠤᠤᠯᠴᠢ ᠠᠷᠢᠭᠤᠨ ᠴᠢᠬᠡᠴᠢ ᠪᠠᠶᠢᠬᠤ᠂ ᠦᠢᠯᠡᠴᠢᠯᠡᠭᠡᠨ ᠤ ᠶᠠᠰᠤ ᠴᠢᠨᠠᠷ᠂ ᠠᠵᠢᠯ ᠤᠨ ᠠᠰᠢᠭᠯᠠᠮᠵᠢ᠂ ᠠᠵᠢᠯ ᠤᠨ ᠦᠷ᠎ᠡ ᠪᠦᠲᠦᠮᠵᠢ ᠪᠠᠭᠲᠠᠨ᠎ᠠ︔ ᠰᠠᠶᠢᠨ ᠰᠠᠶᠢᠬᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠤᠢ ᠪᠣᠯᠭᠠᠬᠤ ᠶᠢᠨ ᠬᠠᠮᠲᠤ ᠬᠤᠯᠪᠣᠭᠳᠠᠯ ᠪᠦᠬᠦᠢ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠴᠠᠭ ᠲᠤᠬᠠᠶ ᠳᠤᠨᠢ ᠨᠡᠶᠢᠲᠡᠯᠡᠵᠦ᠂ ᠭᠠᠳᠠᠭᠰᠢ ᠦᠢᠯᠡᠴᠢᠯᠡᠵᠦ ᠵᠣᠬᠢᠴᠠᠭᠤᠯᠬᠤ ᠠᠵᠢᠯ ᠢ ᠨᠠᠷᠢᠨ ᠬᠢᠨᠠᠮᠠᠭᠠᠢ ᠬᠢᠭᠰᠡᠨ ᠵᠡᠷᠭᠡ  ᠶᠡᠷᠦᠩᠬᠡᠢ ᠬᠦᠴᠦᠨ ᠵᠦᠢᠯ ᠳᠤ ᠦᠨᠡᠯᠡᠨ ᠰᠢᠯᠭᠠᠯᠲᠠ ᠬᠢᠨ᠎ᠡ᠃       ︵ᠭᠤᠷᠪᠠ︶ ᠬᠤᠪᠢ ᠤᠯᠭᠤᠬᠤ ᠠᠷᠭ᠎ᠠ᠄ ᠡᠯ᠎ᠡ ᠭᠠᠵᠠᠷ ᠣᠷᠣᠨ ᠠᠴᠠ ᠦᠨᠡᠯᠡᠬᠦ ᠪᠠ ᠨᠡᠶᠢᠭᠡᠮ ᠠᠴᠠ ᠦᠨᠡᠯᠡᠬᠦ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠬᠡᠷᠡᠭᠯᠡᠨ᠎ᠡ᠃  1. ᠡᠯ᠎ᠡ ᠭᠠᠵᠠᠷ ᠣᠷᠣᠨ ᠤ ᠦᠨᠡᠯᠡᠯᠲᠡ ︵40 ᠬᠤᠪᠢ︶᠄ ᠡᠯ᠎ᠡ ᠬᠤᠰᠢᠭᠤ ᠰᠢᠶᠠᠨ ᠲᠣᠭᠤᠷᠢᠭ᠂ ᠬᠥᠬᠡᠬᠤᠲᠠ ᠶᠢᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠠᠴᠠ ᠬᠤᠯᠪᠤᠭᠳᠠᠯ ᠪᠥᠬᠦᠶ ᠰᠠᠯᠠᠭ᠎ᠠ ᠮᠥᠴᠢᠷ ᠲᠤ ᠦᠨᠡᠯᠡᠯᠲᠡ ᠬᠢᠵᠦ᠂ ᠪᠦᠬᠦ 40 ᠬᠤᠪᠢ ᠪᠠᠶᠢᠵᠤ᠂ ᠪᠣᠳᠠᠲᠠᠶ ᠦᠨᠡᠯᠡᠭᠰᠡᠨ ᠦᠷ᠎ᠡ ᠳ᠋ᠦᠩ ᠢᠶᠠᠷ ᠲᠡᠭᠰᠢᠳᠬᠡᠭᠰᠡᠨ ᠬᠤᠪᠢ ᠶᠢ ᠪᠤᠳᠤᠨ᠎ᠠ᠃  2. ᠨᠡᠶᠢᠭᠡᠮ ᠤᠨ ᠦᠨᠡᠯᠡᠯᠲᠡ ︵60 ᠬᠤᠪᠢ︶᠄ ᠭᠤᠷᠪᠠᠳᠠᠬᠢ ᠡᠲᠡᠭᠡᠳ ᠤᠨ ᠡᠷᠬᠡ ᠰᠦᠷᠲᠦ ᠪᠠᠶᠢᠭᠤᠯᠤᠮᠵᠢ ᠠᠴᠠ ᠲᠤᠰᠬᠠᠶ ᠮᠡᠷᠭᠡᠵᠢᠯ ᠤᠨ ᠶᠡᠷᠦᠩᠬᠡᠶᠢᠯᠡᠭᠰᠡᠨ ᠰᠢᠯᠭᠠᠨ ᠲᠣᠭᠲᠠᠭᠠᠯᠲᠠ ᠬᠢᠨ᠎ᠠ᠂  ᠪᠦᠬᠦ 60 ᠬᠤᠪᠢ᠃      ︵ᠳᠥᠷᠪᠡ︶ ᠦᠨᠡᠯᠡᠨ ᠰᠢᠯᠭᠠᠵᠤ ᠱᠠᠩᠨᠠᠵᠤ ᠲᠣᠷᠭᠠᠬᠤ  1. ᠵᠢᠯ ᠤᠨ ᠡᠴᠦᠰ ᠤᠨ  ᠦᠨᠡᠯᠡᠨ ᠰᠢᠯᠭᠠᠯᠲᠠ ᠳᠤ᠂ ᠰᠡᠳᠬᠢᠯ ᠤᠨ ᠬᠠᠨᠤᠮᠵᠢᠲᠠᠶ ᠬᠡᠮᠵᠢᠶ᠎ᠡ ᠶᠢ ᠰᠢᠯᠭᠠᠨ ᠲᠣᠭᠲᠠᠭᠠᠬᠤ ᠳᠤ ᠡᠮᠦᠨ᠎ᠡ ᠵᠢᠷᠭᠤᠭ᠎ᠠ ᠳᠤ ᠣᠷᠣᠭᠰᠠᠨ ᠰᠠᠯᠠᠭ᠎ᠠ ᠮᠥᠴᠢᠷ ᠢ ᠵᠠᠷᠯᠠᠨ ᠬᠥᠬᠢᠭᠦᠯᠵᠦ᠂ ︽ᠬᠤᠳᠠᠯᠳᠤᠭᠠᠴᠢᠨ ᠤᠷᠢᠵᠤ ᠪᠠᠯᠠ ᠤᠷᠤᠭᠤᠯᠬᠤ ᠰᠢᠯᠢᠳᠡᠭ ᠦᠢᠯᠡᠴᠢᠯᠡᠭᠡᠨ ᠤ ᠱᠠᠩᠨᠠᠯ︾ ᠣᠯᠭᠤᠵᠤ᠂ ᠰᠠᠯᠠᠭ᠎ᠠ ᠮᠥᠴᠢᠷ ᠲᠤ ᠲᠣᠰ ᠲᠣᠰ 100 ᠲᠦᠮᠡᠨ ᠲᠥᠭᠦᠷᠢᠭ ︵1 ᠬᠥᠮᠦᠨ︶᠂ 50 ᠲᠦᠮᠡᠨ ᠲᠥᠭᠦᠷᠢᠭ ︵2 ᠬᠥᠮᠦᠨ︶᠂ 30 ᠲᠦᠮᠡᠨ ᠲᠥᠭᠦᠷᠢᠭ ︵3 ᠬᠥᠮᠦᠨ︶ ᠤᠨ ᠪᠠᠯᠠ ᠮᠥᠩᠭᠦ ᠶᠢᠨ ᠱᠠᠩᠨᠠᠯ ᠣᠯᠭᠤᠨ᠎ᠠ᠃  2. ᠰᠠᠯᠠᠭ᠎ᠠ ᠮᠥᠴᠢᠷ ᠤᠨ ᠤᠳᠤᠷᠢᠳᠤᠯᠭ᠎ᠠ ᠵᠢᠴᠢ ᠠᠵᠢᠯᠲᠠᠨ ᠢ ᠱᠠᠩᠨᠠᠵᠤ ᠲᠣᠷᠭᠠᠬᠤ ᠶᠢ ︽ᠭᠠᠵᠠᠷ ᠣᠷᠣᠨ ᠤ  ᠦᠨᠡᠯᠡᠨ ᠰᠢᠯᠭᠠᠬᠤ︾ ᠳᠠᠬᠢ ︽ᠦᠨᠡᠯᠡᠨ ᠰᠢᠯᠭᠠᠵᠤ ᠱᠠᠩᠨᠠᠵᠤ ᠲᠣᠷᠭᠠᠬᠤ︾ ᠶᠢᠨ ︵2︶ ︵3︶ ︵4︶ ︵5︶ ︵6︶ ᠳ᠋ᠤᠭᠠᠷ ᠵᠦᠢᠯ ᠢᠶᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃         ᠳᠥᠷᠪᠡ᠂ ᠬᠤᠳᠠᠯ  ᠬᠡᠯᠡᠨ  ᠬᠠᠭᠤᠷᠮᠠᠭ ᠵᠣᠬᠢᠶᠠᠵᠤ ᠱᠠᠩᠨᠠᠯ ᠣᠯᠤᠭᠰᠠᠨ ᠪᠤᠰᠤᠳ ᠨᠢᠭᠡᠴᠡ ᠳᠤ᠂ ᠬᠤᠲᠠ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠤᠳᠤᠷᠢᠳᠬᠤ ᠳᠤᠭᠤᠶᠢᠯᠠᠩ  ᠠᠴᠠ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠱᠠᠩᠨᠠᠯ ᠢ ᠬᠤᠷᠢᠶᠠᠨ ᠠᠪᠴᠢᠷᠠᠵᠤ᠂ ᠤᠯᠭᠤᠭᠰᠠᠨ ᠢᠷᠠᠭᠤ ᠠᠯᠳᠠᠷ ᠤᠨ ᠴᠣᠯᠠ ᠶᠢ ᠬᠦᠴᠦᠨ ᠥᠬᠡᠶ ᠪᠣᠯᠭᠠᠬᠤ ᠶᠢᠨ ᠬᠠᠮᠲᠤ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠳᠡᠪᠰᠢᠭᠦᠯᠵᠦ ᠰᠢᠭᠤᠳ ᠬᠠᠷᠢᠭᠤᠴᠠᠯᠭ᠎ᠠ ᠲᠠᠢ ᠬᠥᠮᠦᠨ ᠪᠠ ᠪᠤᠰᠤᠳ ᠬᠤᠯᠪᠣᠭᠳᠠᠯ ᠪᠥᠬᠦᠶ ᠬᠥᠮᠦᠰ ᠤᠨ ᠬᠠᠷᠢᠭᠤᠴᠠᠯᠭ᠎ᠠ ᠶᠢ ᠨᠡᠬᠡᠮᠵᠢᠯᠡᠨ᠎ᠡ᠃       ᠲᠣᠰ ᠬᠡᠷᠡᠭᠵᠢᠭᠦᠯᠬᠦ ᠠᠷᠭ᠎ᠠ ᠶᠢ ᠬᠤᠲᠠ ᠶᠢᠨ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃ ᠨᠡᠶᠢᠲᠡᠯᠡᠭᠰᠡᠨ ᠡᠳᠦᠷ ᠠᠴᠠ ᠡᠬᠢᠯᠡᠨ ᠲᠤᠷᠰᠢᠨ ᠬᠡᠷᠡᠭᠵᠢᠭᠦᠯᠬᠦ ᠶᠢᠨ ᠬᠠᠮᠲᠤ ᠴᠠᠭ ᠲᠤᠨᠢ ᠲᠣᠬᠢᠷᠠᠭᠤᠯᠤᠨ ᠵᠠᠰᠠᠪᠤᠷᠢ ᠣᠷᠣᠭᠤᠯᠤᠨ ᠲᠡᠭᠦᠯᠳᠡᠷᠵᠢᠭᠦᠯᠦᠨ᠎ᠡ᠃ 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ