ᠰᠢᠨ᠎ᠡ ᠰᠤᠷᠤᠭᠴᠢ ᠪᠠᠨ ᠪᠠᠶᠠᠷᠯᠠᠨ ᠤᠭᠲᠤᠶ᠎ᠠ
ᠨᠡᠶᠢᠲᠡᠯᠡᠭᠰᠡᠨ ᠴᠠᠭ᠄
2021/9/1
     
untitled3333.png
      8 ᠳ᠋ᠤᠭᠠᠷ ᠰᠠᠷ᠎ᠠ ᠶᠢᠨ  30 ᠤ ᠡᠳᠦᠷ᠂ ᠢᠦᠢ ᠴᠢᠦᠸᠠᠨ ᠲᠣᠭᠤᠷᠢᠭ ᠤᠨ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠨᠢᠭᠡ ᠪᠦᠯᠦᠭ ᠴᠣᠪᠣᠭᠤ ᠬᠥᠭᠡᠷᠦᠬᠦᠨ ᠰᠢᠨ᠎ᠡ ᠰᠣᠷᠣᠭᠴᠢ ᠪᠠᠨ ᠤᠭᠲᠤᠯ᠎ᠠ᠃       ᠲᠤᠰ ᠡᠳᠦᠷ᠂ ᠨᠢᠭᠡᠳᠦᠭᠡᠷ ᠣᠨ ᠤ ᠰᠢᠨ᠎ᠡ ᠰᠤᠷᠤᠭᠴᠢᠳ ᠲᠤ ᠶᠡᠭᠡ ᠬᠡᠷ ᠪᠦᠯᠢ ᠶᠢᠨ ᠬᠠᠯᠠᠭᠤᠨ ᠳᠤᠯᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠰᠢᠨ᠎ᠡ ᠰᠤᠷᠤᠭᠴᠢᠳ ᠤᠨ ᠰᠤᠷᠭᠠᠭᠤᠯᠢ ᠳᠤ ᠣᠷᠣᠬᠤ ᠶᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠬᠦ ᠶᠢᠨ ᠲᠥᠯᠥᠭᠡ᠂ ᠲᠣᠰ ᠰᠤᠷᠭᠠᠭᠤᠯᠢ ᠨᠢᠭᠡᠳᠦᠭᠡᠷ ᠣᠨ ᠤ ᠰᠢᠨ᠎ᠡ ᠰᠤᠷᠤᠭᠴᠢᠳ ᠢᠶᠠᠨ ᠤᠭᠲᠤᠬᠤ ᠶᠣᠰᠣᠯᠠᠯ ᠢ ᠲᠤᠰᠬᠠᠶᠢᠯᠠᠨ ᠶᠠᠪᠤᠭᠳᠠᠭᠤᠯᠵᠠᠶ᠃ ᠪᠢᠴᠢᠬᠠᠨ ᠨᠠᠶᠢᠵᠠ ᠨᠠᠷ ᠪᠣᠯᠤᠨ ᠭᠡᠷ ᠤᠨ ᠠᠬᠠᠮᠠᠳ ᠡᠮᠬᠢ ᠵᠢᠷᠤᠮ ᠲᠠᠢ ᠪᠠᠷ ᠰᠤᠷᠭᠠᠭᠤᠯᠢ ᠶᠢᠨ ᠬᠦᠷᠢᠶᠡᠨ ᠳᠤ ᠠᠯᠬᠤᠨ ᠤᠷᠤᠭᠰᠠᠨ ᠤ ᠳᠠᠷᠠᠭ᠎ᠠ᠂ ᠪᠠᠭᠰᠢ ᠨᠠᠷ ᠵᠣᠯ ᠵᠢᠷᠭᠠᠯ ᠤᠨ ᠠᠶᠠᠨ ᠢᠶᠠᠨ ᠡᠬᠢᠯᠡᠭᠦᠯᠬᠦ ᠡᠭᠦᠳᠡᠨ ᠳᠤ ᠰᠢᠨ᠎ᠡ ᠰᠤᠷᠤᠭᠴᠢᠳ ᠢ ᠪᠠᠶᠠᠷᠯᠠᠨ ᠤᠭᠲᠤᠬᠤ ᠶᠢᠨ ᠬᠠᠮᠲᠤ ᠰᠤᠷᠤᠭᠴᠢ ᠨᠢᠭᠡᠪᠦᠷᠢ ᠶᠢᠨ ᠡᠩᠭᠡᠷ ᠲᠤ ᠰᠤᠷᠭᠠᠭᠤᠯᠢ ᠶᠢᠨ ᠰᠦᠯᠳᠡ ᠨᠠᠭᠠᠵᠤ ᠥᠭᠪᠡ᠃              ᠰᠤᠷᠪᠤᠯᠵᠢᠯᠠᠭᠴᠢ ᠯᠢᠦ ᠴᠢᠩ ᠢᠦᠢ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ