ᠨᠠᠢᠮᠠᠨ ᠰᠠᠷ᠎ᠠ ᠶᠢᠨ ᠠᠷᠪᠠᠨ ᠲᠠᠪᠤᠨ᠂ ᠤᠯᠤᠰ ᠤᠨ ᠪᠠᠶᠠᠷ ᠤᠨ ᠬᠤᠭᠤᠴᠠᠭᠠᠨ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠢ ᠵᠠᠷᠯᠠᠯ
ᠨᠡᠶᠢᠲᠡᠯᠡᠭᠰᠡᠨ ᠴᠠᠭ᠄
2021/9/13
      ᠣᠳᠣᠬᠠᠨ ᠳᠤ ᠬᠥᠬᠡᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠦᠷᠭᠦᠯᠵᠢᠯᠡᠨ ᠪᠠᠬᠢᠵᠢᠵᠦ ᠪᠠᠶᠢᠨ᠎ᠠ᠂ ᠭᠡᠪᠡᠴᠦ ᠤᠯᠤᠰ ᠤᠨ ᠳᠣᠲᠣᠭᠠᠳᠤ ᠳᠤ ᠬᠠᠶᠠ ᠨᠢᠭᠡ ᠬᠢᠵᠢᠭ ᠤᠨ ᠪᠠᠶᠢᠳᠠᠯ ᠭᠠᠷᠴᠤ᠂ 9 ᠳ᠋ᠦ᠋ᠭᠡᠷ ᠰᠠᠷ᠎ᠠ ᠶᠢᠨ 10 ᠤ ᠡᠳᠦᠷ ᠹᠦᠵᠢᠶᠠᠨ ᠮᠤᠵᠢ ᠶᠢᠨ ᠫᠦᠲ᠋ᠢᠶᠠᠨ ᠬᠤᠲᠠ ᠳᠤ ᠣᠷᠣᠨ ᠨᠤᠲᠤᠭ ᠤᠨ ᠬᠢᠵᠢᠭ ᠤᠨ ᠪᠠᠶᠢᠳᠠᠯ ᠳᠠᠬᠢᠨᠲᠠ ᠢᠯᠡᠷᠡᠵᠦ᠂ ᠠᠩᠬ᠎ᠠ ᠠᠯᠬᠤᠮ ᠤᠨ ᠮᠠᠭᠠᠳᠯᠠᠯᠲᠠ ᠪᠠᠷ ᠮᠥᠨ ᠬᠦ ᠳ᠋ᠧᠯᠲ᠋ᠠ ᠬᠤᠣᠷᠲᠤ ᠰᠲ᠋ᠧᠷᠠᠶᠢᠨ ᠠᠴᠠ ᠪᠣᠯᠤᠭᠰᠠᠨ ᠪᠠᠶᠢᠨ᠎ᠠ᠃ ᠡᠨᠡ ᠨᠢ ᠨᠢᠭᠡᠨᠲᠡ ᠳ᠋ᠧᠯᠲ᠋ᠠ ᠬᠤᠣᠷᠲᠤ ᠰᠲ᠋ᠧᠷᠠᠶᠢᠨ ᠠᠴᠠ ᠪᠣᠯᠣᠭᠰᠠᠨ ᠭᠤᠸᠠᠩᠵᠧᠦ᠂ ᠶᠦᠨᠨᠠᠨ ᠤ ᠷᠦᠢ ᠯᠢ᠂ ᠨᠠᠨᠵᠢᠩ᠂ ᠵᠧᠩᠵᠧᠤ ᠶᠢ ᠪᠠᠭᠲᠠᠭᠠᠭᠰᠠᠨ ᠨᠠᠭᠠᠳᠤ ᠵᠠᠬ᠎ᠠ ᠳᠠᠭᠠᠨ 5 ᠳ᠋ᠤᠭᠠᠷ ᠡᠭᠡᠯᠵᠢ ᠶᠢᠨ ᠣᠷᠣᠨ ᠨᠤᠲᠤᠭ ᠤᠨ ᠬᠢᠵᠢᠭ ᠤᠨ ᠪᠠᠶᠢᠳᠠᠯ ᠪᠠᠶᠢᠵᠤ᠂ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠬᠡᠴᠡᠭᠦᠤ ᠪᠥᠭᠡᠳ ᠪᠤᠳᠤᠯᠢᠶᠠᠨᠲᠠᠶ ᠪᠠᠶᠢᠨ᠎ᠠ᠃ ︽ᠨᠠᠢᠮᠠᠨ ᠰᠠᠷ᠎ᠠ ᠶᠢᠨ ᠠᠷᠪᠠᠨ ᠲᠠᠪᠤᠨ᠂ ᠤᠯᠤᠰ ᠤᠨ ᠪᠠᠶᠠᠷ︾ ᠤᠨ ᠠᠮᠠᠷᠠᠯᠲᠠ ᠤᠳᠠᠯ ᠥᠬᠡᠶ ᠬᠦᠷᠴᠦ ᠢᠷᠡᠬᠦ ᠭᠡᠵᠦ ᠪᠠᠶᠢᠭ᠎ᠠ ᠪᠣᠯᠬᠤᠷ ᠬᠥᠮᠦᠰ ᠤᠨ ᠭᠠᠳᠠᠭᠰᠢ ᠶᠠᠪᠤᠬᠤ᠂ ᠵᠢᠭᠤᠯᠴᠢᠯᠠᠬᠤ ᠪᠠ ᠨᠠᠶᠢᠷ ᠴᠤᠭᠯᠠᠭᠠᠨ ᠣᠯᠠᠰᠢᠷᠠᠵᠤ᠂ ᠡᠪᠡᠳᠴᠢᠨ ᠡᠮᠭᠡᠭ ᠳᠡᠯᠭᠡᠷᠡᠬᠦ ᠠᠶᠤᠯ ᠲᠦᠭᠰᠢᠭᠦᠷᠢ ᠴᠦ ᠳᠠᠭᠠᠯᠳᠤᠨ ᠨᠡᠮᠡᠭᠳᠡᠵᠦ ᠪᠠᠶᠢᠨ᠎ᠠ᠃ ︽ᠭᠠᠳᠠᠨ᠎ᠠ ᠪᠠᠨ ᠣᠷᠣᠵᠤ ᠢᠷᠡᠬᠦ ᠶᠢ ᠰᠡᠷᠭᠡᠶᠢᠯᠡᠵᠦ᠂ ᠳᠣᠲᠣᠭᠠᠳᠤ ᠳᠠᠭᠠᠨ ᠳᠠᠬᠢᠨ ᠳᠡᠯᠭᠡᠷᠡᠬᠦ ᠶᠢ ᠰᠡᠷᠭᠡᠶᠢᠯᠡᠬᠦ︾ ᠪᠠᠶᠢᠩᠭᠤ ᠶᠢᠨ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢ ᠯᠠᠪᠳᠠᠭᠤᠨ ᠪᠠᠲᠤᠲᠠᠶ ᠨᠠᠶᠢᠳᠠᠪᠤᠷᠢᠵᠢᠭᠤᠯᠵᠤ᠂ ᠬᠢᠵᠢᠭ ᠤᠨ ᠬᠠᠯᠳᠠᠪᠤᠷᠢᠯᠠᠬᠤ ᠠᠶᠤᠯ ᠲᠦᠭᠰᠢᠭᠦᠷᠢ ᠶᠢ ᠪᠦᠲᠦᠮᠵᠢᠲᠡᠶ ᠬᠢᠵᠠᠭᠠᠷᠯᠠᠬᠤ ᠪᠠ ᠪᠠᠭᠠᠰᠬᠠᠬᠤ ᠶᠢᠨ ᠲᠤᠰᠠᠳᠠ᠂ ᠮᠠᠨ ᠤ ᠬᠤᠲᠠ ᠶᠢᠨ ᠪᠣᠳᠠᠲᠠᠶ ᠲᠠᠢ ᠤᠶᠠᠯᠳᠤᠭᠤᠯᠤᠨ᠂ ᠡᠳᠦᠭᠡ ᠳᠣᠤᠷᠠᠬᠢ ᠮᠡᠲᠦ ᠵᠠᠷᠯᠠᠶ᠎ᠠ᠄      ᠨᠢᠭᠡ᠂ ᠲᠦᠭᠰᠢᠭᠦᠷᠢ ᠶᠢ ᠰᠡᠷᠭᠡᠶᠢᠯᠡᠬᠦ ᠦᠵᠡᠯ ᠤᠬᠠᠮᠰᠠᠷ ᠢ ᠴᠢᠩᠭᠠᠳᠬᠠᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ︽ᠪᠠᠶᠢᠩᠭᠤ ᠶᠢᠨ ᠪᠠᠶᠢᠳᠠᠯ︾ ᠨᠢ ︽ᠬᠡᠪ ᠤᠨ ᠪᠠᠶᠢᠳᠠᠯ︾ ᠭᠡᠰᠡᠨ ᠶᠠᠪᠤᠳᠠᠯ ᠪᠢᠰᠢ᠂ ︽ᠠᠶᠤᠯ ᠲᠦᠭᠰᠢᠭᠦᠷᠢ ᠪᠠᠭ᠎ᠠ︾ ᠭᠡᠰᠡᠨ ᠨᠢ ︽ᠠᠶᠤᠯ ᠲᠦᠭᠰᠢᠭᠦᠷᠢ ᠦᠭᠡᠶ︾ ᠭᠡᠰᠡᠨ ᠶᠠᠪᠤᠳᠠᠯ ᠪᠢᠰᠢ ᠭᠡᠬᠦ ᠦᠵᠡᠯ ᠤᠬᠠᠮᠰᠠᠷ ᠢ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠬᠥᠪᠴᠢ ᠪᠠᠨ ᠴᠠᠭ ᠢᠮᠠᠭᠲᠠ ᠴᠢᠩᠭᠠᠷᠠᠭᠤᠯᠵᠤ᠂ ᠮᠢᠨᠴᠦᠭᠦᠷᠡᠬᠦ ᠦᠵᠡᠯ ᠰᠠᠨᠠᠭ᠎ᠠ᠂ ᠬᠠᠯᠠᠰᠢᠷᠠᠬᠤ ᠰᠡᠳᠬᠢᠯᠭᠡ᠂ ᠭᠤᠷᠢᠳᠠᠬᠤ ᠰᠡᠳᠬᠢᠯᠭᠡ᠂ ᠰᠤᠯᠠᠷᠠᠬᠤ ᠰᠡᠳᠬᠢᠯᠭᠡ ᠶᠢ ᠡᠷᠡᠰ ᠲᠡᠪᠴᠢᠵᠦ᠂ ︽ᠴᠠᠭ ᠲᠤᠬᠠᠶ ᠳᠤᠨᠢ ᠢᠯᠡᠷᠡᠭᠦᠯᠬᠦ᠂ ᠳᠠᠷᠤᠢ ᠲᠦᠷᠭᠡᠨ ᠰᠢᠢᠳᠪᠦᠷᠢᠯᠡᠬᠦ᠂ ᠨᠠᠷᠢᠯᠢᠭ ᠣᠨᠣᠴᠠᠲᠠᠶ ᠪᠠᠷ ᠰᠡᠷᠭᠡᠶᠢᠯᠡᠨ ᠡᠵᠡᠮᠳᠡᠬᠦ᠂ ᠪᠦᠲᠦᠮᠵᠢᠲᠡᠶ ᠡᠮᠨᠡᠨ ᠵᠠᠰᠠᠬᠤ︾ ᠪᠠᠶᠢᠩᠭᠤ ᠶᠢᠨ ᠴᠢᠨᠠᠷᠲᠠᠶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠡᠷᠦᠩᠬᠡᠶ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ᠂ ︽ᠭᠠᠳᠠᠨ᠎ᠠ ᠪᠠᠨ ᠣᠷᠣᠵᠤ ᠢᠷᠡᠬᠦ ᠶᠢ ᠰᠡᠷᠭᠡᠶᠢᠯᠡᠵᠦ᠂ ᠳᠣᠲᠣᠭᠠᠳᠤ ᠳᠠᠭᠠᠨ ᠳᠠᠬᠢᠨ ᠳᠡᠯᠭᠡᠷᠡᠬᠦ ᠶᠢ ᠰᠡᠷᠭᠡᠶᠢᠯᠡᠬᠦ︾ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠨᠠᠶᠢᠳᠠᠪᠤᠷᠢᠵᠢᠭᠤᠯᠵᠤ᠂ ︽  ᠬᠤᠣᠰ ᠪᠠᠶᠠᠷ︾ ᠤᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠩ ᠰᠢᠨᠵᠢᠯᠡᠬᠦ ᠤᠬᠠᠭᠠᠨᠴᠢ ᠂ ᠨᠠᠩ ᠣᠨᠣᠪᠴᠢᠲᠠᠶ᠂ ᠨᠠᠩ ᠪᠦᠲᠦᠮᠵᠢᠲᠡᠶ ᠰᠠᠶᠢᠲᠤᠷ ᠠᠳᠬᠤᠬᠤ ᠬᠡᠷᠡᠭᠲᠡᠶ᠃       ᠥᠷᠭᠡᠨ ᠣᠯᠠᠨ ᠬᠤᠲᠠ ᠶᠢᠨ ᠠᠷᠠᠳ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢᠨ ᠣᠷᠳᠣ ᠬᠤᠭᠤᠴᠠᠭᠠᠲᠤ ᠴᠢᠨᠠᠷ᠂ ᠪᠤᠳᠤᠯᠢᠶᠠᠨᠲᠤ ᠴᠢᠨᠠᠷ᠂ ᠪᠡᠷᠭᠡ ᠬᠡᠴᠡᠭᠦᠦ ᠴᠢᠨᠠᠷ ᠢ ᠭᠦᠢᠴᠡᠳ ᠲᠠᠨᠢᠵᠤ᠂ ᠵᠣᠬᠢᠬᠤ ᠰᠣᠨᠣᠷ ᠰᠡᠷᠡᠮᠵᠢ ᠲᠠᠢ ᠪᠠᠶᠢᠬᠤ ᠬᠡᠷᠡᠭᠲᠡᠶ᠃ ᠬᠢᠵᠢᠭ ᠤᠨ ᠪᠠᠶᠢᠳᠠᠯ ᠢ ᠴᠢᠩᠭ᠎ᠠ ᠠᠩᠬᠠᠷᠴᠤ᠂ ᠴᠤᠤᠷᠬᠠᠯ ᠢ ᠰᠣᠨᠣᠰᠬᠤ ᠦᠭᠡᠢ᠂ ᠴᠤᠤᠷᠬᠠᠯ ᠢ ᠢᠲᠡᠭᠡᠬᠦ ᠦᠭᠡᠢ᠂ ᠴᠤᠤᠷᠬᠠᠯ ᠢ ᠲᠠᠷᠬᠠᠭᠠᠬᠤ ᠦᠭᠡᠢ ᠪᠠᠶᠢᠬᠤ ᠬᠡᠷᠡᠭᠲᠡᠶ᠃ ᠨᠡᠩ ᠴᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠪᠢ ᠬᠥᠮᠦᠨ ᠤ ᠬᠠᠷᠢᠭᠤᠴᠠᠯᠭ᠎ᠠ ᠪᠠ ᠡᠭᠦᠷᠭᠡ ᠪᠠᠨ ᠨᠠᠷᠢᠨ ᠬᠢᠨᠠᠮᠠᠭᠠᠢ ᠭᠦᠢᠴᠡᠳᠬᠡᠵᠦ ᠂ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠯᠪᠣᠭᠳᠠᠯ ᠪᠦᠬᠦᠢ ᠲᠣᠭᠲᠠᠭᠠᠯ ᠢ ᠵᠢᠷᠤᠮᠯᠠᠬᠤ ᠬᠡᠷᠡᠭᠲᠡᠢ᠃       ᠬᠤᠶᠠᠷ᠂ ᠰᠠᠨᠠᠭᠠᠴᠢᠯᠠᠭ᠎ᠠ ᠠᠴᠠ ᠪᠠᠨ ᠮᠡᠳᠡᠭᠦᠯᠬᠦ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ᠃ ᠥᠨᠳᠥᠷ ᠳᠤᠮᠳᠠ ᠲᠦᠭᠰᠢᠭᠦᠷᠢ ᠲᠠᠢ ᠭᠠᠵᠠᠷ ᠣᠷᠣᠨ᠂ ᠬᠢᠵᠢᠭ ᠲᠤ ᠬᠤᠯᠪᠣᠭᠳᠠᠭᠰᠠᠨ ᠭᠠᠵᠠᠷ ᠣᠷᠣᠨ ᠳᠤ ᠵᠢᠭᠤᠯᠴᠢᠯᠠᠭᠰᠠᠨ ᠰᠠᠭᠤᠭᠰᠠᠨ ᠲᠡᠤᠬᠡ ᠲᠠᠢ ᠮᠠᠨ ᠤ ᠬᠤᠲᠠ ᠳᠤ ᠣᠷᠣᠵᠤ ᠢᠷᠡᠭᠰᠡᠨ ᠬᠥᠮᠦᠰ ︵ᠳᠡᠭᠡᠷ᠎ᠡ ᠳᠤᠷᠠᠳᠤᠭᠰᠠᠨ ᠭᠠᠵᠠᠷ ᠣᠷᠣᠨ ᠤ ᠵᠢᠭᠤᠯᠴᠢᠯᠠᠵᠤ ᠰᠠᠭᠤᠵᠤ ᠪᠤᠴᠠᠵᠤ ᠢᠷᠡᠭᠰᠡᠨ ᠬᠥᠮᠦᠰ ᠪᠠᠭᠲᠠᠨ᠎ᠠ︶ ᠡᠷᠬᠡᠪᠰᠢ ᠪᠠᠶᠢᠭ᠎ᠠ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠨᠡᠶᠢᠭᠡᠮ ᠲᠣᠭᠤᠷᠢᠭ ︵ᠲᠣᠰᠬᠤᠨ︶ ᠵᠢᠴᠢ ᠪᠠᠶᠢᠭᠤᠯᠭ᠎ᠠ ᠳᠠᠭᠠᠨ ᠶᠠᠪᠤᠵᠤ ᠰᠠᠭᠤᠭᠰᠠᠨ ᠪᠠᠶᠢᠳᠠᠯ ᠪᠠ ᠡᠷᠡᠭᠦᠯ ᠮᠡᠨᠳᠦ ᠶᠢᠨ ᠪᠠᠶᠢᠳᠠᠯ ᠢᠶᠠᠨ ᠰᠠᠨᠠᠭᠠᠴᠢᠯᠠᠭ᠎ᠠ ᠠᠴᠠ ᠪᠠᠨ ᠮᠡᠳᠡᠭᠦᠯᠦᠨ ᠳᠠᠩᠰᠠᠯᠠᠭᠤᠯᠵᠤ᠂ ᠱᠠᠭᠠᠷᠳᠠᠯᠭ᠎ᠠ ᠶᠣᠰᠣᠭᠠᠷ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃ ᠥᠪᠡᠷ ᠤᠨ ᠪᠡᠶ᠎ᠡ ᠵᠢᠴᠢ ᠬᠡᠷ ᠤᠨ ᠬᠥᠮᠦᠰ ᠤᠨ ᠢᠶᠠᠨ ᠡᠷᠡᠭᠦᠯ ᠮᠡᠨᠳᠦ ᠶᠢᠨ ᠺᠣᠳ᠋ ᠤᠨ ᠬᠤᠪᠢᠷᠠᠯᠲᠠ ᠶᠢ ᠨᠢᠭᠲᠠ ᠠᠩᠬᠠᠷᠴᠤ᠂ ᠤᠯᠠᠭᠠᠨ ᠺᠣᠳ᠋ ᠪᠤᠶᠤ ᠰᠢᠷ᠎ᠠ ᠺᠣᠳ᠋ ᠤᠨ ᠪᠠᠶᠢᠳᠠᠯ ᠭᠠᠷᠪᠠᠯ᠂ ᠲᠡᠷᠡ ᠳᠠᠷᠤᠶ ᠳᠤᠨᠢ ᠬᠠᠷᠢᠶ᠎ᠠ ᠭᠠᠵᠠᠷ ᠤᠨ ᠢᠶᠠᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠲᠤ ᠮᠡᠳᠡᠭᠦᠯᠬᠦ ᠶᠢᠨ ᠬᠠᠮᠲᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠳᠤ ᠢᠳᠡᠪᠬᠢᠲᠡᠶ ᠬᠠᠮᠵᠢᠯᠴᠠᠬᠤ ᠬᠡᠷᠡᠭᠲᠡᠶ᠃      ᠭᠤᠷᠪᠠ᠂ ᠬᠤᠪᠢ ᠬᠥᠮᠦᠨ ᠤ ᠡᠷᠡᠭᠦᠯ ᠮᠡᠨᠳᠦ ᠶᠢᠨ ᠪᠠᠶᠢᠳᠠᠯ ᠢᠶᠠᠨ ᠰᠠᠶᠢᠲᠤᠷ ᠠᠵᠢᠭᠯᠠᠨ ᠪᠠᠶᠢᠴᠠᠭᠠᠬᠤ ᠬᠡᠷᠡᠭᠲᠡᠶ᠃  ᠥᠪᠡᠷ ᠤᠨ ᠪᠡᠶ᠎ᠡ ᠪᠠ ᠭᠡᠷ ᠤᠨ ᠬᠥᠮᠦᠰ ᠤᠨ ᠢᠶᠠᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠪᠠᠶᠢᠳᠠᠯ ᠢ ᠴᠠᠭ ᠢᠮᠠᠭᠲᠠ ᠠᠩᠬᠠᠷᠴᠤ᠂ ᠬᠡᠷᠪᠡ ᠬᠠᠯᠠᠭᠤᠷᠠᠬᠤ᠂ ᠬᠠᠨᠢᠶᠠᠬᠤ᠂ ᠬᠤᠭᠤᠯᠠᠶ ᠡᠪᠡᠳᠬᠦ᠂ ᠲᠠᠮᠢᠷᠳᠠᠬᠤ᠂ ᠦᠨᠦᠷᠯᠡᠬᠦ ᠰᠡᠷᠡᠯ ᠮᠠᠭᠤᠳᠠᠬᠤ᠂ ᠰᠠᠭᠤᠯᠭᠠᠬᠤ ᠵᠡᠷᠭᠡ ᠡᠪᠡᠳᠴᠢᠨ ᠤ ᠰᠢᠨᠵᠢ ᠢᠯᠡᠷᠡᠪᠡᠯ᠂ ᠬᠠᠯᠠᠭᠤᠷᠠᠯ ᠤᠨ ᠡᠭᠦᠳᠡᠨ ᠡᠮᠨᠡᠯᠭᠡ ᠥᠬᠡᠶ ᠡᠮᠴᠢᠯᠡᠭᠡᠨ ᠤ ᠪᠠᠶᠢᠭᠤᠯᠤᠮᠵᠢ ᠪᠤᠶᠤ ᠲᠣᠭᠲᠠᠭᠰᠠᠨ ᠪᠤᠰᠤ ᠡᠮᠴᠢᠯᠡᠭᠡᠨ ᠤ ᠪᠠᠶᠢᠭᠤᠯᠤᠮᠵᠢ ᠳᠤ ᠬᠦᠷᠴᠦ ᠡᠮᠨᠡᠭᠦᠯᠬᠦ ᠠᠴᠠ ᠵᠠᠶᠢᠯᠠᠰᠬᠢᠵᠦ᠂ ᠠᠮᠠᠪᠴᠢ ᠪᠠᠨ ᠵᠥᠪ ᠵᠡᠬᠦᠬᠦ ᠲᠠᠢ ᠵᠡᠭᠦᠬᠦ ᠶᠢᠨ ᠬᠠᠮᠲᠤ ᠴᠠᠭ ᠲᠤᠬᠠᠶ ᠳᠤᠨᠢ ᠣᠶᠢᠷ᠎ᠠ ᠬᠠᠪᠢ ᠶᠢᠨ ᠬᠠᠯᠠᠭᠤᠷᠠᠯ ᠤᠨ ᠡᠭᠦᠳᠡᠨ ᠡᠮᠨᠡᠯᠭᠡ ᠪᠤᠶᠤ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠬᠦᠷᠴᠦ ᠡᠮᠨᠡᠭᠦᠯᠬᠦ ᠪᠠ ᠪᠠᠶᠢᠴᠠᠭᠠᠬᠤ ᠶᠢᠨ ᠬᠠᠮᠲᠤ᠂ ᠬᠤᠪᠢ ᠬᠥᠮᠦᠨ ᠤ ᠵᠢᠭᠤᠯᠴᠢᠯᠠᠵᠤ ᠰᠠᠭᠤᠭᠰᠠᠨ ᠲᠡᠤᠬᠡ᠂ ᠬᠥᠳᠡᠯᠭᠡᠭᠡᠨ ᠤ ᠲᠡᠤᠬᠡ ᠪᠠ ᠬᠠᠪᠢᠳᠠᠯ ᠤᠨ ᠲᠡᠤᠬᠡ ᠪᠠᠨ ᠦᠨᠡᠨ ᠮᠥᠨ ᠢᠶᠠᠷ ᠨᠢ ᠮᠡᠳᠡᠭᠳᠡᠵᠦ᠂ ᠡᠮᠨᠡᠭᠦᠯᠬᠦ ᠵᠠᠮ ᠳᠠᠭᠠᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠠᠴᠠ ᠠᠯᠢ ᠴᠢᠳᠠᠬᠤ ᠪᠠᠷ ᠵᠠᠶᠢᠯᠠᠰᠬᠢᠬᠦ ᠬᠡᠷᠡᠭᠲᠡᠶ᠃      ᠳᠥᠷᠪᠡ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠢᠷᠦ᠋ᠰ ᠤᠨ ᠸᠠᠺᠼᠢᠨ ᠢ ᠢᠳᠡᠪᠬᠢᠲᠡᠶ ᠲᠠᠷᠢᠬᠤ ᠬᠡᠷᠡᠭᠲᠡᠢ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠢᠷᠦ᠋ᠰ ᠤᠨ ᠸᠠᠺᠼᠢᠨ ᠤ ᠲᠠᠷᠢᠯᠭ᠎ᠠ ᠬᠢᠬᠦ ᠪᠣᠯ ᠣᠳᠣᠬᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠤᠭ ᠤᠨ ᠪᠦᠲᠦᠮᠵᠢᠲᠡᠶ ᠠᠷᠭ᠎ᠠ ᠬᠡᠮᠵᠢᠶ᠎ᠡ ᠮᠥᠨ᠂ ᠸᠠᠺᠼᠢᠨ ᠤ ᠲᠠᠷᠢᠯᠭ᠎ᠠ ᠬᠢᠬᠦ ᠪᠠᠷ ᠳᠠᠮᠵᠢᠭᠤᠯᠤᠨ ᠬᠥᠮᠦᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ ᠨᠡᠷᠪᠡᠭᠳᠡᠬᠦ ᠠᠶᠤᠯ ᠲᠦᠭᠰᠢᠭᠦᠷᠢ ᠶᠢ ᠪᠦᠲᠦᠮᠵᠢᠲᠡᠶ ᠪᠠᠭᠠᠰᠬᠠᠵᠤ ᠴᠢᠳᠠᠨ᠎ᠠ᠃ ᠲᠠᠷᠢᠯᠭ᠎ᠠ ᠶᠢᠨ ᠨᠥᠬᠦᠴᠡᠯ ᠳᠤ ᠨᠡᠶᠢᠴᠡᠬᠦ ᠬᠤᠲᠠ ᠶᠢᠨ ᠠᠷᠠᠳ ᠢᠳᠡᠪᠬᠢᠲᠡᠶ ᠰᠠᠨᠠᠭᠠᠴᠢᠯᠠᠭ᠎ᠠ ᠲᠠᠢ ᠪᠠᠷ ᠬᠠᠷᠢᠶ᠎ᠠ ᠣᠷᠣᠨ ᠤ ᠪᠠᠨ ᠲᠠᠷᠢᠯᠭ᠎ᠠ ᠶᠢᠨ ᠨᠢᠭᠡᠴᠡ ᠳᠤ ᠬᠦᠷᠴᠦ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠢᠷᠦ᠋ᠰ ᠤᠨ ᠸᠠᠺᠼᠢᠨ ᠢ ᠤᠷᠢᠳᠴᠢᠯᠠᠨ ᠪᠣᠯᠵᠣᠵᠤ ᠳᠠᠷᠢᠭᠤᠯᠬᠤ ᠶᠢ ᠰᠠᠨᠠᠭᠠᠴᠢᠯᠠᠨ᠎ᠠ᠃ ᠨᠢᠭᠡᠨᠲᠡ ᠲᠠᠷᠢᠯᠭ᠎ᠠ ᠬᠢᠭᠰᠡᠨ ᠪᠣᠯᠪᠠᠴᠤ ᠲᠣᠳᠣᠷᠬᠠᠶᠢᠯᠠᠯᠲᠠ ᠶᠢᠨ ᠶᠣᠰᠣᠭᠠᠷ ᠲᠠᠷᠢᠯᠭ᠎ᠠ ᠶᠢᠨ ᠵᠢᠷᠤᠮ ᠢ ᠬᠠᠷᠠᠬᠠᠨ ᠪᠡᠶᠡᠯᠡᠭᠦᠯᠦᠭᠡᠳᠦᠶ ᠬᠥᠮᠦᠰ᠂ ᠬᠤᠭᠤᠴᠠᠭ᠎ᠠ ᠨᠢ ᠲᠤᠯᠤᠭᠰᠠᠨ ᠤ ᠳᠠᠷᠠᠭ᠎ᠠ᠂ ᠳᠠᠷᠠᠭᠠᠴᠢ ᠶᠢᠨ ᠳᠠᠷᠬᠠᠯᠠᠭ᠎ᠠ ᠶᠢᠨ ᠵᠢᠷᠤᠮ ᠢ ᠡᠷᠲᠡᠬᠡᠨ ᠪᠡᠶᠡᠯᠡᠭᠦᠯᠵᠦ᠂ ᠬᠠᠮᠤᠭ ᠤᠨ ᠰᠠᠶᠢᠨ ᠬᠠᠮᠠᠭᠠᠯᠠᠯᠲᠠ ᠶᠢᠨ ᠦᠷ᠎ᠡ ᠳ᠋ᠦᠩ ᠢ ᠤᠯᠬᠤ ᠬᠡᠷᠡᠭᠲᠡᠶ᠃      ᠲᠠᠪᠤ᠂ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠭᠠᠳᠠᠭᠰᠢ ᠭᠠᠷᠬᠤ ᠶᠢ ᠵᠣᠬᠢᠰᠲᠠᠶ ᠳᠣᠭᠢᠷᠠᠭᠤᠯᠤᠨ᠎ᠠ᠃ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ᠂ ᠤᠯᠤᠰ ᠤᠨ ᠪᠠᠶᠠᠷ ᠤᠨ ᠠᠮᠠᠷᠠᠯᠲᠠ ᠪᠣᠯᠬᠤ ᠭᠡᠵᠦ ᠪᠠᠶᠢᠭ᠎ᠠ ᠦᠶ᠎ᠡ ᠳᠤ ᠬᠤᠲᠠ ᠶᠢᠨ ᠠᠷᠠᠳ ᠲᠤᠬᠠᠶ ᠶᠢᠨ ᠭᠠᠵᠠᠷ ᠲᠠᠭᠠᠨ ᠪᠠᠶᠠᠷ ᠤᠨ ᠡᠳᠦᠷ ᠢᠶᠠᠨ ᠪᠡᠯᠭᠡᠯᠡᠬᠦ ᠶᠢ ᠰᠠᠨᠠᠭᠠᠴᠢᠯᠠᠵᠤ᠂ ᠨᠠᠶᠢᠷ ᠴᠤᠭᠯᠠᠭᠠᠨ ᠬᠢᠬᠦ ᠶᠢ ᠰᠠᠨᠠᠭᠠᠴᠢᠯᠠᠬᠤ ᠦᠭᠡᠶ᠂ ᠢᠯᠠᠩᠭᠤᠶ᠎ᠠ ᠶᠡᠭᠡ ᠬᠡᠪᠴᠢᠶᠡᠨ ᠤ ᠨᠠᠶᠢᠷ ᠴᠤᠭᠯᠠᠭᠠᠨ ᠬᠢᠬᠦ ᠶᠢ ᠰᠠᠨᠠᠭᠠᠴᠢᠯᠠᠬᠤ ᠦᠭᠡᠶ᠃ ᠣᠯᠠᠨ ᠨᠡᠶᠢᠲᠡ ᠪᠠᠷ ᠢᠶᠠᠨ ᠭᠠᠳᠠᠭᠰᠢ ᠭᠠᠷᠬᠤ ᠠᠴᠠ ᠪᠠᠨ ᠡᠮᠦᠨ᠎ᠡ᠂ ᠵᠣᠷᠢᠭᠰᠠᠨ ᠭᠠᠵᠠᠷ ᠣᠷᠣᠨ ᠤ ᠬᠢᠵᠢᠭ ᠤᠨ ᠪᠠᠶᠢᠳᠠᠯ ᠤᠨ ᠲᠦᠭᠰᠢᠭᠦᠷᠢ ᠶᠢᠨ ᠲᠠᠰ ᠢ ᠣᠶᠢᠯᠠᠭᠠᠵᠤ᠂ ᠣᠨᠴᠠᠭᠠᠢ ᠴᠢᠬᠤᠯᠠ ᠦᠭᠡᠢ ᠪᠣᠯ ᠥᠨᠳᠥᠷ ᠳᠤᠮᠳᠠ ᠵᠡᠷᠭᠡ ᠶᠢᠨ ᠠᠶᠤᠯ ᠲᠦᠭᠰᠢᠭᠦᠷᠢ ᠲᠠᠢ ᠭᠠᠵᠠᠷ ᠣᠷᠣᠨ ᠪᠠ ᠬᠢᠵᠢᠭ ᠲᠤ ᠬᠤᠯᠪᠣᠭᠳᠠᠬᠤ ᠭᠠᠵᠠᠷ ᠣᠷᠣᠨ ᠳᠤ ᠣᠴᠢᠬᠤ ᠬᠡᠷᠡᠭ ᠥᠬᠡᠶ᠃ ᠣᠶᠢᠷ᠎ᠠ ᠶᠢᠨ ᠬᠤᠭᠤᠴᠠᠭᠠᠨ ᠳᠤ ᠣᠨᠴᠠᠭᠠᠢ ᠴᠢᠬᠤᠯᠠ ᠦᠭᠡᠢ ᠪᠣᠯ ᠹᠦᠵᠢᠶᠠᠨ ᠮᠤᠵᠢ ᠶᠢᠨ ᠫᠦᠲ᠋ᠢᠶᠠᠨ ᠬᠤᠲᠠ ᠵᠡᠷᠭᠡ ᠥᠨᠳᠥᠷ ᠳᠤᠮᠳᠠ ᠵᠡᠷᠭᠡ ᠶᠢᠨ ᠠᠶᠤᠯ ᠲᠦᠭᠰᠢᠭᠦᠷᠢ ᠲᠠᠢ ᠭᠠᠵᠠᠷ ᠣᠷᠣᠨ ᠤ ᠪᠠᠶᠢᠭ᠎ᠠ ᠬᠤᠲᠠ ᠳᠤ ᠵᠢᠭᠤᠯᠴᠢᠯᠠᠬᠤ ᠪᠠ ᠠᠵᠢᠯ ᠢᠶᠠᠷ ᠭᠠᠳᠠᠭᠰᠢ ᠭᠠᠷᠬᠤ ᠬᠡᠷᠡᠭ ᠦᠭᠡᠢ᠃      ᠵᠢᠷᠭᠤᠭ᠎ᠠ᠂ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠶ᠃ ᠰᠢᠨᠵᠢᠯᠡᠬᠦ ᠤᠬᠠᠭᠠᠨᠴᠢ ᠪᠠᠷ ᠠᠮᠠᠪᠴᠢ ᠵᠡᠭᠦᠵᠦ ︵ᠢᠯᠠᠩᠭᠤᠶ᠎ᠠ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠪᠠ ᠣᠯᠠᠨ ᠨᠡᠶᠢᠲᠡ ᠶᠢᠨ ᠲᠠᠯᠠᠪᠤᠷ ᠲᠤ ᠬᠥᠳᠡᠯᠭᠡᠭᠡᠨ ᠬᠢᠬᠦ ᠦᠶ᠎ᠡ ᠳᠤ︶᠂ ᠬᠥᠮᠦᠨ ᠬᠠᠷ᠎ᠠ ᠴᠤᠭᠯᠠᠷᠠᠬᠤ ᠶᠢ ᠪᠠᠭᠠᠰᠬᠠᠨ᠂ ᠭᠠᠷ ᠢᠶᠠᠨ ᠦᠷᠭᠦᠯᠵᠢ ᠤᠬᠢᠶᠠᠵᠤ᠂ ᠦᠷᠭᠦᠯᠵᠢ ᠰᠠᠯᠬᠢ ᠨᠡᠪᠲᠡᠷᠡᠭᠦᠯᠵᠦ᠂ ᠨᠡᠶᠢᠭᠡᠮ ᠤᠨ ᠬᠠᠷᠢᠯᠴᠠᠭᠠᠨ ᠳᠤ 1 ᠮᠧᠲᠷ ᠠᠴᠠ ᠳᠡᠭᠡᠭᠰᠢ ᠵᠠᠶ ᠲᠠᠢ ᠪᠠᠶᠢᠬᠤ ᠶᠢ ᠠᠩᠬᠠᠷᠴᠤ᠂ ᠴᠢᠬᠤᠯᠠ ᠦᠭᠡᠢ ᠨᠠᠶᠢᠷ ᠴᠤᠭᠯᠠᠭᠠᠨ ᠢ ᠪᠠᠭᠠᠰᠬᠠᠬᠤ ᠬᠡᠷᠡᠭᠲᠡᠶ᠃       ᠬᠥᠬᠡᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ       2021 ᠣᠨ ᠤ 9 ᠳ᠋ᠦ᠋ᠭᠡᠷ ᠰᠠᠷ᠎ᠠ ᠶᠢᠨ 12 ᠤᠨ ᠡᠳᠦᠷ
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ