ᠮᠠᠨ ᠤ ᠬᠤᠲᠠ ᠶᠢᠨ ᠬᠤᠲᠠ ᠶᠢᠨ ᠲᠡᠰ ᠠᠴᠠ ᠰᠣᠩᠭᠤᠨ ᠲᠣᠮᠢᠯᠠᠭᠰᠠᠨ ᠲᠣᠰᠬᠤᠨ ᠤ ᠨᠢᠭᠡᠳᠦᠭᠡᠷ ᠱᠦᠵᠢ ᠪᠦᠬᠦᠨ ᠢᠶᠠᠷ ᠢᠶᠠᠨ ᠠᠵᠢᠯ ᠤᠨ ᠪᠠᠶᠢᠷᠢᠨ ᠳᠠᠭᠠᠨ ᠭᠠᠷᠪᠠ
ᠨᠡᠶᠢᠲᠡᠯᠡᠭᠰᠡᠨ ᠴᠠᠭ᠄
2021/9/14
      ︵ᠰᠤᠷᠪᠤᠯᠵᠢᠯᠠᠭᠴᠢ ᠮᠢᠶᠣᠣ ᠰᠢᠨ︶ ᠰᠢᠨ᠎ᠡ ᠪᠠᠷ ᠰᠣᠩᠭᠤᠨ ᠲᠣᠮᠢᠯᠠᠭᠰᠠᠨ ᠲᠣᠰᠬᠤᠨ ᠤ ᠨᠢᠭᠡᠳᠦᠭᠡᠷ ᠱᠦᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ︽ᠬᠤᠰᠢᠭᠤᠴᠢ ᠠᠩᠬᠢ︾ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ ᠮᠠᠨ ᠤ ᠬᠤᠳᠠ ︽ᠰᠣᠩᠭᠤᠨ ᠲᠣᠮᠢᠯᠠᠬᠤ᠂ ᠪᠣᠯᠪᠠᠰᠤᠷᠠᠭᠤᠯᠬᠤ᠂ ᠬᠠᠮᠢᠶᠠᠷᠬᠤ︾ ᠵᠡᠷᠭᠡ ᠵᠠᠩᠭᠢᠯᠠᠭ᠎ᠠ ᠶᠢᠨ ᠴᠡᠭ ᠳᠡᠭᠡᠷ᠎ᠡ ᠤᠨᠢᠨ ᠳᠡᠭᠡᠷ᠎ᠡ ᠨᠢ ᠬᠦᠴᠦᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠰᠬᠤᠨ ᠳᠤ ᠰᠠᠭᠤᠬᠤ ᠠᠵᠢᠯᠯᠠᠬᠤ ᠠᠩᠬᠢ ᠶᠢ ᠲᠠᠰᠤᠷᠠᠯᠳᠡ ᠦᠭᠡᠢ ᠪᠠᠶᠢᠭᠤᠯᠤᠨ ᠬᠦᠴᠦᠷᠬᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ  ᠰᠢᠪᠳᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠳᠤ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠪᠠ᠃ 9 ᠳ᠋ᠦ᠋ᠭᠡᠷ ᠰᠠᠷ᠎ᠠ ᠶᠢᠨ 10 ᠤ ᠡᠳᠦᠷ ᠪᠣᠯᠬᠤ ᠳᠤ᠂ ᠪᠦᠬᠦ ᠬᠤᠳᠠ ᠶᠢᠨ ᠰᠢᠨ᠎ᠡ ᠪᠠᠷ ᠰᠣᠩᠭᠤᠨ ᠲᠣᠮᠢᠯᠠᠭᠰᠠᠨ ᠲᠣᠰᠬᠤᠨ ᠤ ᠨᠢᠭᠡᠳᠦᠭᠡᠷ ᠱᠦᠵᠢ ᠪᠦᠬᠦᠨ ᠢᠶᠠᠷ ᠢᠶᠠᠨ ᠠᠵᠢᠯ ᠤᠨ ᠪᠠᠶᠢᠷᠢ ᠳᠤ ᠭᠠᠷᠴᠠᠢ᠃      ᠲᠣᠮᠢᠯᠠᠭᠰᠠᠨ ᠨᠢᠭᠡᠴᠡ ᠶᠢᠨ ᠳᠠᠭᠠᠭᠠᠴᠢᠯᠠᠨ ᠬᠠᠷᠢᠯᠴᠠᠬᠤ ᠪᠠᠶᠢᠳᠠᠯ᠂ ᠺᠠᠳ᠋ᠷ ᠤᠨ ᠣᠶᠢᠯᠠᠭᠠᠵᠤ ᠮᠡᠳᠡᠬᠦ ᠬᠦᠷᠢᠶ᠎ᠡ ᠬᠡᠪᠴᠢᠶ᠎ᠡ ᠪᠠ ᠲᠣᠮᠢᠯᠠᠨ ᠰᠠᠭᠤᠯᠭᠠᠭᠰᠠᠨ ᠲᠣᠰᠬᠤᠨ ᠤ ᠪᠣᠳᠠᠲᠤ ᠬᠡᠷᠡᠭᠴᠡᠭᠡ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠮᠠᠨ ᠤ ᠬᠤᠲᠠ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠶᠢᠨ ᠵᠢᠱᠢᠭᠳᠡᠭᠴᠢ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠰᠢᠯᠢᠳᠡᠭᠵᠢᠭᠦᠯᠦᠨ ᠵᠣᠬᠢᠶᠠᠨ ᠪᠠᠶᠢᠭᠤᠯᠵᠤ᠂ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠠᠴᠠ ᠨᠡᠶᠢᠲᠡ 63 ᠳᠡᠳ᠋ ᠰᠠᠯᠠᠭᠠᠨ ᠤ ᠲᠠᠰ ᠠᠴᠠ ᠳᠡᠭᠡᠭᠰᠢᠬᠢ ᠺᠠᠳ᠋ᠷ ᠢ ᠨᠢᠭᠡᠳᠦᠭᠡᠷ ᠱᠦᠵᠢ ᠪᠠᠷ ᠰᠣᠩᠭᠤᠨ᠂ ᠮᠠᠨ ᠤ ᠬᠤᠲᠠ ᠶᠢᠨ ᠶᠠᠳᠠᠭᠤ ᠠᠴᠠ ᠠᠩᠭᠢᠵᠢᠷᠠᠭᠰᠠᠨ ᠲᠣᠰᠬᠤᠨ᠂ ᠣᠨᠳᠣᠤ ᠭᠠᠵᠠᠷ ᠨᠡᠭᠦᠯᠭᠡᠨ ᠲᠥᠪᠬᠢᠨᠡᠭᠦᠯᠦᠭᠰᠡᠨ ᠲᠣᠰᠬᠤᠨ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ︵ᠦᠴᠤᠸᠠᠨ ᠰᠢᠶᠠᠨ︶ ᠤ ᠵᠢᠱᠢᠶ᠎ᠡ ᠦᠵᠡᠭᠦᠯᠬᠦ ᠲᠣᠰᠬᠤᠨ ᠵᠢᠴᠢ ᠪᠥᠬᠦ ᠤᠯᠤᠰ ᠤᠨ ᠬᠤᠪᠢᠰᠬᠠᠯ ᠤᠨ ᠦᠵᠡᠰᠬᠦᠯᠡᠩᠲᠦ ᠰᠠᠶᠢᠬᠠᠨ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠲᠣᠰᠬᠤᠨ ᠳᠤ ᠲᠣᠮᠢᠯᠠᠪᠠ᠃ 9 ᠳ᠋ᠦ᠋ᠭᠡᠷ ᠰᠠᠷ᠎ᠠ ᠶᠢᠨ 4 ᠤ ᠡᠳᠦᠷ ᠠᠴᠠ 5 ᠤ ᠡᠳᠦᠷ ᠪᠣᠯᠲᠠᠯ᠎ᠠ᠂ ᠬᠤᠳᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠬᠤᠳᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠲᠠᠢ ᠬᠠᠮᠲᠤᠷᠠᠨ 2021 ᠣᠨ ᠳᠤ ᠰᠢᠨ᠎ᠡ ᠪᠠᠷ ᠰᠣᠩᠭᠤᠨ ᠲᠣᠮᠢᠯᠠᠭᠰᠠᠨ ᠲᠣᠰᠬᠤᠨ ᠤ ᠺᠠᠳ᠋ᠷ ︵ᠨᠢᠭᠡᠳᠦᠭᠡᠷ ᠱᠦᠵᠢ︶ ᠤᠨ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠯ ᠥᠷᠨᠢᠭᠦᠯᠵᠦ᠂ ︽ᠲᠤᠰᠬᠠᠶ ᠰᠡᠳᠦᠪᠲᠦ ᠲᠠᠶᠢᠯᠤᠮᠵᠢ + ᠠᠬᠤᠢ ᠲᠠᠯᠠᠪᠠᠢ ᠶᠢᠨ ᠵᠢᠭᠠᠨ ᠰᠤᠷᠭᠠᠯᠲᠠ︾ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ  ᠰᠢᠪᠳᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠪᠥᠬᠦ ᠲᠠᠯ᠎ᠠ ᠪᠠᠷ ᠳᠥᠯᠭᠢᠨ ᠠᠬᠢᠭᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ᠂ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ ᠲᠠᠷᠢᠶᠠᠯᠠᠩ ᠬᠥᠳᠡᠭᠡ ᠲᠣᠰᠬᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠵᠡᠷᠭᠡ ᠭᠤᠤᠯᠳᠠᠯᠭ᠎ᠠ ᠲᠠᠢ ᠠᠭᠤᠯᠭ᠎ᠠ ᠶᠢᠨ ᠲᠣᠭᠤᠷᠢᠨ ᠳᠤ ᠪᠣᠯᠪᠠᠰᠤᠷᠠᠭᠤᠯᠤᠯ ᠬᠢᠪᠠ᠃       ᠣᠶᠢᠯᠠᠭᠠᠭᠰᠠᠨ ᠢᠶᠠᠷ᠂ ᠬᠤᠶᠢᠰᠢᠳᠠ ᠰᠢᠨ᠎ᠡ ᠪᠠᠷ ᠰᠣᠩᠭᠤᠨ ᠲᠣᠮᠢᠯᠠᠭᠰᠠᠨ ᠲᠣᠰᠬᠤᠨ ᠤ ᠨᠢᠭᠡᠳᠦᠭᠡᠷ ᠱᠦᠵᠢ ᠪᠣᠯᠤᠨ ᠲᠣᠰᠬᠤᠨ ᠳᠤ ᠰᠠᠭᠤᠭ᠎ᠠ ᠺᠠᠳ᠋ᠷᠴᠤᠳ ︽ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ  ᠪᠠᠶᠢᠭᠤᠯᠤᠨ ᠬᠦᠴᠦᠷᠬᠡᠭᠵᠢᠭᠦᠯᠬᠦ᠂ ᠲᠣᠰᠬᠤᠨ ᠢ ᠬᠦᠴᠦᠷᠬᠡᠭᠵᠢᠭᠦᠯᠵᠦ ᠠᠷᠠᠳ ᠢ ᠪᠠᠶᠠᠵᠢᠭᠤᠯᠬᠤ ᠢ ᠠᠬᠢᠭᠤᠯᠬᠤ᠂ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ᠂ ᠠᠷᠠᠳ ᠲᠦᠮᠡᠨ ᠳᠤ ᠤᠴᠢᠷ ᠶᠠᠪᠤᠳᠠᠯ ᠶᠢ ᠨᠢ  ᠰᠢᠢᠳᠪᠦᠷᠢᠯᠡᠵᠦ ᠦᠢᠯᠡᠴᠢᠯᠡᠬᠦ︾ ᠲᠦᠷᠪᠡᠨ ᠭᠤᠣᠯᠳᠠᠯᠭ᠎ᠠ ᠶᠢᠨ ᠲᠣᠭᠤᠷᠢᠨ ᠳᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠤᠨ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠬᠤ ᠪᠣᠯᠣᠨ᠎ᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ