ᠸᠠᠩ ᠯᠠᠶ ᠵᠦ ᠬᠤᠷᠢᠨᠭᠡᠷ ᠰᠢᠶᠠᠨ ᠤ ᠳᠥᠷᠪᠡᠳᠦᠭᠡᠷ ᠪᠠᠭ᠎ᠠ ᠰᠤᠷᠭᠠᠭᠤᠯᠢ ᠳᠤ ᠭᠦᠨᠵᠡᠭᠡᠶᠢᠷᠡᠨ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠡᠷᠡᠭᠯᠡᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2021/9/15
9.14王来柱深入和林格尔县第四小学调研国家统编教材使用情况.jpg
      9 ᠰᠠᠷ᠎ᠠ ᠶᠢᠨ 7 ᠤ ᠡᠳᠦᠷ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠯᠠᠶ ᠵᠦ ᠰᠢᠶᠠᠨ ᠤ ᠳᠥᠷᠪᠡᠳᠦᠭᠡᠷ ᠪᠠᠭ᠎ᠠ ᠰᠤᠷᠭᠠᠭᠤᠯᠢ ᠳᠤ ᠭᠦᠨᠵᠡᠭᠡᠶᠢᠷᠡᠨ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠡᠷᠡᠭᠯᠡᠯᠲᠡ ᠶᠢᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠵᠦ᠂ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠭᠤᠤᠯ ᠤᠳᠤᠷᠢᠳᠤᠯᠭ᠎ᠠ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃       ᠸᠠᠩ ᠯᠠᠢ ᠵᠦ ᠨᠠᠷ ᠵᠢᠭᠠᠨ ᠰᠤᠷᠭᠠᠯᠲᠠ ᠶᠢᠨ ᠠᠰᠠᠷ ᠪᠣᠯᠤᠨ ᠭᠡᠷ ᠤᠨ ᠭᠠᠳᠠᠨᠠᠬᠢ ᠠᠵᠢᠯᠯᠠᠭ᠎ᠠ ᠶᠢᠨ ᠲᠠᠯᠠᠪᠤᠷ ᠲᠤ ᠬᠦᠷᠴᠦ᠂  ᠰᠤᠷᠭᠠᠭᠤᠯᠢ ᠶᠢᠨ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠡᠷᠡᠭᠯᠡᠯᠲᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠨᠠᠮᠤᠷ ᠤᠨ ᠤᠯᠠᠷᠢᠯ ᠤᠨ ᠰᠤᠷᠤᠯᠭ᠎ᠠ ᠡᠬᠢᠯᠡᠬᠦ ᠰᠤᠷᠤᠬᠴᠢ ᠡᠯᠰᠡᠬᠦ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ᠂ ᠪᠠᠭᠰᠢ ᠶᠢᠨ ᠬᠦᠴᠦᠨ ᠤ ᠲᠤᠬᠢᠷᠠᠭᠤᠯᠤᠯᠳᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠰᠤᠷᠭᠠᠭᠤᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠮᠤᠷ ᠲᠦᠪᠰᠢᠨ ᠤ ᠰᠡᠷᠭᠡᠶᠢᠯᠡᠯᠲᠡ᠂ ᠰᠤᠷᠤᠭᠴᠢᠳ ᠤᠨ ᠢᠳᠡᠵᠦ ᠤᠤᠭᠤᠬᠤ ᠬᠤᠨᠣᠵᠤ ᠬᠡᠪᠲᠡᠬᠦ ᠵᠡᠷᠭᠡ ᠲᠠᠯ᠎ᠠ ᠪᠠᠷ ᠬᠢ ᠬᠠᠮᠢᠶᠠᠷᠤᠨ ᠡᠵᠡᠮᠳᠡᠵᠦ ᠪᠠᠶᠢᠭ᠎ᠠ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃       ᠸᠠᠩ ᠯᠠᠶ ᠵᠦ ᠵᠢᠭᠠᠵᠤ ᠭᠠᠷᠭᠠᠭᠰᠠᠨ ᠨᠢ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠬᠡᠷᠡᠭᠵᠢᠭᠦᠯᠬᠦ ᠪᠣᠯ ᠨᠠᠮ ᠤᠨ ᠲᠥᠪ ᠬᠤᠷᠢᠶᠠᠨ ᠤ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠮᠥᠨ᠂ ᠦᠨᠳᠦᠰᠦᠲᠡᠨ ᠨᠦᠭᠦᠳ ᠤᠨ ᠭᠦᠨᠵᠡᠭᠡᠶ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠣᠷᠳᠣ ᠬᠤᠭᠤᠴᠠᠭᠠᠨ ᠤ ᠪᠣᠳᠣᠯᠭ᠎ᠠ ᠮᠥᠨ᠂ ᠡᠨᠡ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ᠂ ᠦᠨᠳᠦᠰᠦᠲᠡᠨ ᠤ ᠭᠠᠵᠠᠷ ᠣᠷᠣᠨ ᠤ ᠬᠥᠭᠵᠢᠯᠲᠡ ᠳᠠᠪᠰᠢᠯᠲᠠ ᠶᠢ ᠲᠦᠷᠭᠡᠳᠬᠡᠬᠦ ᠳᠤ ᠴᠢᠬᠤᠯᠠ ᠶᠡᠭᠡ ᠪᠥᠭᠡᠳ ᠠᠯᠤᠰ ᠬᠡᠲᠦ ᠶᠢᠨ ᠠᠴᠢ ᠬᠤᠯᠪᠣᠭᠳᠠᠯ ᠲᠠᠢ ᠶᠤᠮ᠃ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠶᠢᠨ ᠦᠨᠳᠦᠰᠦᠨ ᠪᠣᠳᠣᠯᠭ᠎ᠠ ᠴᠢᠭᠯᠡᠯᠲᠡ ᠲᠠᠢ ᠦᠨᠡᠨᠬᠦ ᠨᠢᠭᠡᠳᠬᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠠ ᠰᠢᠶᠠᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ ᠪᠠᠨ ᠴᠢᠩᠭᠠᠳᠬᠠᠵᠤ᠂ ᠤᠬᠠᠭᠤᠯᠭ᠎ᠠ ᠬᠥᠮᠦᠵᠢᠯ ᠬᠥᠲᠥᠯᠦᠨ ᠵᠢᠯᠣᠭᠤᠳᠬᠤ ᠶᠢ ᠬᠦᠯᠢᠴᠡᠩᠭᠦᠶ ᠨᠢᠮᠪᠠᠶ ᠰᠠᠶᠢᠲᠤᠷ ᠬᠢᠵᠦ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠬᠡᠷᠡᠭᠵᠢᠭᠦᠯᠬᠦ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠶ ᠭᠡᠵᠡᠢ᠃       ᠸᠠᠩ ᠯᠠᠢ ᠵᠦ ᠴᠢᠬᠤᠯᠠᠴᠢᠯᠠᠭᠰᠠᠨ ᠨᠢ᠂ ᠰᠤᠷᠭᠠᠭᠤᠯᠢ ᠶᠢᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠬᠢᠵᠢᠭᠦᠯᠬᠦ ᠤᠬᠠᠮᠰᠠᠷ ᠤᠨ ᠬᠥᠮᠦᠵᠢᠯ ᠢ ᠭᠦᠨᠵᠡᠭᠡᠢ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ᠂ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠪᠣᠯᠤᠨ ᠨᠡᠶᠢᠭᠡᠮ ᠤᠨ ᠣᠷᠴᠢᠨ ᠲᠣᠭᠤᠷᠢᠨ ᠢ ᠬᠦᠴᠦᠯᠡᠨ ᠪᠤᠢ ᠪᠣᠯᠭᠠᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ᠂ ᠢᠳᠡᠭᠡᠨ ᠤ ᠠᠮᠤᠷ ᠲᠦᠪᠰᠢᠨ ᠵᠡᠷᠭᠡ ᠭᠤᠤᠯᠳᠠᠯᠭ᠎ᠠ ᠲᠠᠢ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠰᠤᠷᠭᠠᠭᠤᠯᠢ ᠶᠢᠨ ᠬᠦᠷᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠤᠬᠠᠭᠤᠯᠭ᠎ᠠ ᠪᠠ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ ᠴᠢᠩᠭᠠᠳᠬᠠᠵᠤ᠂ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠠᠮᠤᠷ ᠲᠦᠪᠰᠢᠨ ᠡᠮᠬᠢ ᠲᠢᠭᠯᠢᠮ ᠪᠠ ᠥᠷᠭᠡᠨ ᠣᠯᠠᠨ ᠪᠠᠭᠰᠢ ᠰᠤᠷᠤᠭᠴᠢᠳ ᠤᠨ ᠡᠷᠡᠭᠦᠯ ᠮᠡᠨᠳᠦ ᠠᠮᠣᠷ ᠲᠠᠶᠢᠪᠤᠩ ᠢ ᠪᠠᠲᠤᠯᠠᠬᠤ ᠬᠡᠷᠡᠭᠲᠡᠢ ᠭᠡᠰᠡᠨ ᠪᠠᠶᠢᠨ᠎ᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ