ᠬᠤᠷᠢᠨᠭᠡᠷ ᠰᠢᠶᠠᠨ 38 ᠳ᠋ᠤᠭᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠶᠢᠨ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2021/9/15
9.14和林格尔县举行第38个民族团结进步活动月集中宣传活动启动仪式.jpg
       9 ᠰᠠᠷ᠎ᠠ ᠶᠢᠨ 9 ᠤ ᠡᠳᠦᠷ᠂ ᠬᠤᠷᠢᠨᠭᠡᠷ ᠰᠢᠶᠠᠨ ᠤ 38 ᠳ᠋ᠤᠭᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠶᠢᠨ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠠᠭᠤᠳᠠᠮ ᠲᠠᠯᠠᠪᠠᠶ ᠳᠤ ᠶᠠᠪᠤᠭᠳᠠᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠰᠢᠶᠠᠨ ᠤ ᠳᠡᠳ᠋ ᠳᠠᠷᠤᠭ᠎ᠠ ᠹᠠᠨ ᠬᠤᠤ ᠪᠥᠸᠧ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠤ᠂ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠦᠨ ᠵᠢᠢ ᠶᠢᠩ ᠵᠢᠴᠢ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠤᠳᠤᠷᠢᠳᠤᠯᠭ᠎ᠠ ᠣᠷᠣᠯᠴᠠᠵᠠᠢ᠃       ᠲᠣᠰ ᠤᠳᠠᠭᠠᠨ ᠤ ᠠᠵᠢᠯᠯᠠᠭ᠎ᠠ ᠶᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠨᠭᠡᠷ ᠰᠢᠶᠠᠨ ᠤ ᠬᠤᠷᠢᠶ᠎ᠠ᠂ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ᠂ ᠬᠤᠷᠢᠨᠭᠡᠷ ᠰᠢᠶᠠᠨ ᠤ ᠨᠠᠮ ᠤᠨ ᠬᠤᠷᠢᠶᠠᠨ ᠤ ᠠᠯᠪᠠᠨ ᠬᠡᠷ᠂ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ᠂ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ᠂ ᠰᠢᠶᠠᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠳᠠᠭᠠᠭᠠᠴᠢᠯᠠᠨ ᠡᠷᠭᠢᠯᠡᠪᠡ᠃       ᠲᠤᠰ ᠠᠵᠢᠯᠯᠠᠭ᠎ᠠ ᠨᠢ ︽ᠳᠤᠮᠳᠠᠳᠤ ᠶᠢᠨ ᠬᠥᠪᠡᠭᠦᠳ ᠥᠬᠢᠳ ᠤᠨ ᠶᠡᠭᠡ ᠪᠦᠯᠬᠦᠮᠳᠡᠯ ᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ ᠪᠠᠷ ᠭᠤᠣᠯ ᠰᠡᠳᠦᠪ ᠪᠣᠯᠭᠠᠵᠤ᠂ ᠲᠤᠬᠠᠢ ᠶᠢᠨ ᠲᠠᠯᠠᠪᠠᠢ ᠳᠤ ᠦᠨᠳᠦᠰᠦᠲᠡᠨ ᠤ ᠠᠵᠢᠯ ᠤᠨ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠤᠨ ᠯᠠᠪᠯᠠᠯᠭ᠎ᠠ ᠶᠢ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠤᠨ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ ᠤᠬᠠᠭᠤᠯᠭ᠎ᠠ ᠶᠢᠨ ᠰᠠᠮᠪᠠᠷ᠎ᠠ ᠶᠢ ᠳᠡᠯᠭᠡᠨ ᠦᠵᠡᠭᠦᠯᠦᠭᠰᠡᠨ ᠪᠥᠭᠡᠳ ᠤᠯᠠᠭᠠᠨᠮᠥ᠋ᠴᠢᠷ ᠢ ᠤᠷᠢᠵᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠤᠷᠠᠨ ᠰᠠᠶᠢᠬᠠᠨ ᠤ ᠲᠣᠭᠯᠠᠯᠲᠠ ᠭᠠᠷᠭᠠᠯᠭᠠᠪᠠ᠃       ᠣᠶᠢᠷ᠎ᠠ ᠶᠢᠨ ᠵᠢᠯ ᠳᠤ᠂ ᠮᠠᠨ ᠤ ᠰᠢᠶᠠᠨ ᠰᠢ ᠶᠢᠨ ᠫᠢᠩ ᠶᠡᠷᠦᠩᠬᠡᠶ ᠱᠦᠵᠢ ᠶᠢᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠦᠭᠡᠢ ᠪᠠᠲᠤ ᠪᠠᠬᠢ ᠪᠣᠢ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠪᠠ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠴᠥᠭᠡᠨ ᠲᠣᠭᠠᠲᠤ ᠦᠨᠳᠦᠰᠦᠲᠡᠨ ᠤ ᠠᠵᠤ ᠠᠬᠤᠶ ᠪᠠ ᠡᠯ᠎ᠡ ᠵᠦᠢᠯ ᠤᠨ ᠨᠡᠶᠢᠭᠡᠮ ᠤᠨ ᠦᠢᠯᠡᠰ ᠢ ᠶᠡᠭᠡ ᠪᠠᠷ ᠬᠥᠭᠵᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠪᠠᠲᠤᠯᠠᠵᠤ᠂ ᠡᠷᠬᠡ ᠲᠡᠭᠰᠢ ᠪᠦᠯᠬᠦᠮᠳᠡᠯ ᠲᠠᠢ ᠬᠠᠷᠢᠯᠴᠠᠨ ᠬᠠᠪᠰᠤᠷᠤᠯᠴᠠᠭᠰᠠᠨ ᠡᠶ᠎ᠡ ᠵᠣᠬᠢᠴᠠᠯ ᠲᠠᠢ ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠶᠢ ᠤᠯᠠᠮ ᠨᠢᠭᠡ ᠠᠯᠬᠤᠮ ᠪᠠᠬᠢᠵᠢᠭᠦᠯᠪᠡ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ