ᠬᠥᠬᠡᠬᠤᠲᠠ ᠶᠢᠨ ᠭᠤᠴᠢ ᠶᠢᠰᠦᠳᠦᠭᠡᠷ ᠳᠤᠮᠳᠠᠳᠤ ᠰᠤᠷᠭᠠᠭᠤᠯᠢ ᠶᠢᠨ ᠪᠠᠶᠠᠨ ᠬᠤᠪᠢᠶᠠᠷᠢ ᠰᠤᠷᠭᠠᠭᠤᠯᠢ ᠶᠢᠨ ᠪᠠᠭᠠᠴᠤᠳ ᠤᠨ ᠣᠷᠳᠣᠨ ᠤ ᠬᠢᠴᠢᠶᠡᠯ ᠡᠬᠢᠯᠡᠪᠡ
ᠨᠡᠶᠢᠲᠡᠯᠡᠭᠰᠡᠨ ᠴᠠᠭ᠄
2021/9/15
20210915.jpg
      ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠵᠦ᠂ ᠬᠥᠬᠡᠬᠤᠲᠠ ᠶᠢᠨ ᠭᠤᠴᠢ ᠶᠢᠰᠦᠳᠦᠭᠡᠷ ᠳᠤᠮᠳᠠᠳᠤ ᠰᠤᠷᠭᠠᠭᠤᠯᠢ ᠶᠢᠨ ᠪᠠᠶᠠᠨ ᠬᠤᠪᠢᠶᠠᠷᠢ ᠰᠤᠷᠭᠠᠭᠤᠯᠢ ᠶᠢᠨ ᠪᠠᠭᠠᠴᠤᠳ ᠤᠨ ᠣᠷᠳᠣᠨ ᠤ ᠬᠢᠴᠢᠶᠡᠯ  ᠡᠬᠢᠯᠡᠯ᠎ᠡ᠂ ᠡᠨᠡ ᠬᠤᠭᠤᠴᠠᠭ᠎ᠠ ᠰᠤᠷᠭᠠᠭᠤᠯᠢ ᠶᠢᠨ ᠪᠠᠭᠠᠴᠤᠳ ᠤᠨ ᠣᠷᠳᠣᠨ ᠲᠠᠮᠢᠷ ᠤᠨ ᠲᠥᠷᠥᠯ᠂ ᠤᠳᠬ᠎ᠠ ᠤᠷᠠᠯᠢᠭ ᠤᠷ᠎ᠠ ᠮᠡᠷᠭᠡᠵᠢᠯ ᠤᠨ ᠲᠥᠷᠥᠯ᠂ ᠤᠷᠠᠨ ᠪᠢᠴᠢᠯᠭᠡ ᠶᠢᠨ ᠲᠥᠷᠥᠯ ᠪᠣᠯᠣᠨ ᠬᠡᠯᠡᠨ ᠤ ᠲᠥᠷᠥᠯ ᠵᠡᠷᠭᠡ 4 ᠶᠡᠭᠡ ᠲᠥᠷᠥᠯ ᠤᠨ ᠨᠡᠶᠢᠲᠡ 16 ᠵᠦᠢᠯ ᠤᠨ ᠬᠢᠴᠢᠶᠡᠯ ᠲᠣᠬᠢᠷᠠᠭᠤᠯᠤᠨ᠂ ᠪᠠᠭᠠᠴᠤᠳ ᠤᠨ ᠣᠷᠳᠣᠨ ᠤ ᠪᠠᠶᠠᠯᠢᠭ ᠠᠭᠤᠯᠭ᠎ᠠ ᠲᠠᠢ ᠬᠢᠴᠢᠶᠡᠯ ᠲᠥᠷᠥᠯ ᠨᠢ ᠰᠤᠷᠤᠭᠴᠢᠳ ᠤᠨ ᠬᠠᠷᠠᠭ᠎ᠠ ᠶᠢ ᠲᠡᠯᠡᠵᠦ᠂ ᠣᠢ ᠤᠬᠠᠭᠠᠨ ᠢ ᠨᠢ ᠭᠡᠶᠢᠭᠦᠯᠵᠦ ᠂ ᠣᠨᠴᠠ ᠴᠢᠳᠠᠪᠤᠷᠢ ᠶᠢ ᠨᠢ ᠬᠥᠭᠵᠢᠭᠡᠭᠰᠡᠨ ᠢᠶᠠᠷ ᠪᠠᠷᠠᠬᠤ ᠦᠭᠡᠢ ᠪᠠᠰᠠ ᠬᠡᠦᠬᠡᠳ ᠤᠳ ᠤᠨ ᠢᠲᠡᠭᠡᠯ ᠢ ᠨᠡᠮᠡᠭᠳᠡᠭᠦᠯᠵᠡᠢ᠃ ᠰᠤᠷᠪᠤᠯᠵᠢᠯᠠᠭᠴᠢ ᠮᠢᠶᠥᠥ ᠴᠢᠩ ᠴᠢᠮᠡᠭᠡᠯᠡᠭᠴᠢ ᠵᠣᠣ ᠷᠤᠢ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ