ᠤᠯᠠᠨ ᠶᠠᠩᠵᠤ ᠬᠡᠯᠪᠡᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯᠯᠠᠭ᠎ᠠ
ᠨᠡᠶᠢᠲᠡᠯᠡᠭᠰᠡᠨ ᠴᠠᠭ᠄
2021/9/16
20210916-2.jpg
      ᠪᠦᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠡᠳᠦᠷ ᠤᠨ ᠠᠵᠢᠯᠯᠠᠭ᠎ᠠ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ ᠤᠯᠠᠨ ᠶᠠᠩᠵᠤ ᠬᠡᠯᠪᠡᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯᠯᠠᠭ᠎ᠠ ᠥᠷᠨᠢᠭᠦᠯᠪᠡ᠃       ᠲᠣᠰ ᠠᠵᠢᠯᠯᠠᠭ᠎ᠠ ᠳᠤ ᠣᠯᠠᠨ ᠨᠡᠶᠢᠲᠡ ᠳᠤ ᠰᠢᠨ᠎ᠡ ᠨᠢᠭᠡ ᠦᠶ᠎ᠡ ᠶᠢᠨ ᠳ᠋ᠦᠫᠢᠯᠧᠷ ᠤᠨ ᠴᠠᠭ ᠠᠭᠤᠷ ᠤᠨ ᠷᠠᠳᠠᠷ᠂ ᠬᠥᠮᠦᠨ ᠤ ᠬᠦᠴᠦ ᠪᠠᠷ ᠪᠣᠷᠣᠭᠠᠨ ᠣᠷᠣᠭᠤᠯᠬᠤ ᠨᠢᠰᠬᠡᠯ᠂ ᠭᠠᠵᠠᠷ ᠳᠡᠭᠡᠷᠡᠬᠢ ᠴᠠᠭ ᠠᠭᠤᠷ ᠤᠨ ᠰᠢᠨ᠎ᠡ ᠠᠵᠢᠭᠯᠠᠯᠲᠠ ᠶᠢᠨ ᠥᠷᠲᠡᠭᠡᠨ ᠤ ᠵᠠᠭᠪᠤᠷ ᠵᠡᠷᠭᠡ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠦᠵᠡᠭᠦᠯᠦᠯᠭᠡ ᠶᠢᠨ ᠵᠦᠢᠯᠡᠰ ᠢ ᠳᠡᠯᠭᠡᠨ ᠦᠵᠡᠭᠦᠯᠵᠦ᠂ ᠤᠯᠠᠨ ᠨᠡᠶᠢᠲᠡ ᠳᠤ ᠴᠠᠭ ᠠᠭᠤᠷ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠨᠣᠮ ᠪᠢᠴᠢᠭ ᠲᠠᠷᠬᠠᠭᠠᠵᠤ ᠴᠠᠭ ᠠᠭᠤᠷ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠠᠮᠢᠶ᠎ᠠ ᠪᠦᠬᠦᠢ ᠮᠠᠳᠠᠭ ᠲᠠᠢ ᠠᠰᠠᠭᠤᠳᠠᠯ ᠳᠤ ᠬᠠᠷᠢᠭᠤᠯᠲᠠ ᠥᠭᠬᠦ ᠶᠢᠨ ᠬᠠᠮᠲᠤ ᠪᠠᠰᠠ ᠰᠤᠷᠤᠭᠴᠢᠳ ᠵᠢᠴᠢ ᠭᠡᠷ ᠤᠨ ᠠᠬᠠᠮᠠᠳ 100 ᠭᠠᠷᠤᠢ ᠬᠥᠮᠦᠰ ᠢ ᠵᠣᠬᠢᠶᠠᠨ ᠪᠠᠶᠢᠭᠤᠯᠤᠨ ᠤᠷᠢᠳ ᠬᠤᠵᠢᠳ ᠭᠡᠷ ᠤᠨ ᠭᠠᠳᠠᠨᠠᠬᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠦᠵᠡᠭᠦᠯᠦᠯᠭᠡ ᠶᠢᠨ ᠲᠣᠭᠤᠷᠢᠭ᠂ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠣᠷᠳᠣᠨ᠂ ᠴᠠᠭ ᠠᠭᠤᠷ ᠤᠨ ᠲᠣᠪᠴᠢᠶ᠎ᠠ᠂ ᠬᠥᠮᠦᠨ ᠤ ᠬᠦᠴᠦ ᠪᠠᠷ ᠨᠦᠯᠦᠭᠡᠯᠡᠬᠦ ᠲᠥᠪ᠂ ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢᠨ ᠨᠡᠪᠲᠡᠷᠡᠭᠦᠯᠬᠦ ᠲᠠᠰᠤᠭ ᠢ ᠲᠣᠭᠤᠷᠢᠨ ᠦᠵᠡᠵᠦ᠂ ᠴᠠᠭ ᠠᠭᠤᠷ ᠤᠨ ᠰᠢᠨᠵᠢᠯᠡᠬᠦ ᠤᠬᠠᠭᠠᠨ ᠢ ᠤᠢᠢᠷ᠎ᠠ ᠵᠠᠢ ᠠᠴᠠ ᠣᠶᠢᠯᠠᠭᠠᠪᠠ᠃ ᠰᠤᠷᠪᠤᠯᠵᠢᠯᠠᠭᠴᠢ ᠮᠢᠶᠣᠣ ᠴᠢᠩ ᠴᠢᠮᠡᠭᠡᠯᠡᠭᠴᠢ ᠯᠢ ᠶᠠᠨ ᠲᠤᠤ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ