ᠢᠦᠶ ᠴᠢᠤᠸᠠᠨ ᠲᠣᠭᠤᠷᠢᠭ ᠤᠨ ᠬᠢᠨ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠠᠷᠪᠠᠨ ᠳᠥᠷᠪᠡᠳᠦᠭᠡᠷ ᠤᠳᠠᠭᠠᠨ ᠤ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/9/17
      9 ᠰᠠᠷ᠎ᠠ ᠶᠢᠨ 12 ᠤᠨ ᠡᠳᠦᠷ᠂ ᠢᠦᠢ ᠴᠢᠤᠸᠠᠨ ᠲᠣᠭᠤᠷᠢᠭ ᠤᠨ ᠬᠢᠨ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠤᠨ ᠠᠷᠪᠠᠨ ᠳᠥᠷᠪᠡᠳᠦᠭᠡᠷ ᠤᠳᠠᠭ᠎ᠠ ᠶᠢᠨ ᠳᠤᠬᠢᠷᠠᠭᠤᠯᠤᠯᠳᠠ ᠶᠢᠨ ᠬᠤᠷᠠᠯ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠨᠡᠷᠡᠨ ᠬᠤᠷᠠᠯ ᠢ ᠡᠷᠬᠢᠯᠡᠵᠦ᠂ ᠬᠤᠳᠠ ᠶᠢᠨ ᠬᠤᠳᠠ ᠪᠠᠶᠢᠭᠤᠯᠬᠤ ᠠᠯᠪᠠᠨ ᠭᠡᠷ ᠤᠨ ᠲᠣᠭᠤᠷᠢᠭ ᠲᠤ ᠰᠠᠭᠤᠭ᠎ᠠ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠯᠢ ᠬᠤᠢ ᠰᠧᠨ ᠬᠤᠷᠠᠯ ᠳᠤ ᠣᠷᠣᠯᠴᠠᠨ ᠵᠢᠭᠠᠨ ᠵᠢᠯᠣᠭᠤᠳᠴᠤ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ ᠤᠨ ᠱᠦᠵᠢ ᠵᠠᠩ ᠫᠦ᠋ ᠠᠵᠢᠯ ᠤᠨ ᠪᠠᠶᠢᠷᠢᠯᠠᠭᠤᠯᠤᠯᠲᠠ ᠬᠢᠵᠡᠢ᠃ ᠪᠦᠬᠦ ᠲᠤᠭᠤᠶᠢᠷᠭ ᠤᠨ 62 ᠬᠠᠷᠢᠭᠤᠴᠠᠯᠭᠠᠲᠤ ᠭᠠᠵᠠᠷ ᠣᠷᠣᠨ᠂ ᠰᠠᠯᠠᠭ᠎ᠠ ᠮᠥᠴᠢᠷ ᠵᠢᠴᠢ 109 ᠨᠡᠶᠢᠭᠡᠮ ᠲᠣᠭᠤᠷᠢᠭ᠂ ᠵᠠᠰᠠᠭ ᠵᠠᠬᠢᠷᠭᠠᠨ ᠤ ᠲᠣᠰᠬᠤᠨ ᠤ ᠭᠤᠣᠯ ᠬᠠᠷᠢᠭᠤᠴᠠᠯᠭᠠᠲᠠᠨ᠂ ᠬᠤᠶᠠᠷ ᠠᠯᠪᠠᠨ ᠭᠡᠷ ᠤᠨ ᠱᠠᠯᠠᠪᠳᠠᠭᠤᠯᠤᠨ ᠪᠠᠶᠢᠴᠠᠭᠠᠬᠤ ᠲᠠᠰᠤᠭ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
1.jpg
      ᠬᠤᠷᠠᠯ ᠠᠴᠠ ︽ᠬᠤᠲᠠ ᠶᠢᠨ ᠬᠤᠲᠠ ᠪᠠᠶᠢᠭᠤᠯᠬᠤ ᠠᠯᠪᠠᠨ ᠭᠡᠷ ᠤᠨ ︿ᠨᠡᠶᠢᠭᠡᠮ ᠲᠣᠭᠤᠷᠢᠭ ᠲᠤ ᠨᠠᠰᠤᠨ ᠳᠤ ᠥᠯᠥ ᠭᠦᠷᠦᠭᠰᠡᠳ ᠤᠨ ᠣᠶᠤᠨ ᠤ ᠪᠣᠯᠪᠠᠰᠤᠨ ᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠬᠦ ᠲᠤᠬᠠᠶ ᠮᠡᠳᠡᠭᠳᠡᠯ﹀ ᠢ ᠤᠯᠠᠮᠵᠢᠯᠠᠨ ᠲᠠᠷᠬᠠᠭᠠᠬᠤ ᠲᠤᠬᠠᠶ ᠮᠡᠳᠡᠭᠳᠡᠯ︾ ᠢ ᠤᠩᠰᠢᠨ ᠨᠡᠶᠢᠲᠡᠯᠡᠪᠡ︔ ᠪᠥᠬᠦ ᠲᠤᠭᠤᠷᠢᠭ ᠤᠨ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠤᠭᠰᠠᠨ ᠡᠯᠭᠦᠭᠡ ᠲᠠᠩᠰᠠ ᠶᠢᠨ ᠠᠰᠠᠭᠤᠳᠠᠯ ᠤᠨ ᠲᠣᠳᠣᠷᠬᠠᠶ ᠬᠠᠭᠤᠳᠠᠰᠤ ᠪᠠ ᠲᠤᠭᠤᠷᠢᠭ ᠤᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠬᠤᠲᠠ ᠲᠠᠢ ᠬᠤᠯᠪᠣᠭᠠᠯᠠᠨ ᠰᠢᠨ᠎ᠡ ᠶᠢ ᠡᠭᠦᠳᠴᠦ ᠬᠠᠮᠲᠤ ᠪᠠᠷ ᠪᠠᠶᠢᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠵᠢᠴᠢ ᠢᠦᠶ ᠴᠢᠤᠸᠠᠨ ᠲᠣᠭᠤᠷᠢᠭ ᠤᠨ 2021 ᠣᠨ ᠳᠤ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠤᠭᠰᠠᠨ ᠳᠠᠭᠤᠷᠢᠶᠠᠮᠠᠯ ᠰᠢᠯᠭᠠᠨ ᠦᠨᠡᠯᠡᠯᠲᠡ ᠶᠢᠨ ᠨᠢᠭᠡ ᠪᠠᠯᠭᠠᠰᠤᠨ ᠤ ᠨᠠᠢᠮᠠᠨ ᠠᠯᠪᠠᠨ ᠬᠡᠷ ᠤᠨ ᠨᠡᠷᠡᠰ ᠤᠨ ᠵᠢᠭᠰᠠᠭᠠᠯᠲᠠ ᠶᠢᠨ ᠪᠠᠶᠢᠳᠠᠯ ᠢ ᠮᠡᠳᠡᠭᠳᠡᠪᠡ᠃
2.jpg
      ᠬᠤᠷᠠᠯ ᠠᠴᠠ ᠵᠢᠭᠠᠨ ᠭᠠᠷᠭᠠᠭᠰᠠᠨ ᠨᠢ᠂ ᠡᠯ᠎ᠡ ᠭᠠᠵᠠᠷ ᠣᠷᠣᠨ ᠡᠯ᠎ᠡ ᠨᠢᠭᠡᠴᠡ ᠶᠢᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠢᠲᠡᠭᠡᠯ ᠵᠣᠷᠢᠭ ᠢᠶᠠᠨ ᠪᠠᠲᠤᠳᠬᠠᠵᠤ᠂ ᠳᠤᠲᠠᠭᠤ ᠶᠢ ᠨᠢ ᠪᠠᠶᠢᠴᠠᠭᠠᠨ ᠨᠥᠬᠦᠪᠥᠷᠢᠯᠡᠵᠦ᠂ ᠤᠨᠢᠨ ᠳᠡᠭᠡᠷ᠎ᠡ ᠨᠢ ᠬᠦᠴᠦᠯᠡᠵᠦ᠂ ᠬᠤᠳᠠ ᠪᠠᠶᠢᠭᠤᠯᠬᠤ ᠮᠡᠳᠡᠭᠦᠯᠦᠯᠲᠡ ᠶᠢᠨ ᠴᠡᠭ ᠪᠠᠶᠢᠷᠢ ᠳᠤ ᠬᠤᠪᠢ ᠠᠯᠳᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ︔ ᠪᠦᠬᠦ ᠲᠠᠯ᠎ᠠ ᠪᠠᠷ ᠪᠦᠬᠦᠨ ᠢ ᠪᠠᠲᠤᠯᠠᠵᠤ᠂ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠵᠢᠵᠢᠭ ᠲᠣᠭᠤᠷᠢᠭ ᠢ ᠶᠡᠷᠦᠩᠬᠡᠶᠢᠯᠡᠨ ᠴᠡᠭᠴᠡᠯᠡᠨ ᠵᠠᠰᠠᠬᠤ ᠪᠠᠷ ᠭᠤᠣᠯᠳᠠᠯᠭ᠎ᠠ ᠪᠣᠯᠭᠠᠵᠤ᠂ ᠳᠠᠭᠠᠭᠠᠴᠢᠯᠠᠨ ᠬᠤᠯᠪᠣᠭᠠᠯᠠᠬᠤ ᠨᠢᠭᠡᠴᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠣᠷᠣᠨ ᠪᠦᠰᠡ ᠶᠢ ᠬᠤᠪᠢᠶᠠᠷᠢᠯᠠᠵᠤ᠂ ᠡᠭᠦᠷᠭᠡ ᠶᠢ ᠬᠤᠪᠢᠶᠠᠷᠢᠯᠠᠬᠤ ᠬᠡᠷᠡᠭᠲᠡᠢ︔ ᠨᠢᠭᠲᠠ ᠬᠠᠮᠵᠢᠯᠴᠠᠵᠤ᠂ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠨᠠᠷᠢᠯᠢᠬᠵᠢᠭᠤᠯᠵᠤ᠂ ᠪᠠᠯᠠᠢ ᠣᠷᠣᠨ ᠦᠯᠡᠳᠡᠭᠡᠬᠦ ᠦᠭᠡᠢ᠂ ᠥᠨᠴᠥᠭ ᠪᠤᠯᠤᠩ ᠦᠯᠡᠳᠡᠭᠡᠬᠦ ᠦᠭᠡᠢ ᠪᠠᠶᠢᠬᠤ ᠬᠡᠷᠡᠭᠲᠡᠢ᠃       ᠬᠤᠷᠠᠯ ᠠᠴᠠ ᠴᠢᠬᠤᠯᠠᠴᠢᠯᠠᠭᠰᠠᠨ ᠨᠢ᠂ ᠪᠤᠯᠪᠠᠰᠤᠨ ᠬᠤᠳᠠ ᠶᠢ ᠡᠭᠦᠳᠦᠨ ᠪᠠᠶᠢᠭᠤᠯᠬᠤ ᠨᠢ ᠤᠯᠠᠨ ᠲᠦᠮᠡᠨ ᠤ ᠲᠥᠯᠥᠭᠡ ᠶᠤᠮ᠂ ᠬᠤᠳᠠ ᠶᠢ ᠡᠭᠦᠳᠦᠨ ᠪᠠᠶᠢᠭᠤᠯᠬᠤ ᠳᠤ ᠤᠯᠠᠨ ᠲᠦᠮᠡᠨ ᠢ ᠲᠦᠰᠢᠭᠯᠡᠨ᠎ᠡ᠃ ᠭᠤᠶᠢᠳᠠ ᠰᠠᠶᠢᠬᠠᠨ ᠣᠷᠴᠢᠨ ᠲᠣᠭᠤᠷᠢᠨ᠂ ᠰᠢᠯᠢᠳᠡᠭ ᠰᠠᠶᠢᠨ ᠡᠮᠬᠢ ᠳᠢᠭᠯᠢᠮ᠂ ᠰᠢᠯᠢᠳᠡᠭ ᠰᠠᠶᠢᠨ ᠦᠢᠯᠡᠴᠢᠯᠡᠭᠡ ᠶᠢ ᠪᠤᠢ ᠪᠣᠯᠭᠠᠬᠤ ᠳᠡᠭᠡᠷ᠎ᠡ ᠬᠦᠴᠦ ᠲᠠᠯᠪᠢᠵᠤ᠂ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠬᠦ ᠬᠡᠷᠡᠭᠲᠡᠢ︔ ᠤᠬᠠᠭᠤᠯᠭ᠎ᠠ ᠪᠠᠨ ᠴᠢᠩᠭᠠᠳᠬᠠᠵᠤ᠂ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠡᠯ᠎ᠡ ᠲᠦᠷᠦᠯ ᠤᠨ ᠵᠠᠭᠤᠴᠢᠯᠠᠭᠤᠷ ᠢ ᠭᠦᠢᠴᠡᠳ ᠠᠰᠢᠭᠯᠠᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠥᠷᠭᠡᠨ ᠢᠶᠠᠷ ᠤᠬᠠᠭᠤᠯᠵᠤ᠂ ᠤᠨᠢᠨ ᠳᠡᠭᠡᠷ᠎ᠡ ᠨᠢ ᠤᠬᠠᠭᠤᠯᠬᠤ ᠬᠡᠷᠡᠭᠲᠡᠢ︔ ᠤᠯᠠᠨ ᠲᠦᠮᠡᠨ ᠢ ᠤᠯᠠᠮ ᠨᠢᠭᠡ ᠠᠯᠬᠤᠮ ᠲᠠᠶᠢᠴᠢᠯᠠᠵᠤ᠂ ᠤᠯᠠᠨ ᠲᠦᠮᠡᠨ ᠢ ᠬᠥᠲᠥᠯᠥᠨ ᠵᠢᠯᠣᠭᠤᠳᠴᠤ᠂ ᠤᠯᠠᠨ ᠲᠦᠮᠡᠨ ᠤ ᠬᠤᠳᠠ ᠪᠠᠶᠢᠭᠤᠯᠬᠤ ᠠᠵᠢᠯ ᠢ ᠳᠡᠮᠵᠢᠬᠦ ᠨᠤᠷᠮ᠎ᠠ ᠪᠠ ᠬᠠᠨᠤᠮᠵᠢᠲᠠᠶ ᠪᠠᠶᠢᠬᠤ ᠨᠤᠷᠮ᠎ᠠ ᠶᠢ ᠳᠡᠭᠡᠭᠰᠢᠯᠡᠭᠦᠯᠬᠦ ᠬᠡᠷᠡᠭᠲᠡᠶ᠃       ᠬᠤᠷᠠᠯ ᠠᠴᠠ ᠱᠠᠭᠠᠷᠳᠠᠭᠰᠠᠨ ᠨᠢ᠂ ᠡᠯ᠎ᠡ ᠨᠢᠭᠡᠴᠡ᠂ ᠡᠯ᠎ᠡ ᠰᠠᠯᠠᠭ᠎ᠠ ᠮᠥᠴᠢᠷ ᠤᠳ ᠬᠤᠲᠠ ᠪᠠᠶᠢᠭᠤᠯᠬᠤ ᠠᠵᠢᠯ ᠤᠨ ᠳᠤᠮᠳᠠᠬᠢ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠭᠤᠤᠯ ᠤᠳᠤᠷᠢᠳᠤᠯᠭ᠎ᠠ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠲᠥᠪᠯᠡᠷᠡᠯ ᠤᠨ ᠴᠡᠭ ᠤᠨ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠥᠨᠴᠥᠭ ᠪᠤᠯᠤᠩ ᠦᠯᠡᠳᠡᠭᠡᠬᠦ ᠥᠬᠡᠶ᠂ ᠬᠤᠭᠤᠰᠣᠨ ᠭᠠᠵᠠᠷ ᠦᠯᠡᠳᠡᠭᠡᠬᠦ ᠥᠬᠡᠶ᠂ ᠪᠠᠯᠠᠶ ᠭᠠᠵᠠᠷ ᠦᠯᠡᠳᠡᠭᠡᠬᠦ ᠥᠬᠡᠶ ᠪᠠᠶᠢᠬᠤ ᠶᠢ ᠦᠨᠡᠨᠬᠦ ᠪᠡᠶᠡᠯᠡᠭᠦᠯᠬᠦ ᠬᠡᠷᠡᠭᠲᠡᠶ︔ ᠬᠤᠳᠠ ᠪᠠᠶᠢᠭᠤᠯᠬᠤ ᠠᠵᠢᠯ ᠢ ᠱᠠᠯᠠᠪᠳᠠᠭᠤᠯᠤᠨ ᠪᠠᠶᠢᠴᠠᠭᠠᠵᠤ ᠵᠢᠯᠣᠭᠤᠳᠬᠤ ᠪᠠ ᠤᠬᠠᠭᠤᠯᠵᠤ ᠬᠦᠳᠦᠯᠦᠨ ᠵᠢᠯᠣᠭᠤᠳᠬᠤ ᠪᠠᠨ ᠴᠢᠩᠭᠠᠳᠬᠠᠵᠤ᠂ ᠬᠤᠲᠠ ᠪᠠᠶᠢᠭᠤᠯᠬᠤ ᠴᠡᠭ ᠪᠠᠶᠢᠷᠢ ᠶᠢᠨ ᠣᠷᠳᠣ ᠬᠤᠭᠤᠴᠠᠭᠠᠨ ᠤ ᠪᠦᠲᠦᠮᠵᠢᠲᠡᠶ ᠬᠡᠪ ᠤᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠦᠬᠦ ᠬᠤᠳᠠ ᠶᠢᠨ ᠪᠦᠬᠦ ᠤᠯᠤᠰ ᠤᠨ ᠪᠣᠯᠪᠠᠰᠤᠨ ᠬᠤᠳᠠ ᠶᠢ ᠴᠢᠷᠮᠠᠶᠢᠨ ᠪᠠᠶᠢᠭᠤᠯᠬᠤ ᠳᠤ ᠢᠦᠢ ᠴᠢᠤᠸᠠᠨ ᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ᠃ ︵ᠰᠤᠷᠪᠤᠯᠵᠢᠯᠠᠭᠴᠢ᠄ ᠵᠠᠩ ᠰᠢᠶᠤᠤ ᠶᠠᠨ    ᠢᠦᠶ ᠲᠧᠩ ᠵᠢᠶᠤᠤ︶
ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ ᠲᠤᠭᠤᠷᠢᠭ︾ ᠸᠢᠴᠠᠲ ᠤᠨ ᠨᠡᠶᠢᠲᠡ ᠶᠢᠨ ᠳ᠋ᠤᠭᠠᠷ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ