ᠢᠦᠶ ᠴᠢᠤᠸᠠᠨ ᠲᠣᠭᠤᠷᠢᠭ ᠤᠨ ᠨᠠᠮ ᠤᠨ ᠬᠤᠷᠢᠶᠠᠨ ᠤ ᠭᠤᠣᠯ ᠤᠳᠤᠷᠢᠳᠤᠯᠭ᠎ᠠ ᠪᠠᠭᠰᠢ ᠶᠢᠨ ᠪᠠᠶᠠᠷ ᠢ ᠬᠦᠨᠳᠦᠳᠭᠡᠨ ᠮᠠᠭᠲᠠᠵᠤ ᠠᠶᠢᠯᠴᠢᠯᠠᠨ ᠳᠤᠬᠤᠨᠢᠭᠤᠯᠵᠠᠢ
ᠨᠡᠶᠢᠲᠡᠯᠡᠭᠰᠡᠨ ᠴᠠᠭ᠄
2021/9/17
      37 ᠳ᠋ᠤᠭᠠᠷ ᠪᠠᠭᠰᠢ ᠶᠢᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ 9 ᠰᠠᠷ᠎ᠠ ᠶᠢᠨ 10 ᠤ ᠡᠳᠦᠷ ᠤᠨ ᠦᠳᠡ ᠶᠢᠨ ᠡᠮᠦᠨ᠎ᠡ᠂ ᠢᠦᠶ ᠴᠢᠤᠸᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠧᠩ ᠵᠥᠩ ᠵᠥᠩ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠴᠢ ᠮᠢᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠡᠳ᠋ ᠡᠷᠬᠢᠯᠡᠭᠴᠢ ᠵᠣᠣ ᠶᠦᠩ ᠵᠥᠩ ᠨᠡᠷ ᠪᠠᠭ᠎ᠠ ᠵᠣᠣ ᠪᠠᠭ᠎ᠠ ᠰᠤᠷᠭᠠᠭᠤᠯᠢ ᠳᠤ ᠭᠦᠨᠵᠡᠭᠡᠶᠢᠷᠡᠵᠦ᠂ ᠰᠤᠷᠭᠠᠭᠤᠯᠢ ᠶᠢᠨ ᠪᠠᠭᠰᠢ ᠰᠤᠷᠤᠭᠴᠢᠳ ᠢ ᠪᠣᠯᠭᠤᠭᠠᠨ ᠲᠣᠬᠤᠨᠢᠭᠤᠯᠪᠠ᠃ ᠴᠧᠩ ᠵᠦᠩ ᠵᠥᠩ ᠵᠡᠷᠭᠡ ᠬᠥᠮᠦᠰ ᠰᠤᠷᠭᠠᠭᠤᠯᠢ ᠶᠢᠨ ᠬᠠᠷᠢᠭᠤᠴᠠᠯᠭᠠᠲᠠᠨ ᠨᠥᠬᠦᠳ ᠤᠨ ᠰᠤᠷᠭᠠᠭᠤᠯᠢ ᠶᠢᠨ ᠬᠥᠭᠵᠢᠯᠲᠡ ᠶᠢᠨ ᠶᠠᠪᠤᠴᠠ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ᠂ ᠣᠨᠴᠠᠭᠠᠢ ᠰᠤᠷᠭᠠᠨ ᠬᠥᠮᠦᠵᠢᠯ᠂ ᠪᠠᠭᠰᠢ ᠶᠢᠨ ᠬᠦᠴᠦᠨ ᠵᠡᠷᠭᠡ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠰᠤᠷᠭᠠᠭᠤᠯᠢ ᠶᠢᠨ ᠵᠣᠬᠢᠶᠠᠨ ᠪᠠᠶᠢᠭᠤᠯᠤᠭᠰᠠᠨ ︽ᠬᠠᠮᠤᠭ ᠤᠨ ᠭᠤᠶᠤ ᠪᠠᠭᠰᠢ︾ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠤ ᠣᠷᠣᠯᠴᠠᠪᠠ᠃
1.jpg
      ᠴᠧᠩ ᠵᠥᠩ ᠵᠥᠩ ᠬᠢᠴᠢᠶᠡᠯ ᠤᠨ ᠬᠡᠷ ᠪᠣᠯᠤᠨ ᠪᠠᠭᠰᠢ ᠶᠢᠨ ᠠᠯᠪᠠᠨ ᠬᠡᠷ ᠲᠤ ᠬᠦᠷᠴᠦ᠂ ᠪᠠᠭᠰᠢ ᠨᠠᠷ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠠᠵᠢᠯ ᠤᠨ ᠪᠠᠶᠢᠳᠠᠯ ᠢ ᠠᠰᠠᠭᠤᠨ ᠣᠶᠢᠯᠠᠭᠠᠵᠤ᠂ ᠥᠷᠭᠡᠨ ᠣᠯᠠᠨ ᠪᠠᠭᠰᠢ ᠨᠠᠷ ᠤᠨ ᠢᠦᠶ ᠴᠢᠤᠸᠠᠨ ᠲᠣᠭᠤᠷᠢᠭ ᠤᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠳᠤ ᠰᠢᠷᠭᠠᠭᠤ ᠬᠥᠳᠡᠯᠮᠦᠷᠢ ᠭᠠᠷᠭᠠᠭᠰᠠᠨ ᠳᠤ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠬᠠᠮᠤᠭ ᠤᠨ ᠭᠤᠶᠣ ᠪᠠᠭᠰᠢ ᠵᠠᠩ ᠵᠢᠶᠦ᠋ᠨ ᠴᠢᠨ ᠪᠠᠭᠰᠢ ᠪᠣᠯᠤᠨ ᠣᠨᠴᠠᠭᠠᠶ ᠰᠤᠷᠭᠠᠭᠤᠯᠢ ᠶᠢᠨ ᠪᠠᠭᠰᠢ ᠸᠧᠨ ᠰᠦ᠋ ᠮᠧᠶ ᠪᠠᠭᠰᠢ ᠳᠤ ᠪᠠᠶᠠᠷ ᠤᠨ ᠡᠳᠦᠷ ᠤᠨ ᠵᠥᠩᠨᠡᠯ ᠪᠠ ᠲᠣᠬᠤᠨᠢᠭᠤᠯᠤᠯ ᠤᠨ ᠪᠣᠳᠠᠰ ᠬᠦᠷᠭᠡᠪᠡ᠃ ᠡᠭᠦᠨ ᠤ ᠵᠡᠷᠭᠡᠪᠡᠷ᠂ ᠥᠷᠭᠡᠨ ᠤᠯᠠᠨ ᠪᠠᠭᠰᠢ ᠨᠠᠷ ᠰᠤᠷᠭᠠᠨ ᠬᠥᠮᠦᠵᠢᠯ ᠤᠨ ᠤᠬ ᠰᠠᠨᠠᠭ᠎ᠠ ᠪᠠᠨ ᠦᠯᠦ ᠮᠠᠷᠲᠠᠵᠤ᠂ ᠪᠠᠭᠰᠢ ᠶᠢᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠠᠷᠠᠳ ᠲᠦᠮᠡᠨ ᠳᠤ ᠲᠠᠭᠠᠰᠢᠶᠠᠭᠳᠠᠭᠰᠠᠨ ᠪᠠᠭᠰᠢ ᠪᠣᠯᠬᠤ ᠪᠠᠷ ᠴᠢᠷᠮᠠᠶᠢᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠬᠡᠷᠡᠭᠲᠡᠢ ᠭᠡᠵᠦ ᠬᠦᠰᠡᠨ ᠨᠠᠶᠢᠳᠠᠪᠠ᠃
2.jpg
      ᠴᠧᠩ ᠵᠥᠩ ᠵᠥᠩ ᠪᠠᠭ᠎ᠠ ᠵᠣᠣ ᠪᠠᠭ᠎ᠠ ᠰᠤᠷᠭᠠᠭᠤᠯᠢ ᠶᠢᠨ ᠣᠯᠤᠭᠰᠠᠨ ᠬᠢᠷᠢ ᠪᠦᠲᠦᠮᠵᠢ ᠶᠢ ᠨᠤᠲᠠᠯᠠᠵᠤ ᠪᠠᠶᠢᠬᠤ ᠪᠠᠨ ᠢᠯᠡᠳᠬᠡᠵᠦ᠂ ᠡᠭᠦᠨ ᠤ ᠬᠠᠮᠲᠤ ᠪᠠᠰᠠ ᠴᠢᠩ ᠰᠡᠳᠬᠢᠯ ᠤᠨ ᠬᠦᠰᠡᠯ ᠡᠷᠡᠮᠡᠯᠵᠡᠯ ᠢᠶᠠᠨ ᠳᠤᠷᠠᠳᠴᠤ᠂ ᠪᠦᠬᠦ ᠲᠤᠭᠤᠷᠢᠭ ᠤᠨ ᠥᠷᠭᠡᠨ ᠣᠯᠠᠨ ᠪᠠᠭᠰᠢ ᠪᠣᠯᠤᠨ ᠰᠤᠷᠭᠠᠨ ᠬᠥᠮᠦᠵᠢᠯ ᠤᠨ ᠠᠵᠢᠯᠲᠠᠳ ᠤᠨ ᠠᠮᠵᠢᠯᠲᠠ ᠪᠠᠨ ᠦᠷᠭᠦᠯᠵᠢᠯᠡᠨ ᠪᠠᠳᠠᠷᠠᠭᠤᠯᠵᠤ᠂ ᠢᠷᠠᠭᠤ ᠠᠯᠳᠠᠷ ᠢᠶᠠᠨ ᠨᠠᠨᠳᠢᠩᠨᠠᠵᠤ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠴᠠᠭ ᠦᠶ᠎ᠡ ᠲᠠᠢ ᠵᠡᠷᠭᠡᠪᠡᠷ ᠤᠷᠤᠭᠰᠢᠯᠠᠨ᠂ ᠰᠢ ᠶᠢᠨ ᠫᠢᠩ ᠶᠡᠷᠦᠩᠬᠡᠶ ᠱᠦᠵᠢ ᠶᠢᠨ ᠰᠤᠷᠭᠠᠨ ᠬᠥᠮᠦᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠵᠦ᠂ ᠰᠤᠷᠤᠭᠴᠢᠳ ᠤᠨ ᠦᠰᠦᠨ ᠪᠤᠶᠢᠵᠢᠯᠲᠠ ᠶᠢᠨ ᠵᠠᠮᠴᠢᠯᠠᠭᠴᠢ ᠪᠤᠯᠵᠤ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠢᠦᠢ ᠴᠢᠤᠸᠠᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃
ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ ᠲᠤᠭᠤᠷᠢᠭ︾ ᠸᠢᠴᠠᠲ ᠤᠨ ᠨᠡᠶᠢᠲᠡ ᠶᠢᠨ ᠳ᠋ᠤᠭᠠᠷ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ