ᠢᠦᠢ ᠴᠢᠤᠸᠠᠨ ᠲᠣᠭᠤᠷᠢᠭ ᠭᠤᠴᠢᠨ ᠨᠠᠢᠮᠠᠳᠤᠭᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠵᠢᠴᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠶ ᠪᠣᠯᠭᠠᠬᠤ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠬᠤ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/9/17
      ᠡᠨᠡ ᠵᠢᠯ ᠤᠨ 9 ᠰᠠᠷ᠎ᠠ ᠪᠣᠯ ᠶᠠᠭ 38 ᠳ᠋ᠤᠭᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠪᠣᠯᠤᠨ᠎ᠠ᠂ ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠬᠤᠷᠠᠯ ᠪᠣᠯ ᠬᠤᠲᠠ ᠶᠢᠨ ᠨᠠᠮ ᠤᠨ ᠬᠤᠷᠢᠶᠠᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ ᠳᠣᠭᠢᠷᠠᠭᠤᠯᠤᠭᠰᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠵᠦ ᠤᠬᠠᠭᠤᠯᠤᠨ ᠲᠠᠶᠢᠯᠪᠤᠷᠢᠯᠠᠬᠤ ᠶᠢ ᠪᠠᠶᠢᠭᠤᠯᠭ᠎ᠠ ᠳᠤ ᠣᠷᠣᠭᠤᠯᠬᠤ ᠨᠢᠭᠡ ᠤᠳᠠᠭᠠᠨ ᠤ ᠲᠥᠪᠯᠡᠷᠡᠩᠭᠦᠶ ᠠᠵᠢᠯᠯᠠᠭ᠎ᠠ ᠮᠥᠨ᠂ ᠪᠠᠰᠠ ᠴᠤ ᠢᠦᠢ ᠴᠢᠤᠸᠠᠨ ᠲᠣᠭᠤᠷᠢᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠳᠤ ᠵᠣᠬᠢᠶᠠᠨ ᠪᠠᠶᠢᠭᠤᠯᠤᠭᠰᠠᠨ ᠰᠤᠷᠤᠯᠴᠠᠯᠭ᠎ᠠ ᠶᠢᠨ ᠶᠡᠭᠡ ᠬᠢᠴᠢᠶᠡᠯ ᠤᠨ ᠲᠠᠩᠬᠢᠮ ᠳᠤ ᠥᠷᠨᠢᠭᠦᠯᠦᠭᠰᠡᠨ ᠨᠢᠭᠡ ᠤᠳᠠᠭᠠᠨ ᠤ ᠲᠤᠰᠬᠠᠶ ᠰᠡᠳᠦᠪᠲᠦ ᠪᠣᠯᠪᠠᠰᠤᠷᠠᠭᠤᠯᠤᠯ ᠤᠨ ᠬᠤᠷᠠᠯ ᠮᠥᠨ᠃
1.jpg
      ᠬᠤᠷᠠᠯ ᠠᠴᠠ ᠵᠢᠭᠠᠨ ᠭᠠᠷᠭᠠᠭᠰᠠᠨ ᠨᠢ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠣᠯ ᠤᠯᠤᠰ ᠣᠷᠣᠨ ᠤ ᠨᠢᠭᠡᠳᠦᠯ ᠤᠨ ᠰᠠᠭᠤᠷᠢ᠂ ᠦᠨᠳᠦᠰᠦᠲᠡᠨ ᠤ ᠪᠦᠯᠬᠦᠮᠳᠡᠯ ᠤᠨ ᠦᠨᠳᠦᠰᠦ᠂ ᠤᠶᠤᠨ ᠰᠠᠨᠠᠭᠠᠨ ᠤ ᠬᠦᠴᠦᠨ ᠴᠢᠳᠠᠯ ᠤᠨ ᠰᠦᠭ ᠰᠦᠨᠡᠰᠦ ᠮᠥᠨ᠃ ᠰᠢ ᠶᠢᠨ ᠫᠢᠩ ᠶᠡᠷᠦᠩᠬᠡᠶ ᠱᠦᠵᠢ ᠶᠢᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠭᠦᠨᠵᠡᠭᠡᠶ ᠰᠤᠷᠤᠯᠴᠠᠨ ᠤᠬᠠᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠬᠡᠷᠡᠭᠯᠡᠬᠦ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠤᠬᠠᠭᠤᠯᠬᠤ ᠵᠢᠴᠢ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ᠂ ︽ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ︾ ᠦᠨᠳᠦᠰᠦᠲᠡᠨ ᠤ ᠠᠵᠢᠯ ᠤᠨ ᠭᠤᠣᠯ ᠰᠡᠳᠦᠪ ᠤᠨ ᠲᠣᠭᠤᠷᠢᠨ ᠳᠤ᠂ ︽ᠳᠤᠮᠳᠠᠳᠤ ᠶᠢᠨ ᠬᠥᠪᠡᠭᠦᠳ ᠥᠬᠢᠳ ᠤᠨ ᠶᠡᠭᠡ ᠪᠦᠯᠬᠦᠮᠳᠡᠯ ᠢ ᠡᠷᠬᠡᠪᠰᠢ ᠴᠢᠩᠭᠠᠳᠬᠠᠬᠤ︾ ᠴᠢᠬᠤᠯᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠶ ᠪᠣᠯᠭᠠᠬᠤ ᠡᠨᠡᠬᠦ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠭᠤᠣᠯ ᠰᠢᠵᠢᠮ ᠢ ᠴᠢᠩᠭ᠎ᠠ ᠠᠳᠬᠤᠵᠤ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠰᠤᠷᠤᠯᠴᠠᠭᠤᠯᠤᠨ ᠬᠥᠮᠦᠵᠢᠭᠦᠯᠵᠦ ᠬᠥᠲᠥᠯᠥᠨ ᠵᠢᠯᠣᠭᠤᠳᠴᠤ ᠪᠠᠶᠢᠭᠠᠳ ᠵᠥᠪ ᠣᠨᠣᠪᠴᠢᠲᠠᠶ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠶᠢ ᠪᠤᠢ ᠪᠣᠯᠭᠠᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠴᠢᠩᠭᠠᠳᠬᠠᠨ᠂ ᠬᠠᠮᠲᠤ ᠪᠠᠷ ᠠᠵᠢᠯᠯᠠᠵᠤ ᠬᠠᠮᠲᠤ ᠪᠠᠷ ᠰᠤᠷᠤᠯᠴᠠᠵᠤ ᠬᠠᠮᠲᠤ ᠪᠠᠷ ᠣᠷᠣᠰᠢᠨ ᠬᠠᠮᠲᠤ ᠪᠠᠷ ᠵᠢᠷᠭᠠᠬᠤ ᠨᠡᠶᠢᠭᠡᠮ ᠤᠨ ᠣᠷᠴᠢᠨ ᠨᠥᠬᠦᠴᠡᠯ ᠢ ᠪᠤᠢ ᠪᠣᠯᠭᠠᠵᠤ᠂ ᠦᠨᠳᠦᠰᠦᠲᠡᠨ ᠨᠦᠭᠦᠳ ᠤᠨ ᠡᠶ᠎ᠡ ᠨᠠᠶᠢᠷᠲᠠᠶ ᠪᠠᠷ ᠬᠠᠮᠲᠤ ᠣᠷᠣᠰᠢᠬᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ᠂ ᠡᠶ᠎ᠡ ᠵᠣᠬᠢᠴᠠᠯᠲᠠᠶ ᠪᠠᠷ ᠬᠥᠭᠵᠢᠬᠦ ᠶᠢ ᠠᠬᠢᠭᠤᠯᠤᠨ᠎ᠠ᠃       ᠬᠤᠷᠠᠯ ᠠᠴᠠ ᠱᠠᠭᠠᠷᠳᠠᠭᠰᠠᠨ ᠨᠢ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠴᠢᠬᠤᠯᠠ ᠶᠡᠭᠡ ᠤᠬᠠᠭᠤᠯᠤᠨ ᠲᠠᠶᠢᠯᠪᠤᠷᠢᠯᠠᠬᠤ ᠡᠭᠦᠷᠭᠡ ᠶᠢ ᠦᠨᠡᠨᠬᠦ ᠰᠠᠶᠢᠲᠤᠷ ᠪᠡᠶᠡᠯᠡᠭᠦᠯᠵᠦ᠂ ᠦᠨᠳᠦᠰᠦᠨ ᠱᠠᠲᠤᠨ ᠤ ᠡᠯ᠎ᠡ ᠬᠦᠷᠢᠶᠡᠨ ᠳᠤ ᠭᠤᠣᠯ ᠰᠡᠳᠦᠪ ᠨᠢ ᠢᠯᠡ ᠲᠣᠳᠣ᠂ ᠤᠳᠤᠷᠢᠳᠤᠮᠵᠢ ᠨᠢ ᠵᠥᠪ ᠣᠨᠣᠪᠴᠢᠲᠠᠶ ᠪᠠᠶᠢᠵᠤ᠂ ᠪᠣᠳᠠᠲᠤ ᠪᠠᠶᠢᠳᠠᠯ ᠳᠤ ᠣᠶᠢᠷᠠᠲᠤᠨ᠂ ᠠᠮᠢᠳᠤᠷᠠᠯ ᠳᠤ ᠣᠶᠢᠷᠠᠲᠤᠨ᠂ ᠣᠯᠠᠨ ᠲᠦᠮᠡᠨ ᠳᠤ ᠣᠶᠢᠷᠠᠲᠤᠨ᠂ ᠦᠨᠳᠦᠰᠦᠲᠡᠨ ᠤ ᠠᠵᠢᠯ ᠢ ᠤᠯᠠᠨ ᠲᠦᠮᠡᠨ ᠲᠠᠢ ᠤᠢᠢᠷᠠᠳᠤᠭᠰᠠᠠ᠂ ᠣᠶᠢᠯᠠᠭᠠᠮᠵᠢᠲᠠᠢ ᠠᠷᠭ᠎ᠠ ᠬᠡᠯᠪᠡᠷᠢ ᠪᠠᠷ ᠲᠣᠳᠣᠷᠬᠠᠢ ᠶᠠᠷᠢᠵᠤ᠂ ᠲᠤᠤᠱᠲᠠᠢ ᠶᠠᠷᠢᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠦᠬᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠮᠠᠨ ᠤ ᠲᠤᠭᠤᠷᠢᠭ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ︵ᠰᠤᠷᠪᠤᠯᠵᠢᠯᠠᠭᠴᠢ᠄ ᠵᠠᠩ ᠰᠢᠶᠤᠤ ᠶᠠᠨ   ᠵᠢᠶᠤᠤ ᠨᠢᠩ ᠪᠥᠸᠧ︶
ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ ᠲᠤᠭᠤᠷᠢᠭ︾ ᠸᠢᠴᠠᠲ ᠤᠨ ᠨᠡᠶᠢᠲᠡ ᠶᠢᠨ ᠳ᠋ᠤᠭᠠᠷ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ