ᠰᠢᠨ᠎ᠡ ᠬᠤᠲᠠ ᠲᠣᠭᠤᠷᠢᠭ ᠤᠨ ᠬᠡᠷ ᠪᠠᠶᠢᠰᠢᠩ ᠲᠠᠲᠠᠪᠤᠷᠢᠯᠠᠬᠤ ᠦᠢᠯᠡᠴᠢᠯᠡᠭᠡᠨ ᠤ ᠲᠥᠪ ᠤᠨ ᠳ᠋ᠠᠶ ᠵᠧᠤ ᠶᠢᠩ ᠲᠤᠰᠬᠤᠨ ᠤ ᠬᠡᠰᠡᠭ ᠤᠨ ᠲᠠᠲᠠᠪᠤᠷᠢᠯᠠᠭᠳᠠᠭᠰᠠᠨ ᠣᠯᠠᠨ ᠲᠦᠮᠡᠨ ᠤ ᠡᠷᠦᠬᠡ ᠬᠤᠪᠢᠶᠠᠭᠰᠠᠨ ᠥᠮᠴᠢᠯᠡᠯ ᠤᠨ ᠡᠷᠬᠡ ᠶᠢ ᠭᠦᠢᠴᠡᠳᠬᠡᠬᠦ ᠲᠤᠬᠠᠶ ᠤᠴᠢᠷ ᠶᠠᠪᠤᠳᠠᠯ
ᠨᠡᠶᠢᠲᠡᠯᠡᠭᠰᠡᠨ ᠴᠠᠭ᠄
2021/9/17
      ᠳ᠋ᠠᠶ ᠵᠧᠤ ᠶᠢᠩ ᠲᠤᠰᠬᠤᠨ ᠤ ᠬᠡᠰᠡᠭ ᠤᠨ ᠲᠠᠲᠠᠪᠤᠷᠢᠯᠠᠨ ᠨᠤᠷᠠᠭᠠᠬᠤ ᠠᠵᠢᠯ ᠢ 2013 ᠣᠨ ᠠᠴᠠ ᠡᠬᠢᠯᠡᠨ ᠬᠢᠵᠦ᠂ 2016 ᠣᠨ ᠠᠴᠠ 2017 ᠣᠨ ᠪᠣᠯᠲᠠᠯ᠎ᠠ ᠲᠣᠰ ᠲᠣᠰ ᠡᠭᠡᠭᠦᠯᠦᠨ ᠨᠡᠭᠦᠯᠭᠡᠵᠦ ᠲᠥᠪᠬᠢᠨᠡᠭᠦᠯᠬᠦ ᠠᠵᠢᠯ ᠢ ᠪᠡᠶᠡᠯᠡᠭᠦᠯᠦᠭᠰᠡᠨ ᠪᠣᠯᠪᠠᠴᠤ ᠬᠡᠷ ᠪᠠᠶᠢᠰᠢᠩ ᠤᠨ ᠥᠮᠴᠢᠯᠡᠯ ᠤᠨ ᠡᠷᠬᠡ ᠶᠢᠨ ᠦᠨᠡᠮᠯᠡᠯ ᠢ ᠣᠲᠣ ᠪᠣᠯᠲᠠᠯ᠎ᠠ ᠭᠦᠢᠴᠡᠳᠬᠡᠭᠡᠳᠦᠢ ᠪᠠᠶᠢᠭᠰᠠᠭᠠᠷ᠃ ᠲᠣᠭᠤᠷᠢᠭ ᠤᠨ ᠵᠠᠰᠠᠭ ᠤᠨ ᠣᠷᠳᠣᠨ ᠤ ᠲᠣᠬᠢᠷᠠᠭᠤᠯᠤᠯᠲᠠ ᠶᠣᠰᠣᠭᠠᠷ᠂ ᠰᠢᠨ᠎ᠡ ᠬᠤᠲᠠ ᠲᠣᠭᠤᠷᠢᠭ ᠤᠨ ᠬᠡᠷ ᠪᠠᠶᠢᠰᠢᠩ ᠲᠠᠲᠠᠪᠤᠷᠢᠯᠠᠬᠤ ᠦᠢᠯᠡᠴᠢᠯᠡᠭᠡᠨ ᠤ ᠲᠥᠪ ᠠᠴᠠ ᠭᠡᠷ ᠪᠠᠶᠢᠰᠢᠩ ᠤᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠬᠦ ᠠᠯᠪᠠᠨ ᠬᠡᠷ ᠲᠠᠢ ᠬᠠᠮᠵᠢᠯᠴᠠᠨ ᠳ᠋ᠠᠶ ᠵᠧᠤ ᠶᠢᠩ ᠲᠤᠰᠬᠤᠨ ᠤ ᠬᠡᠰᠡᠭ ᠤᠨ ᠲᠠᠲᠠᠪᠤᠷᠢᠯᠠᠭᠳᠠᠭᠰᠠᠨ ᠣᠯᠠᠨ ᠲᠦᠮᠡᠨ ᠳᠤ ᠡᠷᠦᠬᠡ ᠬᠤᠪᠢᠶᠠᠭᠰᠠᠨ ᠥᠮᠴᠢᠯᠡᠯ ᠤᠨ ᠡᠷᠬᠡ ᠶᠢ ᠲᠥᠪᠯᠡᠷᠡᠭᠦᠯᠦᠨ ᠭᠦᠢᠴᠡᠳᠬᠡᠵᠦ  ᠥᠭᠪᠡ᠃ ᠲᠣᠭᠤᠷᠢᠭ ᠤᠨ ᠭᠡᠷ ᠪᠠᠶᠢᠰᠢᠩ ᠤᠨ ᠦᠯᠡᠳᠡᠭᠳᠡᠯ ᠠᠵᠢᠯ ᠤᠨ ᠠᠯᠪᠠᠨ ᠬᠡᠷ ᠠᠴᠠ ᠲᠦᠷᠦᠭᠦᠯᠡᠨ ᠪᠤᠴᠠᠭᠠᠨ ᠨᠡᠭᠦᠯᠭᠡᠵᠦ ᠲᠥᠪᠬᠢᠨᠡᠭᠦᠯᠬᠦ ᠬᠡᠷ ᠪᠠᠶᠢᠰᠢᠩ ᠤᠨ ᠡᠷᠦᠬᠡ ᠬᠤᠪᠢᠶᠠᠭᠰᠠᠨ ᠥᠮᠴᠢᠯᠡᠬᠦ ᠡᠷᠬᠡ ᠶᠢᠨ ᠤᠴᠢᠷ ᠶᠠᠪᠤᠳᠠᠯ ᠢ ᠭᠦᠢᠴᠡᠳᠬᠡᠵᠣ᠂ ᠲᠣᠭᠤᠷᠢᠭ ᠤᠨ ᠬᠡᠷ ᠪᠠᠶᠢᠰᠢᠩ ᠲᠠᠲᠠᠪᠤᠷᠢᠯᠠᠬᠤ ᠦᠢᠯᠡᠴᠢᠯᠡᠭᠡᠨ ᠤ ᠲᠥᠪ 2021 ᠣᠨ ᠤ 6 ᠰᠠᠷ᠎ᠠ ᠶᠢᠨ 1 ᠤ ᠡᠳᠦᠷ ᠠᠵᠢᠯᠲᠠᠨ ᠢ ᠲᠤᠬᠠᠶ ᠶᠢᠨ ᠲᠠᠯᠠᠪᠤᠷ ᠲᠤ ᠰᠢᠯᠵᠢᠭᠦᠯᠦᠨ ᠰᠠᠭᠤᠯᠭᠠᠵᠤ ᠠᠵᠢᠯ ᠥᠷᠨᠢᠭᠦᠯᠵᠦ᠂ 9 ᠰᠠᠷ᠎ᠠ ᠶᠢᠨ 13 ᠤ ᠡᠳᠦᠷ ᠪᠣᠯᠲᠠᠯ᠎ᠠ᠂ ᠰᠠᠭᠤᠭᠠᠯᠢ ᠠᠷᠠᠳ ᠲᠠᠢ ᠨᠢᠭᠡᠨᠲᠡ 219 ᠡᠷᠦᠬᠡ ᠶᠢ ᠪᠤᠴᠠᠭᠠᠨ ᠨᠡᠭᠦᠯᠭᠡᠵᠦ ᠲᠥᠪᠬᠢᠨᠡᠭᠦᠯᠬᠦ ᠭᠡᠷ᠎ᠡ ᠶᠢᠨ ᠪᠢᠴᠢᠭ ᠲᠤ ᠭᠠᠷ ᠤᠨ ᠥᠰᠥᠭ ᠵᠢᠷᠤᠪᠠ᠃
ᠢᠷᠡᠯᠲᠡ᠄ ᠰᠢᠨ᠎ᠡ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ