ᠰᠢᠨ᠎ᠡ ᠬᠤᠲᠠ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠴᠢᠬᠤᠯᠠ ᠶᠡᠭᠡ ᠠᠮᠢ ᠠᠬᠤᠶ ᠶᠢᠨ ᠢᠨᠵᠧᠨᠧᠷᠢᠩ ᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠲᠤᠰᠬᠠᠶ ᠰᠡᠳᠦᠪᠲᠦ ᠬᠢᠨᠠᠯᠲᠠ ᠲᠠᠯᠪᠢᠬᠤ ᠬᠡᠯᠪᠡᠷᠢ ᠶᠢᠨ ᠵᠥᠪᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/9/17
      9 ᠰᠠᠷ᠎ᠠ ᠶᠢᠨ 10 ᠤ ᠡᠳᠦᠷ ᠤᠨ ᠦᠳᠡ ᠶᠢᠨ ᠡᠮᠦᠨ᠎ᠡ᠂ ᠰᠢᠨ᠎ᠡ ᠬᠤᠲᠠ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠴᠢᠬᠤᠯᠠ ᠶᠡᠭᠡ ᠠᠮᠢ ᠠᠬᠤᠶ ᠶᠢᠨ ᠢᠨᠵᠧᠨᠧᠷᠢᠩ ᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠲᠤᠰᠬᠠᠶ ᠰᠡᠳᠦᠪᠲᠦ ᠬᠢᠨᠠᠯᠲᠠ ᠲᠠᠯᠪᠢᠬᠤ ᠬᠡᠯᠪᠡᠷᠢ ᠶᠢᠨ ᠵᠥᠪᠳᠡᠯᠴᠡᠬᠦ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠠᠩ ᠫᠧᠩ ᡁᠢ ᠬᠤᠷᠠᠯ ᠢ ᠡᠷᠬᠢᠯᠡᠪᠡ᠃ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠦ᠋ ᠴᠢᠩ ᠣᠷᠣᠯᠴᠠᠪᠠ᠃
1.jpg  
      ᠬᠤᠷᠠᠯ ᠠᠴᠠ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠤᠰᠬᠠᠶ ᠰᠡᠳᠦᠪᠲᠦ ᠪᠠᠶᠢᠴᠠᠭᠠᠨ ᠰᠤᠳᠤᠯᠬᠤ ᠳᠤᠭᠤᠶᠢᠯᠠᠩ ᠤᠨ ᠪᠥᠬᠦ ᠣᠷᠣᠨ ᠤ ᠴᠢᠬᠤᠯᠠ ᠶᠡᠭᠡ ᠠᠮᠢ ᠠᠬᠤᠶ ᠶᠢᠨ ᠢᠨᠵᠧᠨᠧᠷᠢᠩ ᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠤᠯᠤᠰ ᠲᠥᠷᠥ ᠶᠢᠨ ᠵᠥᠪᠯᠡᠯᠭᠡᠨ ᠤ ᠡᠯ᠎ᠡ ᠪᠠᠶᠢᠩᠭᠤ ᠶᠢᠨ ᠭᠡᠰᠢᠭᠦᠨ᠂ ᠭᠡᠰᠢᠭᠦᠳ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠪᠠ ᠪᠥᠬᠦ ᠣᠷᠣᠨ ᠤ ᠴᠢᠬᠤᠯᠠ ᠶᠡᠭᠡ ᠠᠮᠢ ᠠᠬᠤᠶ ᠶᠢᠨ ᠢᠨᠵᠧᠨᠧᠷᠢᠩ ᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠰᠠᠨᠠᠯ ᠰᠠᠨᠠᠭᠤᠯᠭ᠎ᠠ ᠳᠤᠷᠠᠳᠪᠠ᠃ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠠᠴᠠ ᠳᠤᠷᠠᠳᠤᠭᠰᠠᠨ ᠰᠠᠨᠠᠯ ᠰᠠᠨᠠᠭᠤᠯᠭ᠎ᠠ ᠳᠤ ᠲᠣᠳᠣᠷᠬᠠᠶᠢᠯᠠᠯᠲᠠ ᠬᠢᠪᠠ᠃       ᠬᠤᠷᠠᠯ ᠠᠴᠠ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾ ᠭᠡᠬᠦ ᠤᠢᠢᠯᠠᠭᠠᠭᠳᠠᠬᠤᠨ ᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠣᠷᠣᠨ ᠤ ᠲᠥᠪ ᠲᠤ ᠦᠨᠳᠦᠰᠦᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃       ᠬᠤᠷᠠᠯ ᠠᠴᠠ ᠴᠢᠬᠤᠯᠠᠴᠢᠯᠠᠭᠰᠠᠨ ᠨᠢ᠂ ᠠᠮᠢ ᠠᠬᠤᠶ ᠶᠢ ᠤᠷᠢᠳᠠᠪᠠᠷ ᠬᠥᠭᠵᠢᠭᠦᠯᠬᠦ ᠣᠶᠢᠯᠠᠭᠠᠭᠳᠠᠬᠤᠨ ᠢ ᠪᠠᠲᠤ ᠪᠠᠬᠢ ᠪᠤᠶ ᠪᠣᠯᠭᠠᠵᠤ᠂ ᠣᠷᠣᠨ ᠤ ᠲᠥᠪ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠦᠷᠭᠦᠯᠵᠢᠯᠡᠨ ᠠᠬᠢᠭᠤᠯᠵᠤ᠂ ᠦᠵᠡᠯ ᠰᠠᠨᠠᠭ᠎ᠠ᠂ ᠦᠢᠯᠡ‌ᠠᠵᠢᠯᠯᠠᠭ᠎ᠠ᠂ ᠪᠣᠳᠠᠲᠤ ᠦᠷ᠎ᠡ ᠪᠦᠲᠦᠮᠵᠢ ᠶᠢ ᠦᠨᠡᠨᠬᠦ ᠣᠯᠵᠤ᠂ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠲᠡᠤᠬᠡ ᠶᠢᠨ ᠡᠭᠦᠷᠭᠡᠲᠦ ᠰᠡᠳᠬᠢᠯᠭᠡ ᠪᠠᠨ ᠲᠠᠰᠤᠷᠠᠯᠲᠠ ᠥᠬᠡᠶ ᠴᠢᠩᠭᠠᠷᠠᠭᠤᠯᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠠᠮᠢ ᠠᠬᠤᠶ ᠶᠢᠨ ᠢᠨᠵᠧᠨᠧᠷᠢᠩ ᠢ ᠰᠠᠶᠢᠲᠤᠷ ᠬᠡᠷᠡᠭᠵᠢᠭᠦᠯᠬᠦ ᠪᠠᠷ ︽ᠬᠤᠶᠠᠷ ᠢ ᠬᠠᠮᠠᠭᠠᠯᠠᠬᠤ︾ ᠶᠢ  ᠦᠢᠯᠡᠳᠦᠯᠭᠡᠵᠢᠭᠦᠯᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠤᠨ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠥᠲᠥᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠪᠡ᠃       ᠬᠤᠷᠠᠯ ᠠᠴᠠ᠂ ᠠᠮᠢ ᠠᠬᠤᠢ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠳᠤ ᠬᠥᠮᠦᠨ ᠪᠦᠬᠦᠨ ᠣᠷᠣᠯᠴᠠᠬᠤ ᠬᠡᠷᠡᠭᠲᠡᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠪᠣᠯ ᠬᠢᠨᠠᠯᠲᠠ ᠲᠠᠯᠪᠢᠭᠴᠢ ᠮᠥᠨ ᠪᠥᠭᠡᠳ ᠦᠢᠯᠡᠳᠦᠯᠭᠡᠵᠢᠭᠦᠯᠦᠭᠴᠢ᠂ ᠲᠠᠭᠠᠭᠤᠯᠤᠭᠴᠢ ᠮᠥᠨ᠂ ᠤᠯᠤᠰ ᠲᠦᠷᠦ ᠶᠢᠨ ᠵᠥᠪᠯᠡᠯᠭᠡᠨ ᠤ ᠵᠥᠪᠯᠡᠬᠦ ᠰᠠᠨᠠᠭᠤᠯᠭ᠎ᠠ ᠶᠢ ᠨᠠᠶᠢᠳᠠᠪᠤᠷᠢᠵᠢᠭᠤᠯᠬᠤ ᠬᠠᠷᠢᠭᠤᠴᠠᠯᠭ᠎ᠠ ᠶᠢ ᠡᠭᠦᠷᠭᠡᠯᠡᠵᠦ᠂ ᠨᠢᠭᠡ ᠰᠡᠳᠬᠢᠯ ᠨᠢᠭᠡ ᠬᠦᠴᠦᠨ ᠢᠶᠠᠷ ᠵᠥᠪᠯᠡᠬᠦ ᠰᠠᠨᠠᠭᠤᠯᠭ᠎ᠠ ᠶᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠬᠠᠮᠢᠶ᠎ᠠ ᠪᠦᠬᠦᠢ ᠨᠢᠭᠡᠴᠢ᠂ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠠᠮᠢ ᠠᠬᠤᠢ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠪᠦᠬᠦ ᠣᠷᠣᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠣᠷᠣᠯᠴᠠᠭᠴᠢ᠂ ᠠᠬᠢᠭᠤᠯᠤᠭᠴᠢ ᠪᠣᠯᠬᠤ ᠬᠡᠷᠡᠭᠲᠡᠢ ᠭᠡᠵᠣ ᠴᠢᠬᠤᠯᠠᠴᠢᠯᠠᠪᠠ᠃     
ᠢᠷᠡᠯᠲᠡ᠄ ᠰᠢᠨ᠎ᠡ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ