ᠶᠢᠩ ᠰᠢᠨ ᠵᠠᠮ ᠵᠡᠭᠡᠯᠢ ᠭᠤᠳᠤᠮᠵᠢ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠪᠠᠶᠢᠭ᠎ᠠ ᠭᠠᠯᠲᠤ ᠲᠡᠷᠭᠡᠨ ᠤ ᠵᠡᠭᠦᠨ ᠦᠷᠲᠡᠭᠡ ᠳᠤ ᠰᠠᠶᠢᠨ ᠳᠤᠷ᠎ᠠ ᠶᠢᠨ ᠦᠢᠯᠡᠴᠢᠯᠡᠭᠡ ᠥᠷᠨᠢᠭᠦᠯᠵᠦ᠂ ᠠᠶᠠᠨᠴᠢᠳ ᠨᠢᠭᠡᠪᠦᠷᠢ ᠶᠢ ᠳᠤᠯᠠᠭᠠᠴᠠᠭᠤᠯᠪᠠ
ᠨᠡᠶᠢᠲᠡᠯᠡᠭᠰᠡᠨ ᠴᠠᠭ᠄
2021/9/17
      ︽ᠲᠠᠨ ᠤ ᠡᠨᠡ ᠤᠳᠠᠭ᠎ᠠ ᠶᠢᠨ ᠭᠠᠯᠲᠤ ᠲᠡᠷᠭᠡ ᠴᠢᠨᠢ ᠨᠢᠭᠡᠳᠦᠭᠡᠷ ᠬᠦᠯᠢᠶᠡᠬᠦ ᠲᠠᠩᠬᠢᠮ ᠳᠤ ᠬᠦᠯᠢᠶᠡᠵᠦ ᠪᠠᠢᠨ᠎ᠠ︾  ᠭᠡᠬᠦ ᠤᠶᠤᠲᠠᠳ ᠤᠨ ᠨᠡᠶᠢᠲᠡ ᠶᠢᠨ ᠠᠰᠠᠷᠠᠮᠵᠢ ᠶᠢᠨ ᠪᠦᠯᠬᠦᠮ ᠤᠨ ᠰᠠᠶᠢᠨ ᠳᠤᠷ᠎ᠠ ᠶᠢᠨ ᠠᠵᠢᠯᠯᠠᠭᠴᠢ ᠱᠠᠩ ᠱᠢ ᠪᠢᠨ ᠬᠠᠯᠠᠭᠤᠮᠰᠤᠭ ᠢᠶᠠᠷ ᠨᠢᠭᠡᠨ ᠠᠶᠠᠨᠴᠢᠨ ᠳᠤ ᠬᠠᠷᠢᠭᠤᠯᠲᠠ ᠥᠭᠪᠡ᠃ ︽ᠪᠢ ᠠᠩᠬ᠎ᠠ ᠤᠳᠠᠭ᠎ᠠ ᠭᠠᠯᠲᠤ ᠲᠡᠷᠭᠡᠨ ᠤ ᠵᠡᠭᠦᠨ ᠥᠷᠲᠡᠭᠡᠨ ᠳᠤ ᠬᠦᠷᠴᠦ ᠭᠠᠯᠲᠤ ᠲᠡᠷᠭᠡᠨ ᠳᠤ ᠰᠠᠭᠤᠵᠤ ᠪᠠᠶᠢᠭ᠎ᠠ ᠶᠤᠮ᠂ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠵᠢᠯᠣᠭᠤᠳᠣᠯᠭ᠎ᠠ ᠪᠠᠷ ᠶᠡᠬᠡᠬᠡᠨ ᠴᠠᠭ ᠠᠷᠪᠢᠯᠠᠵᠠᠶ︾ ᠭᠡᠵᠦ ᠠᠶᠠᠨᠴᠢᠨ ᠸᠠᠩ ᠠᠪᠠᠭ᠋ᠠᠶ ᠪᠠᠶᠠᠷᠲᠠᠶ ᠪᠠᠷ ᠬᠡᠯᠡᠪᠡ᠃
1.png
      9 ᠰᠠᠷ᠎ᠠ ᠳᠤ᠂ ᠬᠥᠬᠡᠬᠤᠲᠠ ᠶᠢᠨ ᠭᠠᠯᠲᠤ ᠲᠡᠷᠭᠡᠨ ᠤ ᠵᠡᠭᠦᠨ ᠥᠷᠲᠡᠭᠡᠨ ᠳᠤ ᠬᠥᠮᠦᠨ ᠬᠠᠷ᠎ᠠ ᠴᠤᠪᠤᠷᠠᠬᠤ ᠣᠷᠭᠢᠯ ᠦᠶ᠎ᠡ ᠭᠠᠷᠴᠤ᠂ ᠠᠶᠠᠨᠴᠢᠳ ᠤᠨ ᠭᠠᠳᠠᠭᠰᠢ ᠭᠠᠷᠬᠤ ᠳᠤ ᠲᠥᠬᠦᠮ ᠦᠵᠡᠭᠦᠯᠵᠦ᠂ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠳᠤ ᠬᠦᠴᠦᠨ ᠨᠡᠮᠡᠷᠢᠯᠡᠵᠦ᠂ ᠬᠥᠬᠡᠬᠤᠲᠠ ᠶᠢᠨ ᠪᠣᠯᠪᠠᠰᠤᠨ ᠤ ︽ᠨᠡᠷ᠎ᠡ ᠶᠢᠨ ᠬᠠᠭᠤᠳᠠᠰᠤ︾ ᠶᠢ ᠭᠡᠷᠡᠯᠲᠦᠭᠦᠯᠬᠦ ᠶᠢᠨ ᠲᠥᠯᠥᠭᠡ᠂ 2021 ᠣᠨ ᠤ 9 ᠰᠠᠷ᠎ᠠ ᠶᠢᠨ 12 ᠤᠨ ᠡᠳᠦᠷ᠂ ᠶᠢᠩ ᠰᠢᠨ ᠵᠠᠮ ᠵᠡᠭᠡᠯᠢ ᠭᠤᠳᠤᠮᠵᠢ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠤᠨ ᠬᠢᠨ ᠱᠦᠶ ᠠᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠲᠠᠢ ᠬᠤᠯᠪᠣᠭᠠᠯᠠᠨ᠂ ᠤᠶᠤᠲᠠᠳ ᠤᠨ ᠨᠡᠶᠢᠲᠡ ᠶᠢᠨ ᠠᠰᠠᠷᠠᠮᠵᠢ ᠶᠢᠨ ᠪᠦᠯᠬᠦᠮ ᠤᠨ ᠰᠠᠶᠢᠨ ᠳᠤᠷ᠎ᠠ ᠶᠢᠨ ᠠᠵᠢᠯᠯᠠᠭᠴᠢᠳ ᠢ ᠡᠯᠰᠡᠵᠦ ᠭᠠᠯᠲᠤ ᠲᠡᠷᠭᠡᠨ ᠤ ᠵᠡᠭᠦᠨ ᠥᠷᠲᠡᠭᠡ ᠳᠤ ᠣᠴᠢᠭᠤᠯᠤᠨ ᠰᠠᠶᠢᠨ ᠳᠤᠷ᠎ᠠ ᠶᠢᠨ ᠦᠢᠯᠡᠴᠢᠯᠡᠭᠡ ᠥᠷᠨᠢᠭᠦᠯᠪᠡ᠃       ᠰᠠᠶᠢᠨ ᠳᠤᠷ᠎ᠠ ᠶᠢᠨ ᠦᠢᠯᠡᠴᠢᠯᠡᠭᠴᠢᠳ ᠥᠷᠯᠥᠭᠡ ᠶᠢᠨ 8 ᠴᠠᠭ ᠬᠠᠭᠠᠰ ᠲᠤ ᠳᠠᠷᠤᠢ ᠲᠦᠷᠭᠡᠨ ᠠᠵᠢᠯ ᠤᠨ ᠪᠠᠶᠢᠷᠢ ᠳᠠᠭᠠᠨ ᠬᠦᠷᠴᠦ᠂ ᠭᠠᠯᠲᠤ ᠲᠡᠷᠭᠡᠨ ᠦᠷᠳᠡᠭᠡ ᠶᠢᠨ ᠠᠵᠢᠯᠲᠠᠳ ᠢ ᠬᠠᠪᠰᠤᠷᠤᠨ ᠠᠶᠠᠨᠴᠢᠳ ᠲᠤ ᠬᠠᠪᠰᠤᠷᠤᠯᠭ᠎ᠠ ᠦᠵᠡᠭᠦᠯᠵᠦ᠂ ᠰᠠᠶᠢᠨ ᠳᠤᠷ᠎ᠠ ᠶᠢᠨ ᠦᠢᠯᠡᠴᠢᠯᠡᠭᠴᠢᠳ ᠢ ᠬᠤᠶᠠᠷ ᠳᠤᠭᠤᠶᠢᠯᠠᠩ ᠬᠤᠪᠢᠶᠠᠵᠤ᠂ ᠭᠠᠯᠲᠤ ᠲᠡᠷᠭᠡᠨ ᠦᠷᠳᠡᠭᠡ ᠶᠢᠨ ᠠᠰᠠᠭᠤᠨ ᠯᠠᠪᠯᠠᠬᠤ ᠲᠠᠪᠴᠠᠩ ᠳᠤ ᠬᠦᠷᠴᠦ᠂ ᠦᠷᠳᠡᠭᠡ ᠳᠤ ᠣᠷᠣᠬᠤ ᠠᠶᠠᠨᠴᠢᠳ ᠤᠨ ︽ᠡᠷᠡᠭᠦᠯ ᠮᠡᠨᠳᠦ ᠶᠢᠨ ᠨᠣᠮᠧᠷ︾ ᠪᠠ ︽ᠠᠶᠠᠯᠠᠯ ᠤᠨ ᠨᠣᠮᠧᠷ︾ ᠢ ᠪᠠᠶᠢᠴᠠᠭᠠᠨ ᠯᠠᠪᠯᠠᠬᠤ ᠶᠢᠨ ᠬᠠᠮᠲᠤ ᠬᠢᠨᠠᠨ ᠪᠠᠶᠢᠴᠠᠭᠠᠬᠤ ᠶᠢ ᠬᠦᠳᠦᠯᠦᠨ ᠳᠠᠭᠠᠭᠤᠯᠵᠤ᠂ ᠭᠠᠯᠲᠤ ᠲᠡᠷᠭᠡᠨ ᠦᠷᠳᠡᠭᠡ ᠶᠢ ᠬᠠᠪᠰᠤᠷᠤᠨ ᠡᠮᠬᠢ ᠳᠢᠭᠯᠢᠮ ᠢ ᠬᠠᠮᠠᠭᠠᠯᠠᠬᠤ᠂ ᠠᠰᠠᠭᠤᠨ ᠯᠠᠪᠯᠠᠬᠤ ᠶᠢ ᠬᠦᠳᠦᠯᠦᠨ ᠵᠢᠯᠣᠭᠤᠳᠬᠤ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡ ᠶᠢ ᠥᠷᠨᠢᠭᠦᠯᠪᠡ︔ ᠭᠠᠯᠲᠤ ᠲᠡᠷᠭᠡᠨ ᠥᠷᠲᠡᠭᠡᠨ ᠤ ᠶᠡᠭᠡ ᠲᠢᠩᠬᠢᠮ ᠳᠤ᠂ ᠬᠥᠳᠡᠯᠵᠦ ᠪᠠᠷᠢᠬᠤ ᠳᠤ ᠳᠥᠭᠦᠮ ᠦᠭᠡᠢ ᠠᠶᠠᠨᠴᠢᠳ ᠢ ᠬᠠᠪᠰᠤᠷᠤᠨ ᠣᠷᠣ ᠳᠡᠪᠢᠰᠬᠡᠷ ᠢ ᠨᠢ ᠵᠥᠭᠡᠭᠡᠵᠦ᠂ ᠬᠡᠦᠬᠡᠳ ᠢ ᠨᠢ ᠲᠡᠪᠡᠷᠢᠵᠦ᠂ ᠬᠦᠴᠢᠷᠳᠡᠯ ᠲᠠᠢ ᠠᠶᠠᠨᠴᠢᠳ ᠤᠨ ᠭᠠᠳᠠᠭᠰᠢ ᠭᠠᠷᠬᠤ ᠳᠤ ᠬᠠᠪᠰᠤᠷᠤᠯᠭ᠎ᠠ ᠦᠵᠡᠭᠦᠯᠪᠡ᠃       ᠰᠠᠶᠢᠨ ᠳᠤᠷ᠎ᠠ ᠶᠢᠨ ᠦᠢᠯᠡᠴᠢᠯᠡᠭᠴᠢᠳ ᠨᠠᠰᠢ ᠴᠠᠰᠢ ᠵᠣᠷᠴᠢᠭᠴᠢᠳ ᠲᠤ ᠬᠠᠪᠰᠤᠷᠤᠯᠭ᠎ᠠ ᠦᠵᠡᠭᠦᠯᠬᠦ ᠶᠢᠨ ᠵᠡᠷᠭᠡ ᠳᠤ ᠲᠡᠳᠡᠨ ᠳᠤ ᠬᠤᠲᠠ ᠪᠠᠶᠢᠭᠤᠯᠬᠤ᠂ ᠪᠣᠯᠪᠠᠰᠤᠨ ᠵᠢᠭᠤᠯᠴᠢᠯᠠᠯ ᠤᠨ ᠬᠤᠯᠪᠣᠭᠳᠠᠯ ᠪᠦᠬᠦᠢ ᠮᠡᠳᠡᠯᠭᠡ ᠶᠢᠨ ᠤᠬᠠᠭᠤᠯᠭ᠎ᠠ ᠬᠢᠵᠦ᠂ ᠪᠤᠶ ᠪᠦᠬᠦᠢ ᠠᠶᠠᠨᠴᠢᠳ ᠢ ᠪᠣᠯᠪᠠᠰᠤᠨ ᠢᠶᠠᠷ ᠶᠠᠪᠤᠵᠤ᠂ ᠪᠣᠯᠪᠠᠰᠤᠨ ᠢᠶᠠᠷ ᠵᠢᠭᠤᠯᠴᠢᠯᠠᠵᠤ᠂ ᠪᠣᠯᠪᠠᠰᠤᠨ ᠦᠭᠡ ᠶᠠᠷᠢᠵᠤ᠂ ᠪᠣᠯᠪᠠᠰᠤᠨ ᠬᠥᠮᠦᠨ ᠪᠣᠯᠵᠤ᠂ ᠬᠤᠲᠠ ᠪᠠᠶᠢᠭᠤᠯᠬᠤ ᠳᠤ ᠴᠢ ᠪᠢᠳᠡ ᠬᠠᠮᠲᠣ ᠪᠠᠷ᠂ ᠬᠥᠮᠦᠨ ᠪᠣᠯᠭᠠᠨ ᠴᠥᠮ ᠭᠤᠣᠯ ᠲᠣᠭᠯᠠᠭᠴᠢ ᠪᠣᠯᠤᠨ᠎ᠠ ᠭᠡᠵᠦ ᠤᠷᠢᠶᠠᠯᠠᠵᠠᠶ᠃
ᠢᠷᠡᠯᠲᠡ᠄ ᠰᠢᠨ᠎ᠡ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ