ᠬᠤᠷᠢᠨᠭᠡᠷ ᠰᠢᠶᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/9/17
9.17和林格尔县巩固拓展脱贫攻坚成果与乡村振兴有效衔接工作推进会召开.jpg
      9 ᠰᠠᠷ᠎ᠠ ᠶᠢᠨ 12 ᠤᠨ ᠦᠳᠡ ᠶᠢᠨ ᠬᠤᠶᠢᠨ᠎ᠠ᠂ ᠰᠢᠶᠠᠨ ᠤ ᠳᠡᠳ᠋ ᠳᠠᠷᠤᠭ᠎ᠠ ᠵᠧᠦ ᠴᠢᠶᠦ᠋ᠨ ᠯᠢ ᠪᠦᠬᠦ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠸᠠᠩ ᠪᠦᠦ ᠫᠢᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠮᠠ ᠸᠧᠨ ᠵᠢᠩ ᠣᠷᠣᠯᠴᠠᠪᠠ᠃       ᠬᠤᠷᠠᠯ ᠠᠴᠠ ᠪᠦᠬᠦ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠤᠨ ᠲᠤᠬᠢᠷᠠᠭᠤᠯᠤᠯᠳᠠ ᠵᠢᠴᠢ ᠡᠯ᠎ᠡ ᠰᠢᠶᠠᠩ ᠪᠠᠯᠭᠠᠰᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠲᠣᠮᠢᠯᠠᠨ ᠰᠠᠭᠤᠯᠭᠠᠵᠤ ᠲᠣᠰᠬᠤᠨ ᠳᠤ ᠰᠠᠭᠤᠯᠭᠠᠬᠤ ᠠᠵᠢᠯ ᠤᠨ ᠬᠤᠯᠪᠣᠭᠳᠠᠯ ᠪᠦᠬᠦᠢ ᠪᠠᠶᠢᠳᠠᠯ ᠢ ᠤᠩᠰᠢᠨ ᠨᠡᠶᠢᠲᠡᠯᠡᠵᠦ᠂ ᠳᠠᠷᠠᠭᠠᠴᠢ ᠶᠢᠨ ᠠᠯᠬᠤᠮ ᠤᠨ ᠪᠣᠳᠠᠲᠠᠢ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠵᠠᠢ᠃       ᠬᠤᠷᠠᠯ ᠠᠴᠠ ᠵᠢᠭᠠᠵᠤ ᠭᠠᠷᠭᠠᠭᠰᠠᠨ ᠨᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠠᠵᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠶᠢ ᠰᠠᠶᠢᠲᠤᠷ ᠬᠢᠬᠦ ᠪᠣᠯ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠶᠠᠪᠤᠳᠠᠯ ᠪᠣᠯᠤᠨ᠎ᠠ᠃ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠠᠭᠤᠷᠢ ᠴᠢᠨᠠᠷᠲᠠᠢ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ᠂ ᠦᠨᠳᠦᠰᠦᠨ ᠴᠢᠨᠠᠷᠲᠠᠢ ᠡᠭᠦᠷᠭᠡ ᠶᠢ ᠡᠷᠬᠡᠪᠰᠢ ᠦᠵᠡᠯ ᠰᠠᠨᠠᠭᠠᠨ ᠤ ᠲᠠᠯ᠎ᠠ ᠪᠠᠷ ᠲᠠᠬᠢᠨ ᠲᠠᠶᠢᠴᠢᠯᠠᠵᠦ᠂ ᠲᠠᠨᠢᠯᠲᠠ ᠶᠢᠨ ᠲᠠᠯ᠎ᠠ ᠪᠠᠷ ᠲᠠᠬᠢᠨ ᠳᠡᠭᠡᠭᠰᠢᠯᠡᠭᠦᠯᠵᠦ᠂ ᠬᠠᠷᠢᠭᠤᠴᠠᠯᠭ᠎ᠠ ᠶᠢᠨ ᠲᠠᠯ᠎ᠠ ᠪᠠᠷ ᠲᠠᠬᠢᠨ ᠪᠠᠲᠤᠳᠬᠠᠵᠤ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠲᠠᠯ᠎ᠠ ᠪᠠᠷ ᠳᠠᠷᠤᠯᠲᠠ ᠪᠠ ᠬᠦᠴᠦ ᠨᠡᠮᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠠᠯ᠎ᠠ ᠪᠠᠷ ᠦᠷᠭᠦᠯᠵᠢᠯᠡᠨ ᠬᠦᠴᠦ ᠳᠠᠮᠵᠢᠭᠤᠯᠵᠤ᠂ ᠮᠠᠨ ᠤ ᠰᠢᠶᠠᠨ ᠤ ᠪᠠᠬᠢᠵᠢᠭᠦᠯᠵᠦ ᠵᠣᠯᠭᠠᠭᠤᠯᠬᠤ ᠠᠵᠢᠯ ᠢ ᠪᠣᠳᠠᠲᠠᠢ ᠪᠥᠭᠡᠳ ᠨᠠᠷᠢᠯᠢᠬᠵᠢᠭᠤᠯᠵᠤ᠂ ᠲᠦᠢᠯ ᠳᠤᠨᠢ ᠲᠤᠯᠲᠠᠯ᠎ᠠ ᠬᠢᠬᠦ ᠬᠡᠷᠡᠭᠲᠡᠢ ᠭᠡᠪᠡ᠃       ᠬᠤᠷᠠᠯ ᠠᠴᠠ᠂ ᠡᠯ᠎ᠡ ᠰᠠᠯᠠᠭ᠎ᠠ ᠮᠥᠴᠢᠷ᠂ ᠡᠯ᠎ᠡ ᠰᠢᠶᠠᠩ ᠪᠠᠯᠭᠠᠰᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠪᠠ ᠪᠢᠴᠢᠭ ᠮᠠᠲ᠋ᠧᠷᠢᠶᠠᠯ ᠢ ᠲᠠᠰᠤᠷᠠᠯᠲᠠ ᠦᠭᠡᠢ ᠰᠤᠷᠤᠯᠴᠠᠵᠤ᠂ ᠠᠵᠢᠯ ᠤᠨ ᠪᠠᠶᠢᠳᠠᠯ ᠢ ᠤᠨᠢᠨ ᠳᠡᠭᠡᠷ᠎ᠡ ᠨᠢ ᠡᠵᠡᠮᠰᠢᠵᠦ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠱᠠᠳᠤ ᠱᠠᠳᠤ ᠪᠠᠷ ᠳᠠᠷᠤᠯᠲᠠ ᠥᠭᠴᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠵᠢᠯ ᠤᠨ ᠪᠠᠶᠢᠳᠠᠯ ᠪᠠ ᠠᠶᠢᠵᠠᠮ ᠢ ᠪᠠᠲᠤᠯᠠᠬᠤ ᠬᠡᠷᠡᠭᠲᠡᠢ᠃ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠪᠠᠶᠢᠳᠠᠯ ᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠵᠤ᠂ ᠢᠯᠠᠩᠭᠤᠶ᠎ᠠ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ᠂ ᠨᠤᠷᠠᠬᠤ ᠠᠶᠤᠯᠲᠠᠢ ᠭᠡᠷ ᠪᠠᠶᠢᠰᠢᠩ ᠵᠡᠷᠭᠡ ᠠᠵᠢᠯ ᠤᠨ ᠲᠠᠯ᠎ᠠ ᠪᠠᠷ ᠠᠰᠠᠭᠤᠳᠠᠯ ᠤᠨ ᠨᠠᠷᠢᠨ ᠳᠠᠩᠰᠠ ᠶᠢ ᠪᠠᠶᠢᠭᠤᠯᠵᠤ᠂ ᠠᠵᠢᠯ ᠤᠨ ᠡᠭᠦᠷᠭᠡ ᠶᠢ ᠨᠠᠷᠢᠯᠢᠬᠵᠢᠭᠤᠯᠵᠤ᠂ ᠡᠯ᠎ᠡ ᠵᠦᠢᠯ ᠤᠨ ᠠᠵᠢᠯ ᠢ ᠪᠣᠳᠠᠲᠠᠢ ᠭᠠᠵᠠᠷ ᠲᠤᠨᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠬᠤ ᠬᠡᠷᠡᠭᠲᠡᠢ᠃ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠡᠭᠦᠷᠭᠡ ᠶᠢᠨ ᠨᠠᠷᠢᠨ ᠳᠠᠩᠰᠠ᠂ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠵᠢᠭᠰᠠᠭᠠᠵᠤ᠂ ᠠᠵᠢᠯ ᠤᠨ ᠳᠤᠮᠳᠠ ᠠᠰᠠᠭᠤᠳᠠᠯ ᠲᠤᠯᠭᠠᠷᠠᠪᠠᠯ ᠭᠦᠨᠵᠡᠭᠡᠢ ᠲᠤᠩᠭᠠᠨ ᠪᠣᠳᠣᠯᠬᠢᠯᠠᠵᠤ᠂ ᠬᠠᠮᠲᠤ ᠪᠠᠷ ᠴᠢᠷᠮᠠᠶᠢᠵᠤ᠂ ᠬᠠᠷᠢᠯᠴᠠᠨ ᠰᠣᠯᠢᠯᠴᠠᠵᠤ᠂ ᠬᠠᠷᠢᠯᠴᠠᠨ ᠰᠤᠷᠤᠯᠴᠠᠵᠤ᠂ ᠬᠠᠷᠢᠯᠴᠠᠨ ᠠᠬᠢᠭᠤᠯᠵᠤ᠂ ᠵᠥᠷᠢᠴᠡᠯ ᠢ ᠢᠳᠡᠪᠬᠢᠲᠡᠢ ᠨᠠᠮᠳᠠᠭᠤᠯᠵᠤ᠂ ᠪᠦᠬᠦ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃       ᠰᠢᠶᠠᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠨᠢᠭᠡᠴᠡ ᠶᠢᠨ ᠭᠤᠣᠯ ᠬᠠᠷᠢᠭᠤᠴᠠᠯᠭᠠᠲᠠᠨ᠂ ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠵᠢᠴᠢ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠬᠤᠷᠠᠯ ᠳᠤ ᠣᠷᠣᠯᠴᠠᠪᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ