ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 15 ᠤ ᠴᠠᠬᠢᠯᠭᠠᠨ ᠮᠡᠳᠡᠭᠡ 9 ᠰᠠᠷ᠎ᠠ ᠶᠢᠨ 15 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ | ᠫᠢᠩ 2021 ︽ᠨᠢᠭᠡ ᠪᠦᠰᠡ ᠨᠢᠭᠡ ᠵᠠᠮ︾ · ᠤᠷᠳᠤ ᠴᠠᠭᠠᠨ ᠬᠡᠷᠡᠮ ᠤᠨ ᠤᠯᠠᠨ ᠤᠯᠤᠰ ᠤᠨ ᠠᠷᠠᠳ ᠤᠨ ᠰᠣᠶᠣᠯ ᠤᠷᠠᠯᠢᠭ ᠤᠨ ᠨᠠᠶᠢᠷ ᠲᠤ ᠪᠠᠶᠠᠷ ᠤᠨ | ᠵᠠᠬᠢᠳᠠᠯ ᠢᠯᠡᠭᠡᠪᠡ᠃ | ᠰᠢ ᠶᠢᠨ ᠫᠢᠩ᠂ ᠪᠣᠯᠪᠠᠰᠤᠨ ᠨᠢ ᠰᠣᠯᠢᠯᠴᠠᠭ᠎ᠠ ᠪᠠᠷ ᠲᠠᠮᠵᠢᠨ ᠪᠠᠶᠠᠯᠢᠭ ᠰᠠᠶᠢᠬᠠᠨ ᠪᠤᠯᠳᠠᠭ᠃ ᠪᠢ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠶᠢ | ᠳᠤᠷᠠᠳᠤᠭᠰᠠᠨ 8 ᠵᠢᠯ ᠤᠨ ᠲᠤᠷᠰᠢ᠂ ᠡᠯ᠎ᠡ ᠲᠠᠯ᠎ᠠ ᠶᠢᠨ ᠬᠠᠮᠲᠤ ᠶᠢᠨ ᠤᠷᠤᠯᠴᠠᠯᠭ᠎ᠠ ᠪᠠ ᠴᠢᠷᠮᠠᠶᠢᠯᠭ᠎ᠠ ᠪᠠᠷ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ | ᠪᠠᠶᠢᠭᠤᠯᠬᠤ ᠲᠠᠯ᠎ᠠ ᠳᠤ ᠢᠳᠡᠪᠬᠢᠲᠡᠢ ᠦᠷ᠎ᠡ ᠪᠦᠲᠦᠭᠡᠯ ᠣᠯᠵᠤ᠂ ᠬᠠᠮᠲᠤ ᠪᠠᠷ ᠪᠦᠳᠦᠭᠡᠨ ᠪᠠᠶᠢᠭᠤᠯᠤᠭᠰᠠᠨ ᠤᠯᠤᠰ ᠤᠳ ᠤᠨ ᠠᠷᠠᠳ ᠲᠦᠮᠡᠨ ᠤ ᠵᠤᠯ ᠵᠢᠷᠭᠠᠯ ᠢ | ᠨᠡᠮᠡᠭᠳᠡᠭᠦᠯᠦᠭᠰᠡᠨ ᠪᠥᠭᠡᠳ ᠬᠠᠮᠲᠤ ᠪᠠᠷ ᠪᠦᠳᠦᠭᠡᠨ ᠪᠠᠶᠢᠭᠤᠯᠤᠭᠰᠠᠨ ᠤᠯᠤᠰ ᠤᠳ ᠤᠨ ᠪᠣᠯᠪᠠᠰᠤᠨ ᠤ ᠰᠣᠯᠢᠯᠴᠠᠭ᠎ᠠ ᠶᠠᠷᠢᠯᠴᠠᠭ᠎ᠠ ᠶᠢ ᠠᠬᠢᠭᠤᠯᠪᠠ᠃ | ︽ᠨᠢᠭᠡ ᠪᠦᠰᠡ ᠨᠢᠭᠡ ᠵᠠᠮ︾ · ᠣᠷᠳᠣ ᠴᠠᠭᠠᠨ ᠬᠡᠷᠡᠮ ᠣᠯᠠᠨ ᠤᠯᠤᠰ ᠤᠨ ᠠᠷᠠᠳ ᠤᠨ ᠰᠣᠶᠣᠯ ᠤᠷᠠᠯᠢᠭ ᠤᠨ ᠨᠠᠶᠢᠷ ᠢ ᠡᠷᠭᠢᠯᠡᠬᠦ ᠨᠢ ᠲᠣᠷᠭᠠᠨ ᠵᠠᠮ | ᠪᠣᠯᠤᠨ ᠲᠦᠮᠡᠨ ᠭᠠᠵᠠᠷ ᠤᠨ ᠣᠷᠳᠣ ᠴᠠᠭᠠᠨ ᠬᠡᠷᠡᠮ ᠤᠨ ᠳᠡᠯᠡᠬᠡᠶ ᠶᠢᠨ ᠰᠣᠶᠣᠯ ᠤᠨ ᠥᠪ ᠤᠨ ᠥᠷᠲᠡᠭ ᠢ ᠪᠠᠳᠠᠷᠠᠭᠤᠯᠬᠤ ᠳᠤ ᠠᠰᠢᠭᠳᠠᠢ ᠪᠠᠶᠢᠵᠤ᠂ ᠡᠯ᠎ᠡ | ᠤᠯᠤᠰ ᠤᠨ ᠠᠷᠠᠳ ᠤᠨ ᠰᠣᠶᠣᠯ ᠤᠷᠠᠯᠢᠭ ᠲᠤ ᠲᠠᠪᠴᠠᠩ ᠬᠠᠩᠭᠠᠵᠤ᠂ ᠡᠯ᠎ᠡ ᠤᠯᠤᠰ ᠤᠨ ᠠᠷᠠᠳ ᠲᠦᠮᠡᠨ ᠤ ᠰᠣᠯᠢᠯᠴᠠᠭ᠎ᠠ ᠶᠠᠷᠢᠯᠴᠠᠭ᠎ᠠ ᠳᠤ ᠬᠥᠭᠦᠷᠭᠡ ᠲᠠᠯᠪᠢᠵᠤ | ᠂ ᠠᠳᠠᠯᠢ ᠪᠤᠰᠤ ᠪᠣᠯᠪᠠᠰᠤᠨ ᠤ ᠬᠠᠷᠢᠯᠴᠠᠨ ᠰᠣᠯᠢᠯᠴᠠᠵᠤ ᠬᠠᠷᠢᠯᠴᠠᠨ ᠲᠣᠯᠢ ᠪᠤᠯᠭᠠᠬᠤ ᠬᠤᠯᠪᠣᠭᠠᠰᠤ ᠶᠢ ᠪᠠᠶᠢᠭᠤᠯᠵᠤ ᠦᠭᠴᠠᠢ᠃ ᠳᠤᠮᠳᠠᠳᠤ ᠤᠯᠤᠰ ᠡᠷᠬᠡ ᠲᠡᠭᠰᠢ᠂ | ᠬᠠᠷᠢᠯᠴᠠᠨ ᠲᠤᠯᠢ ᠪᠤᠯᠭᠠᠬᠤ᠂ ᠶᠠᠷᠢᠯᠴᠠᠭ᠎ᠠ ᠬᠢᠬᠦ᠂ ᠪᠠᠭᠲᠠᠭᠠᠮᠵᠢᠲᠠᠢ ᠪᠠᠶᠢᠬᠤ ᠪᠣᠯᠪᠠᠰᠤᠨ ᠤ ᠦᠵᠡᠯᠲᠡ ᠶᠢ ᠪᠠᠷᠢᠮᠲᠠᠯᠠᠵᠤ᠂ ᠳᠤᠷᠠᠲᠠᠶ᠎ᠠ ᠡᠯ᠎ᠡ ᠤᠯᠤᠰ ᠲᠠᠢ | ᠬᠠᠮᠲᠤ ᠪᠠᠷ ︽ᠨᠢᠭᠡ ᠪᠦᠰᠡ ᠨᠢᠭᠡ ᠵᠠᠮ︾ ᠢ ᠪᠦᠳᠦᠭᠡᠨ ᠪᠠᠶᠢᠭᠤᠯᠬᠤ ᠶᠢ ᠠᠬᠢᠭᠤᠯᠵᠤ᠂ ᠡᠶ᠎ᠡ ᠨᠠᠶᠢᠷᠲᠠᠢ ᠠᠳᠠᠯ᠎ᠠ ᠦᠪᠠᠷ ᠤᠨ ᠢᠶᠠᠨ ᠪᠠᠷᠢᠮᠳᠠᠯᠠᠬᠤ᠂ ᠡᠯ᠎ᠠ | ᠵᠦᠢᠯ ᠤᠨ ᠭᠤᠸ᠎ᠠ ᠰᠠᠶᠢᠬᠠᠨ ᠬᠠᠮᠲᠤ ᠪᠠᠷ ᠤᠷᠤᠰᠢᠬᠤ ᠶᠢ ᠰᠠᠨᠠᠭᠠᠴᠢᠯᠠᠵᠤ᠂ ᠬᠥᠮᠦᠨ ᠲᠥᠷᠥᠯᠬᠢᠲᠡᠨ ᠤ ᠪᠣᠯᠪᠠᠰᠤᠨ ᠤ ᠲᠠᠪᠰᠢᠯᠳᠠ ᠳᠤ ᠨᠡᠩ ᠶᠡᠭᠡ ᠬᠤᠪᠢ ᠨᠡᠮᠡᠷᠢ | ᠦᠵᠡᠭᠦᠯᠦᠨ᠎ᠡ ᠭᠡᠵᠤ ᠵᠢᠭᠠᠵᠤ ᠭᠠᠷᠭᠠᠵᠠᠢ᠃ | 2021 ︽ᠨᠢᠭᠡ ᠪᠦᠰᠡ ᠨᠢᠭᠡ ᠵᠠᠮ︾ · ᠣᠷᠳᠣ ᠴᠠᠭᠠᠨ ᠬᠡᠷᠡᠮ ᠣᠯᠠᠨ ᠤᠯᠤᠰ ᠤᠨ ᠠᠷᠠᠳ ᠤᠨ ᠰᠣᠶᠣᠯ ᠤᠷᠠᠯᠢᠭ ᠤᠨ ᠨᠠᠶᠢᠷ ᠲᠣᠰ ᠡᠳᠦᠷ ᠾᠧᠪᠸᠢ | ᠮᠤᠵᠢ ᠶᠢᠨ ᠯᠠᠩᠹᠠᠩ ᠬᠤᠲᠠ ᠳᠤ ᠡᠬᠢᠯᠡᠵᠦ᠂ ︽ᠰᠣᠶᠣᠯ ᠤᠷᠠᠯᠢᠭ ᠤᠨ ᠠᠭᠤᠰᠤᠯᠴᠠᠯ · ︿ᠨᠢᠭᠡ ᠪᠦᠰᠡ ᠨᠢᠭᠡ ᠵᠠᠮ﹀ ᠢ ᠬᠠᠮᠲᠤ ᠪᠠᠷ ᠪᠥᠲᠥᠭᠡᠨ ᠪᠠᠶᠢᠭᠤᠯᠤᠶ᠎ᠠ︾ | ᠪᠠᠷ ᠭᠤᠤᠯ ᠰᠡᠳᠦᠪ ᠪᠤᠯᠭᠠᠵᠤ᠂ ᠰᠣᠶᠣᠯ ᠪᠠ ᠵᠢᠭᠤᠯᠴᠢᠯᠠᠯ ᠤᠨ ᠶᠠᠮᠤᠨ᠂ ᠾᠧᠪᠸᠢ ᠮᠤᠵᠢ ᠶᠢᠨ ᠠᠷᠠᠳ ᠤᠨ ᠵᠠᠰᠠᠭ ᠤᠨ ᠣᠷᠳᠣᠨ ᠬᠠᠮᠲᠤ ᠪᠠᠷ ᠡᠷᠭᠢᠯᠡᠪᠡ᠃ |