| | | ᠵᠣᠴᠢᠨ᠄ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠯᠢ | ᠳ᠋ᠦᠩ᠂ ᠰᠤᠷᠭᠠᠨ ᠬᠥᠮᠥᠵᠢᠯ ᠰᠢᠨᠵᠢᠯᠡᠬᠦ ᠤᠬᠠᠭᠠᠨ ᠰᠣᠶᠣᠯ ᠤᠨ ᠰᠠᠯᠠᠭᠠᠨ ᠤ ᠳᠠᠷᠤᠭ᠎ᠠ ᠸᠠᠩ ᠢ ᠰᠢᠶᠦ᠋ᠩ | | 1. ᠬᠠᠮᠢᠶᠠᠷᠤᠭᠴᠢ | ᠲᠣᠰ ᠤᠳᠠᠭᠠᠨ ᠤ ᠰᠤᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠬᠥᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢᠨ | ᠤᠳᠬ᠎ᠠ ᠤᠷᠠᠯᠢᠭ ᠤᠨ ᠷᠠᠳᠢᠣ᠋ ᠶᠢᠨ ᠬᠠᠮᠲᠤᠷᠠᠭᠰᠠᠨ ᠲᠤᠰᠬᠠᠶ ᠰᠤᠷᠪᠤᠯᠵᠢᠯᠠᠭ᠎ᠠ ᠪᠣᠯᠤᠨ᠎ᠠ᠂ ᠰᠦᠯᠵᠢᠶᠡᠨ ᠨᠠᠶᠢᠵᠠ ᠨᠠᠷ ᠰᠦᠯᠵᠢᠶᠡᠨ ᠳᠡᠭᠡᠷ᠎ᠡ ᠦᠭᠡ | ᠦᠯᠡᠳᠡᠭᠡᠵᠦ ᠵᠣᠴᠢᠳ ᠲᠠᠢ ᠦᠵᠡᠯ ᠪᠣᠳᠤᠯ ᠢᠶᠠᠨ ᠰᠣᠯᠢᠯᠴᠠᠵᠤ ᠪᠣᠯᠤᠨ᠎ᠠ᠂ ᠰᠦᠯᠵᠢᠶᠡᠨ ᠨᠠᠶᠢᠵᠠ ᠨᠠᠷ ᠤᠨ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ | ᠪᠠᠶᠢᠨ᠎ᠠ᠃ | 2. ᠬᠥᠲᠥᠯᠥᠭᠴᠢ | ᠶᠡᠷᠦᠩᠬᠡᠢ ᠱᠦᠵᠢ ᠰᠢ ᠶᠢᠨ ᠫᠢᠩ ᠵᠢᠭᠠᠭᠰᠠᠨ ᠨᠢ᠄ ︽ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠤᠢ ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ | ᠡᠷᠬᠡᠪᠰᠢ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠤᠳᠤᠯᠭ᠎ᠠ᠂ ᠴᠢᠳᠠᠪᠤᠷᠢᠲᠠᠨ ᠢᠶᠠᠷ ᠤᠯᠤᠰ ᠢᠶᠠᠨ | ᠬᠦᠴᠦᠷᠬᠡᠭᠵᠢᠭᠦᠯᠬᠦ ᠪᠠᠶᠢᠯᠳᠤᠬᠤ ᠪᠤᠳᠤᠯᠭ᠎ᠠ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ | ᠬᠡᠷᠡᠭᠵᠢᠭᠦᠯᠵᠦ᠂ ᠤᠯᠤᠰ ᠤᠨ ᠰᠢᠨ᠎ᠡ ᠶᠢ ᠡᠭᠦᠳᠬᠦ ᠰᠢᠰᠲ᠋ᠧᠮ ᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠷᠬᠡᠭ ᠤᠯᠤᠰ ᠢ | ᠲᠦᠷᠭᠡᠳᠬᠡᠨ ᠪᠠᠶᠢᠭᠤᠯᠵᠤ᠂ ᠥᠨᠳᠥᠷ ᠬᠢᠷᠢ ᠲᠦᠪᠰᠢᠨ ᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠵᠤ ᠥᠪᠡᠷ ᠢ ᠪᠠᠨ | ᠬᠦᠴᠦᠷᠬᠡᠭᠵᠢᠭᠦᠯᠬᠦ ᠶᠢ ᠪᠡᠶᠡᠯᠡᠭᠦᠯᠬᠦ ᠬᠡᠷᠡᠭᠲᠡᠢ︾᠃ ᠡᠨᠡ ᠵᠢᠯ᠂ ᠮᠠᠨ ᠤ ᠤᠯᠤᠰ ᠨᠢᠭᠡᠨᠲᠡ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠵᠦ᠂ ᠰᠢᠨᠵᠢᠯᠡᠬᠦ | ᠤᠬᠠᠭᠠᠨ ᠮᠡᠷᠭᠡᠵᠢᠯ ᠪᠠ ᠰᠤᠷᠭᠠᠨ ᠬᠥᠮᠦᠵᠢᠯ ᠤᠨ ᠬᠦᠴᠦᠨ ᠢ ᠪᠤᠶᠢᠵᠢᠭᠤᠯᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ | ᠡᠷᠡᠮᠡᠯᠵᠡᠯ ᠢ ᠲᠤᠯᠭᠠᠭᠤᠷᠢᠯᠠᠬᠤ ᠶᠢᠨ ᠬᠠᠮᠲᠤ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠲᠠᠰᠤᠷᠠᠯᠲᠠ ᠦᠭᠡᠢ ᠬᠥᠳᠡᠯᠭᠡᠬᠦ | ᠬᠦᠴᠦᠨ ᠨᠡᠮᠡᠷᠢᠯᠡᠵᠦ ᠪᠠᠶᠢᠨ᠎ᠠ᠃ | 3. ᠬᠥᠲᠥᠯᠥᠭᠴᠢ | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢ᠂ ᠮᠠᠨ ᠤ ᠤᠯᠤᠰ ᠤᠨ ᠰᠤᠷᠭᠠᠨ ᠬᠥᠮᠦᠵᠢᠯ ᠤᠨ ᠦᠢᠯᠡᠰ ᠬᠦᠴᠢᠷ ᠪᠡᠷᠬᠡᠰᠢᠶᠡᠯ ᠢ ᠢᠯᠠᠨ | ᠳᠠᠪᠠᠵᠤ᠂ ᠳᠡᠯᠡᠬᠡᠶ ᠳᠡᠭᠡᠷᠡᠬᠢ ᠬᠡᠪᠴᠢᠶ᠎ᠡ ᠪᠠᠷ ᠬᠠᠮᠤᠭ ᠤᠨ ᠶᠡᠭᠡ ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠪᠠ᠃ 2020 ᠣᠨ ᠳᠤ᠂ ᠡᠯ᠎ᠡ ᠱᠠᠲᠤᠨ ᠤ | ᠡᠯ᠎ᠡ ᠲᠥᠷᠥᠯ ᠤᠨ ᠰᠤᠷᠭᠠᠭᠤᠯᠢ 53.71 ᠲᠦᠮᠡ ᠳᠤ ᠬᠦᠷᠴᠦ᠂ ᠰᠤᠷᠭᠠᠭᠤᠯᠢ ᠳᠤ ᠪᠠᠶᠢᠭ᠎ᠠ ᠰᠣᠷᠣᠭᠴᠢ 2.89 ᠳ᠋ᠦᠩᠰᠢᠭᠤᠷ ᠲᠤ ᠬᠦᠷᠴᠡᠶ᠃ 2012 | ᠣᠨ ᠠᠴᠠ 2020 ᠣᠨ ᠪᠣᠯᠲᠠᠯ᠎ᠠ᠂ ᠮᠠᠨ ᠤ ᠤᠯᠤᠰ ᠤᠨ ᠰᠤᠷᠭᠠᠨ ᠬᠥᠮᠦᠵᠢᠯ ᠤᠨ ᠵᠠᠷᠤᠳᠠᠯ 28655 ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ | 53014 ᠳ᠋ᠦᠩᠰᠢᠭᠤᠷ ᠲᠥᠭᠦᠷᠢᠭ ᠪᠣᠯᠤᠨ ᠨᠡᠮᠡᠭᠳᠡᠵᠦ᠂ ᠤᠯᠤᠰ ᠤᠨ ᠡᠳ᠋ ᠤᠨ ᠵᠠᠰᠠᠭ ᠤᠨ ᠴᠢᠨᠠᠷᠲᠠᠶ ᠰᠤᠷᠭᠠᠨ ᠬᠥᠮᠦᠵᠢᠯ ᠤᠨ ᠵᠠᠷᠤᠳᠠᠯ 23148 | ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ 42891 ᠳ᠋ᠦᠩᠰᠢᠭᠤᠷ ᠲᠥᠭᠦᠷᠢᠭ ᠪᠣᠯᠤᠨ ᠨᠡᠮᠡᠭᠳᠡᠵᠡᠶ᠃ ᠲᠡᠭᠡᠪᠡᠯ ᠣᠶᠢᠷ᠎ᠠ ᠶᠢᠨ ᠬᠤᠶᠠᠷ ᠵᠢᠯ ᠳᠤ᠂ ᠮᠠᠨ ᠤ | ᠬᠤᠲᠠ ᠶᠢᠨ ᠡᠳ᠋ ᠤᠨ ᠵᠠᠰᠠᠭ ᠤᠨ ᠰᠤᠷᠭᠠᠨ ᠬᠥᠮᠦᠵᠢᠯ ᠤᠨ ᠲᠠᠯ᠎ᠠ ᠳᠠᠬᠢ ᠣᠷᠣᠭᠤᠯᠤᠯᠲᠠ ᠶᠢᠨ ᠶᠡᠷᠦᠩᠬᠡᠶ ᠪᠠᠶᠢᠳᠠᠯ ᠶᠠᠮᠠᠷ ᠪᠣᠢ︖ | 4. ᠯᠢ ᠳ᠋ᠦᠩ | | | | | | ᠰᠤᠷᠭᠠᠨ ᠬᠥᠮᠦᠵᠢᠯ ᠤᠨ ᠣᠷᠣᠭᠤᠯᠤᠯᠲᠠ ᠪᠣᠯ ᠤᠯᠤᠰ ᠤᠨ ᠠᠯᠤᠰ ᠬᠡᠲᠦ ᠶᠢᠨ ᠬᠥᠭᠵᠢᠯᠲᠡ ᠶᠢ ᠲᠤᠯᠭᠠᠭᠤᠷᠢᠯᠠᠬᠤ ᠰᠠᠭᠤᠷᠢ ᠴᠢᠨᠠᠷᠲᠠᠶ᠂ ᠪᠠᠶᠢᠯᠳᠤᠬᠤ | ᠪᠣᠳᠣᠯᠭ᠎ᠠ ᠶᠢᠨ ᠴᠢᠨᠠᠷᠲᠠᠶ ᠪᠠᠯᠠ ᠣᠷᠣᠭᠤᠯᠤᠯᠲᠠ ᠮᠥᠨ᠂ ᠰᠤᠷᠭᠠᠨ ᠬᠥᠮᠦᠵᠢᠯ ᠤᠨ ᠦᠢᠯᠡᠰ ᠢ ᠬᠥᠭᠵᠢᠭᠦᠯᠬᠦ ᠶᠢᠨ ᠴᠢᠬᠤᠯᠠ ᠪᠣᠳᠠᠰ ᠤᠨ ᠰᠠᠭᠤᠷᠢ ᠮᠥᠨ᠂ | ᠣᠯᠠᠨ ᠨᠡᠶᠢᠲᠡ ᠶᠢᠨ ᠡᠳ᠋ ᠤᠨ ᠵᠠᠰᠠᠭ ᠤᠨ ᠪᠠᠲᠤᠯᠠᠭ᠎ᠠ ᠶᠢᠨ ᠭᠤᠤᠯᠳᠠᠯᠭ᠎ᠠ ᠮᠥᠨ᠃ ᠮᠠᠨ ᠤ ᠬᠤᠲᠠ ᠶᠢᠨ ᠡᠳ᠋ ᠤᠨ ᠵᠠᠰᠠᠭ ᠠᠴᠠ ᠬᠤᠯᠪᠣᠭᠳᠠᠯ ᠪᠦᠬᠦᠢ ᠬᠠᠤᠯᠢ | ᠴᠠᠭᠠᠵᠠ ᠪᠠ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠴᠢᠩᠭ᠎ᠠ ᠵᠢᠷᠤᠮᠯᠠᠨ᠂ ᠰᠤᠷᠭᠠᠨ ᠬᠥᠮᠦᠵᠢᠯ ᠢ ᠡᠳ᠋ ᠤᠨ ᠵᠠᠰᠠᠭ ᠤᠨ ᠵᠠᠷᠤᠯᠭ᠎ᠠ ᠶᠢᠨ ᠭᠤᠣᠯᠳᠠᠯᠭ᠎ᠠ ᠲᠠᠢ | ᠬᠦᠷᠢᠶ᠎ᠡ ᠪᠣᠯᠭᠠᠨ ᠡᠩ ᠲᠡᠷᠢᠭᠦᠨ ᠳᠤ ᠪᠠᠲᠤᠯᠠᠵᠤ᠂ ᠣᠶᠢᠷ᠎ᠠ ᠶᠢᠨ ᠵᠢᠯ ᠤᠳ ᠲᠤ ᠡᠳ᠋ ᠤᠨ ᠵᠠᠰᠠᠭ ᠤᠨ ᠰᠤᠷᠭᠠᠨ ᠬᠥᠮᠦᠵᠢᠯ ᠤᠨ ᠣᠷᠣᠭᠤᠯᠤᠯᠲᠠ ᠶᠢ | ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠦᠨ᠂ ᠠᠷᠠᠳ ᠣᠯᠠᠨ ᠤ ᠰᠤᠷᠭᠠᠨ ᠬᠥᠮᠦᠵᠢᠯ ᠤᠨ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠠᠷᠠᠳ | ᠣᠯᠠᠨ ᠳᠤ ᠡᠳ᠋ ᠤᠨ ᠵᠠᠰᠠᠭ ᠤᠨ ᠰᠤᠷᠭᠠᠨ ᠬᠥᠮᠦᠵᠢᠯ ᠤᠨ ᠣᠷᠣᠭᠤᠯᠤᠯᠲᠠ ᠪᠠ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠦᠷ᠎ᠡ | ᠪᠦᠲᠦᠭᠡᠯ ᠢ ᠡᠳ᠋ᠯᠡᠭᠦᠯᠪᠡ᠃ | 2020 ᠣᠨ ᠳᠤ᠂ ᠪᠥᠬᠦ ᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠦᠪ ᠤᠨ ᠰᠤᠷᠭᠠᠨ ᠬᠥᠮᠦᠵᠢᠯ ᠤᠨ ᠵᠠᠷᠤᠳᠠᠯ 59.85 ᠳ᠋ᠦᠩᠰᠢᠭᠤᠷ | ᠲᠥᠭᠦᠷᠢᠭ ︵ᠰᠤᠷᠭᠠᠨ ᠬᠥᠮᠦᠵᠢᠯ ᠤᠨ ᠠᠵᠢᠯ ᠦᠢᠯᠡᠰ ᠤᠨ ᠵᠠᠷᠤᠳᠠᠯ᠂ ᠦᠨᠳᠦᠰᠦᠨ ᠪᠥᠲᠥᠭᠡᠨ ᠪᠠᠶᠢᠭᠤᠯᠤᠯᠲᠠ ᠶᠢᠨ ᠵᠠᠷᠤᠳᠠᠯ ᠪᠠ ᠰᠤᠷᠭᠠᠨ ᠬᠥᠮᠦᠵᠢᠯ ᠤᠨ | ᠵᠠᠷᠤᠳᠠᠯ ᠤᠨ ᠨᠡᠮᠡᠯᠲᠡ ᠪᠠᠭᠲᠠᠨ᠎ᠠ︶ ᠬᠦᠷᠴᠦ᠂ ᠠᠳᠠᠯᠢ ᠬᠤᠭᠤᠴᠠᠭᠠᠨ ᠤ ᠬᠢ ᠠᠴᠠ 11.93% ᠪᠠᠷ ᠨᠡᠮᠡᠭᠳᠡᠨ᠂ ᠡᠩ ᠤᠨ ᠣᠯᠠᠨ ᠨᠡᠶᠢᠲᠡ ᠶᠢᠨ | ᠲᠥᠰᠦᠪ ᠤᠨ ᠵᠠᠷᠤᠯᠭ᠎ᠠ ᠶᠢᠨ 13.65% ᠶᠢ ᠡᠵᠡᠯᠡᠪᠡ᠃ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠡᠩ ᠤᠨ ᠣᠯᠠᠨ ᠨᠡᠶᠢᠲᠡ ᠶᠢᠨ | ᠲᠥᠰᠦᠪ ᠤᠨ ᠰᠤᠷᠭᠠᠨ ᠬᠥᠮᠦᠵᠢᠯ ᠤᠨ ᠵᠠᠷᠤᠳᠠᠯ ᠴᠤ 2019 ᠣᠨ ᠤ ᠬᠢ ᠠᠴᠠ ᠨᠡᠮᠡᠭᠳᠡᠵᠦ ᠪᠣᠶ᠃ | 2021 ᠣᠨ ᠳᠤ᠂ ᠮᠠᠨ ᠤ ᠬᠤᠲᠠ ᠰᠤᠷᠭᠠᠨ ᠬᠥᠮᠦᠵᠢᠯ ᠤᠨ ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠤᠲᠠ ᠶᠢᠨ | ᠲᠣᠰ ᠱᠠᠲᠤᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠲᠥᠰᠦᠪ ᠲᠤ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢ 12 | ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠲᠦᠷᠦᠭᠦᠤ ᠵᠢᠯ ᠤᠨ ᠬᠢ ᠠᠴᠠ 30.9% ᠪᠠᠷ ᠨᠡᠮᠡᠭᠳᠡᠨ᠂ ᠰᠤᠷᠭᠠᠨ ᠬᠥᠮᠦᠵᠢᠯ ᠤᠨ ᠵᠠᠷᠤᠳᠠᠯ ᠤᠨ ᠬᠠᠤᠯᠢ ᠪᠠᠷ | ᠲᠣᠭᠲᠠᠭᠠᠭᠰᠠᠨ ᠨᠡᠮᠡᠭᠳᠡᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠪᠠ᠃ | 5. ᠬᠥᠲᠥᠯᠥᠭᠴᠢ | ᠬᠤᠲᠠ ᠶᠢᠨ ᠡᠳ᠋ ᠤᠨ ᠵᠠᠰᠠᠭ ᠡᠭᠦᠷᠭᠡ ᠲᠤᠰᠢᠶᠠᠯ ᠡᠭᠦᠷᠭᠡ ᠬᠠᠷᠢᠭᠤᠴᠠᠯᠭ᠎ᠠ ᠪᠠᠨ ᠬᠡᠷᠬᠢᠨ ᠪᠠᠳᠠᠷᠠᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ᠂ | ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠠ ᠰᠤᠷᠬᠤ ᠨᠠᠰᠤᠨ ᠠᠴᠠ ᠡᠮᠦᠨᠡᠬᠢ | ᠰᠤᠷᠭᠠᠨ ᠬᠥᠮᠦᠵᠢᠯ ᠢ ᠪᠠᠲᠤᠯᠠᠭᠰᠠᠨ ᠪᠣᠶ︖ | 6. ᠯᠢ ᠳ᠋ᠦᠩ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠠᠯ᠎ᠠ ᠪᠠᠷ᠄ ᠨᠢᠭᠡ ᠳᠤ ᠬᠤᠳᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠢ | ᠪᠠᠲᠤᠯᠠᠬᠤ ᠲᠣᠭᠲᠠᠴᠠ ᠶᠢ ᠲᠡᠭᠦᠯᠳᠡᠷᠵᠢᠭᠦᠯᠪᠡ᠃ ᠬᠤᠶᠠᠷ ᠲᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠶ ᠵᠠᠩᠭᠢᠯᠠᠭ᠎ᠠ ᠶᠢ ᠰᠠᠶᠢᠵᠢᠷᠠᠭᠤᠯᠵᠤ᠂ | ᠴᠢᠳᠠᠪᠤᠷᠢ ᠶᠢ ᠳᠡᠭᠡᠭᠰᠢᠯᠡᠭᠦᠯᠪᠡ᠃ | ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠲᠠᠯ᠎ᠠ ᠪᠠᠷ᠄ ᠨᠢᠭᠡ ᠳᠤ ᠰᠤᠷᠤᠭᠴᠢ ᠪᠦᠷᠢ ᠶᠢᠨ ᠡᠯ᠎ᠡ ᠵᠦᠢᠯ ᠤᠨ ᠨᠥᠬᠦᠪᠥᠷᠢ ᠶᠢ | ᠨᠠᠶᠢᠳᠠᠪᠤᠷᠢᠵᠢᠭᠤᠯᠪᠠ᠃ ᠬᠤᠶᠠᠷ ᠲᠤ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠪᠠ᠃ | ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠠᠯ᠎ᠠ ᠪᠠᠷ᠄ ᠨᠢᠭᠡ ᠳᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ | ᠬᠥᠮᠥᠵᠢᠯ ᠤᠨ ᠬᠥᠭᠵᠢᠯᠲᠡ ᠶᠢ ᠲᠦᠯᠬᠢᠨ ᠠᠬᠢᠭᠤᠯᠪᠠ᠃ ᠬᠤᠶᠠᠷ ᠲᠤ ᠤᠳᠤ ᠦᠶ᠎ᠡ ᠶᠢᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠪᠡ᠃ | ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠠᠯ᠎ᠠ ᠪᠠᠷ᠄ ᠨᠢᠭᠡ ᠳᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ | ᠰᠤᠷᠤᠭᠴᠢ ᠪᠦᠷᠢ ᠶᠢᠨ ᠵᠠᠷᠤᠳᠠᠯ ᠤᠨ ᠣᠷᠣᠭᠤᠯᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠪᠡ᠃ ᠬᠤᠶᠠᠷ ᠲᠤ ᠬᠡᠤᠬᠡᠳ ᠤᠨ ᠴᠡᠴᠡᠷᠯᠢᠭ ᠤᠨ ᠪᠥᠲᠥᠭᠡᠨ | ᠪᠠᠶᠢᠭᠤᠯᠤᠯᠲᠠ ᠳᠠᠬᠢ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠪᠠ᠃ | 7. ᠬᠥᠲᠥᠯᠥᠭᠴᠢ | ᠮᠠᠨ ᠤ ᠬᠤᠲᠠ ᠶᠢᠨ ᠪᠠᠭᠰᠢ ᠶᠢᠨ ᠴᠠᠯᠢᠩ ᠣᠯᠭᠤᠮᠵᠢ ᠶᠢ ᠪᠠᠲᠤᠯᠠᠬᠤ ᠲᠠᠯ᠎ᠠ ᠪᠠᠷ ᠬᠢ ᠶᠡᠷᠦᠩᠬᠡᠶ ᠪᠠᠶᠢᠳᠠᠯ ᠶᠠᠮᠠᠷ ᠪᠠᠶᠢᠭ᠎ᠠ ᠶᠢ ᠰᠦᠯᠵᠢᠶᠡᠨ ᠨᠠᠶᠢᠵᠠ ᠨᠠᠷ | ᠠᠩᠬᠠᠷᠴᠤ ᠪᠠᠶᠢᠨ᠎ᠠ᠃ | 8. ᠸᠠᠩ ᠢ ᠰᠢᠶᠦ᠋ᠩ | | | | | 2019 ᠣᠨ ᠠᠴᠠ ᠡᠬᠢᠯᠡᠨ᠂ ᠪᠥᠬᠦ ᠬᠤᠲᠠ ᠶᠢᠨ ᠠᠩᠭᠢ ᠶᠢᠨ ᠡᠷᠬᠢᠯᠡᠭᠴᠢ ᠶᠢᠨ ᠨᠥᠬᠦᠪᠥᠷᠢ ᠶᠢ ᠪᠠᠭ᠎ᠠ ᠰᠤᠷᠭᠠᠭᠤᠯᠢ ᠬᠥᠮᠦᠨ ᠪᠦᠷᠢ ᠰᠠᠷ᠎ᠠ ᠳᠤ | 800 ᠲᠥᠭᠦᠷᠢᠭ᠂ ᠳᠤᠮᠳᠠᠳᠤ ᠰᠤᠷᠭᠠᠭᠤᠯᠢ ᠬᠥᠮᠦᠨ ᠪᠦᠷᠢ ᠰᠠᠷ᠎ᠠ ᠳᠤ 1200 ᠲᠥᠭᠦᠷᠢᠭ ᠪᠣᠯᠭᠠᠨ ᠨᠡᠮᠡᠪᠡ︔ ᠬᠤᠰᠢᠭᠤ ᠰᠢᠶᠠᠨ ᠲᠣᠭᠤᠷᠢᠭ ᠤᠨ | ᠵᠠᠰᠠᠭ ᠤᠨ ᠣᠷᠳᠣᠨ ᠤ ᠪᠠᠶᠢᠭ᠎ᠠ ᠭᠠᠵᠠᠷ ᠠᠴᠠ ᠭᠠᠳᠠᠨᠠᠬᠢ ᠬᠥᠳᠡᠭᠡ ᠲᠣᠰᠬᠤᠨ ᠤ ᠠᠯᠪᠠᠨ ᠠᠴᠠ ᠡᠷᠭᠢᠯᠡᠭᠰᠡᠨ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ | ᠠᠵᠢᠯ ᠤᠨ ᠪᠠᠶᠢᠷᠢ ᠳᠤ ᠪᠠᠶᠢᠭ᠎ᠠ ᠪᠠᠭᠰᠢ ᠨᠢᠭᠡᠪᠦᠷᠢ ᠳᠤ ᠵᠢᠯ ᠤᠨ 1 ᠲᠦᠮᠡᠨ ᠲᠥᠭᠦᠷᠢᠭ ᠤᠨ ᠬᠥᠳᠡᠭᠡ ᠲᠣᠰᠬᠤᠨ ᠤ ᠪᠠᠭᠰᠢ ᠶᠢᠨ ᠠᠮᠢᠳᠤᠷᠠᠯ ᠤᠨ ᠨᠥᠬᠦᠪᠥᠷᠢ | ᠣᠯᠭᠤᠪᠠ︔ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠨᠠᠷ ᠤᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠪᠠᠷᠢᠮᠵᠢᠶ᠎ᠠ ᠶᠢ ᠳᠡᠭᠡᠭᠰᠢᠯᠡᠭᠦᠯᠵᠦ᠂ | ᠵᠢᠯ ᠳᠤ ᠬᠥᠮᠦᠨ ᠳᠤᠮᠳᠠᠴᠢ ᠪᠠᠷ 3600 ᠲᠥᠭᠦᠷᠢᠭ ᠪᠣᠯᠭᠠᠪᠠ︔ ᠡᠭᠦᠨ ᠤ ᠬᠠᠮᠲᠤ᠂ ᠮᠠᠨ ᠤ ᠬᠤᠲᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠪᠠᠭᠰᠢ ᠶᠢᠨ ᠬᠠᠷᠠᠭᠠᠯᠵᠠᠯ ᠢ ᠬᠥᠳᠡᠯᠦᠩᠭᠦᠶ ᠪᠠᠷ ᠳᠣᠭᠢᠷᠠᠭᠤᠯᠬᠤ ᠲᠣᠭᠲᠠᠴᠠ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠪᠣᠯᠤᠨ ᠠᠯᠪᠠᠲᠠᠨ ᠤ | ᠬᠠᠷᠠᠭᠠᠯᠵᠠᠯ ᠢ ᠵᠡᠷᠭᠡᠪᠡᠷ ᠳᠡᠭᠡᠭᠰᠢᠯᠡᠭᠦᠯᠬᠦ ᠲᠣᠭᠲᠠᠴᠠ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠠᠭᠰᠢ ᠪᠣᠯᠤᠨ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠪᠠᠭᠰᠢ ᠶᠢᠨ ᠬᠠᠷᠠᠭᠠᠯᠵᠠᠯ ᠢ ᠵᠡᠷᠭᠡᠪᠡᠷ ᠳᠡᠭᠡᠭᠰᠢᠯᠡᠭᠦᠯᠬᠦ ᠲᠣᠭᠲᠠᠴᠠ ᠶᠢ ᠪᠠᠶᠢᠭᠤᠯᠪᠠ᠃ ᠪᠠᠭᠰᠢ ᠶᠢᠨ ᠴᠠᠯᠢᠩ ᠤᠨ ᠬᠡᠪ ᠤᠨ ᠥᠰᠥᠯᠲᠡ ᠶᠢᠨ | ᠲᠣᠭᠲᠠᠴᠠ ᠶᠣᠰᠣᠭᠠᠷ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠴᠠᠯᠢᠩ ᠳᠤ ᠬᠡᠷᠡᠭᠯᠡᠬᠦ | ᠵᠠᠷᠤᠳᠠᠯ ᠢ ᠤᠷᠢᠳᠠᠪᠠᠷ ᠪᠠᠲᠤᠯᠠᠵᠤ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠬᠢᠨᠠᠨ | ᠵᠥᠪᠰᠢᠶᠡᠷᠡᠭᠰᠡᠨ ᠪᠠᠶᠢᠳᠠᠯ ᠢ ᠴᠢᠩᠭ᠎ᠠ ᠵᠢᠷᠤᠮᠯᠠᠨ ᠪᠠᠯᠠ ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠪᠠᠭᠤᠯᠭᠠᠪᠠ᠃ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠪᠠᠭᠰᠢ ᠶᠢᠨ ᠴᠠᠯᠢᠩ ᠢ ᠬᠥᠳᠡᠯᠦᠩᠭᠦᠶ ᠪᠠᠷ ᠳᠣᠭᠢᠷᠠᠭᠤᠯᠬᠤ ᠲᠣᠭᠲᠠᠴᠠ ᠶᠢ ᠪᠠᠶᠢᠭᠤᠯᠵᠤ᠂ 2020 ᠣᠨ ᠳᠤ ᠬᠤᠲᠠ ᠶᠢᠨ ᠰᠢᠭᠤᠳ ᠬᠠᠷᠢᠶ᠎ᠠ | ᠰᠤᠷᠭᠠᠭᠤᠯᠢ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠬᠥᠮᠦᠨ ᠪᠦᠷᠢ ᠳᠤ ᠵᠢᠯ ᠪᠦᠷᠢ 2436 ᠲᠥᠭᠦᠷᠢᠭ ᠤᠨ ᠠᠵᠢᠯ ᠤᠨ | ᠪᠦᠲᠦᠮᠵᠢ ᠶᠢᠨ ᠴᠠᠯᠢᠩ ᠨᠡᠮᠡᠵᠦ᠂ ᠬᠤᠲᠠ ᠶᠢᠨ ᠰᠢᠭᠤᠳ ᠬᠠᠷᠢᠶ᠎ᠠ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡ ᠵᠢᠴᠢ ᠪᠠᠶᠢᠷᠢ ᠳᠤ ᠰᠠᠭᠤᠬᠤ | ᠳᠦᠷᠢᠮᠲᠦ ᠰᠤᠷᠭᠠᠭᠤᠯᠢ ᠶᠢᠨ ᠡᠷᠲᠡ ᠣᠷᠣᠶ ᠶᠢᠨ ᠳᠠᠪᠲᠠᠯᠭ᠎ᠠ ᠶᠢᠨ ᠠᠵᠢᠯ ᠤᠨ ᠪᠦᠲᠦᠮᠵᠢ ᠶᠢᠨ ᠴᠠᠯᠢᠩ ᠢ 369 ᠲᠦᠮᠡᠨ ᠲᠥᠭᠦᠷᠢᠭ ᠨᠡᠮᠡᠵᠦ᠂ ᠪᠠᠭᠰᠢ ᠶᠢᠨ | ᠴᠠᠯᠢᠩ ᠣᠯᠭᠤᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠪᠠᠭᠰᠢ ᠶᠢᠨ ᠠᠵᠢᠯ ᠤᠨ ᠢᠳᠡᠪᠬᠢᠵᠢᠯ ᠢ ᠳᠠᠶᠢᠴᠢᠯᠠᠪᠠ᠃ | 9. ᠬᠥᠲᠥᠯᠥᠭᠴᠢ | ᠮᠠᠨ ᠤ ᠬᠤᠲᠠ ᠶᠢᠨ ᠡᠨᠡ ᠵᠢᠯ ᠤᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠵᠢᠭᠠᠵᠤ ᠭᠠᠷᠭᠠᠭᠰᠠᠨ ᠨᠢ᠂ 2020 ᠣᠨ ᠳᠤ ᠮᠠᠨ ᠤ | ᠬᠤᠲᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠴᠢᠶᠠᠯᠠᠪᠤᠷᠢ ᠶᠢ ᠲᠦᠷᠭᠡᠳᠬᠡᠨ ᠪᠠᠶᠢᠭᠤᠯᠵᠤ᠂ ᠤᠯᠤᠰ ᠤᠨ ᠳᠠᠩᠰᠠᠯᠠᠭᠤᠯᠤᠭᠰᠠᠨ | ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ 3᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨ᠎ᠡ ᠶᠢ ᠡᠭᠦᠳᠬᠦ ᠣᠷᠣᠨ ᠵᠠᠶ 3᠂ ᠥᠪᠡᠷᠲᠡᠭᠡᠨ | ᠵᠠᠰᠠᠬᠤ ᠣᠷᠣᠨ ᠤ ᠲᠠᠰ ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ 7᠂ ᠥᠪᠡᠷᠲᠡᠭᠡᠨ ᠵᠠᠰᠠᠬᠤ ᠣᠷᠣᠨ ᠤ ᠠᠺᠠᠳᠧᠮᠢᠴᠢ ᠲᠤᠰᠬᠠᠶ | ᠮᠡᠷᠭᠡᠵᠢᠯᠲᠡᠨ ᠤ ᠠᠵᠢᠯ ᠤᠨ ᠥᠷᠲᠡᠭᠡ 2᠂ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠵᠢᠩᠬᠢᠨᠢ ᠪᠠᠷ ᠠᠵᠢᠯᠯᠠᠪᠠ︔ | ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠴᠢᠩᠬᠤᠸᠠ ᠶᠡᠭᠡ ᠰᠤᠷᠭᠠᠭᠤᠯᠢ ᠵᠡᠷᠭᠡ ᠶᠡᠭᠡ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ ᠲᠠᠢ | 72 ᠵᠦᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠵᠦᠢᠯᠡᠰ ᠢ ᠥᠷᠨᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠥᠲᠥᠯᠥᠨ | ᠳᠠᠭᠠᠭᠤᠯᠬᠤ ᠦᠢᠯᠡᠳᠦᠯ ᠢ ᠤᠯᠠᠮ ᠨᠢᠭᠡ ᠠᠯᠬᠤᠮ ᠴᠢᠩᠭᠠᠳᠬᠠᠪᠠ᠃ ᠲᠡᠭᠡᠪᠡᠯ ᠬᠥᠬᠡᠬᠤᠲᠠ ᠶᠢᠨ ᠡᠳ᠋ ᠤᠨ ᠵᠠᠰᠠᠭ ᠠᠴᠠ ᠮᠠᠨ ᠤ ᠬᠤᠲᠠ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠦᠢᠯᠡᠰ ᠤᠨ ᠬᠥᠭᠵᠢᠯᠲᠡ ᠶᠢ ᠬᠡᠷᠬᠢᠨ ᠪᠠᠲᠤᠯᠠᠭᠰᠠᠨ ᠪᠣᠢ︖ ᠡᠨᠡ ᠨᠢ ᠮᠥᠨ ᠴᠦ ᠰᠦᠯᠵᠢᠶᠡᠨ ᠤ ᠨᠠᠶᠢᠵᠠ ᠨᠠᠷ ᠤᠨ ᠠᠩᠬᠠᠷᠤᠯ | ᠲᠠᠯᠪᠢᠵᠤ ᠪᠠᠶᠢᠭ᠎ᠠ ᠠᠰᠠᠭᠤᠳᠠᠯ ᠪᠠᠶᠢᠨ᠎ᠠ᠃ | 10. ᠸᠠᠩ ᠢ ᠰᠢᠶᠦ᠋ᠩ | ᠣᠶᠢᠷ᠎ᠠ ᠶᠢᠨ ᠵᠢᠯ ᠳᠤ᠂ ᠮᠠᠨ ᠤ ᠬᠤᠲᠠ ᠤᠯᠤᠰ ᠤᠨ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ | ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠳ᠋ ᠤᠨ ᠵᠠᠰᠠᠭ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ | ᠲᠦᠷᠭᠡᠳᠬᠡᠨ᠂ ᠰᠢᠨᠵᠢᠯᠡᠬᠦ ᠤᠬᠠᠭᠠᠨ ᠮᠡᠷᠭᠡᠵᠢᠯ ᠢ ᠵᠠᠷᠤᠯᠭ᠎ᠠ ᠶᠢᠨ ᠭᠤᠣᠯᠳᠠᠯᠭ᠎ᠠ ᠲᠠᠢ ᠬᠦᠷᠢᠶ᠎ᠡ ᠪᠣᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ | ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠳᠤ ᠲᠦᠰᠢᠭᠯᠡᠨ ᠠᠵᠤ ᠠᠬᠤᠶ ᠶᠢᠨ | ᠪᠦᠲᠦᠴᠡ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠲᠣᠬᠢᠷᠠᠭᠤᠯᠤᠯᠲᠠ ᠶᠢ ᠲᠦᠯᠬᠢᠨ ᠠᠬᠢᠭᠤᠯᠵᠤ᠂ ᠰᠢᠨ᠎ᠡ ᠶᠢ ᠡᠭᠦᠳᠬᠦ᠂ ᠵᠣᠬᠢᠴᠠᠩᠭᠤᠶ᠂ ᠪᠣᠬᠢᠷᠲᠤᠯ | ᠦᠭᠡᠢ᠂ ᠨᠡᠭᠡᠭᠡᠯᠲᠡ ᠲᠠᠢ᠂ ᠬᠠᠮᠲᠤ ᠪᠠᠷ ᠡᠳ᠋ᠯᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠪᠡ᠃ | 11. ᠬᠥᠲᠥᠯᠥᠭᠴᠢ | ᠬᠥᠬᠡᠬᠤᠲᠠ ᠶᠢᠨ ᠡᠳ᠋ ᠤᠨ ᠵᠠᠰᠠᠭ ᠬᠡᠷᠬᠢᠨ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠤ ᠪᠡᠯᠡ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠵᠤ᠂ | ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠡᠯᠡ ᠮᠥᠩᠭᠦ ᠶᠢᠨ ᠬᠠᠮᠢᠶᠠᠷᠤᠯᠲᠠ ᠶᠢᠨ ᠬᠢᠷᠢ ᠲᠦᠪᠰᠢᠨ ᠪᠠ ᠬᠡᠷᠡᠭᠯᠡᠯᠲᠡ ᠶᠢᠨ ᠦᠷ᠎ᠡ ᠠᠰᠢᠭ ᠢ | ᠳᠡᠭᠡᠭᠰᠢᠯᠡᠭᠦᠯᠦᠭᠰᠡᠨ ᠪᠣᠢ︖ | 12. ᠸᠠᠩ ᠢ ᠰᠢᠶᠦ᠋ᠩ | ᠮᠠᠨ ᠤ ᠬᠤᠲᠠ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠡᠯᠡ ᠮᠥᠩᠭᠦ ᠶᠢᠨ ᠬᠠᠮᠢᠶᠠᠷᠤᠯᠲᠠ ᠶᠢᠨ ᠲᠠᠯ᠎ᠠ ᠪᠠᠷ ᠠᠯᠢ ᠣᠯᠠᠨ ᠠᠷᠭ᠎ᠠ | ᠬᠡᠮᠵᠢᠶ᠎ᠡ ᠠᠪᠴᠠᠶ᠃ | ᠨᠢᠭᠡ ᠳᠤ ᠡᠳ᠋ ᠤᠨ ᠵᠠᠰᠠᠭ ᠤᠨ ᠲᠤᠰᠬᠠᠶ ᠵᠦᠢᠯ ᠢᠶᠠᠷ ᠭᠤᠣᠯᠳᠠᠯᠭ᠎ᠠ ᠶᠢ ᠳᠡᠮᠵᠢᠪᠡ᠃ | ᠬᠤᠶᠠᠷ ᠲᠤ ᠪᠡᠯᠡ ᠣᠷᠣᠭᠤᠯᠤᠯᠲᠠ ᠶᠢᠨ ᠬᠡᠯᠪᠡᠷᠢ ᠳᠡᠭᠡᠨ ᠰᠢᠨ᠎ᠡ ᠶᠢ ᠡᠭᠦᠳᠪᠡ᠃ | ᠭᠤᠷᠪᠠ ᠳᠤ ᠲᠥᠷᠥᠯ ᠵᠦᠢᠯ ᠤᠨ ᠪᠡᠯᠡ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠪᠠ᠃ | ᠣᠳᠣ ᠪᠣᠯᠬᠤ ᠳᠤ᠂ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠡᠯᠡ ᠮᠥᠩᠭᠦ ᠵᠣᠬᠢᠬᠤ ᠦᠷ᠎ᠡ ᠠᠰᠢᠭ ᠣᠯᠪᠠ᠃ | ᠨᠢᠭᠡ ᠳᠤ᠂ 2018 ᠣᠨ ᠠᠴᠠ ᠨᠠᠭᠠᠰᠢ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠲᠤᠨᠤᠭ ᠲᠥᠬᠦᠭᠡᠷᠦᠮᠵᠢ ᠦᠢᠯᠡᠳᠬᠦ᠂ ᠠᠮᠢᠳᠤ ᠪᠣᠳᠠᠰ ᠤᠨ | ᠮᠡᠷᠭᠡᠵᠢᠯ᠂ ᠡᠯᠧᠺᠲᠷᠣᠨ ᠮᠡᠳᠡᠭᠡ ᠵᠠᠩᠭᠢ ᠵᠡᠷᠭᠡ ᠠᠵᠤ ᠦᠢᠯᠡᠰ ᠤᠨ ᠲᠣᠭᠤᠷᠢᠨ ᠳᠤ ᠦᠷᠭᠦᠯᠵᠢᠯᠡᠨ ᠬᠦᠴᠦᠯᠡᠵᠦ᠂ ᠪᠦᠬᠦ ᠬᠤᠳᠠ ᠳᠤ ᠳᠡᠭᠡᠳᠦ ᠰᠢᠨ᠎ᠡ | ᠮᠡᠷᠭᠡᠵᠢᠯ ᠤᠨ ᠠᠵᠤ ᠦᠢᠯᠡᠰ ᠤᠨ ᠬᠦᠷᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠦᠷᠦᠯ ᠵᠦᠢᠯ ᠢ 160 ᠲᠤᠬᠢᠷᠠᠭᠤᠯᠵᠤ᠂ | ᠰᠢᠨᠵᠢᠯᠡᠬᠦ ᠤᠬᠠᠭᠠᠨ ᠮᠡᠷᠭᠡᠵᠢᠯ ᠤᠨ ᠪᠡᠯᠡ ᠮᠥᠩᠭᠦ ᠶᠢ 1.27 ᠳ᠋ᠦᠩᠰᠢᠭᠤᠷ ᠲᠥᠭᠦᠷᠢᠭ ᠣᠷᠣᠭᠤᠯᠵᠤ᠂ 9.2 ᠳ᠋ᠦᠩᠰᠢᠭᠤᠷ ᠲᠥᠭᠦᠷᠢᠭ ᠤᠨ ᠨᠡᠶᠢᠭᠡᠮ ᠤᠨ | ᠪᠡᠯᠡ ᠣᠷᠣᠭᠤᠯᠤᠯᠲᠠ ᠶᠢ ᠳᠠᠶᠢᠴᠢᠯᠠᠪᠠ᠃ ᠪᠥᠬᠦ ᠬᠤᠲᠠ ᠳᠤ ᠬᠤᠲᠠ ᠶᠢᠨ ᠲᠣᠰ ᠱᠠᠲᠤᠨ ᠤ ᠬᠥᠳᠡᠭᠡ ᠲᠣᠰᠬᠤᠨ ᠤ ᠬᠦᠷᠢᠶᠡᠨ ᠳᠠᠬᠢ ᠰᠢᠨᠵᠢᠯᠡᠬᠦ ᠤᠬᠠᠭᠠᠨ | ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠢ 94 ᠲᠣᠬᠢᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠪᠡᠯᠡ ᠮᠥᠩᠭᠦ 0.4 ᠳ᠋ᠦᠩᠰᠢᠭᠤᠷ | ᠲᠥᠭᠦᠷᠢᠭ ᠲᠣᠬᠢᠷᠠᠭᠤᠯᠵᠤ᠂ ᠨᠡᠶᠢᠭᠡᠮ ᠤᠨ ᠣᠷᠣᠭᠤᠯᠤᠯᠲᠠ ᠶᠢ 2.4 ᠳ᠋ᠦᠩᠰᠢᠭᠤᠷ ᠲᠥᠭᠦᠷᠢᠭ ᠳᠠᠶᠢᠴᠢᠯᠠᠪᠠ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ | ᠥᠪᠥᠷ ᠮᠣᠩᠭᠤᠯ ᠢ ᠬᠥᠭᠵᠢᠭᠦᠯᠬᠦ︾ ᠠᠵᠢᠯᠯᠠᠭ᠎ᠠ ᠪᠠᠷ ᠬᠤᠶᠠᠷ ᠲᠣᠭᠤᠷᠢᠭ᠂ ᠬᠤᠶᠠᠷ ᠲᠥᠪ ᠤᠨ ᠪᠥᠲᠥᠭᠡᠨ ᠪᠠᠶᠢᠭᠤᠯᠤᠯᠲᠠ ᠶᠢ ᠪᠣᠳᠠᠲᠤ ᠡᠵᠡᠩᠨᠡᠯᠲᠡ ᠶᠢᠨ | ᠱᠠᠲᠤᠨ ᠳᠤ ᠣᠷᠣᠭᠤᠯᠵᠤ᠂ ᠨᠡᠶᠢᠭᠡᠮ ᠤᠨ ᠣᠷᠣᠭᠤᠯᠤᠯᠲᠠ ᠶᠢ 5 ᠳ᠋ᠦᠩᠰᠢᠭᠤᠷ ᠲᠥᠭᠦᠷᠢᠭ ᠠᠴᠠ ᠳᠡᠭᠡᠭᠰᠢ ᠳᠠᠶᠢᠴᠢᠯᠠᠵᠤ᠂ ᠰᠢᠨ᠎ᠡ ᠦᠢᠯᠡᠳᠪᠦᠷᠢᠯᠡᠯ ᠤᠨ | ᠮᠡᠷᠭᠡᠵᠢᠯ᠂ ᠰᠢᠨ᠎ᠡ ᠮᠡᠷᠭᠡᠵᠢᠯ ᠢ 30 ᠵᠦᠢᠯ ᠠᠴᠠ ᠳᠡᠭᠡᠭᠰᠢ᠂ ᠰᠢᠨ᠎ᠡ ᠦᠢᠯᠡᠳᠬᠦᠨ ᠢ 40 ᠵᠦᠢᠯ ᠠᠴᠠ ᠳᠡᠭᠡᠭᠰᠢ᠂ ᠲᠤᠰᠬᠠᠶ ᠠᠰᠢᠭ ᠢ 30 ᠵᠦᠢᠯ ᠠᠴᠠ | ᠳᠡᠭᠡᠭᠰᠢ᠂ ᠵᠥᠭᠡᠯᠡᠨ ᠲᠣᠨᠤᠭ ᠤᠨ ᠵᠣᠬᠢᠶᠠᠯ ᠪᠦᠲᠦᠭᠡᠯ ᠤᠨ ᠡᠷᠬᠡ ᠶᠢ 90 ᠵᠦᠢᠯ ᠠᠴᠠ ᠳᠡᠭᠡᠭᠰᠢ ᠪᠣᠶ ᠪᠣᠯᠭᠠᠵᠤ᠂ ᠵᠢᠱᠢᠯᠲᠡ ᠪᠠᠷ 40 ᠳ᠋ᠦᠩᠰᠢᠭᠤᠷ | ᠲᠥᠭᠦᠷᠢᠭ ᠤᠨ ᠦᠢᠯᠡᠳᠪᠦᠷᠢᠯᠡᠯ ᠤᠨ ᠥᠷᠲᠡᠭ ᠢ ᠪᠡᠶᠡᠯᠡᠭᠦᠯᠬᠦ ᠪᠣᠯᠤᠨ᠎ᠠ᠃ | ᠬᠤᠶᠠᠷ ᠲᠤ ᠠᠵᠤ ᠠᠬᠤᠶᠢᠯᠠᠯ ᠶᠡᠭᠡ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠬᠠᠮᠲᠤᠷᠠᠯᠴᠠᠭ᠎ᠠ ᠦᠷ᠎ᠡ | ᠪᠦᠲᠦᠮᠵᠢ ᠤᠯᠪᠠ᠃ ᠠᠵᠤ ᠠᠬᠤᠶᠢᠯᠠᠯ ᠠᠴᠠ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠴᠢᠩᠬᠤᠸᠠ ᠶᠡᠭᠡ ᠰᠤᠷᠭᠠᠭᠤᠯᠢ ᠵᠢᠴᠢ | ᠱᠠᠩᠬᠠᠶ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ᠂ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ | ᠰᠤᠳᠤᠯᠤᠯ ᠤᠨ ᠬᠦᠷᠢᠶᠡᠯᠡᠩ ᠭᠠᠵᠠᠷ ᠵᠡᠷᠭᠡ ᠣᠷᠣᠨ ᠤ ᠳᠣᠲᠣᠷ᠎ᠠ ᠭᠠᠳᠠᠨᠠᠬᠢ ᠳᠡᠭᠡᠳᠦ ᠰᠤᠷᠭᠠᠭᠤᠯᠢ ᠯᠤᠭ᠎ᠠ ᠠᠵᠤ ᠠᠬᠤᠶᠢᠯᠠᠯ ᠶᠡᠭᠡ ᠳᠡᠭᠡᠳᠦ ᠰᠤᠷᠭᠠᠭᠤᠯᠢ | ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠬᠠᠮᠲᠤᠷᠠᠯᠴᠠᠭ᠎ᠠ ᠥᠷᠨᠢᠭᠦᠯᠬᠦ ᠶᠢ ᠢᠳᠡᠪᠬᠢᠲᠡᠶ ᠪᠠᠷ ᠵᠣᠷᠢᠭᠵᠢᠭᠤᠯᠵᠤ᠂ ᠲᠡᠷᠢᠭᠦᠨ ᠤ ᠭᠠᠵᠠᠷ | ᠣᠷᠣᠨ ᠤ ᠴᠢᠳᠠᠪᠤᠷᠢᠲᠠᠨ᠂ ᠡᠬᠢ ᠪᠠᠶᠠᠯᠢᠭ᠂ ᠮᠡᠷᠭᠡᠵᠢᠯ ᠵᠡᠷᠭᠡ ᠳᠠᠪᠠᠭᠤᠯᠢᠭ ᠢ ᠤᠯᠠᠮ ᠨᠢᠭᠡ ᠠᠯᠬᠤᠮ ᠠᠰᠢᠭᠯᠠᠨ᠂ ᠬᠠᠮᠲᠤᠷᠠᠨ ᠰᠤᠳᠤᠯᠤᠨ ᠨᠡᠭᠡᠭᠡᠬᠦ | ᠰᠢᠪᠲᠤᠯᠤᠯᠲᠠ ᠥᠷᠨᠢᠭᠦᠯᠵᠦ᠂ ᠮᠠᠨ ᠤ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠪᠡ᠃ | ᠣᠳᠣᠬᠠᠨ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ 52 ᠲᠥᠷᠥᠯ ᠵᠦᠢᠯ ᠢ ᠬᠡᠷᠡᠭᠵᠢᠭᠦᠯᠵᠦ᠂ ᠠᠵᠤ ᠠᠬᠤᠶᠢᠯᠠᠯ ᠢ ᠳᠠᠶᠢᠴᠢᠯᠠᠨ | ᠰᠤᠳᠤᠯᠤᠨ ᠨᠡᠭᠡᠭᠡᠬᠦ ᠳᠤ 2.24 ᠳ᠋ᠦᠩᠰᠢᠭᠤᠷ ᠲᠥᠭᠦᠷᠢᠭ ᠣᠷᠣᠭᠤᠯᠪᠠ᠃ 43 ᠵᠦᠢᠯ ᠤᠨ ᠰᠢᠨ᠎ᠡ ᠲᠣᠨᠣᠭᠯᠠᠯ᠂ ᠰᠢᠨ᠎ᠡ ᠦᠢᠯᠡᠳᠬᠦᠨ᠂ ᠰᠢᠨ᠎ᠡ ᠮᠡᠷᠭᠡᠵᠢᠯ ᠢ | ᠰᠤᠳᠤᠯᠤᠨ ᠨᠡᠭᠡᠭᠡᠵᠦ᠂ 11 ᠵᠦᠢᠯ ᠤᠨ ᠣᠯᠠᠨ ᠨᠡᠶᠢᠲᠡ ᠳᠤ ᠬᠥᠨᠥᠭᠡᠯ ᠦᠭᠡᠢ ᠭᠡᠷᠡᠴᠢᠯᠡᠯ ᠢ ᠬᠦᠷᠲᠡᠵᠦ᠂ 28 ᠵᠦᠢᠯ ᠤᠨ ᠮᠡᠷᠭᠡᠵᠢᠯ ᠤᠨ ᠵᠢᠷᠤᠮ ᠢ | ᠲᠣᠭᠲᠠᠭᠠᠵᠤ᠂ 6 ᠦᠢᠯᠡᠳᠪᠦᠷᠢᠯᠡᠯ ᠤᠨ ᠱᠤᠭᠤᠮ ᠢ ᠪᠠᠶᠢᠭᠤᠯᠵᠤ᠂ 15 ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠵᠤ᠂ ᠠᠵᠤ ᠠᠬᠤᠶᠢᠯᠠᠯ ᠤᠨ | ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠤᠨ ᠨᠡᠭᠡᠭᠡᠬᠦ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠲᠦᠢᠯ ᠤᠨ ᠶᠡᠭᠡ ᠪᠠᠷ ᠠᠬᠢᠭᠤᠯᠵᠤ᠂ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠢ ᠮᠠᠨ ᠤ ᠬᠤᠲᠠ ᠳᠤ ᠰᠢᠯᠵᠢᠭᠦᠯᠦᠨ ᠬᠤᠪᠢᠷᠠᠭᠤᠯᠬᠤ ᠶᠢ ᠠᠬᠢᠭᠤᠯᠪᠠ᠃ | ᠭᠤᠷᠪᠠ ᠳᠤ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠠᠵᠢᠯ ᠦᠷ᠎ᠡ ᠪᠦᠲᠦᠮᠵᠢ ᠤᠯᠪᠠ᠃ ᠪᠥᠬᠦ ᠬᠤᠲᠠ ᠳᠤ ᠨᠡᠶᠢᠲᠡ | 504 ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ 9 ᠬᠤᠰᠢᠭᠤ ᠰᠢᠶᠠᠨ ᠲᠣᠭᠤᠷᠢᠭ ᠤᠨ ᠬᠦᠷᠢᠶᠡᠯᠡᠩ ᠲᠣᠭᠤᠷᠢᠭ᠂ ᠰᠠᠭᠤᠷᠢᠨ ᠭᠠᠵᠠᠷ᠂ | ᠬᠥᠳᠡᠭᠡ ᠲᠣᠰᠬᠤᠨ ᠳᠤ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠠᠵᠢᠯ ᠥᠷᠨᠢᠭᠦᠯᠵᠦ᠂ ᠦᠢᠯᠡᠴᠢᠯᠡᠭᠰᠡᠨ ᠲᠠᠷᠢᠶᠠᠯᠠᠩ ᠤᠨ | ᠬᠦᠷᠢᠶᠡᠯᠡᠩ ᠲᠣᠭᠤᠷᠢᠭ ᠂ ᠰᠠᠭᠤᠷᠢᠨ ᠭᠠᠵᠠᠷ 378 ᠬᠦᠷᠴᠦ᠂ 15092 ᠲᠥᠬᠦᠭᠡᠷᠦᠮᠵᠢ ᠶᠢ ᠬᠠᠮᠤᠷᠪᠠ᠃ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ | ᠲᠣᠮᠢᠯᠠᠭᠳᠠᠭᠰᠠᠳ ᠢᠶᠠᠷ ᠳᠠᠮᠵᠢᠭᠤᠯᠤᠨ ᠵᠢᠵᠢᠭ ᠬᠡᠯᠪᠡᠷᠢ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠣᠯᠪᠠᠰᠤᠷᠠᠭᠤᠯᠤᠯ ᠢ ᠨᠡᠶᠢᠳᠡ 13758 | ᠤᠳᠠᠭ᠎ᠠ ᠵᠣᠬᠢᠶᠠᠨ ᠪᠠᠶᠢᠭᠤᠯᠵᠤ᠂ ᠲᠠᠷᠢᠶᠠᠴᠢᠳ ᠢ 9 ᠲᠦᠮᠡᠨ ᠬᠥᠮᠦᠨ ᠤᠳᠠᠭ᠎ᠠ ᠪᠣᠯᠪᠠᠰᠤᠷᠠᠭᠤᠯᠪᠠ︔ ᠬᠥᠳᠡᠭᠡ ᠲᠣᠰᠬᠤᠨ ᠤ 1390 ᠮᠡᠷᠭᠡᠵᠢᠯ ᠤᠨ | ᠠᠵᠢᠯᠳᠠᠨ ᠢ ᠬᠥᠮᠦᠵᠢᠭᠦᠯᠵᠦ᠂ 32651 ᠬᠥᠮᠦᠨ ᠤ ᠠᠵᠢᠯ ᠣᠯᠭᠤᠯᠲᠠ ᠶᠢ ᠳᠠᠶᠢᠴᠢᠯᠠᠪᠠ︔ ᠲᠠᠷᠢᠶᠠᠯᠠᠩ ᠮᠠᠯ ᠠᠵᠤ ᠠᠬᠤᠶ ᠶᠢᠨ ᠰᠢᠨ᠎ᠡ ᠡᠭᠦᠯᠳᠡᠷ ᠢ | 668 ᠣᠷᠣᠭᠤᠯᠤᠨ ᠠᠪᠴᠢᠷᠠᠬᠤ ᠪᠠ ᠪᠤᠶᠢᠵᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠰᠢᠨ᠎ᠡ ᠮᠡᠷᠭᠡᠵᠢᠯ ᠢ 850 ᠣᠷᠣᠭᠤᠯᠤᠨ | ᠳᠡᠯᠭᠡᠷᠡᠭᠦᠯᠪᠡ︔ ᠣᠨᠴᠠ ᠲᠣᠮᠢᠯᠠᠭᠳᠠᠭᠰᠠᠳ ᠬᠥᠮᠦᠨ ᠳᠤᠮᠳᠠᠴᠢ ᠶᠢᠨ ᠦᠢᠯᠡᠴᠢᠯᠡᠭᠡᠨ ᠤ ᠦᠢᠯᠡᠳᠪᠦᠷᠢᠯᠡᠯ ᠤᠨ ᠥᠷᠲᠡᠭ ᠢ 216 ᠲᠦᠮᠡᠨ ᠲᠥᠭᠦᠷᠢᠭ | ᠪᠡᠶᠡᠯᠡᠭᠦᠯᠵᠦ᠂ ᠡᠷᠬᠢᠨ ᠲᠣᠭᠤᠷᠢᠨ ᠤ ᠲᠠᠷᠢᠶᠠᠴᠢᠨ ᠡᠷᠦᠬᠡ ᠶᠢ ᠳᠠᠶᠢᠴᠢᠯᠠᠨ ᠵᠢᠯ ᠳᠤᠮᠳᠠᠴᠢ ᠶᠢᠨ ᠣᠷᠣᠯᠭ᠎ᠠ ᠶᠢ 5000 ᠲᠥᠭᠦᠷᠢᠭ ᠨᠡᠮᠡᠭᠳᠡᠭᠦᠯᠵᠦ᠂ | ᠬᠥᠬᠡᠬᠤᠲᠠ ᠶᠢᠨ ᠲᠠᠷᠢᠶᠠᠯᠠᠩ ᠤᠨ ᠠᠵᠤ ᠦᠢᠯᠡᠰᠵᠢᠯᠲᠡ ᠶᠢᠨ ᠬᠥᠭᠵᠢᠯᠲᠡ ᠶᠢ ᠪᠦᠲᠦᠮᠵᠢᠲᠡᠶ ᠠᠬᠢᠭᠤᠯᠤᠨ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ | ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠤᠷᠤᠭᠰᠢᠲᠠᠶ ᠬᠡᠷᠡᠭᠵᠢᠭᠦᠯᠬᠦ ᠳᠤ ᠢᠳᠡᠪᠬᠢᠲᠡᠶ ᠠᠬᠢᠭᠤᠯᠬᠤ ᠦᠢᠯᠡᠳᠦᠯ | ᠦᠵᠡᠭᠦᠯᠪᠡ᠃ | 13. ᠬᠠᠮᠢᠶᠠᠷᠤᠭᠴᠢ | ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠯᠢ | ᠳ᠋ᠦᠩ᠂ ᠰᠤᠷᠭᠠᠨ ᠬᠥᠮᠥᠵᠢᠯ ᠰᠢᠨᠵᠢᠯᠡᠬᠦ ᠤᠬᠠᠭᠠᠨ ᠰᠣᠶᠣᠯ ᠤᠨ ᠰᠠᠯᠠᠭᠠᠨ ᠤ ᠳᠠᠷᠤᠭ᠎ᠠ ᠸᠠᠩ ᠢ ᠰᠢᠶᠦ᠋ᠩ ᠳᠤ ᠪᠠᠶᠠᠷᠯᠠᠯ᠎ᠠ᠂ ᠰᠦᠯᠵᠢᠶᠡᠨ ᠨᠠᠶᠢᠵᠠ ᠨᠠᠷ ᠤᠨ | ᠠᠩᠬᠠᠷᠤᠯ ᠢᠶᠠᠨ ᠬᠠᠨᠳᠤᠭᠤᠯᠵᠤ ᠣᠷᠤᠯᠴᠠᠭᠰᠠᠨ ᠳᠤ ᠪᠠᠶᠠᠷᠯᠠᠯ᠎ᠠ᠂ ᠲᠣᠰ ᠤᠳᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠥᠨᠳᠦᠷᠯᠡᠯ᠎ᠡ᠂ ᠪᠠᠶᠠᠷᠯᠠᠯ᠎ᠠ᠃ |