ᠪᠦᠬᠦ ᠬᠤᠲᠠ ᠶᠢᠨ ᠠᠵᠤ ᠠᠬᠤᠢ ᠶᠢᠨ ᠠᠵᠢᠯᠯᠠᠭᠠᠨ ᠤ ᠰᠠᠷ᠎ᠠ ᠶᠢᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/9/18
ᠾᠧ ᠬᠠᠢ ᠳ᠋ᠦᠩ ᠡᠷᠬᠢᠯᠡᠵᠦ ᠶᠠᠷᠢᠶ᠎ᠠ ᠲᠠᠯᠪᠢᠪᠠ  ᠯᠢ ᠵᠢᠶᠦ᠋ᠩ ᠣᠷᠣᠯᠴᠠᠪᠠ      ︵ᠰᠤᠷᠪᠤᠯᠵᠢᠯᠠᠭᠴᠢ ᠹᠧᠩ ᠶᠠᠨ ᠫᠢᠩ  ᠯᠢ ᠬᠠᠶ ᠵᠧᠨ︶ 9 ᠳ᠋ᠦ᠋ᠭᠡᠷ ᠰᠠᠷ᠎ᠠ ᠶᠢᠨ 17 ᠤ ᠣᠷᠣᠶ᠂ ᠪᠥᠬᠦ ᠬᠤᠲᠠ ᠶᠢᠨ ᠠᠵᠤ ᠠᠬᠤᠶ ᠶᠢᠨ ᠠᠵᠢᠯᠯᠠᠭᠠᠨ ᠤ ᠰᠠᠷ᠎ᠠ ᠶᠢᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠵᠤ᠂ ᠪᠥᠬᠦ ᠬᠤᠲᠠ ᠶᠢᠨ 1 — 8 ᠳ᠋ᠤᠭᠠᠷ ᠰᠠᠷ᠎ᠠ ᠶᠢᠨ ᠠᠵᠤ ᠠᠬᠤᠶ ᠶᠢᠨ ᠭᠤᠣᠯ ᠭᠦᠢᠴᠡᠳᠬᠡᠯ ᠲᠤᠭ᠎ᠠ ᠪᠠ ᠭᠤᠤᠯᠳᠠᠯᠭ᠎ᠠ ᠲᠠᠢ ᠠᠵᠢᠯ ᠳᠤ ᠪᠥᠬᠦ ᠲᠠᠯ᠎ᠠ ᠶᠢᠨ ᠰᠢᠰᠲ᠋ᠧᠮ ᠲᠠᠢ ᠵᠠᠳᠠᠯᠤᠯᠲᠠ ᠬᠢᠵᠦ᠂ ᠠᠵᠢᠯ ᠤᠨ ᠠᠬᠢᠴᠠ ᠶᠢ ᠳ᠋ᠦᠩᠨᠡᠵᠦ᠂ ᠠᠰᠠᠭᠤᠳᠠᠯ ᠪᠠ ᠬᠦᠷᠦᠯᠴᠡᠬᠦ ᠥᠬᠡᠶ ᠲᠠᠯ᠎ᠠ ᠶᠢ ᠵᠠᠳᠠᠯᠵᠤ᠂ ᠲᠠᠷᠠᠭᠠᠴᠢ ᠶᠢᠨ ᠠᠯᠬᠤᠮ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃       ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ ᠾᠧ ᠬᠠᠶ ᠳ᠋ᠦᠩ ᠬᠤᠷᠠᠯ ᠢ ᠡᠷᠬᠢᠯᠡᠵᠦ ᠶᠠᠷᠢᠶ᠎ᠠ ᠲᠠᠯᠪᠢᠵᠠᠶ᠃       ᠬᠤᠷᠠᠯ ᠠᠴᠠ ᠡᠩ ᠲᠡᠷᠢᠭᠦᠨ ᠳᠤ ᠪᠦᠬᠦ ᠬᠤᠳᠠ ᠶᠢᠨ 1 — 8 ᠳ᠋ᠤᠭᠠᠷ ᠰᠠᠷ᠎ᠠ ᠶᠢᠨ ᠠᠵᠤ ᠠᠬᠤᠢ ᠶᠢᠨ ᠭᠤᠣᠯ ᠭᠦᠢᠴᠡᠳᠬᠡᠯ ᠲᠤᠭ᠎ᠠ᠂ ᠥᠷᠢ ᠥᠭᠴᠡᠭᠡ ᠶᠢ ᠢᠯᠭᠠᠷᠠᠭᠤᠯᠤᠭᠰᠠᠨ ᠪᠠ ᠬᠤᠳᠠᠯᠳᠤᠭᠠᠴᠢᠨ ᠤᠷᠢᠵᠤ ᠪᠡᠯᠡ ᠣᠷᠣᠭᠤᠯᠤᠭᠰᠠᠨ ᠪᠠᠶᠢᠳᠠᠯ ᠢ ᠮᠡᠳᠡᠭᠳᠡᠵᠦ᠂ ᠬᠡᠰᠡᠭ ᠬᠤᠳᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠲᠤᠰ ᠲᠤᠰ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠵᠡᠷᠭᠡ ᠭᠤᠣᠯᠳᠠᠯᠭ᠎ᠠ ᠲᠠᠢ ᠠᠵᠢᠯ ᠳᠤ ᠠᠵᠢᠯ ᠤᠨ ᠦᠨᠡᠯᠡᠯᠲᠡ ᠬᠢᠬᠦ ᠶᠠᠷᠢᠶ᠎ᠠ ᠲᠠᠯᠪᠢᠵᠤ᠂ ᠬᠡᠰᠡᠭ ᠭᠠᠵᠠᠷ ᠣᠷᠣᠨ ᠪᠣᠯᠤᠨ ᠰᠠᠯᠠᠭ᠎ᠠ ᠮᠥᠴᠢᠷ ᠤᠨ ᠬᠢᠨ ᠨᠡᠶᠢᠲᠡᠯᠢᠭ ᠶᠠᠷᠢᠶ᠎ᠠ ᠪᠠ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠠᠢ᠃       ᠾᠧ ᠬᠠᠶ ᠳ᠋ᠦᠩ ᠵᠢᠭᠠᠵᠤ ᠭᠠᠷᠭᠠᠭᠰᠠᠨ ᠨᠢ᠂ ᠲᠤᠰ ᠤᠳᠠᠭᠠᠨ ᠤ ᠠᠵᠤ ᠠᠬᠤᠶ ᠶᠢᠨ ᠠᠵᠢᠯᠯᠠᠭᠠᠨ ᠤ ᠰᠠᠷ᠎ᠠ ᠶᠢᠨ ᠲᠣᠬᠢᠷᠠᠭᠤᠯᠤᠯᠲᠠ ᠶᠢᠨ ᠬᠤᠷᠠᠯ ᠢ ᠬᠤᠷᠠᠯᠳᠤᠭᠤᠯᠤᠭᠰᠠᠨ ᠨᠢ᠂ ᠳᠠᠷᠤᠶ ᠡᠶᠢᠮᠦᠷᠬᠦᠦ ᠶᠡᠭᠡ ᠬᠡᠪᠴᠢᠶᠡᠨ ᠤ ᠬᠤᠷᠠᠯ ᠤᠨ ᠬᠡᠯᠪᠡᠷᠢ ᠪᠠᠷ ᠳᠠᠮᠵᠢᠭᠤᠯᠵᠤ᠂ ᠣᠯᠠᠨ ᠢ ᠲᠠᠶᠢᠰᠠᠨ ᠳᠤ ᠭᠠᠷᠭᠠᠵᠤ᠂ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠭᠤᠯᠵᠤ᠂ ᠰᠠᠶᠢᠨ ᠮᠠᠭᠤ ᠬᠤᠷᠳᠤᠨ ᠤᠳᠠᠭᠠᠨ ᠢ ᠢᠯᠭᠠᠷᠠᠭᠤᠯᠵᠤ᠂ ᠵᠥᠷᠢᠶ᠎ᠡ ᠬᠦᠷᠦᠯᠴᠡᠬᠦ ᠦᠭᠡᠢ ᠲᠠᠯ᠎ᠠ ᠪᠠᠨ ᠣᠯᠵᠤ ᠬᠠᠷᠠᠵᠤ᠂ ᠪᠦᠬᠦ ᠬᠤᠳᠠ ᠶᠢ ᠤᠯᠠᠮ ᠨᠢᠭᠡ ᠠᠯᠬᠤᠮ ᠲᠠᠶᠢᠴᠢᠯᠠᠨ ᠦᠵᠡᠯ ᠰᠠᠨᠠᠭ᠎ᠠ ᠪᠠᠨ ᠨᠢᠭᠡᠳᠬᠡᠵᠦ᠂  ᠭᠦᠭᠡᠭᠡᠵᠦ ᠬᠦᠢᠴᠡᠨ ᠲᠠᠪᠠᠨ ᠭᠠᠷᠴᠤ ᠤᠷᠤᠭᠰᠢ ᠳᠠᠪᠰᠢᠬᠤ ᠤᠬᠠᠮᠰᠠᠷ ᠢ ᠪᠠᠲᠤ ᠪᠤᠢ ᠪᠣᠯᠭᠠᠵᠤ᠂ ᠢᠲᠡᠭᠡᠯ ᠵᠣᠷᠢᠭ ᠢᠶᠠᠨ ᠪᠠᠲᠤᠳᠬᠠᠨ᠂ ᠠᠵᠢᠯ ᠤᠨ ᠣᠮᠤᠭ ᠵᠣᠷᠢᠭ ᠢᠶᠠᠨ ᠬᠥᠪᠴᠢᠯᠡᠵᠦ᠂ ᠬᠠᠲᠠᠭᠤ ᠠᠷᠭ᠎ᠠ ᠬᠡᠮᠵᠢᠶ᠎ᠡ ᠠᠪᠴᠤ᠂ ᠠᠵᠤ ᠠᠬᠤᠢ ᠶᠢᠨ ᠠᠵᠢᠯᠯᠠᠭᠠᠨ ᠪᠠ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ︽ᠲᠦᠷᠦᠯ ᠵᠦᠢᠯ ᠢ ᠶᠡᠬᠡᠪᠡᠷ ᠠᠳᠬᠤᠬᠤ᠂ ᠶᠡᠭᠡ ᠲᠦᠷᠦᠯ ᠵᠦᠢᠯ ᠢ ᠠᠳᠬᠤᠬᠤ᠂ ᠲᠤᠮᠤ ᠤᠳᠤᠷᠢᠳᠤᠯᠭ᠎ᠠ ᠲᠦᠷᠦᠯ ᠵᠦᠢᠯ ᠢ ᠠᠳᠬᠤᠬᠤ︾  ᠥᠷᠨᠢᠩᠭᠦᠢ ᠪᠠᠶᠢᠳᠠᠯ ᠢ ᠪᠤᠢ ᠪᠣᠯᠭᠠᠬᠤ ᠶᠢ ᠠᠬᠢᠭᠤᠯᠬᠤ ᠭᠡᠰᠡᠨ ᠶᠤᠮ ᠭᠡᠵᠡᠢ᠃       ᠾᠧ ᠬᠠᠶ ᠳ᠋ᠦᠩ ᠴᠢᠬᠤᠯᠠᠴᠢᠯᠠᠭᠰᠠᠨ ᠨᠢ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠨᠢ ᠣᠳᠣᠬᠠᠨ ᠤ ᠪᠠᠶᠢᠳᠠᠯ ᠢ ᠲᠣᠭᠲᠠᠭᠠᠬᠤ ᠪᠠᠷ ᠪᠠᠷᠠᠬᠤ ᠥᠬᠡᠶ᠂ ᠨᠠᠩ ᠴᠤ ᠠᠯᠤᠰ ᠬᠡᠲᠦ ᠶᠢᠨ ᠬᠥᠭᠵᠢᠯᠲᠡ ᠲᠠᠢ ᠬᠤᠯᠪᠣᠭᠳᠠᠵᠤ ᠪᠠᠶᠢᠳᠠᠭ᠂ ᠲᠥᠷᠥᠯ ᠵᠦᠢᠯ ᠢ ᠠᠳᠬᠤᠬᠤ ᠦᠵᠡᠯ ᠰᠠᠨᠠᠭ᠎ᠠ ᠲᠠᠨᠢᠯᠲᠠ ᠪᠠᠨ ᠵᠠᠪᠠᠯ ᠳᠡᠭᠡᠭᠰᠢᠯᠡᠭᠦᠯᠵᠦ᠂ ᠰᠡᠳᠬᠢᠮᠵᠢ ᠠᠷᠭ᠎ᠠ ᠬᠡᠮᠵᠢᠶ᠎ᠡ ᠳᠡᠭᠡᠨ ᠵᠠᠪᠠᠯ ᠪᠣᠳᠠᠲᠠᠶ ᠶᠢ ᠡᠷᠬᠢᠮᠯᠡᠬᠦ ᠬᠡᠷᠡᠭᠲᠡᠶ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠲᠦᠷᠦᠯ ᠵᠦᠢᠯ ᠢ ᠶᠡᠭᠡ ᠪᠠᠷ ᠠᠳᠬᠤᠬᠤ᠂ ᠶᠡᠭᠡ ᠲᠦᠷᠦᠯ ᠵᠦᠢᠯ ᠢ ᠠᠳᠬᠤᠬᠤ ᠤᠬᠠᠮᠰᠠᠷ ᠲᠠᠢ ᠪᠠᠶᠢᠵᠤ᠂ ᠤᠢᠢᠯᠠᠭᠠᠭᠳᠠᠬᠤᠨ ᠤ ᠲᠠᠯ᠎ᠠ ᠪᠠᠷ ︽ᠬᠢᠬᠦ ᠶᠣᠰᠣᠲᠠᠢ ᠵᠦᠢᠯ ᠪᠤᠢ᠂ ᠬᠢᠵᠦ ᠪᠣᠯᠬᠤ ᠦᠭᠡᠢ ᠵᠦᠢᠯ ᠪᠤᠢ︾᠂ ᠠᠷᠭ᠎ᠠ ᠶᠢᠨ ᠲᠠᠯ᠎ᠠ ᠪᠠᠷ ︽ᠬᠡᠯᠬᠢᠶᠡᠰᠦ ᠶᠢ ᠤᠷᠲᠤᠳᠬᠠᠵᠤ ᠬᠡᠯᠬᠢᠶᠡᠰᠦ ᠶᠢ ᠨᠥᠬᠦᠪᠥᠷᠢᠯᠡᠵᠦ ᠬᠡᠯᠬᠢᠶᠡᠰᠦ ᠶᠢ ᠴᠢᠩᠭᠠᠳᠬᠠᠵᠤ︾᠂ ᠭᠤᠣᠯᠳᠠᠯᠭ᠎ᠠ ᠲᠠᠢ ᠲᠠᠯ᠎ᠠ ᠳᠡᠭᠡᠷ᠎ᠡ ︽ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ︾ ᠶᠢ ᠠᠬᠢᠭᠤᠯᠬᠤ ᠬᠡᠷᠡᠭᠲᠡᠢ᠃ ᠲᠦᠷᠦᠯ ᠵᠦᠢᠯ ᠢ ᠶᠡᠬᠡᠪᠡᠷ ᠠᠳᠬᠤᠬᠤ᠂ ᠶᠡᠭᠡ ᠲᠦᠷᠦᠯ ᠵᠦᠢᠯ ᠢ ᠠᠳᠬᠤᠬᠤ ᠶᠢᠨ ᠭᠠᠷᠳᠠᠬᠤ ᠴᠡᠭ ᠢ ᠣᠯᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠵᠠᠪᠠᠯ ᠪᠦᠬᠦ ᠬᠤᠳᠠ ᠶᠢᠨ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾ ᠤᠨ ᠲᠣᠭᠤᠷᠢᠨ ᠳᠤ ᠥᠷᠨᠢᠭᠦᠯᠵᠦ᠂ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾ ᠤᠨ ᠳᠤᠮᠳᠠ ᠠᠴᠠ ᠭᠠᠷᠳᠠᠬᠤ ᠴᠡᠭ ᠢ ᠡᠷᠢᠵᠦ ᠤᠯᠬᠤ ᠬᠡᠷᠡᠭᠲᠡᠢ᠃ ᠲᠦᠷᠦᠯ ᠵᠦᠢᠯ ᠢ ᠶᠡᠬᠡᠪᠡᠷ ᠠᠳᠬᠤᠬᠤ᠂ ᠶᠡᠭᠡ ᠲᠦᠷᠦᠯ ᠵᠦᠢᠯ ᠢ ᠠᠳᠬᠤᠬᠤ ᠠᠭᠤᠷ ᠠᠮᠢᠰᠬᠤᠯ ᠢ ᠬᠥᠭᠵᠢᠭᠡᠵᠦ᠂ ᠣᠳᠣᠬᠠᠨ ᠤ ᠠᠰᠢᠭᠲᠠᠢ ᠪᠠᠷᠢᠯᠭ᠎ᠠ ᠪᠠᠷᠢᠬᠤ ᠬᠤᠭᠤᠴᠠᠭ᠎ᠠ ᠶᠢ ᠠᠳᠬᠤᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠰᠦᠷ ᠳᠠᠯᠠᠶᠢᠴᠠᠲᠠᠢ ᠶᠠᠭᠠᠷᠠᠯᠲᠠᠢ ᠪᠠᠶᠢᠳᠠᠯ ᠢ ᠤᠯᠠᠮ ᠨᠢᠭᠡ ᠠᠯᠬᠤᠮ ᠪᠤᠢ ᠪᠣᠯᠭᠠᠬᠤ ᠬᠡᠷᠡᠭᠲᠡᠢ᠃ ᠲᠦᠷᠦᠯ ᠵᠦᠢᠯ ᠢ ᠶᠡᠬᠡᠪᠡᠷ ᠠᠳᠬᠤᠬᠤ᠂ ᠶᠡᠭᠡ ᠲᠦᠷᠦᠯ ᠵᠦᠢᠯ ᠢ ᠠᠳᠬᠤᠬᠤ ᠲᠤᠯᠭᠠᠭᠤᠷᠢᠯᠠᠯ ᠲᠠᠢ ᠪᠠᠶᠢᠵᠤ᠂ ᠠᠵᠢᠯ ᠢ ᠠᠬᠢᠭᠤᠯᠬᠤ ᠳᠤ ᠲᠤᠰᠬᠠᠢ ᠠᠵᠢᠯ ᠤᠨ ᠠᠩᠬᠢ ᠲᠠᠢ᠂ ᠲᠦᠷᠦᠯ ᠵᠦᠢᠯ ᠤᠨ ᠨᠥᠭᠡᠴᠡ ᠳᠤ ᠰᠡᠯᠭᠦᠬᠦ ᠬᠦᠴᠦᠨ ᠲᠠᠢ᠂ ᠱᠠᠩᠨᠠᠵᠤ ᠲᠣᠷᠭᠠᠬᠤ ᠲᠣᠭᠲᠠᠴᠠ ᠶᠢᠨ ᠤᠳᠤᠷᠢᠳᠤᠮᠵᠢ ᠲᠠᠢ᠂ ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢᠨ ᠪᠠᠲᠤᠯᠠᠭ᠎ᠠ ᠲᠠᠢ ᠪᠠᠶᠢᠬᠤ ᠬᠡᠷᠡᠭᠲᠡᠢ᠃ ᠶᠡᠭᠡ ᠳᠦᠷᠦᠯ ᠵᠦᠢᠯ ᠢ ᠠᠳᠬᠤᠬᠤ᠂ ᠳᠦᠷᠦᠯ ᠵᠦᠢᠯ ᠢ ᠶᠡᠬᠡᠪᠡᠷ ᠠᠳᠬᠤᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠳᠠᠬᠢᠨ ᠨᠠᠶᠢᠳᠠᠪᠤᠷᠢᠵᠢᠭᠤᠯᠵᠤ᠂ ᠳᠤᠬᠢᠷᠠᠭᠤᠯᠤᠯᠲᠠ ᠶᠢ ᠳᠠᠬᠢᠨ ᠳᠠᠭᠠᠵᠤ᠂ ᠲᠣᠭᠲᠠᠴᠠ ᠶᠢ ᠳᠠᠬᠢᠨ ᠲᠡᠭᠦᠯᠳᠡᠷᠵᠢᠭᠦᠯᠵᠦ᠂ ᠪᠦᠬᠦ ᠵᠢᠯ ᠤᠨ ᠡᠭᠦᠷᠭᠡ ᠬᠠᠷᠠᠯᠲᠠ ᠪᠠᠨ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ ᠭᠡᠵᠡᠢ᠃       ᠬᠤᠲᠠ ᠶᠢᠨ ᠤᠳᠤᠷᠢᠳᠤᠯᠭ᠎ᠠ ᠯᠢ ᠵᠢᠶᠦ᠋ᠩ᠂ ᠼᠦᠢ ᠵᠧᠨ ᠦ᠋᠂ ᠯᠢᠦ ᠴᠧᠩ ᠮᠢᠨ᠂ ᠭᠦᠸᠧ ᡁᠢ ᠭᠠᠩ᠂ ᠰᠢᠤᠢ ᠱᠸᠤ ᠵᠢᠶ᠂ ᠸᠠᠩ ᠶᠠᠨ ᠵᠢᠶᠦ᠋ᠨ᠂ ᠯᠢᠦ ᠵᠢᠶᠠᠨ ᠭᠦᠸᠧ᠂ ᠵᠠᠩ ᠶᠦᠩ ᠸᠧᠨ᠂ ᠵᠦ ᠵᠢᠶᠠᠨ ᠭᠦᠸᠧ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠯᠢ ᠰᠢᠶᠤᠤ ᠳ᠋ᠦᠩ ᠵᠢᠴᠢ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ