ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/9/18
ᠾᠧ ᠬᠠᠢ ᠳ᠋ᠦᠩ ᠬᠤᠷᠠᠯ ᠡᠷᠬᠢᠯᠡᠪᠡ       ︵ᠰᠤᠷᠪᠤᠯᠵᠢᠯᠠᠭᠴᠢ ᠯᠢᠶᠠᠩ ᠵᠢᠩ ᠱᠤ᠋︶ 9 ᠳ᠋ᠦ᠋ᠭᠡᠷ ᠰᠠᠷ᠎ᠠ ᠶᠢᠨ 17 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ ᠾᠧ ᠬᠠᠢ ᠳ᠋ᠦᠩ ᠬᠤᠳᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠨᠧᠷᠭᠢ ᠠᠷᠪᠢᠯᠠᠬᠤ ᠬᠠᠤᠯᠢ︾ ᠶᠢ ᠰᠤᠷᠤᠯᠴᠠᠵᠤ᠂ ︽ᠬᠥᠬᠡᠬᠤᠲᠠ ᠶᠢᠨ ᠬᠠᠲᠤᠨ ᠭᠤᠤᠯ ᠤᠨ ᠭᠤᠣᠯ ᠤᠷᠤᠰᠬᠠᠯ ᠵᠢᠴᠢ ᠨᠢᠭᠡᠳᠦᠭᠡᠷ ᠳᠡᠰ ᠤᠨ ᠰᠠᠯᠪᠤᠷᠢ ᠤᠷᠤᠰᠬᠠᠯ ᠤᠨ ᠠᠮᠢ ᠠᠬᠤᠶ ᠶᠢᠨ ᠬᠠᠮᠠᠭᠠᠯᠠᠯᠲᠠ ᠶᠢ ᠳᠥᠯᠭᠢᠨ ᠠᠬᠢᠭᠤᠯᠬᠤ ᠬᠡᠷᠡᠭᠵᠢᠭᠦᠯᠬᠦ ᠰᠠᠨᠠᠯ︾ ︽︿ᠭᠤᠷᠪᠠᠨ ᠱᠤᠭᠤᠮ ᠨᠢᠭᠡ ᠬᠠᠭᠤᠳᠠᠰᠤ﹀ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠬᠡᠰᠡᠭ ᠬᠤᠪᠢᠶᠠᠨ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠬᠦ ᠲᠤᠬᠠᠶ ᠬᠥᠬᠡᠬᠤᠲᠠ ᠶᠢᠨ ᠵᠠᠰᠠᠭ ᠤᠨ ᠣᠷᠳᠣᠨ ᠤ ᠰᠠᠨᠠᠯ︾ ︽ᠬᠥᠬᠡᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠵᠥᠪᠰᠢᠶᠡᠷᠡᠯ ᠤᠨ ᠨᠠᠷᠢᠨ ᠬᠠᠭᠤᠳᠠᠰᠤ︾ ︽ᠬᠥᠬᠡᠬᠤᠲᠠ ᠶᠢᠨ ᠲᠠᠷᠢᠶᠠᠨ ᠭᠠᠵᠠᠷ ᠢ ᠬᠠᠮᠠᠭᠠᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠵᠢᠭᠦᠯᠬᠦ ᠲᠥᠰᠦᠯ︾ ︽ᠬᠥᠬᠡᠬᠤᠲᠠ ᠶᠢᠨ ᠥᠷᠭᠡᠨ ᠬᠡᠷᠡᠭᠴᠡᠭᠡᠨ ᠤ ᠲᠠᠸᠠᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠠᠵᠢᠯ ᠤᠨ ᠲᠥᠰᠦᠯ︾ ︽ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠭᠡᠨᠡᠳᠲᠡ ᠶᠢᠨ ᠠᠳᠡᠯ ᠤᠨ ᠪᠠᠳᠤᠯᠠᠭ᠎ᠠ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠬᠦ ᠲᠤᠬᠠᠶ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ᠢ ᠬᠢᠨᠠᠨ ᠵᠥᠪᠯᠡᠵᠦ ᠵᠠᠷᠴᠢᠮ ᠳᠡᠭᠡᠷ᠎ᠡ ᠪᠠᠨ ᠪᠠᠲᠤᠯᠠᠵᠤ᠂ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠴᠡᠪᠡᠷᠯᠡᠬᠦ ᠠᠵᠢᠯ ᠤᠨ ᠪᠠᠶᠢᠳᠠᠯ ᠵᠡᠷᠭᠡ ᠶᠢ ᠰᠤᠳᠤᠯᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠦᠢᠯᠡᠳᠦᠯᠭᠡᠵᠢᠭᠦᠯᠵᠦ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳ᠋ᠨ ᠮᠥᠩᠭᠦᠨ ᠠᠭᠤᠯᠠ ᠭᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠰᠠᠨᠠᠭᠠᠴᠢᠯᠠᠭ᠎ᠠ ᠠᠴᠠ ᠪᠠᠨ ᠨᠠᠶᠢᠳᠠᠪᠤᠷᠢᠵᠢᠭᠤᠯᠵᠤ᠂ ᠬᠠᠲᠤᠨ ᠭᠤᠤᠯ ᠤᠨ ᠭᠤᠣᠯ ᠤᠷᠤᠰᠬᠠᠯ ᠵᠢᠴᠢ ᠨᠢᠭᠡᠳᠦᠭᠡᠷ ᠳᠡᠰ ᠤᠨ ᠰᠠᠯᠪᠤᠷᠢ ᠤᠷᠤᠰᠬᠠᠯ ᠤᠨ ᠠᠮᠢ ᠠᠬᠤᠶ ᠶᠢᠨ ᠬᠠᠮᠠᠭᠠᠯᠠᠯᠲᠠ ᠶᠢ ᠲᠦᠷᠭᠡᠳᠬᠡᠨ ᠠᠬᠢᠭᠤᠯᠵᠤ᠂ ︽ᠭᠤᠷᠪᠠᠨ ᠱᠤᠭᠤᠮ ᠨᠢᠭᠡ ᠬᠠᠭᠤᠳᠠᠰᠤ︾ ᠪᠠᠷ ᠭᠠᠷᠳᠠᠴᠠ ᠪᠣᠯᠭᠠᠨ᠂ ᠠᠮᠢ ᠠᠬᠤᠶ ᠶᠢᠨ ᠣᠷᠴᠢᠨ ᠲᠣᠭᠤᠷᠢᠨ ᠢ ᠬᠡᠰᠡᠭ ᠬᠤᠪᠢᠶᠠᠨ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠵᠦ᠂ ︽ᠬᠤᠶᠠᠷ ᠬᠠᠯᠬᠠᠪᠴᠢ︾ ︽ᠬᠤᠶᠠᠷ ᠰᠠᠭᠤᠷᠢᠨ ᠭᠠᠵᠠᠷ︾ ᠪᠠ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠡᠮᠦᠨ᠎ᠡ ᠨᠢ ᠶᠠᠪᠤᠵᠤ᠂ ᠥᠯᠢᠭᠡᠷ ᠳᠠᠭᠤᠷᠢᠶᠠᠯ ᠪᠣᠯᠬᠤ︾ ᠱᠠᠭᠠᠷᠳᠠᠯᠭ᠎ᠠ ᠶᠣᠰᠣᠭᠠᠷ᠂ ᠦᠵᠡᠰᠬᠦᠯᠡᠩᠲᠦ ᠰᠠᠶᠢᠬᠠᠨ ᠬᠥᠬᠡ ᠬᠤᠲᠠ᠂ ᠥᠨᠢᠷ ᠪᠠᠶᠠᠯᠢᠭ ᠲᠠᠯ᠎ᠠ ᠶᠢᠨ ᠬᠤᠲᠠ ᠶᠢ ᠪᠥᠲᠥᠭᠡᠨ ᠪᠠᠶᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠠᠮᠤ ᠪᠤᠳᠠᠭᠠᠨ ᠤ ᠦᠢᠯᠡᠳᠪᠦᠷᠢᠯᠡᠯ ᠤᠨ ᠦᠨᠳᠦᠰᠦ ᠨᠢ  ᠲᠠᠷᠢᠶᠠᠨ ᠭᠠᠵᠠᠷ ᠲᠤ ᠪᠤᠢ᠂  ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠢ ᠡᠷᠬᠡᠪᠰᠢ ᠪᠠᠲᠤ ᠰᠠᠬᠢᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ︽ᠬᠥᠬᠡᠬᠤᠲᠠ ᠶᠢᠨ  ᠲᠠᠷᠢᠶᠠᠨ ᠭᠠᠵᠠᠷ ᠢ ᠬᠠᠮᠠᠭᠠᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠵᠢᠭᠦᠯᠬᠦ ᠲᠥᠰᠦᠯ︾ ᠶᠣᠰᠣᠭᠠᠷ ᠴᠢᠩᠭ᠎ᠠ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠢ ᠪᠠᠲᠤ ᠰᠠᠬᠢᠵᠤ᠂ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠪᠠᠲᠤ ᠪᠠᠬᠢ ᠡᠬᠢ ᠪᠠᠶᠠᠯᠢᠭ ᠤᠨ ᠰᠠᠭᠤᠷᠢ ᠶᠢ ᠴᠣᠭᠴᠠᠯᠠᠬᠤ ᠬᠡᠷᠡᠭᠲᠡᠶ᠃ ᠡᠭᠦᠨ ᠤ ᠬᠠᠮᠲᠤ᠂ ᠨᠡᠭᠦᠷᠡᠰᠦᠨ ᠤ ᠬᠠᠩᠭᠠᠯᠭ᠎ᠠ᠂ ᠴᠠᠬᠢᠯᠭᠠᠨ ᠬᠦᠴᠦᠨ ᠤ ᠬᠠᠩᠭᠠᠯᠭ᠎ᠠ ᠶᠢ ᠪᠠᠲᠤᠯᠠᠬᠤ᠂ ︽ᠬᠤᠯᠢᠰᠢᠨ ᠢᠳᠡᠭᠡᠨ︾ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠵᠡᠷᠭᠡ ᠬᠠᠮᠢᠶ᠎ᠠ ᠪᠥᠬᠦᠶ ᠠᠵᠢᠯ ᠢ ᠰᠠᠶᠢᠨ ᠬᠢᠵᠦ᠂ ᠮᠠᠨ ᠤ ᠬᠤᠲᠠ ᠶᠢᠨ ᠦᠢᠯᠡᠳᠪᠦᠷᠢᠯᠡᠯ ᠠᠮᠢᠳᠤᠷᠠᠯ ᠤᠨ ᠡᠮᠬᠢ ᠵᠢᠷᠤᠮ ᠪᠠ ᠨᠡᠶᠢᠭᠡᠮ ᠤᠨ ᠡᠶ᠎ᠡ ᠵᠣᠬᠢᠴᠠᠯ ᠲᠣᠭᠲᠠᠭᠤᠨ ᠢ ᠬᠠᠮᠠᠭᠠᠯᠠᠬᠤ ᠬᠡᠷᠡᠭᠲᠡᠶ ᠭᠡᠵᠡᠢ᠃ ᠬᠤᠷᠠᠯ ᠠᠴᠠ ᠵᠢᠭᠠᠵᠤ ᠭᠠᠷᠭᠠᠭᠰᠠᠨ ᠨᠢ᠂ ᠬᠤᠯᠪᠣᠭᠳᠠᠯ ᠪᠦᠭᠦᠢ ᠨᠢᠭᠡᠴᠡ ᠮᠠᠨ ᠤ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠭᠡᠨᠡᠳᠲᠡ ᠶᠢᠨ ᠠᠳᠡᠯ ᠤᠨ ᠪᠠᠳᠤᠯᠠᠭ᠎ᠠ ᠶᠢᠨ ᠬᠤᠯᠪᠣᠭᠳᠠᠯ ᠪᠦᠭᠦᠢ ᠲᠦᠷᠤ ᠶᠢᠨ ᠪᠤᠲᠤᠯᠭ᠎ᠠ ᠳᠤ ᠲᠤᠭᠢᠷᠡᠭᠤᠯᠤᠯᠳᠡ ᠬᠢᠬᠦ ᠠᠵᠢᠯ ᠢ ᠰᠠᠶᠢᠲᠤᠷ ᠬᠢᠵᠦ᠂ ᠥᠷᠭᠡᠨ ᠤᠯᠠᠨ ᠲᠦᠮᠡᠨ ᠤ ᠪᠡᠶ᠎ᠡ ᠮᠠᠬᠠᠪᠣᠳ ᠤᠨ ᠡᠷᠡᠭᠦᠯ ᠮᠡᠨᠳᠤ ᠶᠢᠨ ᠠᠮᠤᠷ ᠲᠦᠪᠰᠢᠨ ᠢ ᠰᠠᠶᠢᠲᠤᠷ ᠪᠠᠲᠤᠯᠠᠬᠤ ᠬᠡᠷᠡᠭᠲᠡᠶ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠴᠡᠪᠡᠷᠯᠡᠬᠦ ᠠᠵᠢᠯ ᠢ ᠰᠠᠶᠢᠲᠤᠷ ᠬᠢᠵᠦ᠂ ᠴᠡᠪᠡᠷᠯᠡᠬᠦ ᠪᠠᠷᠢᠮᠵᠢᠶ᠎ᠠ ᠲᠠᠢ ᠬᠢᠨᠠᠮᠠᠭᠠᠶ ᠬᠠᠷᠢᠴᠠᠭᠤᠯᠤᠨ᠂ ᠨᠢᠭᠡ ᠨᠢᠭᠡ ᠪᠠᠷ ᠦᠨᠡᠯᠡᠨ ᠵᠢᠱᠢᠵᠦ᠂ ᠰᠢᠢᠳᠪᠦᠷᠢᠯᠡᠬᠦ ᠰᠠᠨᠠᠯ ᠳᠤᠷᠠᠳᠴᠤ᠂ ᠣᠷᠬᠢᠭᠳᠠᠭᠤᠯᠬᠤ ᠥᠬᠡᠶ᠂ ᠦᠯᠡᠳᠡᠭᠡᠬᠦ ᠥᠬᠡᠶ ᠪᠠᠶᠢᠯᠭᠠᠬᠤ ᠬᠡᠷᠡᠭᠲᠡᠶ︔ ᠰᠢᠨ᠎ᠡ ᠴᠠᠭ ᠦᠶ᠎ᠡ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠳᠤ ᠥᠯᠥ ᠵᠣᠬᠢᠴᠠᠬᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠥᠭᠡᠷᠡᠴᠢᠯᠡᠬᠦ ᠶᠣᠰᠣᠲᠠᠢ ᠶᠢ ᠨᠢ ᠥᠭᠡᠷᠡᠴᠢᠯᠡᠵᠦ᠂ ᠬᠦᠴᠦᠨ ᠥᠬᠡᠶ ᠪᠣᠯᠭᠠᠬᠤ ᠶᠣᠰᠣᠲᠠᠢ ᠶᠢ ᠨᠢ ᠬᠦᠴᠦᠨ ᠥᠬᠡᠶ ᠪᠣᠯᠭᠠᠵᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠮᠠᠨ ᠤ ᠬᠤᠲᠠ ᠶᠢᠨ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠬᠤ ᠳᠤ ᠲᠦᠷᠢᠮ ᠲᠣᠭᠲᠠᠭᠠᠯ ᠤᠨ ᠬᠠᠷᠰᠢ ᠰᠠᠭᠠᠳ ᠢ ᠠᠷᠢᠯᠭᠠᠵᠤ ᠥᠭᠬᠦ ᠬᠡᠷᠡᠭᠲᠡᠶ ᠭᠡᠵᠡᠢ᠃       ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ