ᠬᠥᠬᠡᠬᠤᠲᠠ ᠶᠢᠨ ᠰᠦ ᠶᠢᠨ ᠦᠢᠯᠡᠰ ᠢᠶᠠᠷ ᠭᠤᠣᠯ ᠪᠣᠯᠭᠠᠭᠰᠠᠨ ᠪᠣᠬᠢᠷᠲᠤᠯ ᠦᠭᠡᠶ ᠢᠳᠡᠭᠡᠨ ᠡᠳ᠋ᠰᠢᠭᠦᠯᠦᠨ ᠪᠣᠯᠪᠠᠰᠤᠷᠠᠭᠤᠯᠬᠤ ᠠᠵᠤ ᠦᠢᠯᠡᠰ ᠤᠨ ᠪᠦᠭᠡᠮᠨᠡᠷᠡᠯ ᠢ ᠴᠤᠭᠴᠠᠯᠠᠬᠤ ᠭᠤᠷᠪᠠᠨ ᠵᠢᠯ ᠤᠨ ᠠᠵᠢᠯᠯᠠᠭᠠᠨ ᠤ ᠲᠥᠰᠦᠯ ︵2021 — 2023 ᠣᠨ︶ ᠢ ᠳᠠᠷᠤᠮᠠᠯᠯᠠᠨ ᠶᠠᠪᠤᠭᠤᠯᠬᠤ ᠲᠤᠬᠠᠢ ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠡᠳᠡᠭᠳᠡᠯ
ᠨᠡᠶᠢᠲᠡᠯᠡᠭᠰᠡᠨ ᠴᠠᠭ᠄
2021/9/18
             ᠬᠦᠬᠡᠬᠤᠲᠠ ᠵᠠᠰᠠᠭ ᠲᠠᠷᠬᠠᠭᠠᠭᠰᠠᠨ〔2021〕7 ᠳ᠋ᠤᠭᠠᠷ ᠲᠤᠭᠠᠲᠤ              2021ᠣᠨ ᠤ 7 ᠳ᠋ᠤᠭᠠᠷ ᠰᠠᠷ᠎ᠠ ᠶᠢᠨ 4 ᠤ ᠡᠳᠦᠷᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠲᠤ᠄      ᠬᠥᠬᠡᠬᠤᠲᠠ ᠶᠢᠨ ᠰᠦ ᠶᠢᠨ ᠦᠢᠯᠡᠰ ᠢᠶᠠᠷ ᠭᠤᠣᠯ ᠪᠣᠯᠭᠠᠭᠰᠠᠨ ᠪᠣᠬᠢᠷᠲᠤᠯ ᠦᠭᠡᠶ ᠢᠳᠡᠭᠡᠨ ᠡᠳ᠋ᠰᠢᠭᠦᠯᠦᠨ ᠪᠣᠯᠪᠠᠰᠤᠷᠠᠭᠤᠯᠬᠤ ᠠᠵᠤ ᠦᠢᠯᠡᠰ ᠤᠨ ᠪᠦᠭᠡᠮᠨᠡᠷᠡᠯ ᠢ ᠴᠤᠭᠴᠠᠯᠠᠬᠤ ᠭᠤᠷᠪᠠᠨ ᠵᠢᠯ ᠤᠨ ᠠᠵᠢᠯᠯᠠᠭᠠᠨ ᠤ ᠲᠥᠰᠦᠯ ︵2021 — 2023 ᠣᠨ︶ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃                                           ᠬᠥᠬᠡᠬᠤᠲᠠ ᠶᠢᠨ ᠰᠦ ᠶᠢᠨ ᠦᠢᠯᠡᠰ ᠢᠶᠠᠷ ᠭᠤᠣᠯ ᠪᠣᠯᠭᠠᠭᠰᠠᠨ ᠪᠣᠬᠢᠷᠲᠤᠯ ᠦᠭᠡᠶ ᠢᠳᠡᠭᠡᠨ             ᠡᠳ᠋ᠰᠢᠭᠦᠯᠦᠨ ᠪᠣᠯᠪᠠᠰᠤᠷᠠᠭᠤᠯᠬᠤ ᠠᠵᠤ ᠦᠢᠯᠡᠰ ᠤᠨ ᠪᠦᠭᠡᠮᠨᠡᠷᠡᠯ ᠢ ᠴᠤᠭᠴᠠᠯᠠᠬᠤ ᠭᠤᠷᠪᠠᠨ ᠵᠢᠯ ᠤᠨ             ᠠᠵᠢᠯᠯᠠᠭᠠᠨ ᠤ ᠲᠥᠰᠦᠯ ︵2021 — 2023 ᠣᠨ︶       ᠶᠡᠷᠦᠩᠬᠡᠶ ᠱᠦᠵᠢ ᠰᠢ ᠶᠢᠨ ᠫᠢᠩ ᠤᠨ ᠥᠪᠥᠷ  ᠮᠤᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠠᠮᠢ ᠠᠬᠤᠶ ᠶᠢ ᠤᠷᠢᠳᠠᠪᠡᠷ  ᠪᠣᠳᠤᠯᠬᠢᠯᠠᠭᠰᠠᠨ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠥᠬᠡᠶ ᠰᠠᠶᠢᠲᠤᠷ ᠵᠠᠮᠨᠠᠵᠤ᠂ ︽ᠳᠤᠮᠳᠠᠳᠤ ᠤᠯᠤᠰ ᠤᠨ ᠰᠦ ᠶᠢᠨ ᠬᠤᠲᠠ︾ ᠶᠢᠨ ᠲᠠᠰ ᠳᠡᠪᠰᠢᠭᠰᠡᠨ ᠬᠡᠪ ᠢ ᠴᠣᠭᠴᠠᠯᠠᠬᠤ ᠶᠢᠨ ᠲᠥᠯᠦᠭᠡ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠤᠳᠤᠯᠤᠯᠲᠠ ᠪᠠᠷ ᠳᠡᠮᠵᠢᠨ᠂  ᠰᠦ ᠶᠢᠨ ᠦᠢᠯᠡᠰ ᠢᠶᠠᠷ ᠭᠤᠤᠯ ᠪᠣᠯᠭᠠᠭᠰᠠᠨ ᠪᠣᠬᠢᠷᠲᠤᠯ ᠥᠬᠡᠶ ᠢᠳᠡᠭᠡᠨ ᠡᠳ᠋ᠰᠢᠭᠦᠯᠦᠨ ᠪᠣᠯᠪᠠᠰᠤᠷᠠᠭᠤᠯᠬᠤ ᠠᠵᠤ ᠦᠢᠯᠡᠰ ᠤᠨ ᠪᠦᠭᠡᠮᠨᠡᠷᠡᠯ ᠢ  ᠴᠤᠭᠴᠠᠯᠠᠬᠤ ᠭᠤᠷᠪᠠᠨ ᠵᠢᠯ ᠤᠨ ᠠᠵᠢᠯᠯᠠᠭᠠᠨ ᠤ ᠲᠥᠰᠦᠯ ︵2021 — 2023 ᠣᠨ︶ ᠢ ᠲᠣᠭᠲᠠᠭᠠᠪᠠ᠃       ᠨᠢᠭᠡ᠂ ᠵᠢᠯᠣᠭᠤᠳᠬᠤ ᠦᠵᠡᠯ ᠰᠠᠨᠠᠭ᠎ᠠ        ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠪᠣᠬᠢᠷᠲᠤᠯ ᠦᠭᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠵᠦ  ᠡᠳ᠋ᠰᠢᠭᠦᠯᠦᠨ ᠪᠣᠯᠪᠠᠰᠤᠷᠠᠭᠤᠯᠬᠤ ᠰᠠᠭᠤᠷᠢᠨ ᠭᠠᠵᠠᠷ ᠪᠠᠶᠢᠭᠤᠯᠬᠤ ᠳᠤ ᠬᠢᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠬᠤᠶᠠᠷ ᠬᠠᠯᠬᠠᠪᠴᠢ︾ ︽ᠬᠤᠶᠠᠷ ᠰᠠᠭᠤᠷᠢᠨ ᠭᠠᠵᠠᠷ︾ ᠪᠠ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠲᠠᠢ ᠨᠢᠭᠲᠠ ᠤᠶᠠᠯᠳᠤᠭᠤᠯᠤᠨ᠂ ᠠᠮᠢ ᠠᠬᠤᠶ ᠶᠢ ᠤᠷᠢᠳᠠᠪᠡᠷ ᠪᠣᠳᠤᠯᠬᠢᠯᠠᠭᠰᠠᠨ ᠪᠣᠬᠢᠷᠲᠤᠯ ᠦᠭᠡᠶ ᠬᠥᠭᠵᠢᠯᠲᠡ ᠪᠠᠷ ᠤᠳᠤᠷᠢᠳᠤᠮᠵᠢ ᠪᠣᠯᠭᠠᠵᠤ᠂ ᠪᠦᠬᠦ ᠠᠵᠤ ᠦᠢᠯᠡᠰ ᠤᠨ ᠬᠡᠯᠬᠢᠶ᠎ᠡ᠂ ᠪᠦᠭᠡᠮᠨᠡᠷᠡᠭᠦᠯᠦᠨ ᠬᠦᠭᠵᠢᠬᠦᠯᠬᠦ ᠰᠡᠳᠬᠢᠬᠦᠶ ᠶᠢ ᠪᠠᠷᠢᠮᠳᠠᠯᠠᠨ᠂ ᠠᠵᠤ ᠦᠢᠯᠡᠰ ᠤᠨ ᠰᠠᠭᠤᠷᠢ ᠶᠢᠨ ᠳᠡᠭᠡᠳᠦ   ᠳᠡᠰᠴᠢᠯᠡᠯᠲᠡ᠂ ᠠᠵᠤ ᠦᠢᠯᠡᠰ ᠤᠨ ᠬᠡᠯᠬᠢᠶ᠎ᠡ ᠶᠢᠨ ᠣᠳᠣᠬᠢᠴᠢᠯᠠᠯᠲᠠ᠂  ᠰᠦ ᠶᠢᠨ ᠦᠢᠯᠡᠰ ᠢᠶᠠᠷ ᠭᠤᠤᠯ ᠪᠣᠯᠭᠠᠭᠰᠠᠨ ᠪᠣᠬᠢᠷᠲᠤᠯ ᠥᠬᠡᠶ ᠢᠳᠡᠭᠡᠨ ᠡᠳ᠋ᠰᠢᠭᠦᠯᠦᠨ ᠪᠣᠯᠪᠠᠰᠤᠷᠠᠭᠤᠯᠬᠤ ᠠᠵᠤ ᠦᠢᠯᠡᠰ ᠤᠨ ᠪᠦᠭᠡᠮᠨᠡᠷᠡᠯ ᠢ ᠪᠥᠬᠦ ᠬᠦᠴᠦᠨ ᠢᠶᠠᠷ ᠢᠶᠠᠨ ᠴᠤᠭᠴᠠᠯᠠᠵᠤ ᠂ ︽ᠳᠤᠮᠳᠠᠳᠤ ᠤᠯᠤᠰ ᠤᠨ ᠰᠦ ᠶᠢᠨ ᠬᠤᠲᠠ︾ ᠶᠢᠨ ︽ᠳᠡᠯᠡᠬᠡᠶ ᠶᠢᠨ ᠰᠦ ᠶᠢᠨ ᠬᠤᠲᠠ︾ ᠳᠠᠰᠢ ᠳᠠᠪᠰᠢᠬᠤ ᠶᠢ ᠲᠦᠷᠭᠡᠳᠬᠡᠨ᠂ ᠣᠷᠣᠨ ᠤ ᠲᠥᠪ ᠬᠤᠲᠠ ᠶᠢᠨ ᠴᠢᠨᠠᠷ ᠰᠠᠶᠢᠲᠠᠶ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠦᠨ ᠪᠣᠯᠪᠠᠰᠤᠷᠠᠭᠤᠯᠵᠤ ᠭᠠᠳᠠᠭᠰᠢ ᠭᠠᠷᠭᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠰᠠᠭᠤᠷᠢ ᠶᠢ ᠪᠠᠬᠢᠵᠢᠭᠦᠯᠵᠦ᠂ ᠮᠠᠨ ᠤ ᠬᠤᠲᠠ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠤᠨ᠎ᠠ᠃ ᠬᠤᠶᠠᠷ᠂  ᠡᠭᠦᠷᠭᠡ ᠬᠠᠷᠠᠯᠲᠠ      ︽ᠳᠤᠮᠳᠠᠳᠤ ᠤᠯᠤᠰ ᠤᠨ ᠰᠦ ᠶᠢᠨ ᠬᠤᠳᠠ︾ ᠶᠢᠨ ᠲᠡᠰ ᠳᠡᠪᠰᠢᠭᠰᠡᠨ ᠬᠡᠪ ᠤᠨ ᠪᠠᠶᠢᠭᠤᠯᠤᠯᠲᠠ ᠶᠢ ᠲᠦᠷᠭᠡᠳᠬᠡᠨ᠂ ᠳᠡᠭᠡᠳᠦ ᠳᠡᠰ ᠤᠨ ᠴᠠᠭᠠᠨ ᠢᠳᠡᠭᠡᠨ ᠦᠢᠯᠡᠳᠪᠦᠷᠢᠯᠡᠵᠦ ᠡᠳ᠋ᠰᠢᠭᠦᠯᠦᠨ ᠪᠣᠯᠪᠠᠰᠤᠷᠠᠭᠤᠯᠬᠤ ᠴᠢᠳᠠᠪᠤᠷᠢ ᠶᠢ ᠳᠡᠭᠡᠭᠰᠢᠯᠡᠭᠦᠯᠬᠦ᠂ ᠴᠢᠨᠠᠷ ᠰᠠᠶᠢᠲᠠᠶ ᠰᠦ ᠶᠢᠨ ᠢᠷᠡᠯᠳᠡ ᠶᠢᠨ ᠰᠠᠭᠤᠷᠢᠨ ᠭᠠᠵᠠᠷ ᠤᠨ  ᠪᠥᠲᠥᠭᠡᠨ ᠪᠠᠶᠢᠭᠤᠯᠤᠯᠲᠠ ᠶᠢ ᠴᠢᠩᠭᠠᠳᠬᠠᠬᠤ᠂ ᠰᠦ ᠶᠢᠨ ᠦᠢᠯᠡᠰ ᠤᠨ ᠪᠥᠬᠦ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠴᠦ ᠰᠤᠳᠤᠯᠤᠨ ᠨᠡᠭᠡᠭᠡᠬᠦ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ ᠦᠷᠭᠦᠯᠵᠢᠯᠡᠨ ᠬᠦᠴᠦᠯᠡᠨ ᠴᠢᠷᠮᠠᠶᠢᠨ᠎ᠠ᠃ ᠰᠦ ᠶᠢᠨ ᠦᠢᠯᠡᠰ ᠤᠨ ᠬᠥᠭᠵᠢᠯᠲᠡ ᠪᠠᠷ ᠬᠦᠲᠦᠯᠦᠭᠦᠯᠦᠨ᠂ ᠵᠠᠭᠤᠨ ᠲᠦᠮᠡᠨ ᠤ ᠲᠠᠰ ᠤᠨ ᠭᠠᠭ᠋ᠠᠶ ᠶᠢᠨ ᠠᠵᠤ ᠦᠢᠯᠡᠰ᠂ ᠮᠢᠬᠠᠨ ᠤ ᠲᠥᠷᠥᠯ ᠤᠨ ᠲᠡᠵᠢᠭᠡᠨ ᠦᠷᠡᠵᠢᠭᠦᠯᠵᠦ ᠡᠳ᠋ᠰᠢᠭᠦᠯᠦᠨ ᠪᠣᠯᠪᠠᠰᠤᠷᠠᠭᠤᠯᠬᠤ ᠠᠵᠤ ᠦᠢᠯᠡᠰ᠂ ᠡᠷᠳᠡᠨᠢ ᠰᠢᠰᠢ ᠳᠠᠷᠢᠵᠤ ᠡᠳ᠋ᠰᠢᠭᠦᠯᠦᠨ ᠪᠣᠯᠪᠠᠰᠤᠷᠠᠭᠤᠯᠬᠤ᠂ ᠡᠯᠳᠡᠪ ᠠᠮᠤ ᠲᠣᠰᠣᠯᠢᠭ ᠲᠠᠷᠢᠮᠠᠯ ᠳᠠᠷᠢᠵᠤ ᠡᠳ᠋ᠰᠢᠭᠦᠯᠦᠨ ᠪᠣᠯᠪᠠᠰᠤᠷᠠᠭᠤᠯᠬᠤ᠂ ᠲᠥᠮᠥᠰᠥ ᠳᠠᠷᠢᠵᠤ ᠡᠳ᠋ᠰᠢᠭᠦᠯᠦᠨ ᠪᠣᠯᠪᠠᠰᠤᠷᠠᠭᠤᠯᠬᠤ ᠵᠡᠷᠭᠡ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠳᠠᠶᠢᠴᠢᠯᠠᠵᠤ᠂ ᠰᠦ ᠶᠢᠨ ᠦᠢᠯᠡᠰ ᠢᠶᠠᠷ ᠭᠤᠤᠯ ᠪᠣᠯᠭᠠᠭᠰᠠᠨ ᠪᠣᠬᠢᠷᠲᠤᠯ ᠥᠬᠡᠶ ᠢᠳᠡᠭᠡᠨ ᠡᠳ᠋ᠰᠢᠭᠦᠯᠦᠨ ᠪᠣᠯᠪᠠᠰᠤᠷᠠᠭᠤᠯᠬᠤ ᠠᠵᠤ ᠦᠢᠯᠡᠰ ᠤᠨ ᠪᠦᠭᠡᠮᠨᠡᠷᠡᠯ ᠢ ᠪᠦᠷᠢᠯᠳᠦᠭᠦᠯᠦᠨ᠎ᠡ᠃       2021 ᠣᠨ ᠳᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠦᠢᠯᠡᠰ ᠬᠢᠭᠡᠳ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶ ᠦᠢᠯᠡᠳᠪᠦᠷᠢᠯᠡᠯ ᠤᠨ ᠥᠷᠲᠡᠭ ᠤᠨ ᠬᠠᠷᠢᠴᠠᠯ ᠢ 1.8:1 ᠬᠦᠷᠭᠡᠬᠦ ᠪᠠᠷ ᠴᠢᠷᠮᠠᠶᠢᠵᠤ᠂ ᠭᠤᠤᠯ ᠪᠣᠯᠬᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠵᠤ ᠬᠤᠪᠢᠷᠠᠭᠤᠯᠬᠤ ᠨᠣᠷᠮ᠎ᠠ ᠶᠢ 71% ᠬᠦᠷᠭᠡᠬᠦ ᠪᠠᠷ ᠴᠢᠷᠮᠠᠶᠢᠨ᠎ᠠ︔ ᠲᠠᠷᠢᠶᠠᠯᠠᠩ ᠤᠨ ᠠᠵᠤ ᠦᠢᠯᠡᠰᠵᠢᠭᠰᠡᠨ ᠤᠯᠤᠰ ᠤᠨ ᠭᠤᠤᠯᠳᠠᠯᠭ᠎ᠠ ᠲᠠᠢ ᠬᠥᠲᠥᠴᠢ ᠠᠵᠤ ᠠᠬᠤᠶᠢᠯᠠᠯ ᠢ 7 ᠬᠦᠷᠭᠡᠵᠦ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠯᠡᠰᠵᠢᠭᠰᠡᠨ ᠭᠤᠤᠯᠳᠠᠯᠭ᠎ᠠ ᠲᠠᠢ ᠬᠥᠲᠥᠴᠢ ᠠᠵᠤ ᠠᠬᠤᠶᠢᠯᠠᠯ ᠢ 90 ᠬᠦᠷᠭᠡᠵᠦ᠂ ᠬᠤᠲᠠ ᠶᠢᠨ ᠱᠠᠲᠤᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠯᠡᠰᠵᠢᠭᠰᠡᠨ ᠭᠤᠤᠯᠳᠠᠯᠭ᠎ᠠ ᠲᠠᠢ ᠬᠥᠲᠥᠴᠢ ᠠᠵᠤ ᠠᠬᠤᠶᠢᠯᠠᠯ ᠢ 300 ᠬᠦᠷᠭᠡᠵᠦ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠯᠡᠰᠵᠢᠭᠰᠡᠨ ᠬᠤᠯᠪᠣᠭᠠᠲᠤ ᠴᠣᠭᠴᠠ ᠶᠢ 40 ᠬᠦᠷᠭᠡᠨ᠎ᠡ᠃       2023 ᠣᠨ ᠪᠣᠯᠬᠤ ᠳᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠬᠦᠯᠦᠨ ᠪᠣᠯᠪᠠᠰᠤᠷᠠᠭᠤᠯᠬᠤ ᠦᠢᠯᠡᠰ ᠤᠨ ᠪᠣᠷᠣᠯᠠᠭᠤᠯᠤᠯᠲᠠ ᠶᠢᠨ ᠣᠷᠣᠯᠭ᠎ᠠ ᠶᠢ ᠵᠢᠯ ᠪᠦᠷᠢ ᠳᠤᠮᠳᠠᠴᠢ ᠪᠠᠷ 5% ᠠᠴᠠ ᠳᠡᠭᠡᠭᠰᠢ ᠨᠡᠮᠡᠭᠳᠡᠭᠦᠯᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠦᠢᠯᠡᠰ ᠬᠢᠭᠡᠳ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠬᠠᠷᠢᠴᠠᠯ ᠢ 2.3:1 ᠬᠦᠷᠭᠡᠬᠦ ᠪᠠᠷ ᠴᠢᠷᠮᠠᠶᠢᠵᠤ᠂ ᠭᠤᠤᠯ ᠪᠣᠯᠬᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ  ᠡᠳ᠋ᠰᠢᠭᠦᠯᠦᠨ ᠪᠣᠯᠪᠠᠰᠤᠷᠠᠭᠤᠯᠵᠤ ᠬᠤᠪᠢᠷᠠᠭᠤᠯᠬᠤ ᠨᠣᠷᠮ᠎ᠠ ᠶᠢ 76% ᠬᠦᠷᠭᠡᠬᠦ ᠪᠠᠷ ᠴᠢᠷᠮᠠᠶᠢᠨ᠎ᠠ︔ ᠲᠠᠷᠢᠶᠠᠯᠠᠩ ᠤᠨ ᠠᠵᠤ ᠦᠶᠯᠡᠰᠵᠢᠭᠰᠡᠨ ᠤᠯᠤᠰ ᠤᠨ ᠭᠤᠤᠯᠳᠠᠯᠭ᠎ᠠ ᠲᠠᠢ ᠬᠥᠲᠥᠴᠢ ᠠᠵᠤ ᠠᠬᠤᠶᠢᠯᠠᠯ ᠢ 8 ᠬᠦᠷᠭᠡᠵᠦ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠯᠡᠰᠵᠢᠭᠰᠡᠨ ᠭᠤᠤᠯᠳᠠᠯᠭ᠎ᠠ ᠲᠠᠢ ᠬᠥᠲᠥᠴᠢ ᠠᠵᠤ ᠠᠬᠤᠶᠢᠯᠠᠯ ᠢ 100 ᠬᠦᠷᠭᠡᠵᠦ᠂ ᠬᠤᠲᠠ ᠶᠢᠨ ᠱᠠᠲᠤᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠯᠡᠰᠵᠢᠭᠰᠡᠨ ᠭᠤᠤᠯᠳᠠᠯᠭ᠎ᠠ ᠲᠠᠢ ᠬᠥᠲᠥᠴᠢ ᠠᠵᠤ ᠠᠬᠤᠶᠢᠯᠠᠯ ᠢ 320 ᠬᠦᠷᠭᠡᠵᠦ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠯᠡᠰᠵᠢᠭᠰᠡᠨ ᠬᠤᠯᠪᠣᠭᠠᠲᠤ ᠴᠣᠭᠴᠠ ᠶᠢ 50 ᠬᠦᠷᠭᠡᠨ᠎ᠡ᠃       ᠭᠤᠷᠪᠠ᠂ ᠭᠤᠣᠯᠳᠠᠯᠭ᠎ᠠ ᠲᠠᠢ ᠠᠵᠢᠯ       ︵ᠨᠢᠭᠡ︶ ᠮᠢᠩᠭᠠᠨ ᠳ᠋ᠦᠩᠰᠢᠭᠤᠷ ᠤᠨ ᠲᠠᠰ ᠤᠨ ᠰᠦ ᠶᠢᠨ ᠦᠢᠯᠡᠰ ᠤᠨ ᠪᠥᠬᠦ ᠠᠵᠤ ᠦᠢᠯᠡᠰ ᠤᠨ ᠬᠡᠯᠬᠢᠶ᠎ᠡ       1. ᠡᠭᠦᠷᠭᠡ ᠬᠠᠷᠠᠯᠲᠠ       ︵1︶ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠲᠠᠢ ᠤᠶᠠᠯᠳᠤᠭᠤᠯᠤᠨ᠂  ᠰᠦ ᠶᠢᠨ ᠦᠢᠯᠡᠰ ᠤᠨ ᠳᠠᠷᠢᠵᠤ ᠲᠡᠵᠢᠭᠡᠬᠦ ᠶᠢ ᠣᠷᠴᠢᠯᠳᠤᠭᠤᠯᠤᠨ ᠬᠥᠭᠵᠢᠭᠦᠯᠬᠦ ᠶᠢ ᠲᠦᠷᠭᠡᠳᠬᠡᠵᠦ᠂ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠲᠠᠯᠠᠪᠠᠶ ᠳᠤ ᠴᠢᠨᠠᠷ ᠰᠠᠶᠢᠲᠠᠶ ᠨᠣᠭᠤᠭᠠᠨ ᠲᠠᠷᠤᠰᠢ ᠪᠠ ᠡᠪᠡᠰᠦ ᠪᠣᠷᠳᠤᠭ᠎ᠠ ᠳᠠᠷᠢᠬᠤ ᠰᠠᠭᠤᠷᠢᠨ ᠭᠠᠵᠠᠷ ᠬᠠᠩᠭᠠᠬᠤ ᠶᠢᠨ ᠬᠠᠮᠲᠤ ᠲᠡᠵᠢᠭᠡᠨ ᠦᠷᠡᠵᠢᠭᠦᠯᠬᠦ ᠳᠤ ᠭᠠᠷᠤᠭᠰᠠᠨ ᠢᠯᠭᠠᠳᠠᠰᠤᠨ ᠤ ᠪᠣᠬᠢᠷᠲᠤᠯ ᠢ ᠰᠢᠨᠵᠢᠯᠡᠬᠦ ᠤᠬᠠᠭᠠᠨᠴᠢ ᠪᠠᠷ ᠠᠰᠢᠭᠯᠠᠵᠤ ᠰᠢᠩᠭᠡᠭᠡᠬᠦ ᠳᠤ ᠬᠡᠷᠡᠭᠯᠡᠬᠦ ᠭᠠᠵᠠᠷ ᠬᠠᠩᠭᠠᠨ᠎ᠠ᠃ 2021 ᠣᠨ ᠳᠤ 125 ᠲᠦᠮᠡᠨ ᠮᠥ ᠢᠵᠢ ᠪᠦᠷᠢᠳᠦᠭᠦᠯᠦᠭᠰᠡᠨ ᠡᠪᠡᠰᠦ ᠪᠣᠷᠳᠣᠭᠠᠨ ᠤ ᠰᠠᠭᠤᠷᠢᠨ ᠭᠠᠵᠠᠷ ᠢ ᠪᠠᠶᠢᠭᠤᠯᠵᠤ᠂ 2023 ᠣᠨ ᠪᠣᠯᠬᠤ ᠳᠤ 150 ᠲᠦᠮᠡᠨ ᠮᠥ ᠢᠵᠢ ᠪᠦᠷᠢᠳᠦᠭᠦᠯᠦᠭᠰᠡᠨ ᠡᠪᠡᠰᠦ ᠪᠣᠷᠳᠣᠭᠠᠨ ᠤ ᠰᠠᠭᠤᠷᠢᠨ ᠭᠠᠵᠠᠷ ᠢ ᠪᠠᠶᠢᠭᠤᠯᠤᠨ᠎ᠠ᠃       ︵2︶ ᠲᠦᠮᠡᠳ ᠤᠨ ᠲᠠᠯ᠎ᠠ ᠭᠠᠵᠠᠷ ᠢᠶᠠᠷ ᠭᠤᠤᠯ ᠪᠣᠯᠭᠠᠵᠤ᠂ ᠴᠢᠨᠠᠷ ᠰᠠᠶᠢᠲᠠᠶ ᠰᠦ ᠶᠢᠨ ᠢᠷᠡᠯᠲᠡ ᠶᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ 2021 ᠣᠨ ᠳᠤ ᠰᠠᠭᠠᠯᠢ ᠶᠢᠨ ᠦᠨᠢᠶ᠎ᠡ ᠶᠢ 36 ᠲᠦᠮᠡ ᠬᠦᠷᠭᠡᠵᠦ᠂ ᠰᠠᠭᠠᠯᠢ ᠶᠢᠨ ᠢᠮᠠᠭ᠎ᠠ ᠶᠢ 5 ᠲᠦᠮᠡ ᠬᠦᠷᠭᠡᠵᠦ᠂ ᠵᠢᠯ ᠤᠨ ᠲᠦᠭᠦᠬᠡᠢ ᠰᠦ ᠶᠢᠨ ᠭᠠᠷᠤᠯᠲᠠ ᠶᠢ 180 ᠲᠦᠮᠡᠨ ᠲᠣᠨ ᠪᠡᠶᠡᠯᠡᠭᠦᠯᠦᠨ᠎ᠡ᠃ 2023 ᠣᠨ ᠪᠣᠯᠬᠤ ᠳᠤ᠂ ᠲᠣᠮᠣ ᠬᠡᠯᠪᠡᠷᠢ ᠶᠢᠨ ᠰᠠᠭᠠᠯᠢ ᠶᠢᠨ ᠦᠨᠢᠶᠡᠨ ᠤ ᠮᠠᠯᠵᠢᠯ ᠤᠨ ᠲᠠᠯᠠᠪᠠᠶ 20᠂ ᠰᠠᠭᠠᠯᠢ ᠶᠢᠨ ᠢᠮᠠᠭᠠᠨ ᠤ ᠲᠠᠯᠠᠪᠠᠶ 20 ᠶᠢ ᠰᠢᠨ᠎ᠡ ᠪᠠᠷ ᠪᠠᠶᠢᠭᠤᠯᠵᠤ᠂ ᠰᠠᠭᠠᠯᠢ ᠶᠢᠨ ᠦᠨᠢᠶ᠎ᠡ ᠶᠢ 46 ᠲᠦᠮᠡ ᠬᠦᠷᠭᠡᠵᠦ᠂ ᠰᠠᠭᠠᠯᠢ ᠶᠢᠨ ᠢᠮᠠᠭ᠎ᠠ ᠶᠢ 15 ᠲᠦᠮᠡ ᠬᠦᠷᠭᠡᠨ᠎ᠡ᠃       ︵3︶ ᠬᠥᠬᠡᠬᠤᠲᠠ ᠶᠢᠨ ᠴᠡᠯᠡᠭᠡᠷ ᠲᠠᠯ᠎ᠠ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠤᠨ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠢᠶᠠᠷ ᠭᠤᠣᠯ ᠣᠷᠣᠨ ᠪᠦᠰᠡ ᠪᠣᠯᠭᠠᠵᠤ᠂ ᠢᠯᠢ᠂ ᠮᠧᠩ ᠨᠢᠦ ᠤᠯᠤᠰ ᠤᠨ ᠭᠤᠤᠯᠳᠠᠯᠭ᠎ᠠ ᠲᠠᠢ ᠬᠥᠲᠥᠴᠢ ᠠᠵᠤ ᠠᠬᠤᠶᠢᠯᠠᠯ ᠪᠣᠯᠤᠨ ᠶᠢᠦ ᠷᠠᠨ ᠮᠠᠯ ᠠᠵᠤ ᠠᠬᠤᠶ᠂ ᠱᠧᠩ ᠮᠥ ᠭᠤᠣ ᠺᠧ ᠵᠡᠷᠭᠡ ᠥᠪᠡᠷᠲᠡᠭᠡᠨ ᠵᠠᠰᠠᠬᠤ ᠣᠷᠣᠨ ᠤ ᠬᠥᠲᠥᠴᠢ ᠠᠵᠤ ᠠᠬᠤᠶᠢᠯᠠᠯ ᠵᠢᠴᠢ ᠬᠤᠲᠠ ᠶᠢᠨ ᠲᠠᠰ ᠤᠨ ᠬᠥᠲᠥᠴᠢ ᠠᠵᠤ ᠠᠬᠤᠶᠢᠯᠠᠯ ᠢᠶᠠᠷ ᠳᠠᠶᠢᠴᠢᠯᠠᠭᠤᠯᠤᠨ᠂ ᠢᠯᠢ ᠶᠢᠨ ᠣᠲᠣ ᠦᠶ᠎ᠡ ᠶᠢᠨ ᠤᠶᠤᠨᠲᠤ ᠡᠷᠡᠭᠦᠯ ᠮᠡᠨᠳᠦ ᠶᠢᠨ ᠬᠥᠨᠳᠡᠶ᠂ ᠮᠧᠩ ᠨᠢᠦ ᠶᠢᠨ ᠳᠤᠮᠳᠠᠳᠤ ᠤᠯᠤᠰ ᠤᠨ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠵᠡᠷᠭᠡ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ 2021 ᠣᠨ ᠳᠤ ᠰᠦ ᠶᠢᠨ ᠦᠢᠯᠡᠰ ᠤᠨ ᠪᠥᠬᠦ ᠠᠵᠤ ᠦᠢᠯᠡᠰ ᠤᠨ ᠬᠡᠯᠬᠢᠶᠡᠨ ᠤ ᠦᠢᠯᠡᠳᠪᠦᠷᠢᠯᠡᠯ ᠤᠨ ᠥᠷᠲᠡᠭ ᠢ 2000 ᠳ᠋ᠦᠩᠰᠢᠭᠤᠷ ᠲᠥᠭᠦᠷᠢᠭ ᠬᠦᠷᠭᠡᠵᠦ᠂ ᠰᠦ ᠶᠢᠨ ᠦᠢᠯᠡᠰ ᠤᠨ ᠡᠳ᠋ᠰᠢᠭᠦᠯᠦᠨ ᠪᠣᠯᠪᠠᠰᠤᠷᠠᠭᠤᠯᠬᠤ ᠦᠢᠯᠡᠰ ᠤᠨ ᠡᠳᠦᠷ ᠲᠤ ᠰᠢᠢᠳᠪᠦᠷᠢᠯᠡᠬᠦ ᠲᠦᠭᠦᠬᠡᠢ ᠰᠦ ᠶᠢ 5300 ᠲᠣᠨ ᠠᠴᠠ ᠳᠡᠭᠡᠭᠰᠢ ᠬᠦᠷᠭᠡᠨ᠎ᠡ᠃ 2023 ᠣᠨ ᠪᠣᠯᠬᠤ ᠳᠤ᠂ ᠰᠦ ᠶᠢᠨ ᠦᠢᠯᠡᠰ ᠤᠨ ᠪᠥᠬᠦ ᠠᠵᠤ ᠦᠢᠯᠡᠰ ᠤᠨ ᠬᠡᠯᠬᠢᠶᠡᠨ ᠤ ᠦᠢᠯᠡᠳᠪᠦᠷᠢᠯᠡᠯ ᠤᠨ ᠥᠷᠲᠡᠭ ᠢ 2200 ᠳ᠋ᠦᠩᠰᠢᠭᠤᠷ ᠲᠥᠭᠦᠷᠢᠭ ᠲᠤ ᠬᠦᠷᠭᠡᠵᠦ᠂ ᠰᠦ ᠶᠢᠨ ᠦᠢᠯᠡᠰ ᠤᠨ ᠡᠳ᠋ᠰᠢᠭᠦᠯᠦᠨ ᠪᠣᠯᠪᠠᠰᠤᠷᠠᠭᠤᠯᠬᠤ ᠦᠢᠯᠡᠰ ᠤᠨ ᠡᠳᠦᠷ ᠲᠤ ᠰᠢᠢᠳᠪᠦᠷᠢᠯᠡᠬᠦ ᠲᠦᠭᠦᠬᠡᠢ ᠰᠦ ᠶᠢ 1.0 ᠲᠦᠮᠡᠨ ᠲᠣᠨ ᠠᠴᠠ ᠳᠡᠭᠡᠭᠰᠢ ᠬᠦᠷᠭᠡᠨ᠎ᠡ᠃       2. ᠠᠵᠢᠯ ᠤᠨ ᠠᠷᠭ᠎ᠠ ᠬᠡᠮᠵᠢᠶ᠎ᠡ       ︵1︶ ᠴᠠᠭᠠᠨ ᠢᠳᠡᠭᠡᠨ ᠡᠳ᠋ᠰᠢᠬᠦᠯᠦᠨ ᠪᠣᠯᠪᠠᠰᠤᠷᠠᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ       ① ᠢᠯᠢ ᠶᠢᠨ ᠣᠲᠣ ᠦᠶ᠎ᠡ ᠶᠢᠨ ᠤᠶᠤᠨᠲᠤ ᠡᠷᠡᠭᠦᠯ ᠮᠡᠨᠳᠦ ᠶᠢᠨ ᠬᠥᠨᠳᠡᠶ ᠶᠢᠨ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠠᠬᠢᠭᠤᠯᠤᠨ᠎ᠠ᠃ ᠢᠯᠢ ᠶᠢᠨ ᠤᠳᠤ ᠦᠶ᠎ᠡ ᠶᠢᠨ ᠤᠶᠤᠨᠲᠤ ᠡᠷᠡᠭᠦᠯ ᠮᠡᠨᠳᠦ ᠶᠢᠨ ᠬᠥᠨᠳᠡᠶ ᠨᠢ ︽2+1+10+N+X︾ ᠢᠶᠠᠷ ᠭᠤᠣᠯ ᠠᠭᠤᠯᠭ᠎ᠠ ᠪᠣᠯᠭᠠᠵᠤ᠂ ᠪᠦᠬᠦ ᠤᠯᠤᠰ ᠲᠤ ᠲᠡᠷᠢᠭᠦᠯᠡᠬᠦ 5G+ ᠰᠦᠨ ᠲᠠᠯᠬ᠎ᠠ ᠶᠢᠨ ᠦᠢᠯᠡᠳᠪᠦᠷᠢ ᠪᠣᠯᠤᠨ ᠰᠢᠩᠭᠡᠨ ᠲᠦᠯᠦᠪᠲᠦ ᠰᠦ ᠶᠢᠨ ᠦᠢᠯᠡᠳᠪᠦᠷᠢ᠂ ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠲᠤᠮᠤ ᠠᠰᠠᠷ ᠪᠣᠯᠤᠨ ᠨᠢᠭᠡ ᠪᠦᠯᠦᠭ ᠢᠵᠢ ᠪᠦᠷᠢᠳᠦᠭᠦᠯᠦᠭᠰᠡᠨ ᠰᠠᠭᠤᠷᠢ ᠪᠡᠯᠡᠳᠬᠡᠮᠵᠢ ᠶᠢ ᠪᠠᠶᠢᠭᠤᠯᠵᠤ᠂ ᠰᠦ ᠶᠢᠨ ᠦᠢᠯᠡᠰ ᠤᠨ ᠠᠵᠤ ᠦᠢᠯᠡᠰ ᠢᠶᠠᠷ ᠭᠤᠣᠯ ᠪᠣᠯᠭᠠᠭᠰᠠᠨ ᠠᠵᠤ ᠦᠢᠯᠡᠰ ᠬᠤᠳᠠ ᠵᠤᠭᠠᠴᠠᠯ ᠢ ᠨᠢᠭᠡ ᠴᠤᠬᠴᠠᠵᠢᠭᠤᠯᠤᠬᠰᠠᠨ ᠲᠤᠮᠤ ᠬᠡᠯᠪᠡᠷᠢ ᠶᠢᠨ ᠶᠡᠷᠦᠩᠬᠡᠶᠢᠯᠡᠭᠰᠡᠨ ᠴᠣᠭᠴᠠ ᠶᠢ ᠪᠠᠶᠢᠭᠤᠯᠤᠨ᠎ᠠ᠃ 2021 ᠣᠨ ᠳᠤ ᠵᠢᠯ ᠤᠨ ᠭᠠᠷᠤᠯᠲᠠ 6 ᠲᠦᠮᠡᠨ ᠲᠣᠨ ᠤ ᠨᠠᠶᠢᠷᠠᠯᠭᠠᠲᠤ ᠰᠦᠨ ᠲᠠᠯᠬ᠎ᠠ ᠶᠢᠨ  ᠦᠢᠯᠡᠳᠪᠦᠷᠢ ᠶᠢᠨ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠪᠠ ᠡᠳᠦᠷ ᠤᠨ ᠭᠠᠷᠤᠯᠲᠠ 6500 ᠲᠣᠨ ᠤ ᠳᠡᠭᠡᠳᠦ ᠳᠡᠰ ᠤᠨ ᠰᠢᠩᠭᠡᠨ ᠲᠦᠯᠦᠪᠲᠦ ᠰᠦ ᠶᠢᠨ ᠦᠢᠯᠡᠳᠪᠦᠷᠢ ᠶᠢᠨ ᠨᠢᠭᠡᠳᠦᠭᠡᠷ ᠬᠤᠭᠤᠴᠠᠭᠠᠨ ᠤ ᠲᠥᠷᠥᠯ  ᠵᠦᠢᠯ ᠢ ᠪᠠᠶᠢᠭᠤᠯᠵᠤ ᠳᠠᠭᠤᠰᠬᠠᠨ᠂ 2022 ᠣᠨ ᠳᠤ ᠠᠰᠢᠭᠯᠠᠯᠲᠠ ᠳᠤ ᠣᠷᠣᠭᠤᠯᠤᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ︔  ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠲᠦᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ︶       ② ᠮᠧᠩ ᠨᠢᠦ ᠶᠢᠨ ᠳᠤᠮᠳᠠᠳᠤ ᠤᠯᠤᠰ ᠤᠨ ᠰᠦ ᠶᠢᠨ ᠦᠢᠯᠡᠰ ᠤᠨ ᠬᠦᠷᠢᠶᠡᠯᠡᠩ ᠤᠨ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠠᠬᠢᠭᠤᠯᠤᠨ᠎ᠠ᠃  ᠮᠧᠩ ᠨᠢᠦ ᠶᠢᠨ ᠡᠳᠦᠷ ᠤᠨ ᠭᠠᠷᠤᠯᠲᠠ 800 ᠲᠣᠨ ᠤ ᠳᠣᠣᠷ᠎ᠠ ᠳᠤᠯᠠᠭᠠᠨ ᠤ ᠰᠦ ᠶᠢᠨ ᠦᠢᠯᠡᠳᠪᠦᠷᠢ᠂  ᠵᠢᠯ ᠤᠨ ᠭᠠᠷᠤᠯᠲᠠ 3 ᠲᠦᠮᠡᠨ ᠲᠣᠨ ᠤ ᠪᠢᠰᠢᠯᠠᠭ ᠤᠨ ᠦᠢᠯᠡᠳᠪᠦᠷᠢ ᠵᠢᠴᠢ ᠡᠳᠦᠷ ᠤᠨ ᠭᠠᠷᠤᠯᠲᠠ 500  ᠲᠣᠨ ᠤ ᠲᠦᠭᠦᠬᠡᠢ ᠰᠦ ᠶᠢᠨ ᠦᠢᠯᠡᠳᠪᠦᠷᠢ ᠶᠢᠨ ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ 2021 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠡᠳᠦᠷ ᠤᠨ ᠭᠠᠷᠤᠯᠲᠠ 800 ᠲᠣᠨ ᠤ ᠳᠣᠤᠷ᠎ᠠ ᠳᠤᠯᠠᠭᠠᠨ ᠤ ᠰᠦ ᠶᠢᠨ ᠦᠢᠯᠡᠳᠪᠦᠷᠢ᠂ ᠡᠳᠦᠷ ᠤᠨ ᠭᠠᠷᠤᠯᠲᠠ 200 ᠲᠣᠨ ᠤ ᠲᠦᠭᠦᠬᠡᠢ ᠰᠦ ᠶᠢᠨ  ᠦᠢᠯᠡᠳᠪᠦᠷᠢ ᠪᠠ ᠵᠢᠯ ᠤᠨ ᠭᠠᠷᠤᠯᠲᠠ 3 ᠲᠦᠮᠡᠨ ᠲᠣᠨ ᠤ ᠪᠢᠰᠢᠯᠠᠭ ᠤᠨ ᠦᠢᠯᠡᠳᠪᠦᠷᠢ ᠶᠢᠨ ᠭᠤᠤᠯ ᠪᠠᠷᠢᠯᠭ᠎ᠠ ᠶᠢᠨ ᠠᠵᠢᠯ ᠢ ᠳᠠᠭᠤᠰᠬᠠᠵᠤ᠂ ᠲᠣᠨᠤᠭ ᠲᠥᠬᠦᠭᠡᠷᠦᠮᠵᠢ ᠤᠭᠰᠠᠷᠠᠬᠤ ᠨᠥᠬᠦᠴᠡᠯ ᠢ ᠪᠦᠷᠢᠯᠳᠦᠭᠦᠯᠵᠦ ᠲᠤᠷᠰᠢᠨ ᠦᠢᠯᠡᠳᠪᠦᠷᠢᠯᠡᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠠᠵᠤ ᠦᠢᠯᠡᠳᠪᠦᠷᠢ ᠮᠡᠳᠡᠭᠡ ᠵᠠᠩᠬᠢᠴᠢᠯᠠᠯᠲᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠷᠢᠨᠬᠡᠷ ᠰᠢᠶᠠᠨ ᠤ ᠠᠷᠠᠳ ᠤᠨ ᠵᠠᠰᠠᠭ ᠤᠨ ᠣᠷᠳᠣᠨ︶       ③  ᠢᠮᠠᠭᠠᠨ ᠰᠦ ᠡᠳ᠋ᠰᠢᠭᠦᠯᠦᠨ ᠪᠣᠯᠪᠠᠰᠤᠷᠠᠭᠤᠯᠬᠤ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠨ᠎ᠡ᠃ ᠥᠪᠥᠷ ᠮᠣᠩᠭᠤᠯ ᠤᠨ ᠱᠧᠩ ᠵᠢᠶᠠᠨ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠨᠢᠯᠬ᠎ᠠ ᠬᠡᠦᠬᠡᠳ ᠤᠨ ᠤᠤᠭᠤᠬᠤ ᠨᠠᠶᠢᠷᠠᠯᠭᠠᠲᠤ  ᠢᠮᠠᠭᠠᠨ ᠰᠦᠨ ᠲᠠᠯᠬ᠎ᠠ ᠡᠳ᠋ᠰᠢᠭᠦᠯᠦᠨ ᠪᠣᠯᠪᠠᠰᠤᠷᠠᠭᠤᠯᠬᠤ ᠲᠥᠷᠥᠯ ᠵᠦᠢᠯ᠂ ᠬᠤᠸᠠ ᠢ ᠯᠧ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠪᠠᠰᠲᠸᠦ᠋ᠷᠳᠡᠭᠰᠡᠨ ᠰᠢᠩᠭᠡᠨ ᠲᠦᠯᠦᠪᠳᠦ ᠰᠦ ᠡᠳ᠋ᠰᠢᠭᠦᠯᠦᠨ ᠪᠣᠯᠪᠠᠰᠤᠷᠠᠭᠤᠯᠬᠤ ᠲᠥᠷᠥᠯ ᠵᠦᠢᠯ ᠢ ᠥᠭᠡᠷᠡᠴᠢᠯᠡᠨ ᠳᠡᠰ ᠳᠡᠪᠰᠢᠭᠦᠯᠬᠦ ᠂ ᠮᠧᠩ ᠡᠸ᠋ᠨ ᠨᠠᠰᠤᠨ ᠳᠤ ᠬᠦᠷᠦᠭᠰᠡᠳ ᠤᠨ ᠤᠤᠭᠤᠬᠤ ᠰᠦᠨ ᠲᠠᠯᠬ᠎ᠠ ᠵᠢᠴᠢ ᠰᠢᠩᠭᠡᠨ ᠲᠦᠯᠦᠪᠳᠦ ᠢᠮᠠᠭᠠᠨ ᠰᠦ ᠶᠢᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ ᠵᠢᠴᠢ ᠮᠧᠩ ᠶᠠᠩ ᠶᠠᠩ ᠡᠳᠦᠷ ᠤᠨ ᠭᠠᠷᠤᠯᠲᠠ 100 ᠲᠣᠨ ᠤ ᠰᠢᠩᠭᠡᠨ ᠲᠦᠯᠦᠪᠳᠦ ᠰᠦ ᠶᠢᠨ ᠦᠢᠯᠡᠳᠪᠦᠷᠢᠯᠡᠯ ᠤᠨ ᠱᠤᠭᠤᠮ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ 2021 ᠣᠨ ᠳᠤ ᠱᠧᠩ ᠵᠢᠶᠠᠨ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠨᠢᠯᠬ᠎ᠠ ᠬᠡᠤᠬᠡᠳ ᠤᠨ ᠤᠤᠭᠤᠬᠤ ᠨᠠᠶᠢᠷᠠᠯᠭᠠᠲᠤ ᠰᠦᠨ ᠲᠠᠯᠬ᠎ᠠ ᠡᠳ᠋ᠰᠢᠭᠦᠯᠦᠨ ᠪᠣᠯᠪᠠᠰᠤᠷᠠᠭᠤᠯᠬᠤ ᠲᠥᠷᠥᠯ ᠵᠦᠢᠯ ᠢ ᠠᠰᠢᠭᠯᠠᠯᠲᠠ ᠳᠤ ᠣᠷᠣᠭᠤᠯᠬᠤ ᠵᠢᠴᠢ ᠮᠧᠩ ᠧᠨ ᠬᠡᠤᠬᠡᠳ ᠤᠨ ᠪᠤᠶᠢᠵᠢᠯᠲᠠ ᠶᠢᠨ ᠰᠢᠮ᠎ᠡ ᠲᠡᠵᠢᠭᠡᠯᠲᠦ ᠰᠦᠨ ᠲᠠᠯᠬ᠎ᠠ ᠶᠢ ᠵᠠᠬ᠎ᠠ ᠳᠡᠯᠭᠡᠭᠦᠷ ᠲᠤ ᠭᠠᠷᠭᠠᠨ᠎ᠠ᠃ 2023 ᠣᠨ ᠪᠣᠯᠬᠤ ᠳᠤ᠂ ᠪᠥᠬᠦ ᠬᠤᠲᠠ ᠶᠢᠨ ᠢᠮᠠᠭᠠᠨ ᠰᠦ ᠶᠢᠨ ᠡᠳᠦᠷ ᠤᠨ ᠲᠦᠭᠦᠬᠡᠢ ᠰᠦ ᠰᠢᠢᠳᠪᠦᠷᠢᠯᠡᠬᠦ ᠴᠢᠳᠠᠪᠤᠷᠢ ᠶᠢ 600 ᠲᠣᠨ ᠳᠤ ᠬᠦᠷᠭᠡᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠷᠢᠨᠬᠡᠷ ᠰᠢᠶᠠᠨ ᠤ ᠠᠷᠠᠳ ᠤᠨ ᠵᠠᠰᠠᠭ ᠤᠨ ᠣᠷᠳᠣᠨ᠂ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶       ④ ᠦᠨᠳᠦᠰᠦᠲᠡᠨ ᠤ ᠣᠨᠴᠠᠯᠢᠭᠲᠤ ᠢᠳᠡᠭᠡᠨ ᠤ ᠠᠵᠤ ᠦᠢᠯᠡᠰ ᠤᠨ ᠬᠦᠷᠢᠶᠡᠯᠡᠩ ᠢ ᠪᠠᠶᠢᠭᠤᠯᠤᠨ᠎ᠠ᠃ 2021 ᠣᠨ ᠳᠤ ᠦᠨᠳᠦᠰᠦᠲᠡᠨ ᠤ ᠤᠨᠴᠠᠯᠢᠭᠳᠤ ᠢᠳᠡᠭᠡᠨ ᠤ ᠠᠵᠤ ᠦᠢᠯᠡᠰ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠵᠦ᠂ 2023 ᠣᠨ ᠪᠣᠯᠬᠤ ᠳᠤ ᠪᠠᠶᠢᠭᠤᠯᠵᠤ ᠳᠠᠭᠤᠰᠬᠠᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠣᠷᠣᠨ ᠪᠦᠰᠡ ᠶᠢᠨ ᠠᠵᠤ ᠠᠬᠤᠶ ᠶᠢᠨ ᠬᠠᠮᠳᠤᠷᠠᠯᠴᠠᠭᠠᠨ ᠤ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ︶       ︵2︶ ᠴᠢᠨᠠᠷ ᠰᠠᠶᠢᠲᠠᠶ ᠰᠦ ᠶᠢᠨ ᠢᠷᠡᠯᠲᠡ ᠶᠢᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠤᠨ᠎ᠠ       ① ᠰᠠᠭᠠᠯᠢ ᠶᠢᠨ ᠮᠠᠯ ᠤᠨ ᠡᠭᠦᠯᠳᠡᠷ ᠤᠨ ᠦᠢᠯᠡᠰ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ ᠵᠢᠯ ᠪᠦᠷᠢ ᠰᠠᠭᠠᠯᠢ ᠶᠢᠨ ᠦᠨᠢᠶ᠎ᠡ ᠶᠢᠨ ᠬᠦᠢᠰᠦ ᠶᠢᠨ ᠢᠯᠭᠠᠯ ᠢ ᠨᠢ ᠡᠵᠡᠮᠳᠡᠭᠰᠡᠨ ᠬᠦᠯᠳᠡᠭᠦᠦ ᠬᠤᠷᠮᠤᠨ ᠢ 6 ᠲᠦᠮᠡ ᠠᠴᠠ ᠳᠡᠭᠡᠭᠰᠢ ᠳᠡᠯᠭᠡᠷᠡᠭᠦᠯᠦᠨ ᠬᠡᠷᠡᠭᠯᠡᠵᠦ᠂ ᠰᠠᠢ ᠺᠧ ᠰᠢᠩ ᠪᠦᠯᠦᠭᠯᠡᠯ ᠳᠤ ᠲᠦᠰᠢᠭᠯᠡᠨ᠂ ᠭᠠᠳᠠᠭᠠᠳᠤ ᠶᠢᠨ ᠥᠨᠳᠥᠷ ᠢᠯᠡᠳᠬᠡᠮᠵᠢ ᠲᠠᠢ ᠡᠭᠦᠯᠳᠡᠷ ᠲᠤ ᠬᠡᠷᠡᠭᠯᠡᠬᠦ ᠬᠤᠰᠲ᠋ᠠᠶᠢᠨ ᠤ ᠬᠦᠪᠦᠷᠡᠯ ᠢ 500 ᠶᠢ ᠭᠠᠳᠠᠭᠠᠳᠤ ᠠᠴᠠ ᠣᠷᠣᠭᠤᠯᠵᠤ᠂ ᠰᠢᠯᠢᠳᠡᠭ ᠪᠡᠯᠡᠳᠬᠡᠯ ᠦᠷ᠎ᠡ ᠤᠨ ᠪᠤᠬ᠎ᠠ ᠪᠠ ᠭᠤᠤᠯ ᠦᠷ᠎ᠡ ᠶᠢᠨ ᠦᠨᠢᠶ᠎ᠡ ᠶᠢ ᠪᠤᠶᠢᠵᠢᠭᠤᠯᠤᠨ᠎ᠠ᠃ 2021 ᠣᠨ ᠳᠤ᠂ 2 ᠳᠡᠯᠡᠬᠡᠶ ᠶᠢᠨ ᠨᠡᠷᠡᠰ ᠤᠨ ᠵᠢᠭᠰᠠᠭᠠᠯᠲᠠ ᠳᠤ ᠡᠮᠦᠨ᠎ᠡ 100 ᠨᠡᠷᠡᠰ ᠲᠤ ᠣᠷᠤᠬᠤ᠂ 15 ᠤᠯᠤᠰ ᠤᠨ ᠳᠣᠲᠣᠭᠠᠳᠤ ᠶᠢᠨ ᠨᠡᠷᠡᠰ ᠤᠨ ᠵᠢᠭᠰᠠᠭᠠᠯᠲᠠ ᠳᠤ  ᠡᠮᠦᠨ᠎ᠡ 100  ᠨᠡᠷᠡᠰ ᠲᠤ ᠣᠷᠤᠬᠤ ᠰᠢᠯᠢᠳᠡᠭ ᠬᠤᠰᠲ᠋ᠠᠶᠢᠨ ᠡᠭᠦᠯᠳᠡᠷ ᠤᠨ ᠪᠤᠬ᠎ᠠ ᠶᠢ ᠪᠤᠶᠢᠵᠢᠭᠤᠯᠤᠨ᠎ᠠ᠃ 2023 ᠣᠨ ᠪᠣᠯᠬᠤ ᠳᠤ᠂  ᠳᠡᠯᠡᠬᠡᠶ ᠶᠢᠨ ᠨᠡᠷᠡᠰ ᠤᠨ ᠵᠢᠭᠰᠠᠭᠠᠯᠲᠠ ᠳᠤ ᠡᠮᠦᠨ᠎ᠡ 100 ᠨᠡᠷᠡᠰ ᠲᠤ ᠤᠷᠤᠬᠤ 2 ᠂ ᠤᠯᠤᠰ ᠤᠨ ᠳᠣᠲᠣᠭᠠᠳᠤ ᠶᠢᠨ ᠨᠡᠷᠡᠰ ᠤᠨ ᠵᠢᠭᠰᠠᠭᠠᠯᠲᠠ ᠳᠤ ᠡᠮᠦᠨ᠎ᠡ 100  ᠨᠡᠷᠡᠰ ᠲᠤ ᠤᠷᠤᠬᠤ 15 ᠰᠢᠯᠢᠳᠡᠭ ᠬᠤᠰᠲ᠋ᠠᠶᠢᠨ ᠡᠭᠦᠯᠳᠡᠷ ᠤᠨ ᠪᠤᠬ᠎ᠠ ᠶᠢ ᠪᠠᠲᠤᠯᠠᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠷᠢᠨᠬᠡᠷ ᠰᠢᠶᠠᠨ ᠤ ᠠᠷᠠᠳ ᠤᠨ ᠵᠠᠰᠠᠭ ᠤᠨ ᠣᠷᠳᠣᠨ᠂ ᠴᠢᠩ ᠱᠦᠶ ᠾᠧ ᠰᠢᠶᠠᠨ ᠤ ᠠᠷᠠᠳ ᠤᠨ ᠵᠠᠰᠠᠭ ᠤᠨ ᠣᠷᠳᠣᠨ︶      ② ᠰᠠᠭᠠᠯᠢ ᠶᠢᠨ ᠢᠮᠠᠭᠠᠨ ᠤ ᠡᠭᠦᠯᠳᠡᠷ ᠪᠣᠶᠢᠵᠢᠭᠤᠯᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠥᠪᠥᠷ ᠮᠣᠩᠭᠤᠯ ᠤᠨ ᠱᠧᠩ ᠵᠢᠶᠠᠨ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠡᠭᠦᠯᠳᠡᠷ ᠤᠨ ᠢᠮᠠᠭᠠᠨ ᠤ ᠲᠠᠯᠠᠪᠠᠶ᠂ ᠯᠧ ᠺᠧ ᠠᠮᠢᠳᠤ ᠪᠣᠳᠠᠰ ᠤᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠡᠭᠦᠯᠳᠡᠷ ᠤᠨ ᠮᠠᠯ ᠵᠢᠭᠦᠷᠲᠡᠨ ᠤ ᠲᠠᠯᠠᠪᠠᠶ ᠳᠤ ᠲᠦᠰᠢᠭᠯᠡᠨ᠂ 2021 ᠣᠨ ᠳᠤ 1500 ᠰᠢᠯᠢᠳᠡᠭ ᠡᠭᠦᠯᠳᠡᠷ ᠤᠨ ᠬᠤᠨᠢ ᠶᠢ ᠣᠷᠣᠭᠤᠯᠵᠤ ᠠᠪᠴᠢᠷᠠᠨ᠎ᠠ᠃ 2023 ᠣᠨ ᠪᠣᠯᠬᠤ ᠳᠤ᠂ 3000 ᠰᠢᠯᠢᠳᠡᠭ ᠡᠭᠦᠯᠳᠡᠷ ᠤᠨ  ᠢᠮᠠᠭ᠎ᠠ ᠣᠷᠣᠭᠤᠯᠵᠤ ᠠᠪᠴᠢᠷᠠᠨ᠂ ᠰᠠᠭᠠᠯᠢ ᠶᠢᠨ ᠢᠮᠠᠭᠠᠨ ᠤ ᠰᠠᠶᠢᠨ ᠡᠭᠦᠯᠳᠡᠷ ᠤᠨ ᠳᠠᠩᠰᠠᠯᠠᠯᠲᠠ᠂ ᠦᠷᠡᠵᠢᠯ ᠤᠨ ᠴᠢᠳᠠᠪᠤᠷᠢ ᠶᠢᠨ ᠬᠡᠮᠵᠢᠨ ᠲᠣᠭᠲᠠᠭᠠᠯᠲᠠ  ᠬᠢᠵᠦ᠂ ᠲᠣᠭᠠᠴᠢᠯᠠᠭᠰᠠᠨ ᠬᠥᠳᠡᠯᠦᠩᠭᠦᠶ ᠬᠢᠨᠠᠨ ᠬᠡᠮᠵᠢᠯᠲᠡ ᠪᠠ ᠮᠡᠳᠡᠭᠡ  ᠵᠠᠩᠬᠢᠴᠢᠯᠠᠭᠰᠠᠨ ᠬᠢᠨᠠᠯᠲᠠ ᠬᠠᠮᠢᠶᠠᠷᠤᠯᠲᠠ ᠶᠢ ᠬᠡᠷᠡᠭᠵᠢᠬᠦᠯᠵᠦ᠂ ᠰᠢᠯᠢᠳᠡᠭ ᠴᠢᠨᠠᠷ ᠪᠠ ᠰᠢᠯᠢᠳᠡᠭ ᠭᠧᠨ ᠢ ᠠᠭᠤᠳᠠᠯᠤᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂  ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ᠂ ᠴᠢᠩ ᠱᠦᠶ ᠾᠧ ᠰᠢᠶᠠᠨ ᠤ ᠠᠷᠠᠳ ᠤᠨ ᠵᠠᠰᠠᠭ ᠤᠨ ᠣᠷᠳᠣᠨ᠂ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ︶       ③ ᠰᠢᠨ᠎ᠡ ᠪᠠᠷ ᠪᠠᠶᠢᠭᠤᠯᠤᠭᠰᠠᠨ ᠰᠠᠭᠠᠯᠢ ᠶᠢᠨ ᠥᠨᠢᠶ᠎ᠡ ᠶᠢᠨ ᠮᠠᠯᠵᠢᠯ ᠤᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠤᠨ᠎ᠠ᠃ ᠲᠦᠮᠡᠳ ᠵᠡᠭᠦᠨ ᠬᠤᠰᠢᠭᠤ᠂ ᠬᠤᠷᠢᠨᠬᠡᠷ ᠰᠢᠶᠠᠨ᠂ ᠲᠣᠭᠲᠠᠬᠤ ᠰᠢᠶᠠᠨ᠂ ᠰᠠᠶᠢᠬᠠᠨ ᠲᠣᠭᠤᠷᠢᠭ᠂ ᠴᠢᠩ ᠱᠦᠶ ᠾᠧ ᠰᠢᠶᠠᠨ ᠵᠡᠷᠭᠡ ᠭᠠᠵᠠᠷ ᠣᠷᠣᠨ ᠳᠤ ᠰᠢᠨ᠎ᠡ ᠨᠢᠭᠡ ᠡᠭᠡᠯᠵᠢ ᠶᠢᠨ ᠪᠠᠷᠢᠮᠵᠢᠶᠠᠵᠢᠭᠰᠠᠨ᠂ ᠬᠡᠪᠴᠢᠶᠡᠵᠢᠭᠰᠡᠨ ᠰᠦ ᠶᠢᠨ ᠢᠷᠡᠯᠲᠡ ᠶᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠥᠨᠳᠥᠷ ᠪᠠᠷᠢᠮᠵᠢᠶᠠᠲᠤ ᠲᠣᠮᠣ ᠬᠡᠯᠪᠡᠷᠢ ᠶᠢᠨ 20 ᠰᠠᠭᠠᠯᠢ ᠶᠢᠨ ᠦᠨᠢᠶ᠎ᠡ ᠶᠢᠨ ᠮᠠᠯᠵᠢᠯ ᠤᠨ ᠲᠠᠯᠠᠪᠠᠶ ᠶᠢ ᠠᠵᠢᠯ ᠡᠬᠢᠯᠡᠭᠦᠯᠦᠨ ᠰᠢᠨ᠎ᠡ ᠪᠠᠷ ᠪᠠᠶᠢᠭᠤᠯᠵᠤ᠂ ᠵᠢᠯ ᠪᠦᠷᠢ 5 ᠲᠦᠮᠡᠨ ᠰᠠᠭᠠᠯᠢ ᠶᠢᠨ ᠦᠨᠢᠶ᠎ᠡ ᠶᠢ ᠰᠢᠨ᠎ᠡ ᠪᠠᠷ ᠨᠡᠮᠡᠭᠳᠡᠭᠦᠯᠦᠨ᠎ᠡ᠃ 2021 ᠣᠨ ᠳᠤ 15 ᠰᠠᠭᠠᠯᠢ ᠶᠢᠨ ᠦᠨᠢᠶᠡᠨ ᠤ ᠮᠠᠯᠵᠢᠯ ᠤᠨ ᠲᠠᠯᠠᠪᠠᠶ ᠶᠢᠨ ᠦᠷᠭᠦᠯᠵᠢᠯᠡᠨ ᠪᠠᠶᠢᠭᠤᠯᠬᠤ ᠢᠨᠵᠧᠨᠧᠷᠢᠩ ᠢ ᠪᠡᠶᠡᠯᠡᠭᠦᠯᠦᠨ᠎ᠡ ︵ᠲᠦᠮᠡᠳ ᠵᠡᠭᠦᠨ ᠬᠤᠰᠢᠭᠤ 7᠂  ᠬᠤᠷᠢᠨᠬᠡᠷ ᠰᠢᠶᠠᠨ 3᠂ ᠲᠤᠭᠲᠠᠬᠤ ᠰᠢᠶᠠᠨ 2᠂ ᠴᠢᠩ ᠱᠦᠶ ᠾᠧ ᠰᠢᠶᠠᠨ 2᠂ ᠰᠠᠶᠢᠬᠠᠨ ᠲᠣᠭᠤᠷᠢᠭ 1︶︔ ᠡᠭᠦᠨ ᠤ ᠬᠠᠮᠲᠤ ᠰᠢᠨ᠎ᠡ ᠪᠠᠷ ᠪᠠᠶᠢᠭᠤᠯᠬᠤ 10 ᠥᠨᠳᠥᠷ ᠪᠠᠷᠢᠮᠵᠢᠶᠠᠲᠤ ᠲᠣᠮᠣ ᠬᠡᠯᠪᠡᠷᠢ ᠶᠢᠨ ᠰᠠᠭᠠᠯᠢ ᠶᠢᠨ ᠦᠨᠢᠶ᠎ᠡ ᠶᠢᠨ ᠮᠠᠯᠵᠢᠯ ᠤᠨ ᠲᠠᠯᠠᠪᠠᠶ ᠶᠢᠨ ᠭᠠᠵᠠᠷ ᠰᠣᠩᠭᠤᠬᠤ ᠵᠢᠴᠢ ᠬᠤᠯᠪᠤᠭᠳᠠᠯ ᠪᠥᠬᠦᠶ ᠭᠠᠷᠳᠠᠮ ᠭᠦᠢᠴᠡᠳᠭᠡᠬᠦ ᠠᠵᠢᠯ ᠢ ᠡᠬᠢᠯᠡᠭᠦᠯᠦᠨ᠎ᠡ ︵ᠲᠦᠮᠡᠳ ᠵᠡᠭᠦᠨ ᠬᠤᠰᠢᠭᠤ 2᠂ ᠬᠤᠷᠢᠨᠬᠡᠷ ᠰᠢᠶᠠᠨ 3᠂ ᠲᠣᠭᠲᠠᠬᠤ ᠰᠢᠶᠠᠨ 4᠂ ᠴᠢᠩ ᠱᠦᠶ ᠾᠧ ᠰᠢᠶᠠᠨ1︶᠃ 2023 ᠣᠨ ᠪᠣᠯᠬᠤ ᠳᠤ᠂ ᠰᠦ ᠶᠢᠨ ᠡᠳᠦᠷ ᠤᠨ ᠭᠠᠷᠤᠯᠲᠠ ᠶᠢ 6900 ᠲᠣᠨ ᠳᠤ ᠬᠦᠷᠭᠡᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠬᠥᠬᠡᠬᠤᠲᠠ ᠶᠢᠨ ᠴᠠᠬᠢᠯᠭᠠᠨ ᠬᠠᠩᠭᠠᠬᠤ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠲᠦᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠬᠤᠷᠢᠨᠬᠡᠷ ᠰᠢᠶᠠᠨ ᠤ ᠠᠷᠠᠳ ᠤᠨ ᠵᠠᠰᠠᠭ ᠤᠨ ᠣᠷᠳᠣᠨ᠂ ᠴᠢᠩ ᠱᠦᠶ ᠾᠧ ᠰᠢᠶᠠᠨ ᠤ ᠠᠷᠠᠳ ᠤᠨ ᠵᠠᠰᠠᠭ ᠤᠨ ᠣᠷᠳᠣᠨ᠂ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶       ④ ᠰᠠᠭᠠᠯᠢ ᠶᠢᠨ ᠢᠮᠠᠭᠠᠨ ᠤ ᠮᠠᠯᠵᠢᠯ ᠤᠨ ᠲᠠᠯᠠᠪᠠᠶ ᠶᠢᠨ ᠲᠡᠵᠢᠭᠡᠨ ᠦᠷᠡᠵᠢᠭᠦᠯᠬᠦ ᠬᠡᠪᠴᠢᠶᠡᠵᠢᠯ ᠢ ᠲᠡᠭᠡᠭᠰᠢᠯᠡᠭᠦᠯᠦᠨ᠎ᠡ᠃ ᠥᠪᠥᠷ ᠮᠣᠩᠭᠤᠯ ᠤᠨ ᠱᠧᠩ ᠵᠢᠶᠠᠨ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠰᠠᠭᠠᠯᠢ ᠶᠢᠨ ᠢᠮᠠᠭ᠎ᠠ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢᠶᠠᠷ ᠲᠦᠰᠢᠭ ᠪᠣᠯᠭᠠᠵᠤ᠂ 2021 ᠣᠨ ᠳᠤ 3 ᠰᠠᠭᠠᠯᠢ ᠶᠢᠨ ᠢᠮᠠᠭ᠎ᠠ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ ᠰᠢᠨ᠎ᠡ ᠪᠠᠷ ᠪᠠᠶᠢᠭᠤᠯᠵᠤ᠂ ᠰᠠᠭᠠᠯᠢ ᠶᠢᠨ ᠢᠮᠠᠭ᠎ᠠ ᠶᠢ 5 ᠲᠦᠮᠡ ᠳᠤ ᠬᠦᠷᠭᠡᠵᠦ᠂ ᠰᠦ ᠶᠢᠨ ᠡᠳᠦᠷ ᠤᠨ ᠭᠠᠷᠤᠯᠲᠠ ᠶᠢ 62.5 ᠲᠣᠨ ᠬᠦᠷᠭᠡᠨ᠎ᠡ᠃ ︵ᠬᠤᠷᠢᠨᠬᠡᠷ ᠰᠢᠶᠠᠨ 1᠂ ᠰᠠᠶᠢᠬᠠᠨ ᠲᠣᠭᠤᠷᠢᠭ 1᠂ ᠦᠴᠤᠸᠠᠨ ᠰᠢᠶᠠᠨ 1︶᠃ 2023 ᠣᠨ ᠪᠣᠯᠬᠤ ᠳᠤ᠂ ᠪᠥᠬᠦ ᠬᠤᠲᠠ ᠶᠢᠨ ᠰᠠᠭᠠᠯᠢ ᠶᠢᠨ ᠢᠮᠠᠭ᠎ᠠ ᠶᠢᠨ  ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠠᠯᠠᠪᠠᠶ ᠶᠢ 30 ᠳᠤ ᠬᠦᠷᠭᠡᠵᠦ᠂ ᠮᠠᠨ ᠤ ᠬᠤᠲᠠ ᠶᠢᠨ ᠰᠠᠭᠠᠯᠢ ᠶᠢᠨ ᠢᠮᠠᠭ᠎ᠠ ᠶᠢ ᠲᠡᠵᠢᠭᠡᠨ ᠦᠷᠡᠵᠢᠭᠦᠯᠬᠦ ᠬᠡᠮᠵᠢᠶ᠎ᠡ ᠶᠢ ᠲᠦᠷᠭᠡᠨ ᠥᠷᠭᠡᠳᠬᠡᠨ᠂ ᠰᠠᠭᠠᠯᠢ ᠶᠢᠨ ᠢᠮᠠᠭ᠎ᠠ ᠶᠢᠨ ᠲᠤᠭ᠎ᠠ ᠶᠢ 15 ᠲᠦᠮᠡ ᠳᠤ ᠬᠦᠷᠭᠡᠵᠦ᠂ ᠰᠦ ᠶᠢᠨ ᠡᠳᠦᠷ ᠤᠨ ᠭᠠᠷᠤᠯᠲᠠ 200 ᠲᠣᠨ ᠠᠴᠠ ᠳᠡᠭᠡᠭᠰᠢ ᠪᠣᠯᠬᠤ ᠶᠢ ᠪᠡᠶᠡᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠬᠥᠬᠡᠬᠤᠲᠠ ᠶᠢᠨ ᠴᠠᠬᠢᠯᠭᠠᠨ ᠬᠠᠩᠭᠠᠬᠤ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠬᠤᠷᠢᠨᠬᠡᠷ ᠰᠢᠶᠠᠨ ᠤ ᠠᠷᠠᠳ ᠤᠨ ᠵᠠᠰᠠᠭ ᠤᠨ ᠣᠷᠳᠣᠨ᠂ ᠦᠴᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ᠂ ᠴᠢᠩ ᠱᠦᠶ ᠾᠧ ᠰᠢᠶᠠᠨ ᠤ ᠠᠷᠠᠳ ᠤᠨ ᠵᠠᠰᠠᠭ ᠤᠨ ᠣᠷᠳᠣᠨ᠂ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶       ⑤ ᠠᠮᠢᠲᠠᠨ ᠤ ᠬᠢᠵᠢᠭ ᠢ ᠰᠡᠷᠭᠡᠶᠢᠯᠡᠬᠦ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠲᠡᠵᠢᠭᠡᠨ ᠦᠷᠡᠵᠢᠭᠦᠯᠬᠦ ᠲᠠᠯᠠᠪᠠᠶ ᠶᠢᠨ ᠬᠢᠵᠢᠭ ᠰᠡᠷᠭᠡᠶᠢᠯᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ  ᠨᠠᠶᠢᠳᠠᠪᠤᠷᠢᠵᠢᠭᠤᠯᠵᠤ᠂ ᠲᠡᠵᠢᠭᠡᠨ ᠦᠷᠡᠵᠢᠭᠦᠯᠬᠦ ᠲᠠᠯᠠᠪᠠᠶ ᠳᠤ ᠬᠢᠨᠠᠯᠲᠠ ᠲᠠᠯᠪᠢᠵᠤ ᠪᠠᠶᠢᠭᠠᠳ ᠠᠯᠪᠠᠳᠠᠯᠭ᠎ᠠ ᠪᠠᠷ  ᠲᠠᠷᠬᠠᠯᠠᠭ᠎ᠠ ᠶᠢᠨ ᠲᠥᠯᠥᠪᠯᠡᠭᠡ ᠪᠠ ᠮᠡᠷᠭᠡᠵᠢᠯ ᠤᠨ ᠵᠢᠷᠤᠮᠵᠢᠯ ᠶᠣᠰᠣᠭᠠᠷ ᠳᠠᠷᠬᠠᠯᠠᠭ᠎ᠠ ᠶᠢᠨ ᠲᠠᠷᠢᠯᠭ᠎ᠠ  ᠲᠠᠷᠢᠵᠤ᠂  ᠳᠠᠷᠬᠠᠯᠠᠭ᠎ᠠ ᠶᠢᠨ ᠲᠠᠩᠰᠠ ᠡᠪᠬᠡᠮᠡᠯ ᠪᠠᠶᠢᠭᠤᠯᠤᠨ᠂ ᠬᠦᠨᠳᠦ ᠶᠡᠭᠡ ᠠᠮᠢᠲᠠᠨ ᠤ ᠭᠡᠮ ᠬᠢᠵᠢᠭ ᠤᠨ ᠬᠠᠮᠳᠤ ᠶᠢᠨ ᠲᠠᠷᠬᠠᠯᠠᠭ᠎ᠠ ᠶᠢᠨ ᠨᠢᠭᠲᠠᠴᠠ ᠶᠢ ᠵᠢᠯ ᠲᠤᠷᠰᠢ 90% ᠠᠴᠠ ᠳᠡᠭᠡᠭᠰᠢ ᠪᠠᠶᠢᠯᠭᠠᠵᠤ᠂ ᠳᠠᠷᠬᠠᠯᠠᠭ᠎ᠠ ᠬᠢᠬᠦ ᠶᠣᠰᠣᠲᠠᠶ ᠠᠮᠢᠲᠠᠨ ᠤ ᠳᠠᠷᠬᠠᠯᠠᠭ᠎ᠠ ᠶᠢᠨ ᠨᠢᠭᠲᠠᠴᠠ ᠶᠢ 100% ᠳᠤ ᠬᠦᠷᠭᠡᠵᠦ᠂ ᠲᠠᠷᠬᠠᠯᠠᠭ᠎ᠠ ᠶᠢᠨ ᠡᠰᠡᠷᠬᠦ ᠴᠤᠭᠴᠠ ᠶᠢᠨ ᠬᠢᠷᠢ ᠲᠡᠩᠴᠡᠭᠦ ᠨᠣᠷᠮ᠎ᠠ ᠶᠢ 70% ᠠᠴᠠ ᠳᠡᠭᠡᠭᠰᠢ ᠪᠠᠶᠢᠯᠭᠠᠨ᠎ᠠ᠃ ᠲᠡᠵᠢᠭᠡᠨ ᠦᠷᠡᠵᠢᠭᠦᠯᠬᠦ ᠲᠠᠯᠠᠪᠠᠶ ᠶᠢ ᠵᠢᠯᠣᠭᠤᠳᠤᠨ ᠮᠠᠯ ᠵᠢᠭᠦᠷᠲᠡᠨ ᠳᠤ ᠲᠡᠮᠳᠡᠭ ᠲᠠᠯᠪᠢᠵᠦ᠂ ᠮᠦᠷᠳᠡᠵᠦ ᠪᠣᠯᠬᠤ ᠪᠣᠯᠭᠠᠨ᠎ᠠ᠃ ᠰᠠᠭᠠᠯᠢ ᠶᠢᠨ ᠦᠨᠢᠶ᠎ᠡ᠂ ᠰᠠᠭᠠᠯᠢ ᠶᠢᠨ ᠢᠮᠠᠭ᠎ᠠ ᠶᠢ ᠰᠢᠯᠵᠢᠭᠦᠯᠦᠨ ᠲᠡᠭᠡᠭᠡᠪᠦᠷᠢᠯᠡᠬᠦ ᠠᠵᠢᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠂ ᠠᠮᠢᠲᠠᠨ ᠪᠠ ᠠᠮᠢᠲᠠᠨ ᠤ ᠠᠰᠢᠭ ᠰᠢᠮ᠎ᠡ ᠶᠢᠨ ᠬᠢᠵᠢᠭ ᠪᠠᠶᠢᠴᠠᠭᠠᠬᠤ ᠠᠵᠢᠯ ᠢ ᠰᠠᠶᠢᠲᠤᠷ ᠬᠢᠨ᠎ᠡ᠃ ᠲᠡᠵᠢᠭᠡᠨ ᠦᠷᠡᠵᠢᠭᠦᠯᠬᠦ ᠲᠠᠯᠠᠪᠠᠶ ᠶᠢ ᠵᠢᠯᠣᠭᠤᠳᠤᠨ ᠠᠮᠢᠲᠠᠨ ᠤ ᠬᠢᠵᠢᠭ ᠢ ᠰᠡᠷᠭᠡᠶᠢᠯᠡᠬᠦ ᠬᠢᠷᠢ  ᠲᠥᠪᠰᠢᠨ ᠢ ᠳᠡᠭᠡᠭᠰᠢᠯᠡᠭᠦᠯᠵᠦ᠂ ᠠᠮᠢᠳᠤ ᠪᠣᠳᠠᠰ ᠤᠨ ᠠᠮᠤᠷ ᠲᠦᠪᠰᠢᠨ ᠢ ᠰᠡᠷᠭᠡᠶᠢᠯᠡᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠂ ᠠᠮᠢᠲᠠᠨ ᠤ  ᠭᠡᠮ ᠬᠢᠵᠢᠭ ᠡᠭᠦᠰᠬᠦ ᠲᠦᠭᠰᠢᠭᠦᠷᠢ ᠶᠢ ᠪᠠᠭᠤᠷᠠᠭᠤᠯᠤᠨ᠎ᠠ᠃  ᠰᠦ ᠶᠢᠨ ᠢᠷᠡᠯᠲᠡ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠳᠤ ᠬᠢᠷᠢ ᠲᠡᠩᠴᠡᠬᠦ ᠨᠣᠷᠮ᠎ᠠ ᠶᠢ 100% ᠳᠤ ᠬᠦᠷᠭᠡᠨ᠎ᠡ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶       ⑥ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠰᠦ ᠶᠢᠨ ᠢᠷᠡᠯᠲᠡ ᠶᠢᠨ ᠰᠠᠭᠤᠷᠢᠨ ᠭᠠᠵᠠᠷ ᠤᠨ ᠨᠢᠭᠡ ᠴᠤᠭᠴᠠᠵᠢᠭᠰᠠᠨ ᠬᠦᠭᠵᠢᠯᠲᠡ ᠶᠢ ᠲᠦᠷᠭᠡᠳᠬᠡᠨ᠎ᠡ᠃ ᠬᠥᠬᠡᠬᠤᠲᠠ ᠪᠤᠭᠤᠲᠤ ᠤᠷᠳᠤᠰ ᠤᠯᠠᠭᠠᠨᠴᠠᠪ ᠤᠨ ᠬᠠᠮᠵᠢᠯᠴᠠᠨ ᠬᠥᠭᠵᠢᠬᠦ ᠪᠠᠷ ᠠᠵᠠ ᠲᠣᠬᠢᠶᠠᠯ ᠪᠣᠯᠭᠠᠵᠤ᠂ ᠣᠷᠣᠨ ᠪᠦᠰᠡ ᠶᠢᠨ ᠰᠦ ᠶᠢᠨ ᠦᠢᠯᠡᠰ ᠤᠨ ᠠᠭᠤᠰᠤᠯᠴᠠᠨ ᠬᠥᠭᠵᠢᠬᠦ ᠶᠢ ᠴᠢᠩᠭᠠᠳᠬᠠᠵᠤ᠂ ᠬᠤᠳᠠ ᠶᠢᠨ ᠳᠡᠰ ᠤᠨ ᠰᠦ ᠶᠢᠨ ᠢᠷᠡᠯᠳᠡ ᠶᠢᠨ ᠰᠠᠭᠤᠷᠢᠨ ᠭᠠᠵᠠᠷ ᠤᠨ ᠬᠠᠮᠲᠤᠷᠠᠭᠰᠠᠨ ᠬᠤᠷᠠᠯ ᠤᠨ ᠲᠦᠷᠢᠮ ᠢ ᠪᠠᠶᠢᠭᠤᠯᠵᠤ᠂ ᠲᠦᠷᠪᠡᠨ ᠬᠤᠳᠠ ᠶᠢᠨ ᠬᠢᠨ ᠭᠠᠵᠠᠷ ᠣᠷᠣᠨ ᠤ ᠪᠠᠶᠢᠳᠠᠯ ᠳᠠᠭᠠᠨ ᠳᠤᠬᠢᠷᠠᠭᠤᠯᠤᠨ ᠳᠤᠮᠳᠠ ᠪᠠᠷᠠᠭᠤᠨ ᠣᠷᠣᠨ ᠤ ᠡᠯ᠎ᠡ ᠲᠤᠮᠤ ᠰᠦ ᠶᠢᠨ ᠠᠵᠤ ᠠᠬᠤᠶᠢᠯᠠᠯ ᠤᠨ ᠰᠦ ᠶᠢᠨ ᠢᠷᠡᠯᠳᠡ ᠶᠢᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠬᠠᠮᠲᠤᠪᠠᠷ ᠠᠬᠢᠭᠤᠯᠵᠤ᠂ ᠪᠦᠬᠦ ᠤᠯᠤᠰ ᠤᠨ ᠰᠦ ᠶᠢᠨ ᠦᠢᠯᠡᠰ ᠤᠨ ᠪᠣᠬᠢᠷᠲᠤᠯ ᠦᠬᠡᠢ ᠬᠥᠭᠵᠢᠯᠲᠡ ᠶᠢ ᠬᠦᠳᠦᠯᠦᠨ ᠳᠠᠭᠠᠭᠤᠯᠵᠤ ᠲᠠᠶᠢᠴᠢᠯᠠᠨ᠂ ᠰᠦ ᠶᠢᠨ ᠢᠷᠡᠯᠳᠡ ᠶᠢᠨ ᠬᠠᠩᠭᠠᠯᠭ᠎ᠠ ᠶᠢᠨ ᠪᠠᠲᠤᠯᠠᠭ᠎ᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ 2021 ᠣᠨ ᠳᠤ᠂ ᠡᠷᠬᠢᠨ ᠲᠣᠭᠤᠷᠢᠨ ᠤ ᠠᠶᠢᠮᠠᠭ ᠬᠤᠲᠠ ᠳᠤ 10  ᠰᠦ ᠶᠢᠨ ᠢᠷᠡᠯᠲᠡ ᠶᠢᠨ ᠰᠠᠭᠤᠷᠢᠨ ᠭᠠᠵᠠᠷ ︵ᠪᠤᠭᠤᠲᠤ ᠬᠤᠲᠠ 2᠂ ᠣᠷᠳᠣᠰ ᠬᠤᠲᠠ 5᠂ ᠤᠯᠠᠭᠠᠨᠴᠠᠪ ᠬᠤᠲᠠ 3︶ ᠢ ᠡᠬᠢᠯᠡᠨ ᠪᠥᠲᠥᠭᠡᠨ ᠪᠠᠶᠢᠭᠤᠯᠤᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠣᠷᠣᠨ ᠪᠦᠰᠡ ᠶᠢᠨ ᠠᠵᠤ ᠠᠬᠤᠶ ᠶᠢᠨ ᠬᠠᠮᠳᠤᠷᠠᠯᠴᠠᠭᠠᠨ ᠤ ᠲᠣᠪᠴᠢᠶ᠎ᠠ︶       ᠴᠢᠨᠠᠷ ᠰᠠᠶᠢᠲᠠᠶ ᠪᠦᠳᠦᠭᠦᠯᠢᠭ ᠪᠣᠷᠳᠤᠭ᠎ᠠ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠡᠵᠢᠭᠡᠨ ᠦᠷᠡᠵᠢᠭᠦᠯᠬᠦ ᠲᠠᠯᠠᠪᠠᠶ ᠶᠢᠨ  ᠢᠵᠢ ᠪᠦᠷᠢᠳᠦᠭᠦᠯᠦᠭᠰᠡᠨ ᠡᠪᠡᠰᠦ ᠪᠣᠷᠳᠤᠭ᠎ᠠ ᠳᠠᠷᠢᠬᠤ ᠰᠠᠭᠤᠷᠢᠨ ᠭᠠᠵᠠᠷ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠎ᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠲᠠᠢ ᠤᠶᠠᠯᠳᠤᠭᠤᠯᠤᠨ᠂ ᠴᠢᠨᠠᠷ ᠰᠠᠶᠢᠲᠠᠶ ᠡᠪᠡᠰᠦ ᠪᠣᠷᠳᠤᠭ᠎ᠠ ᠳᠠᠷᠢᠬᠤ ᠶᠢ ᠤᠷᠢᠳᠠᠪᠠᠷ ᠳᠣᠭᠢᠷᠠᠭᠤᠯᠵᠤ᠂ 2021 ᠣᠨ ᠳᠤ ᠴᠢᠨᠠᠷ ᠰᠠᠶᠢᠲᠠᠶ ᠡᠪᠡᠰᠦ ᠪᠣᠷᠳᠤᠭ᠎ᠠ ᠶᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ 125 ᠲᠦᠮᠡᠨ ᠮᠥ ᠳᠤ ᠬᠦᠷᠭᠡᠨ᠎ᠡ᠃ ᠡᠭᠦᠨ ᠳᠤ᠂ ᠨᠤᠭᠤᠭᠠᠨ ᠳᠠᠷᠤᠰᠢ ᠶᠢᠨ ᠡᠷᠳᠡᠨᠢ ᠰᠢᠰᠢ ᠳᠠᠷᠢᠬᠤ ᠲᠠᠯᠠᠪᠠᠶ ᠶᠢ 100 ᠲᠦᠮᠡᠨ ᠮᠥ ︵ᠲᠦᠮᠡᠳ ᠵᠡᠭᠦᠨ ᠬᠤᠰᠢᠭᠤ 40 ᠲᠦᠮᠡᠨ ᠮᠥ᠂ ᠬᠤᠷᠢᠨᠬᠡᠷ ᠰᠢᠶᠠᠨ 25 ᠲᠦᠮᠡᠨ ᠮᠥ᠂ ᠲᠣᠭᠲᠠᠬᠤ ᠰᠢᠶᠠᠨ 22 ᠲᠦᠮᠡᠨ ᠮᠥ᠂ ᠴᠢᠩ ᠱᠦᠶ ᠾᠧ ᠰᠢᠶᠠᠨ 6 ᠲᠦᠮᠡᠨ ᠮᠥ᠂ ᠰᠠᠶᠢᠬᠠᠨ ᠲᠣᠭᠤᠷᠢᠭ 5 ᠲᠦᠮᠡᠨ ᠮᠥ᠂ ᠦᠴᠤᠸᠠᠨ ᠰᠢᠶᠠᠨ 1 ᠲᠦᠮᠡᠨ ᠮᠥ᠂ ᠢᠥᠢ ᠴᠢᠤᠸᠠᠨ ᠲᠣᠭᠤᠷᠢᠭ 1 ᠲᠦᠮᠡᠨ ᠮᠥ︶ ᠳᠤ ᠬᠥᠷᠭᠡᠵᠦ᠂ ᠦᠨᠳᠦᠰᠦᠨ ᠳᠡᠭᠡᠨ ᠥᠪᠡᠷ ᠢ ᠪᠠᠨ ᠬᠠᠩᠭᠠᠬᠤ ᠶᠢ ᠪᠡᠶᠡᠯᠡᠭᠦᠯᠦᠨ᠎ᠡ︔ ᠴᠢᠨᠠᠷ ᠰᠠᠶᠢᠲᠠᠶ ᠨᠣᠬᠠᠢ ᠶᠢᠨ ᠬᠤᠰᠢᠭᠤ ᠶᠢ 13 ᠲᠦᠮᠡᠨ ᠮᠥ ︵ᠦᠴᠤᠸᠠᠨ ᠰᠢᠶᠠᠨ 7 ᠲᠦᠮᠡᠨ ᠮᠥ᠂ ᠴᠢᠩ ᠱᠦᠶ ᠾᠧ ᠰᠢᠶᠠᠨ 3 ᠲᠦᠮᠡᠨ ᠮᠥ᠂  ᠬᠤᠷᠢᠨᠭᠡᠷ ᠰᠢᠶᠠᠨ 2.4 ᠲᠦᠮᠡᠨ ᠮᠥ᠂ ᠲᠤᠭᠲᠠᠬᠤ ᠰᠢᠶᠠᠨ 0.6 ᠲᠦᠮᠡᠨ ᠮᠥ︶ ᠳᠠᠷᠢᠨ᠎ᠠ︔ ᠴᠢᠨᠠᠷ ᠰᠠᠶᠢᠲᠠᠶ ᠴᠠᠷᠭᠠᠰᠤ ᠶᠢ 12 ᠲᠦᠮᠡᠨ ᠮᠥ ︵ᠲᠦᠮᠡᠳ ᠵᠡᠭᠦᠨ ᠬᠤᠰᠢᠭᠤ 3 ᠲᠦᠮᠡᠨ ᠮᠥ᠂ ᠴᠢᠩ ᠱᠦᠶ ᠾᠧ ᠰᠢᠶᠠᠨ 2.8 ᠲᠦᠮᠡᠨ ᠮᠥ᠂  ᠬᠤᠷᠢᠨᠬᠡᠷ ᠰᠢᠶᠠᠨ 2.13 ᠲᠦᠮᠡᠨ ᠮᠥ ᠂ ᠦᠴᠤᠸᠠᠨ ᠰᠢᠶᠠᠨ 2 ᠲᠦᠮᠡᠨ ᠮᠥ᠂ ᠲᠣᠭᠲᠠᠬᠤ ᠰᠢᠶᠠᠨ 1.8 ᠲᠦᠮᠡᠨ ᠮᠥ᠂ ᠰᠠᠶᠢᠬᠠᠨ ᠲᠣᠭᠤᠷᠢᠭ  0.2 ᠲᠦᠮᠡᠨ ᠮᠥ᠂ ᠰᠢᠨ᠎ᠡ ᠬᠤᠲᠠ ᠲᠣᠭᠤᠷᠢᠭ 0.07 ᠲᠦᠮᠡᠨ ᠮᠥ︶ ᠳᠠᠷᠢᠵᠤ᠂ ᠴᠢᠨᠠᠷ ᠰᠠᠶᠢᠲᠠᠶ ᠨᠣᠬᠠᠢ ᠶᠢᠨ ᠬᠤᠰᠢᠭᠤ ᠂ ᠴᠢᠨᠠᠷ ᠰᠠᠶᠢᠲᠠᠶ ᠴᠠᠷᠭᠠᠰᠤ ᠶᠢᠨ ᠲᠣᠰ ᠭᠠᠵᠠᠷ ᠤᠨ ᠥᠪᠡᠷ ᠢ ᠪᠠᠨ ᠬᠠᠩᠭᠠᠬᠤ ᠨᠣᠷᠮ᠎ᠠ ᠶᠢ 20% ᠠᠴᠠ ᠳᠡᠭᠡᠭᠰᠢ ᠳᠤ ᠬᠦᠷᠭᠡᠨ᠎ᠡ᠃       2023 ᠣᠨ ᠪᠣᠯᠬᠤ ᠳᠤ᠂ ᠨᠣᠭᠤᠭᠠᠨ ᠳᠠᠷᠤᠰᠢ ᠶᠢᠨ ᠡᠷᠳᠡᠨᠢ ᠰᠢᠰᠢ᠂ ᠴᠠᠷᠭᠠᠰᠤ᠂ ᠨᠣᠬᠠᠶ ᠶᠢᠨ ᠬᠤᠰᠢᠭᠤ ᠶᠢᠨ ᠡᠪᠡᠰᠦ ᠵᠡᠷᠭᠡ ᠴᠢᠨᠠᠷ ᠰᠠᠶᠢᠲᠠᠶ ᠡᠪᠡᠰᠦ ᠪᠣᠷᠳᠣᠭᠠᠨ ᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ 150 ᠲᠦᠮᠡᠨ ᠮᠥ ᠳᠤ ᠬᠦᠷᠭᠡᠵᠦ᠂ ᠨᠣᠭᠤᠭᠠᠨ ᠳᠠᠷᠤᠰᠢ ᠶᠢᠨ ᠡᠷᠳᠡᠨᠢ ᠰᠢᠰᠢ ᠦᠨᠳᠦᠰᠦᠨ ᠳᠡᠭᠡᠨ ᠥᠪᠡᠷ ᠢ ᠪᠠᠨ ᠬᠠᠩᠭᠠᠬᠤ ᠶᠢ ᠪᠡᠶᠡᠯᠡᠭᠦᠯᠵᠦ᠂ ᠴᠢᠨᠠᠷ ᠰᠠᠶᠢᠲᠠᠶ ᠨᠣᠬᠠᠶ ᠶᠢᠨ ᠬᠤᠰᠢᠭᠤ ᠶᠢᠨ ᠡᠪᠡᠰᠦ᠂ ᠴᠢᠨᠠᠷ ᠰᠠᠶᠢᠲᠠᠶ ᠴᠠᠷᠭᠠᠰᠤ ᠶᠢᠨ ᠲᠣᠰ ᠭᠠᠵᠠᠷ ᠤᠨ ᠥᠪᠡᠷ ᠢ ᠪᠠᠨ ᠬᠠᠩᠭᠠᠬᠤ ᠨᠣᠷᠮ᠎ᠠ ᠶᠢ 30% ᠠᠴᠠ ᠳᠡᠭᠡᠭᠰᠢ ᠳᠤ ᠬᠦᠷᠭᠡᠨ᠎ᠡ᠃ ᠡᠭᠦᠨ ᠤ ᠬᠠᠮᠲᠤ᠂ ᠴᠢᠨᠠᠷ ᠰᠠᠶᠢᠲᠠᠶ ᠡᠪᠡᠰᠦ ᠪᠣᠷᠳᠤᠭᠠᠨ ᠤ ᠮᠡᠷᠭᠡᠵᠢᠯ ᠤᠨ ᠪᠣᠭᠤᠮᠲᠠ ᠰᠢᠪᠲᠤᠯᠬᠤ ᠲᠥᠷᠥᠯ ᠵᠦᠢᠯ ᠤᠨ ᠦᠷ᠎ᠡ ᠪᠦᠲᠦᠭᠡᠯ ᠢ  ᠬᠦᠢᠴᠡᠳ ᠳᠡᠯᠭᠡᠷᠡᠭᠦᠯᠦᠨ ᠬᠡᠷᠡᠭᠯᠡᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠠᠷᠢᠮᠵᠢᠶᠠᠵᠢᠭᠤᠯᠤᠭᠰᠠᠨ ᠳᠠᠷᠢᠬᠤ ᠮᠡᠷᠭᠡᠵᠢᠯ ᠤᠨ ᠵᠢᠷᠤᠮᠵᠢᠯ ᠢ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠴᠠᠷᠭᠠᠰᠤ ᠳᠠᠷᠢᠬᠤ ᠴᠢᠨᠠᠷ ᠰᠠᠶᠢᠲᠠᠶ ᠪᠠᠷᠢᠮᠵᠢᠶᠠᠵᠢᠭᠰᠠᠨ ᠰᠢᠰᠲ᠋ᠧᠮᠵᠢ ᠶᠢ ᠪᠣᠶ ᠪᠣᠯᠭᠠᠨ᠎ᠠ᠃ 2021 ᠣᠨ ᠳᠤ 6 ᠵᠦᠢᠯ ᠤᠨ ᠪᠠᠷᠢᠮᠵᠢᠶ᠎ᠠ ᠶᠢ ᠲᠣᠭᠲᠠᠭᠠᠵᠤ᠂ 2023 ᠣᠨ ᠪᠣᠯᠬᠤ ᠳᠤ ᠪᠠᠷᠢᠮᠵᠢᠶᠠᠵᠢᠭᠰᠠᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠲᠠᠯᠠᠪᠠᠶ ᠶᠢ 25 ᠲᠦᠮᠡᠨ ᠮᠥ ᠳᠤ ᠬᠥᠷᠭᠡᠵᠦ᠂ ᠡᠪᠡᠰᠦ ᠪᠣᠷᠳᠤᠭ᠎ᠠ ᠲᠠᠷᠢᠬᠤ ᠶᠢ ᠲᠤᠭᠠᠴᠢᠵᠢᠭᠤᠯᠤᠨ᠂ ᠮᠡᠳᠡᠭᠡ ᠵᠠᠩᠭᠢᠴᠢᠵᠢᠭᠤᠯᠤᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠵᠡᠷᠭᠡ ᠳᠤᠨᠢ ᠪᠡᠶᠡᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ︔  ᠬᠠᠷᠢᠭᠤᠴᠠᠯᠭᠠᠲᠤ ᠨᠢᠭᠡᠴᠡ᠄ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶       ⑧ ᠬᠡᠪᠴᠢᠶᠡᠵᠢᠭᠰᠡᠨ‌‍ᠲ᠋ᠡᠵᠢᠭᠡᠨ ᠦᠷᠡᠵᠢᠭᠦᠯᠬᠦ ᠲᠠᠯᠠᠪᠠᠶ ᠶᠢᠨ ᠮᠠᠯ ᠵᠢᠭᠦᠷᠲᠡᠨ ᠤ ᠢᠯᠭᠠᠳᠠᠰᠤ ᠶᠢᠨ ᠪᠣᠬᠢᠷᠲᠤᠯ ᠢ ᠲᠠᠷᠢᠶᠠᠨ ᠭᠠᠵᠠᠷ ᠲᠤ ᠪᠤᠴᠠᠭᠠᠨ ᠠᠰᠢᠭᠯᠠᠬᠤ ᠶᠢ ᠠᠬᠢᠭᠤᠯᠤᠨ᠎ᠠ᠃ ᠪᠡᠯᠡᠳᠬᠡᠮᠵᠢ ᠶᠢ ᠢᠵᠢ  ᠪᠦᠷᠢᠳᠦᠭᠦᠯᠦᠭᠰᠡᠨ ᠨᠢ ᠬᠦᠷᠦᠯᠴᠡᠬᠦ ᠥᠬᠡᠶ ᠪᠤᠶᠤ ᠵᠢᠷᠤᠮᠵᠢᠯ ᠥᠬᠡᠶ ᠲᠡᠵᠢᠭᠡᠨ ᠦᠷᠡᠵᠢᠭᠦᠯᠬᠦ ᠲᠠᠯᠠᠪᠠᠶ ᠶᠢ ᠥᠭᠡᠷᠡᠴᠢᠯᠡᠨ ᠰᠠᠶᠢᠵᠢᠷᠠᠭᠤᠯᠵᠤ᠂ ᠶᠡᠷᠦᠩᠬᠡᠶᠢᠯᠡᠨ ᠠᠰᠢᠭᠯᠠᠬᠤ ᠵᠢᠴᠢ ᠰᠢᠢᠳᠪᠦᠷᠢᠯᠡᠬᠦ ᠡᠬᠡ ᠲᠠᠩᠰᠠ ᠶᠢ ᠲᠡᠭᠦᠯᠳᠡᠷᠵᠢᠭᠦᠯᠦᠨ᠂  ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠠᠯᠠᠪᠠᠶ ᠶᠢᠨ ᠢᠯᠭᠠᠳᠠᠰᠤ ᠶᠢᠨ ᠪᠣᠬᠢᠷᠲᠤᠯ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ ᠵᠢᠯ ᠪᠦᠷᠢ 90% ᠠᠴᠠ ᠳᠡᠭᠡᠭᠰᠢ ᠳᠤ ᠲᠣᠭᠲᠠᠪᠤᠷᠢᠵᠢᠭᠤᠯᠤᠨ᠎ᠠ᠃ ᠲᠡᠵᠢᠭᠡᠨ ᠦᠷᠡᠵᠢᠭᠦᠯᠬᠦ ᠲᠠᠯᠠᠪᠠᠶ ᠶᠢ ᠬᠥᠲᠥᠯᠦᠨ ᠵᠢᠯᠣᠭᠤᠳᠴᠤ ᠪᠠᠶᠢᠭᠠᠳ ᠲᠠᠷᠢᠵᠤ ᠤᠷᠭᠤᠭᠤᠯᠬᠤ ᠠᠵᠤ ᠠᠬᠤᠶᠢᠯᠠᠯ ︵ᠡᠷᠦᠬᠡ︶ ᠯᠤᠭ᠎ᠠ ᠵᠠᠬᠢᠶᠠᠯᠠᠭ᠎ᠠ ᠶᠢᠨ ᠭᠡᠷ᠎ᠡ ᠲᠤᠭᠲᠠᠭᠤᠯᠵᠤ᠂ ᠲᠡᠵᠢᠭᠡᠨ ᠦᠷᠡᠵᠢᠬᠦᠯᠬᠦ ᠳᠤ ᠭᠠᠷᠤᠭᠰᠠᠨ‌ᠢᠯᠭᠠᠳᠠᠰᠤ ᠶᠢᠨ ᠪᠣᠬᠢᠷᠲᠤᠯ ᠢ ᠪᠣᠬᠢᠷᠲᠤᠯ ᠥᠬᠡᠶ ᠪᠠᠷ ᠲᠠᠷᠢᠶᠠᠨ ᠭᠠᠵᠠᠷ ᠲᠤ ᠪᠤᠴᠠᠭᠠᠵᠤ᠂ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠳᠤ ᠭᠠᠷᠤᠭᠰᠠᠨ ᠬᠠᠶᠠᠭᠳᠠᠮᠠᠯ ᠪᠣᠳᠠᠰ ᠢ ᠡᠬᠢ ᠡᠭᠦᠰᠦᠯ ᠠᠴᠠ ᠨᠢ ᠬᠠᠶᠠᠭᠳᠠᠮᠠᠯ ᠢ ᠡᠷᠳᠡᠨᠢ ᠪᠣᠯᠭᠠᠨ ᠬᠤᠪᠢᠷᠠᠭᠤᠯᠵᠤ᠂ ᠳᠠᠷᠢᠵᠤ ᠲᠡᠵᠢᠭᠡᠬᠦ ᠠᠵᠤ ᠦᠢᠯᠡᠰ ᠤᠨ ᠰᠠᠶᠢᠨ ᠣᠷᠴᠢᠯ ᠢ ᠴᠣᠭᠴᠠᠯᠠᠨ ᠪᠠᠶᠢᠭᠤᠯᠤᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶       ︵3︶  ᠬᠦᠴᠦᠨ ᠵᠦᠢᠯ ᠤᠨ ᠲᠤᠬᠢᠷᠠᠭᠤᠯᠤᠯᠳᠠ ᠶᠢ ᠰᠢᠯᠢᠳᠡᠭᠵᠢᠭᠦᠯᠦᠨ᠎ᠡ       ① ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠪᠠᠶᠢᠭᠤᠯᠤᠨ᠎ᠠ᠃ 2021 ᠣᠨ ᠳᠤ ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠵᠦ᠂ ᠲᠦᠯᠦᠪᠯᠡᠭᠡ ᠪᠠᠷ 2022 ᠣᠨ ᠤ ᠡᠴᠦᠰ ᠲᠤ ᠠᠰᠢᠭᠯᠠᠯᠲᠠ ᠳᠤ ᠣᠷᠤᠭᠤᠯᠤᠨ᠎ᠠ᠃ ᠰᠦ ᠶᠢᠨ ᠦᠢᠯᠡᠰ ᠤᠨ ᠬᠥᠭᠵᠢᠯᠲᠡ ᠶᠢᠨ ᠴᠢᠬᠤᠯᠠ ᠶᠡᠭᠡ ᠬᠡᠷᠡᠭᠴᠡᠭᠡ ᠳᠤ ᠠᠩᠬᠠᠷᠤᠯ ᠢᠶᠠᠨ ᠬᠠᠨᠳᠤᠭᠤᠯᠤᠨ᠂ ᠴᠢᠨᠠᠷ ᠰᠠᠶᠢᠲᠠᠶ ᠲᠡᠵᠢᠭᠡᠯ ᠡᠪᠡᠰᠦ ᠬᠢᠭᠡᠳ ᠲᠡᠵᠢᠭᠡᠨ ᠦᠷᠡᠵᠢᠭᠦᠯᠬᠦ ᠮᠡᠷᠭᠡᠵᠢᠯ ᠤᠨ ᠰᠤᠳᠤᠯᠭᠠᠨ ᠤ ᠲᠥᠪ᠂ ᠰᠠᠭᠠᠯᠢ ᠶᠢᠨ ᠦᠨᠢᠶ᠎ᠡ ᠦᠷᠡᠵᠢᠭᠦᠯᠦᠨ ᠪᠤᠶᠢᠵᠢᠭᠤᠯᠬᠤ ᠮᠡᠷᠭᠡᠵᠢᠯ ᠤᠨ ᠰᠤᠳᠤᠯᠭᠠᠨ ᠤ ᠲᠥᠪ᠂ ᠴᠠᠭᠠᠨ ᠢᠳᠡᠭᠡᠨ ᠤ ᠰᠢᠮ᠎ᠡ ᠲᠡᠵᠢᠭᠡᠯ ᠬᠢᠭᠡᠳ ᠡᠷᠡᠭᠦᠯ ᠮᠡᠨᠳᠦ ᠶᠢᠨ ᠰᠤᠳᠤᠯᠭᠠᠨ ᠤ ᠲᠥᠪ᠂ ᠰᠦ ᠶᠢᠨ ᠦᠢᠯᠡᠰ ᠤᠨ ᠲᠧᠭᠨᠤᠯᠤᠬᠢ ᠶᠢᠨ ᠮᠡᠷᠭᠡᠵᠢᠯ ᠬᠢᠭᠡᠳ ᠲᠣᠨᠤᠭᠯᠠᠯ ᠲᠦᠭᠦᠭᠡᠷᠦᠮᠵᠢ ᠶᠢᠨ ᠰᠤᠳᠤᠯᠭᠠᠨ ᠤ ᠲᠥᠪ᠂ ᠴᠠᠭᠠᠨ ᠢᠳᠡᠭᠡᠨ ᠤ ᠠᠮᠤᠷ ᠲᠦᠪᠰᠢᠨ ᠬᠢᠭᠡᠳ ᠶᠠᠰᠤ ᠴᠢᠨᠠᠷ ᠤᠨ ᠰᠤᠳᠤᠯᠭᠠᠨ ᠤ ᠲᠥᠪ᠂ ᠰᠦ ᠶᠢᠨ ᠦᠢᠯᠡᠰ ᠤᠨ ᠪᠠᠷᠢᠮᠵᠢᠶᠠᠵᠢᠭᠰᠠᠨ ᠦᠢᠯᠡᠴᠢᠯᠡᠭᠡᠨ ᠤ ᠲᠠᠪᠴᠠᠩ᠂ ᠰᠦ ᠶᠢᠨ ᠦᠢᠯᠡᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠲᠠᠪᠴᠠᠩ ᠪᠣᠯᠤᠨ  ᠰᠦ ᠶᠢᠨ ᠦᠢᠯᠡᠰ ᠤᠨ ᠲᠤᠰᠬᠠᠢ ᠮᠡᠷᠭᠡᠵᠢᠯ ᠤᠨ ᠨᠡᠪᠴᠢᠭᠦᠯᠬᠦ ᠲᠠᠪᠴᠠᠩ ᠢ ᠭᠤᠤᠯᠳᠠᠯᠭ᠎ᠠ ᠲᠠᠢ ᠪᠥᠲᠥᠭᠡᠨ ᠪᠠᠶᠢᠭᠤᠯᠤᠨ᠎ᠠ᠃ ᠭᠤᠷᠪᠠᠨ ᠠᠵᠤ ᠦᠢᠯᠡᠰ ᠢ ᠠᠭᠤᠰᠤᠯᠴᠠᠭᠤᠯᠤᠭᠰᠠᠨ᠂ ᠭᠤᠷᠪᠠᠨ ᠬᠡᠯᠬᠢᠶ᠎ᠡ ᠶᠢ ᠬᠠᠮᠳᠤ ᠳᠤᠨᠢ ᠲᠦᠯᠦᠪᠯᠡᠭᠰᠡᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠤᠰ ᠣᠷᠴᠢᠯ ᠲᠠᠢ ᠳᠤᠮᠳᠠᠳᠤ ᠤᠯᠤᠰ ᠤᠨ  ᠰᠦ ᠶᠢᠨ ᠦᠢᠯᠡᠰ ᠤᠨ ᠬᠠᠮᠵᠢᠯᠴᠠᠨ ᠰᠢᠨ᠎ᠡ ᠶᠢ ᠡᠭᠦᠳᠬᠦ ᠲᠥᠪ᠂ ᠳᠤᠮᠳᠠᠳᠤ ᠤᠯᠤᠰ ᠤᠨ ᠰᠦ ᠶᠢᠨ ᠦᠢᠯᠡᠰ ᠤᠨ ᠡᠬᠢ ᠡᠭᠦᠰᠦᠯ ᠤᠨ ᠰᠢᠨ᠎ᠡ ᠶᠢ ᠡᠭᠦᠳᠬᠦ ᠲᠥᠪ ᠪᠠ ᠳᠤᠮᠳᠠᠳᠤ ᠤᠯᠤᠰ ᠤᠨ ᠰᠦ ᠶᠢᠨ ᠦᠢᠯᠡᠰ ᠤᠨ ᠨᠡᠭᠡᠭᠡᠯᠲᠡ ᠶᠢᠨ ᠰᠢᠨ᠎ᠡ ᠶᠢ ᠡᠭᠦᠳᠬᠦ ᠲᠥᠪ ᠢ ᠪᠠᠶᠢᠭᠤᠯᠤᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ︶      ② ᠪᠦᠬᠦ ᠳᠡᠯᠡᠬᠡᠶ ᠶᠢᠨ ᠰᠦ ᠶᠢᠨ ᠦᠢᠯᠡᠰ ᠤᠨ ᠴᠢᠳᠠᠪᠤᠷᠢᠳᠠᠨ ᠤ ᠪᠣᠯᠪᠠᠰᠤᠷᠠᠭᠤᠯᠤᠯ ᠤᠨ ᠲᠥᠪ ᠢ ᠪᠠᠶᠢᠭᠤᠯᠤᠨ᠎ᠠ᠃ 2021 ᠣᠨ ᠳᠤ ᠪᠥᠬᠦ ᠳᠡᠯᠡᠬᠡᠶ ᠶᠢᠨ  ᠰᠦ ᠶᠢᠨ ᠦᠢᠯᠡᠰ ᠤᠨ ᠴᠢᠳᠠᠪᠤᠷᠢᠲᠠᠨ  ᠤ  ᠪᠣᠯᠪᠠᠰᠤᠷᠠᠭᠤᠯᠤᠯ ᠤᠨ ᠲᠥᠪ ᠤᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠦᠨ᠎ᠡ᠃ ᠪᠥᠬᠦ ᠳᠡᠯᠡᠬᠡᠶ ᠶᠢᠨ ᠰᠦ ᠶᠢᠨ ᠦᠢᠯᠡᠰ ᠤᠨ ᠴᠢᠳᠠᠪᠤᠷᠢᠲᠠᠨ ᠤ ᠪᠣᠯᠪᠠᠰᠤᠷᠠᠭᠤᠯᠤᠯ ᠤᠨ ᠲᠥᠪ ᠪᠣᠯ ᠮᠧᠩ ᠨᠢᠦ ᠶᠢᠨ ᠳᠤᠮᠳᠠᠳᠤ ᠤᠯᠤᠰ ᠤᠨ  ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠤᠨ ᠪᠥᠬᠦ ᠳᠡᠯᠡᠬᠡᠶ ᠶᠢᠨ ᠰᠦ ᠶᠢᠨ ᠦᠢᠯᠡᠰ ᠤᠨ ᠴᠢᠳᠠᠪᠤᠷᠢᠲᠠᠨ ᠤ ᠥᠨᠳᠦᠷᠯᠢᠭ ᠭᠠᠵᠠᠷ ᠢ ᠴᠣᠭᠴᠠᠯᠠᠬᠤ ᠴᠢᠬᠤᠯᠠ ᠲᠤᠯᠭᠠᠭᠤᠷᠢ ᠮᠥᠨ᠃ ᠪᠣᠯᠪᠠᠰᠤᠷᠠᠭᠤᠯᠤᠯ ᠤᠨ ᠲᠥᠪ ᠨᠢ ᠵᠠᠰᠠᠭ ᠤᠨ ᠣᠷᠳᠣᠨ ᠢᠶᠠᠷ ᠤᠳᠤᠷᠢᠳᠤᠭᠤᠯᠵᠤ᠂ ᠠᠵᠤ ᠠᠬᠤᠶᠢᠯᠠᠯ ᠢᠶᠠᠷ ᠠᠵᠢᠯᠯᠠᠭᠤᠯᠬᠤ᠂  ᠦᠢᠯᠡᠳᠪᠦᠷᠢᠯᠡᠯ ᠰᠤᠷᠭᠠᠨ ᠬᠥᠮᠦᠵᠢᠯ ᠢ ᠠᠭᠤᠰᠤᠯᠴᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠤᠯᠤᠰ ᠤᠨ ᠰᠤᠷᠤᠯᠴᠠᠬᠤ ᠬᠡᠯᠪᠡᠷᠢ ᠶᠢᠨ ᠵᠣᠬᠢᠶᠠᠨ ᠪᠠᠶᠢᠭᠤᠯᠤᠯᠲᠠ ᠶᠢ ᠪᠠᠶᠢᠭᠤᠯᠵᠤ᠂ ᠰᠦ ᠶᠢᠨ ᠦᠢᠯᠡᠰ ᠤᠨ ᠰᠣᠳᠣᠨ ᠴᠢᠳᠠᠪᠤᠷᠢᠲᠠᠨ ᠢ ᠬᠥᠮᠦᠵᠢᠭᠦᠯᠦᠨ᠎ᠡ᠃ ᠢᠯᠠᠩᠭᠤᠶ᠎ᠠ ᠡᠪᠡᠰᠦ ᠪᠣᠷᠳᠤᠭ᠎ᠠ ᠳᠠᠷᠢᠬᠤ ᠂ ᠰᠦ ᠶᠢᠨ ᠢᠷᠡᠯᠲᠡ ᠶᠢᠨ ᠪᠥᠲᠥᠭᠡᠨ ᠪᠠᠶᠢᠭᠤᠯᠤᠯᠲᠠ᠂ ᠰᠠᠭᠤᠷᠢ ᠰᠢᠨᠵᠢᠯᠡᠬᠦ ᠤᠬᠠᠭᠠᠨ ᠤ ᠰᠤᠳᠤᠯᠭᠠᠨ᠂ ᠴᠠᠭᠠᠨ ᠢᠳᠡᠭᠡᠨ ᠤ ᠦᠢᠯᠡᠳᠪᠦᠷᠢᠯᠡᠯ ᠪᠣᠷᠣᠯᠠᠭᠤᠯᠤᠯᠲᠠ᠂ ᠶᠠᠰᠤ ᠴᠢᠨᠠᠷ ᠤᠨ ᠪᠠᠶᠢᠴᠠᠭᠠᠨ ᠬᠡᠮᠵᠢᠯᠲᠡ ᠮᠥᠷᠳᠡᠯᠲᠡ ᠵᠡᠷᠭᠡ ᠵᠠᠩᠭᠢᠯᠠᠭ᠎ᠠ ᠶᠢᠨ ᠬᠦᠷᠢᠶ᠎ᠡ ᠴᠠᠷᠠᠭ᠎ᠠ ᠶᠢᠨ ᠲᠣᠭᠤᠷᠢᠨ ᠳᠤ ᠪᠠᠴᠢᠮ ᠳᠤᠲᠠᠭᠳᠠᠵᠤ ᠪᠠᠶᠢᠭ᠎ᠠ ᠴᠢᠳᠠᠪᠤᠷᠢᠲᠠᠨ ᠢ ᠬᠥᠮᠦᠵᠢᠭᠦᠯᠵᠦ᠂ ᠰᠢᠨ᠎ᠡ ᠬᠥᠭᠵᠢᠯᠲᠡ ᠶᠢᠨ ᠱᠠᠲᠤᠨ ᠳᠠᠬᠢ ᠳᠤᠮᠳᠠᠳᠤ ᠤᠯᠤᠰ ᠤᠨ ᠰᠦ ᠶᠢᠨ ᠦᠢᠯᠡᠰ ᠤᠨ ᠬᠠᠮᠤᠭ ᠤᠨ ᠲᠤᠯᠭᠠᠮ᠎ᠠ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ᠂  ᠬᠤᠷᠢᠨᠬᠡᠷ ᠰᠢᠶᠠᠨ ᠤ ᠠᠷᠠᠳ ᠤᠨ ᠵᠠᠰᠠᠭ ᠤᠨ ᠣᠷᠳᠣᠨ︶       ③  ᠰᠦ ᠶᠢᠨ ᠦᠢᠯᠡᠰ ᠤᠨ ᠣᠶᠤᠨᠴᠢᠯᠠᠭᠰᠠᠨ ᠬᠢᠷᠢ ᠲᠦᠪᠰᠢᠨ ᠤ ᠪᠠᠶᠢᠭᠤᠯᠤᠯᠲᠠ ᠶᠢ ᠠᠬᠢᠭᠤᠯᠤᠨ᠎ᠠ᠃ ᠨᠢᠭᠡ ᠳᠤ ᠲᠣᠭᠠᠴᠢᠯᠠᠭᠰᠠᠨ ᠰᠦ ᠶᠢᠨ ᠢᠷᠡᠯᠲᠡ ᠶᠢᠨ ᠰᠠᠭᠤᠷᠢᠨ ᠭᠠᠵᠠᠷ ᠤᠨ ᠬᠥᠭᠵᠢᠯᠲᠡ ᠶᠢ ᠲᠦᠷᠭᠡᠳᠬᠡᠵᠦ᠂ ᠠᠵᠤ ᠠᠬᠤᠶᠢᠯᠠᠯ ᠵᠢᠴᠢ ᠮᠠᠯᠵᠢᠯ ᠤᠨ ᠲᠠᠯᠠᠪᠠᠶ ᠶᠢᠨ ᠪᠦᠬᠦᠯᠢ ᠬᠤᠯᠢᠮᠠᠭ ᠬᠤᠨᠤᠭ ᠤᠨ ᠠᠮᠤ ︵TMR︶ ᠨᠠᠶᠢᠷᠠᠭᠤᠯᠬᠤ᠂ ᠲᠦᠭᠦᠬᠡᠶ ᠰᠦ ᠶᠢᠨ ᠶᠠᠰᠤ ᠴᠢᠨᠠᠷ ᠢ ᠪᠠᠶᠢᠴᠠᠭᠠᠨ ᠰᠢᠯᠭᠠᠬᠤ᠂ ᠢᠯᠭᠠᠳᠠᠰᠤ ᠶᠢᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠵᠡᠷᠭᠡ ᠤᠶᠤᠨᠴᠢᠯᠠᠭᠰᠠᠨ ᠪᠡᠯᠡᠳᠬᠡᠮᠵᠢ ᠲᠥᠬᠦᠭᠡᠷᠦᠮᠵᠢ ᠶᠢ ᠬᠡᠷᠡᠭᠯᠡᠬᠦ ᠶᠢ ᠵᠣᠷᠢᠭᠵᠢᠭᠤᠯᠤᠨ ᠳᠡᠮᠵᠢᠵᠦ᠂ ᠮᠠᠯᠵᠢᠯ ᠤᠨ ᠲᠠᠯᠠᠪᠠᠶ ᠶᠢᠨ ᠮᠡᠳᠡᠭᠡ ᠵᠠᠩᠭᠢᠴᠢᠯᠠᠯᠲᠠ ᠶᠢᠨ ᠰᠢᠰᠲ᠋ᠧᠮ ᠢ ᠪᠠᠶᠢᠭᠤᠯᠵᠤ᠂ ᠡᠭᠦᠯᠡᠨ ᠤᠶᠤᠨᠲᠤ ᠰᠠᠭᠠᠯᠢ ᠶᠢᠨ ᠦᠨᠢᠶ᠎ᠡ ᠶᠢᠨ ᠡᠭᠦᠯᠳᠡᠷ ᠪᠤᠶᠢᠵᠢᠭᠤᠯᠵᠤ ᠲᠡᠵᠢᠭᠡᠨ ᠦᠷᠡᠵᠢᠭᠦᠯᠬᠦ ᠲᠣᠮᠣ ᠳ᠋ᠠᠶᠢᠲ᠋ᠠ ᠶᠢᠨ ᠲᠠᠪᠴᠠᠩ ᠢ ᠪᠠᠶᠢᠭᠤᠯᠤᠨ᠂ ᠣᠳᠣᠬᠢᠴᠢᠯᠠᠭᠰᠠᠨ ᠮᠠᠯᠵᠢᠯ ᠤᠨ ᠲᠠᠯᠠᠪᠠᠶ ᠶᠢᠨ ᠲᠤᠭ᠎ᠠ ᠪᠠᠷᠢᠮᠲᠠ ᠶᠢ ᠴᠤᠭᠯᠠᠭᠤᠯᠬᠤ ᠬᠠᠮᠢᠶᠠᠷᠤᠯᠲᠠ ᠶᠢᠨ ᠪᠠᠭᠠᠵᠢ ᠶᠢ ᠳᠡᠯᠭᠡᠷᠡᠭᠦᠯᠵᠦ᠂ ᠮᠠᠯᠵᠢᠯ ᠤᠨ ᠲᠠᠯᠠᠪᠠᠶ ᠶᠢᠨ ᠲᠡᠵᠢᠭᠡᠨ ᠦᠷᠡᠵᠢᠭᠦᠯᠬᠦ ᠶᠠᠪᠤᠴᠠ ᠶᠢ ᠦᠵᠡᠵᠦ ᠪᠣᠯᠬᠤ᠂ ᠦᠢᠯᠡᠳᠪᠦᠷᠢᠯᠡᠬᠦ ᠶᠠᠪᠤᠴᠠ ᠶᠢ ᠡᠵᠡᠮᠳᠡᠵᠦ ᠪᠣᠯᠬᠤ᠂ ᠦᠢᠯᠡᠳᠬᠦᠨ ᠤ ᠶᠠᠰᠤ ᠴᠢᠨᠠᠷ ᠢ ᠮᠥᠷᠳᠡᠵᠦ ᠪᠣᠯᠬᠤ ᠶᠢ ᠪᠡᠶᠡᠯᠡᠭᠦᠯᠦᠨ᠎ᠡ᠃ 2021 ᠣᠨ ᠳᠤ ᠤᠶᠤᠨᠴᠢᠯᠠᠭᠰᠠᠨ ᠵᠢᠱᠢᠶ᠎ᠡ ᠦᠵᠡᠭᠦᠯᠬᠦ ᠮᠠᠯᠵᠢᠯ ᠤᠨ ᠲᠠᠯᠠᠪᠠᠶ 8 ᠶᠢ ᠡᠭᠦᠳᠦᠨ ᠪᠠᠶᠢᠭᠤᠯᠤᠨ᠎ᠠ᠃ ᠬᠤᠶᠠᠷ ᠲᠤ ᠪᠥᠬᠦ ᠲᠡᠯᠡᠭᠡᠢ ᠶᠢᠨ ᠰᠦ ᠶᠢᠨ ᠠᠵᠤ ᠦᠢᠯᠡᠰ ᠤᠨ ᠲᠣᠮᠣ ᠳ᠋ᠠᠶᠢᠲ᠋ᠠ ᠶᠢᠨ ᠲᠥᠪ ᠢ ᠪᠠᠶᠢᠭᠤᠯᠵᠤ᠂ ᠮᠠᠯ ᠠᠵᠤ ᠠᠬᠤᠶ ᠶᠢᠨ ᠲᠡᠵᠢᠭᠡᠨ ᠦᠷᠡᠵᠢᠭᠦᠯᠬᠦ ᠦᠢᠯᠡᠰ᠂ ᠢᠳᠡᠭᠡᠨ ᠡᠳ᠋ᠰᠢᠭᠦᠯᠦᠨ ᠪᠣᠯᠪᠠᠰᠤᠷᠠᠭᠤᠯᠬᠤ ᠦᠢᠯᠡᠰ᠂ ᠪᠠᠷᠠᠭᠠᠨ ᠤ ᠬᠦᠢᠯᠭᠡᠭᠡ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠮᠥᠩᠭᠦᠨ ᠬᠦᠢᠯᠭᠡᠭᠡᠨ ᠤ  ᠦᠢᠯᠡᠴᠢᠯᠡᠭᠡ ᠵᠡᠷᠭᠡ ᠣᠯᠠᠨ ᠪᠥᠬᠦ ᠬᠡᠯᠬᠢᠶ᠎ᠡ ᠬᠤᠯᠪᠣᠯᠳᠤᠨ ᠨᠡᠪᠲᠡᠷᠡᠯᠴᠡᠬᠦ ᠪᠠ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠳᠥᠯᠭᠢᠨ ᠠᠬᠢᠭᠤᠯᠵᠤ᠂ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢᠨ ᠣᠷᠣᠨ ᠪᠦᠰᠡ ᠠᠯᠤᠰᠯᠠᠭᠰᠠᠨ᠂ ᠡᠭᠦᠯᠡ ᠠᠯᠤᠰᠯᠠᠭᠰᠠᠨ᠂ ᠲᠣᠤᠷ ᠠᠯᠤᠰᠯᠠᠭᠰᠠᠨ ᠴᠤᠭᠯᠠᠷᠠᠯ ᠢ ᠪᠡᠶᠡᠯᠡᠭᠦᠯᠦᠨ᠂ ᠠᠵᠤ ᠦᠢᠯᠡᠰ ᠠᠯᠤᠰᠯᠠᠭᠰᠠᠨ᠂ ᠣᠷᠣᠨ ᠪᠦᠰᠡ ᠠᠯᠤᠰᠯᠠᠭᠰᠠᠨ᠂ ᠲᠤᠬᠠᠶᠢᠯᠠᠭᠰᠠᠨ ᠠᠵᠢᠯ ᠠᠯᠤᠰᠯᠠᠭᠰᠠᠨ ᠰᠦ ᠶᠢᠨ ᠦᠢᠯᠡᠰ ᠤᠨ ᠲᠣᠮᠣ ᠳ᠋ᠠᠶᠢᠲ᠋ᠠ ᠶᠢᠨ ᠰᠢᠨ᠎ᠡ ᠵᠠᠭᠪᠤᠷ ᠢ ᠪᠣᠶ ᠪᠣᠯᠭᠠᠨ᠎ᠠ᠃ ᠭᠤᠷᠪᠠ ᠳᠤ᠂ ᠲᠤᠮᠤ ᠳ᠋ᠠᠶᠢᠲ᠋ᠠ ᠶᠢ ᠵᠠᠳᠠᠯᠤᠨ ᠠᠰᠢᠭᠯᠠᠬᠤ ᠶᠢ ᠲᠦᠷᠭᠡᠳᠬᠡᠵᠦ ᠂ ᠦᠢᠯᠡᠳᠪᠦᠷᠢᠯᠡᠯ ᠤᠨ ᠠᠵᠤ ᠠᠬᠤᠶᠢᠯᠠᠯ ᠪᠣᠯᠤᠨ ᠬᠡᠷᠡᠭᠯᠡᠭᠴᠢᠳ ᠤᠨ ᠪᠦᠬᠦ ᠲᠠᠯ᠎ᠠ ᠶᠢᠨ ᠦᠢᠯᠡᠳᠦᠯᠴᠡᠯ ᠢ ᠪᠡᠶᠡᠯᠡᠭᠦᠯᠵᠦ᠂ ᠬᠡᠷᠡᠭᠯᠡᠭᠴᠢᠳ ᠤᠨ ᠵᠦᠷᠢᠶᠡᠴᠢᠯᠡᠭᠰᠡᠨ ᠬᠡᠷᠡᠭᠴᠡᠭᠡ ᠶᠢ ᠬᠠᠩᠭᠠᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ︔  ᠬᠠᠷᠢᠭᠤᠴᠠᠯᠭᠠᠲᠤ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ︶       ④  ᠴᠠᠭᠠᠨ ᠢᠳᠡᠭᠡᠨ ᠤ ᠶᠠᠰᠤ ᠴᠢᠨᠠᠷ ᠤᠨ ᠠᠶᠤᠯᠬᠦᠢ ᠶᠢ ᠪᠠᠶᠢᠴᠠᠭᠠᠨ ᠰᠢᠯᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ 2021 ᠣᠨ ᠳᠤ ᠴᠠᠭᠠᠨ ᠢᠳᠡᠭᠡᠨ ᠤ ᠶᠠᠰᠤ ᠴᠢᠨᠠᠷ ᠢ ᠪᠠᠶᠢᠴᠠᠭᠠᠨ ᠰᠢᠯᠭᠠᠬᠤ ᠲᠥᠪ ᠢ ᠠᠵᠢᠯ ᠡᠬᠢᠯᠡᠭᠦᠯᠦᠨ ᠪᠠᠶᠢᠭᠤᠯᠵᠤ᠂ 2023 ᠣᠨ ᠪᠣᠯᠬᠤ ᠳᠤ ᠠᠰᠢᠭᠯᠠᠯᠲᠠ ᠳᠤ ᠣᠷᠣᠭᠤᠯᠤᠨ᠎ᠠ ᠃ ︵  ᠲᠦᠷᠦᠭᠦᠯᠡᠨ ᠬᠢᠬᠦ ᠨᠢᠭᠡᠴᠡ᠄ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠷᠢᠨᠬᠡᠷ ᠰᠢᠶᠠᠨ ᠤ ᠠᠷᠠᠳ ᠤᠨ ᠵᠠᠰᠠᠭ ᠤᠨ ᠣᠷᠳᠣᠨ︶       ⑤ ᠰᠦ ᠶᠢᠨ ᠦᠢᠯᠡᠰ ᠤᠨ ᠡᠬᠢ ᠪᠠᠶᠠᠯᠢᠭ ᠢ ᠬᠠᠮᠲᠤᠪᠠᠷ ᠡᠳ᠋ᠯᠡᠬᠦ ᠲᠠᠪᠴᠠᠩ ᠢ ᠪᠠᠶᠢᠭᠤᠯᠤᠨ᠎ᠠ᠃ 2021 ᠣᠨ ᠳᠤ ᠬᠥᠬᠡᠬᠤᠲᠠ ᠶᠢᠨ ᠰᠦ ᠶᠢᠨ ᠦᠢᠯᠡᠰ ᠤᠨ ᠠᠷᠠᠯᠵᠢᠶᠠᠨ ᠤ ᠲᠥᠪ ᠤᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠵᠦ᠂ ᠵᠢᠱᠢᠯᠲᠡ ᠪᠠᠷ 2023 ᠣᠨ ᠳᠤ ᠪᠠᠶᠢᠭᠤᠯᠵᠤ ᠳᠠᠭᠤᠰᠬᠠᠨ᠎ᠠ᠃ ᠪᠠᠶᠢᠭᠤᠯᠵᠤ ᠳᠠᠭᠤᠰᠤᠭᠰᠠᠨ ᠤ ᠳᠠᠷᠠᠭ᠎ᠠ ᠲᠠᠪᠴᠠᠩ ᠢᠶᠠᠷ ᠳᠠᠮᠵᠢᠭᠤᠯᠤᠨ ᠳᠠᠷᠢᠬᠤ᠂ ᠲᠡᠵᠢᠭᠡᠬᠦ᠂ ᠰᠠᠶᠢᠵᠢᠷᠠᠭᠤᠯᠬᠤ ᠠᠵᠤ  ᠦᠢᠯᠡᠰ ᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠠᠷᠠᠯᠵᠢᠶᠠᠯᠠᠬᠤ ᠭᠤᠭᠴᠤᠭ᠎ᠠ ᠶᠢ ᠪᠠᠭᠠᠰᠬᠠᠨ᠂ ᠠᠷᠠᠯᠵᠢᠶᠠᠯᠠᠬᠤ ᠲᠣᠬᠢᠶᠠᠯ ᠢ ᠨᠡᠮᠡᠭᠳᠡᠭᠦᠯᠵᠦ᠂ ᠠᠷᠠᠯᠵᠢᠶᠠᠯᠠᠬᠤ ᠥᠪᠡᠷ ᠤᠨ ᠥᠷᠲᠡᠭ ᠢ ᠪᠠᠭᠤᠷᠠᠭᠤᠯᠤᠨ᠂ ᠬᠠᠩᠭᠠᠯᠭ᠎ᠠ ᠬᠡᠷᠡᠭᠴᠡᠭᠡ ᠶᠢᠨ ᠮᠡᠳᠡᠭᠡ ᠵᠠᠩᠭᠢ ᠶᠢ ᠢᠯᠡ ᠲᠣᠳᠣ  ᠪᠣᠯᠭᠠᠵᠤ᠂ ᠢᠲᠡᠭᠡᠮᠵᠢ ᠶᠢᠨ ᠰᠢᠰᠲ᠋ᠧᠮᠵᠢ ᠶᠢ ᠪᠠᠶᠢᠭᠤᠯᠤᠨ᠂ ᠠᠵᠤ ᠦᠢᠯᠡᠰ ᠤᠨ ᠬᠡᠯᠬᠢᠶ᠎ᠡ ᠶᠢᠨ ᠰᠠᠶᠢᠨ ᠠᠵᠢᠯᠯᠠᠭᠠᠨ ᠢ ᠠᠬᠢᠭᠤᠯᠵᠤ᠂  ᠰᠦ ᠶᠢᠨ ᠦᠢᠯᠡᠰ ᠤᠨ ᠠᠵᠤ ᠦᠢᠯᠡᠰ ᠤᠨ ᠬᠡᠯᠬᠢᠶ᠎ᠡ ᠶᠢᠨ ᠪᠦᠬᠦᠯᠢ ᠴᠣᠭᠴᠠ ᠶᠢᠨ ᠪᠣᠳᠠᠲᠤ ᠬᠦᠴᠦᠨ ᠢ ᠳᠡᠭᠡᠭᠰᠢᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠮᠥᠩᠭᠦᠨ ᠬᠦᠢᠯᠭᠡᠭᠡᠨ ᠤ ᠠᠵᠢᠯ ᠤᠨ ᠠᠯᠪᠠᠨ ᠬᠡᠷ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶       ⑥  ᠤᠶᠤᠨᠴᠢᠯᠠᠭᠰᠠᠨ  ᠪᠠᠷᠠᠭᠠᠨ ᠤ ᠬᠦᠢᠯᠭᠡᠭᠡ ᠶᠢᠨ ᠲᠥᠪ ᠢ ᠴᠤᠭᠴᠠᠯᠠᠨ᠎ᠠ᠃ ᠢᠯᠢ ᠶᠢᠨ ᠣᠲᠣ ᠦᠶ᠎ᠡ ᠶᠢᠨ ᠤᠶᠤᠨᠲᠤ ᠡᠷᠡᠭᠦᠯ ᠮᠡᠨᠳᠦ ᠶᠢᠨ ᠬᠥᠨᠳᠡᠶ ᠪᠣᠯᠤᠨ ᠮᠧᠩ ᠨᠢᠦ ᠶᠢᠨ ᠳᠤᠮᠳᠠᠳᠤ ᠤᠯᠤᠰ ᠤᠨ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠢᠶᠠᠷ ᠭᠤᠤᠯ ᠪᠣᠯᠭᠠᠵᠤ᠂ 20 ᠲᠦᠮᠡᠨ ᠲᠣᠨ ᠤ ᠬᠦᠢᠲᠡᠨ ᠬᠥᠮᠥᠷᠭᠡ ᠶᠢ ᠢᠵᠢ ᠪᠥᠷᠢᠳᠦᠭᠦᠯᠦᠨ ᠰᠢᠨ᠎ᠡ ᠪᠠᠷ ᠪᠠᠶᠢᠭᠤᠯᠵᠤ᠂ ᠤᠶᠤᠨᠴᠢᠯᠠᠭᠰᠠᠨ ᠪᠠᠷᠠᠭᠠᠨ ᠤ  ᠬᠦᠢᠯᠭᠡᠭᠡ ᠶᠢᠨ ᠰᠢᠰᠲ᠋ᠧᠮ ᠢ ᠨᠡᠭᠡᠭᠡᠨ ᠬᠥᠭᠵᠢᠭᠦᠯᠵᠦ᠂ ᠪᠥᠭᠡᠮ ᠢᠶᠠᠷ ᠰᠠᠪᠠᠯᠠᠬᠤ ᠪᠠ ᠬᠡᠰᠡᠭᠯᠡᠨ ᠠᠴᠢᠶᠠᠯᠠᠬᠤ᠂ ᠰᠠᠴᠤᠷᠠᠯ ᠳᠠᠪᠲᠠᠮᠵᠢ ᠪᠠᠷ ᠢᠯᠭᠠᠨ ᠲᠠᠨᠢᠬᠤ ︵RFID︶᠂ ᠡᠯᠧᠺᠲᠷᠣᠨ ᠲᠤᠭ᠎ᠠ ᠪᠠᠷᠢᠮᠲᠠ ᠰᠣᠯᠢᠯᠴᠠᠬᠤ ︵EDI︶᠂ ᠡᠳ᠋ ᠪᠠᠷᠠᠭ᠎ᠠ ᠶᠢ ᠮᠥᠷᠳᠡᠬᠦ᠂ ᠠᠦ᠋ᠲ᠋ᠣ᠋ ᠢᠯᠭᠠᠬᠤ᠂ ᠠᠦ᠋ᠲ᠋ᠣ᠋ ᠵᠠᠮᠴᠢᠯᠠᠬᠤ ᠲᠡᠷᠭᠡ ︵AGV︶ ᠵᠡᠷᠭᠡ ᠪᠠᠷᠠᠭᠠᠨ ᠤ ᠬᠦᠢᠯᠭᠡᠭᠡ ᠶᠢᠨ ᠰᠢᠨ᠎ᠡ ᠮᠡᠷᠭᠡᠵᠢᠯ ᠢ ᠳᠡᠯᠭᠡᠷᠡᠭᠦᠯᠦᠨ᠂  ᠰᠦ ᠶᠢᠨ ᠦᠢᠯᠡᠰ ᠤᠨ ᠬᠥᠭᠵᠢᠯᠲᠡ ᠳᠤ ᠴᠢᠨᠠᠷ ᠰᠠᠶᠢᠲᠠᠶ ᠳᠣᠭᠢᠷᠠᠭᠤᠯᠤᠨ ᠬᠦᠷᠭᠡᠬᠦ ᠠᠷᠭ᠎ᠠ ᠵᠠᠮ ᠢ ᠬᠠᠩᠭᠠᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ︶       ⑦  ᠬᠦᠢᠳᠡᠨ ᠬᠡᠯᠬᠢᠶᠡᠨ ᠤ ᠪᠠᠷᠠᠭᠠᠨ ᠤ ᠬᠦᠢᠯᠭᠡᠭᠡ ᠶᠢ ᠶᠡᠬᠡᠪᠡᠷ ᠬᠥᠭᠵᠢᠭᠦᠯᠦᠨ᠎ᠡ᠃ ᠤᠯᠤᠰ ᠤᠨ ᠨᠢᠷᠤᠭᠤᠪᠴᠢ ᠬᠦᠢᠲᠡᠨ ᠬᠡᠯᠬᠢᠶᠡᠨ ᠤ ᠪᠠᠷᠠᠭᠠᠨ ᠤ ᠬᠦᠢᠯᠭᠡᠭᠡ ᠶᠢᠨ ᠰᠠᠭᠤᠷᠢᠨ ᠭᠠᠵᠠᠷ ᠢᠶᠠᠷ ᠭᠤᠶᠤᠴᠢᠯᠠᠨ ᠮᠡᠳᠡᠭᠦᠯᠵᠦ᠂ ᠤᠯᠤᠰ ᠤᠨ ᠳᠣᠲᠣᠭᠠᠳᠤ ᠶᠢᠨ ᠨᠡᠷᠡᠲᠡᠶ ᠬᠦᠢᠳᠡᠨ ᠬᠡᠯᠬᠢᠶᠡᠨ ᠤ ᠪᠠᠷᠠᠭᠠᠨ ᠤ ᠬᠦᠢᠯᠭᠡᠭᠡ ᠶᠢᠨ ᠠᠵᠤ ᠠᠬᠤᠶᠢᠯᠠᠯ ᠢ ᠣᠷᠤᠭᠤᠯᠤᠨ ᠠᠪᠴᠢᠷᠠᠵᠤ ᠨᠤᠲᠤᠭᠰᠢᠭᠤᠯᠤᠨ᠎ᠠ᠃  ᠵᠦᠩ ᠨᠦᠩ ᠯᠢᠶᠠᠨ· ᠬᠥᠬᠡᠬᠤᠲᠠ ᠶᠢᠨ ᠣᠯᠠᠨ ᠤᠯᠤᠰ ᠤᠨ ᠡᠯᠧᠺᠲᠷᠣᠨ ᠬᠤᠳᠠᠯᠳᠤᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠲᠦᠷᠭᠡᠬᠡᠨ ᠬᠦᠢᠴᠡᠳᠬᠡᠵᠦ᠂ ᠡᠷᠲᠡᠬᠡᠨ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠭᠤᠤᠯᠳᠠᠯᠭ᠎ᠠ ᠲᠠᠢ ᠠᠬᠢᠭᠤᠯᠤᠨ᠎ᠠ᠃ ᠭᠤᠤᠯᠳᠠᠯᠭ᠎ᠠ ᠲᠠᠢ ᠬᠦᠢᠲᠡᠨ ᠬᠡᠯᠬᠢᠶᠡᠨ ᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠮᠧᠶ ᠲᠦᠩ ᠲᠠᠷᠢᠶᠠᠯᠠᠩ ᠤᠨ ᠪᠦᠲᠦᠭᠡᠭᠳᠡᠬᠦᠨ ᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ ᠵᠢᠮᠢᠰ ᠤᠨ ᠪᠦᠲᠦᠭᠡᠭᠳᠡᠬᠦᠨ ᠤ ᠲᠣᠭᠤᠷᠢᠭ ᠤᠨ ᠬᠦᠢᠲᠡᠨ ᠬᠥᠮᠥᠷᠭᠡ ᠶᠢ ᠲᠠᠰ ᠳᠡᠪᠰᠢᠭᠦᠯᠦᠨ ᠥᠭᠡᠷᠡᠴᠢᠯᠡᠬᠦ ᠶᠢ ᠳᠡᠮᠵᠢᠵᠦ᠂ 2021 ᠣᠨ ᠳᠤ ᠪᠥᠲᠥᠭᠡᠨ ᠪᠠᠶᠢᠭᠤᠯᠤᠨ ᠠᠰᠢᠭᠯᠠᠯᠲᠠ ᠳᠤ ᠣᠷᠣᠭᠤᠯᠤᠨ᠎ᠠ᠃ ᠡᠯ᠎ᠡ ᠬᠤᠰᠢᠭᠤ ᠰᠢᠶᠠᠨ ᠲᠣᠭᠤᠷᠢᠭ ᠤᠨ ᠬᠦᠢᠲᠡᠨ ᠬᠡᠯᠬᠢᠶᠡᠨ ᠤ ᠪᠠᠷᠠᠭᠠᠨ ᠤ ᠬᠦᠢᠯᠭᠡᠭᠡ ᠶᠢᠨ ᠳᠠᠮᠵᠢᠭᠤᠯᠬᠤ ᠥᠷᠲᠡᠭᠡ ᠪᠠᠶᠢᠭᠤᠯᠬᠤ ᠶᠢ ᠵᠣᠷᠢᠭᠵᠢᠭᠤᠯᠵᠤ᠂ ︽ᠬᠤᠲᠠ ᠶᠢᠨ ᠲᠠᠰ ᠤᠨ ᠪᠠᠷᠠᠭᠠᠨ ᠤ ᠬᠦᠢᠯᠭᠡᠭᠡ ᠶᠢᠨ ᠲᠦᠪᠯᠡᠷᠡᠭᠦᠯᠬᠦ ᠲᠠᠷᠬᠠᠭᠠᠬᠤ + ᠲᠣᠭᠤᠷᠢᠭ ᠰᠢᠶᠠᠨ ᠤ ᠪᠠᠷᠠᠭᠠᠨ ᠤ ᠬᠦᠢᠯᠭᠡᠭᠡ ᠶᠢᠨ ᠳᠠᠮᠵᠢᠭᠤᠯᠬᠤ︾ ᠬᠤᠶᠠᠷ ᠱᠠᠲᠤᠨ ᠤ ᠪᠠᠷᠠᠭᠠᠨ ᠤ ᠬᠦᠢᠯᠭᠡᠭᠡ ᠶᠢᠨ ᠲᠡᠭᠡᠭᠡᠪᠦᠷᠢ ᠶᠢᠨ ᠰᠢᠰᠲ᠋ᠧᠮᠵᠢ ᠶᠢ ᠪᠣᠶ ᠪᠣᠯᠭᠠᠵᠤ᠂ ᠠᠮᠢᠳᠤ ᠰᠣᠷᠭᠤᠭ ᠲᠠᠷᠢᠶᠠᠯᠠᠩ ᠤᠨ ᠪᠦᠲᠦᠭᠡᠭᠳᠡᠬᠦᠨ ᠤ ᠲᠡᠭᠡᠭᠡᠪᠦᠷᠢ ᠪᠠ ᠪᠠᠷᠠᠭᠠᠨ ᠤ ᠬᠦᠢᠯᠭᠡᠭᠡ ᠶᠢᠨ ᠪᠠᠷᠠᠭᠠᠨ ᠤ ᠲᠡᠭᠡᠭᠡᠪᠦᠷᠢ ᠶᠢᠨ ᠥᠷᠲᠡᠭᠡ ᠶᠢᠨ ᠳᠠᠮᠵᠢᠭᠤᠯᠬᠤ ᠪᠠ ᠬᠤᠪᠢᠶᠠᠷᠢᠯᠠᠨ ᠰᠠᠯᠭᠠᠬᠤ ᠶᠢ ᠲᠠᠰᠤᠷᠠᠯᠲᠠ ᠥᠬᠡᠶ ᠰᠢᠯᠢᠳᠡᠭᠵᠢᠭᠦᠯᠦᠨ᠎ᠡ᠃ ︵ᠲᠦᠷᠦᠭᠦᠯᠡᠨ ᠬᠢᠬᠦ ᠨᠢᠭᠡᠴᠡ ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠢᠦᠶ ᠴᠢᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶       ⑧ ᠰᠦ ᠶᠢᠨ ᠠᠵᠤ ᠠᠬᠤᠶᠢᠯᠠᠯ ᠤᠨ ᠮᠥᠩᠭᠦᠨ ᠬᠦᠢᠯᠭᠡᠭᠡᠨ ᠤ ᠦᠢᠯᠡᠴᠢᠯᠡᠭᠡᠨ ᠤ ᠳᠤᠲᠠᠭᠤᠳᠠᠯ ᠢ ᠴᠢᠷᠮᠠᠶᠢᠨ ᠰᠢᠢᠳᠪᠦᠷᠢᠯᠡᠨ᠎ᠡ᠃ ᠬᠤᠳᠠᠯᠳᠤᠭᠠᠨ ᠤ ᠪᠠᠩᠬᠢ ᠵᠡᠷᠭᠡ ᠮᠥᠩᠭᠦᠨ ᠬᠦᠢᠯᠭᠡᠭᠡᠨ ᠤ ᠪᠠᠶᠢᠭᠤᠯᠤᠮᠵᠢ ᠨᠤᠭᠤᠳ ᠰᠦ ᠶᠢᠨ ᠦᠢᠯᠡᠰ ᠤᠨ ᠠᠵᠤ ᠦᠢᠯᠡᠰ ᠤᠨ ᠬᠡᠯᠬᠢᠶ᠎ᠡ ᠶᠢᠨ ᠢᠲᠡᠭᠡᠮᠵᠢᠲᠦ ᠵᠢᠭᠡᠯᠡᠯᠭᠡ ᠶᠢᠨ ᠦᠢᠯᠡᠳᠬᠦᠨ ᠳᠤ ᠰᠢᠨ᠎ᠡ ᠶᠢ ᠡᠭᠦᠳᠬᠦ ᠶᠢ ᠳᠡᠮᠵᠢᠵᠦ᠂ ᠪᠠᠩᠬᠢ ᠶᠢᠨ ᠪᠠᠶᠢᠭᠤᠯᠤᠮᠵᠢ ᠶᠢᠨ ᠡᠯ᠎ᠡ ᠲᠥᠷᠥᠯ ᠤᠨ ᠰᠦ ᠶᠢᠨ ᠦᠢᠯᠡᠰ ᠤᠨ ᠠᠵᠤ ᠦᠢᠯᠡᠰ ᠤᠨ ᠬᠡᠯᠬᠢᠶ᠎ᠡ ᠶᠢᠨ ᠭᠤᠤᠯ ᠴᠣᠭᠴᠠ ᠶᠢᠨ ᠣᠨᠴᠠᠯᠢᠭ ᠲᠤ ᠨᠡᠶᠢᠴᠡᠭᠰᠡᠨ ᠢᠲᠡᠭᠡᠮᠵᠢ ᠶᠢᠨ ᠦᠨᠡᠯᠡᠯᠲᠡ ᠶᠢᠨ ᠰᠢᠰᠲ᠋ᠧᠮᠵᠢ ᠶᠢ ᠰᠦᠪᠡᠭᠴᠢᠯᠡᠵᠦ᠂ ᠵᠢᠭᠡᠯᠡᠯᠭᠡ ᠪᠠᠨ ᠨᠡᠮᠡᠭᠳᠡᠭᠦᠯᠬᠦ ᠶᠢ ᠵᠣᠷᠢᠭᠵᠢᠭᠤᠯᠤᠨ᠎ᠠ᠃ ᠰᠦ ᠶᠢᠨ ᠦᠢᠯᠡᠰ ᠤᠨ  ᠠᠵᠤ ᠦᠢᠯᠡᠰ ᠤᠨ ᠬᠡᠯᠬᠢᠶᠡᠨ ᠤ ᠳᠠᠭᠠᠳᠬᠠᠯ ᠤᠨ ᠲᠥᠷᠥᠯ ᠵᠦᠢᠯ ᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠮᠥᠩᠭᠦᠨ ᠬᠦᠢᠯᠭᠡᠭᠡᠨ ᠤ ᠠᠵᠢᠯ ᠤᠨ ᠠᠯᠪᠠᠨ ᠬᠡᠷ︶       ⑨ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠠᠴᠠ ᠰᠦ ᠰᠠᠭᠠᠯᠢ ᠳᠤ ᠬᠤᠯᠪᠣᠭᠳᠠᠬᠤ ᠠᠵᠤ ᠦᠢᠯᠡᠰ ᠤᠨ ᠬᠡᠯᠬᠢᠶ᠎ᠡ ᠶᠢᠨ ᠳᠠᠭᠠᠳᠬᠠᠯ ᠤᠨ ᠲᠥᠷᠥᠯ ᠵᠦᠢᠯ ᠳᠤ ᠡᠳ᠋ ᠤᠨ ᠵᠠᠰᠠᠭ ᠤᠨ ᠨᠥᠬᠦᠪᠥᠷᠢ ᠣᠯᠭᠤᠵᠤ᠂ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠳᠠᠭᠠᠳᠬᠠᠯ ᠤᠨ ᠬᠠᠷᠢᠴᠠᠯ ᠢ ᠥᠷᠭᠡᠳᠬᠡᠨ᠂ ᠰᠦ ᠰᠠᠭᠠᠯᠢ ᠳᠤ ᠬᠤᠯᠪᠣᠭᠳᠠᠬᠤ ᠠᠵᠤ ᠦᠢᠯᠡᠰ ᠤᠨ ᠬᠡᠯᠬᠢᠶ᠎ᠡ ᠶᠢᠨ ᠪᠠᠯᠠ ᠤᠷᠤᠭᠤᠯᠤᠯᠲᠠ ᠶᠢᠨ ᠲᠦᠭᠰᠢᠭᠦᠷᠢ ᠶᠢ ᠪᠠᠭᠠᠰᠬᠠᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ︶       ⑩  ᠰᠦ ᠶᠢᠨ ᠦᠢᠯᠡᠰ ᠤᠨ ᠵᠢᠭᠤᠯᠴᠢᠯᠠᠯ ᠤᠨ ᠦᠢᠯᠡᠰ ᠢ ᠬᠥᠭᠵᠢᠭᠦᠯᠦᠨ᠎ᠡ᠃ ᠢᠯᠢ ᠶᠢᠨ ᠤᠳᠤ ᠦᠶ᠎ᠡ ᠶᠢᠨ ᠤᠶᠤᠨᠲᠤ ᠡᠷᠡᠭᠦᠯ ᠮᠡᠨᠳᠦ ᠶᠢᠨ ᠬᠥᠨᠳᠡᠢ ᠂ ᠮᠧᠩ ᠨᠢᠦ ᠶᠢᠨ ᠳᠤᠮᠳᠠᠳᠤ ᠤᠯᠤᠰ ᠤᠨ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠳᠤ ᠲᠦᠰᠢᠭᠯᠡᠨ᠂ ᠰᠦ ᠶᠢᠨ ᠦᠢᠯᠡᠰ ᠤᠨ  ᠵᠢᠭᠤᠯᠴᠢᠯᠠᠯ ᠤᠨ ᠰᠣᠳᠣᠨ ᠵᠠᠮ ᠱᠤᠭᠤᠮ ᠢ ᠡᠭᠦᠳᠴᠦ᠂ ᠣᠳᠣᠬᠢᠴᠢᠯᠠᠭᠰᠠᠨ ᠠᠵᠤ ᠦᠢᠯᠡᠰ ᠤᠨ   ᠰᠢᠰᠲ᠋ᠧᠮᠵᠢ ᠶᠢ ᠲᠦᠷᠭᠡᠨ ᠪᠠᠶᠢᠭᠤᠯᠵᠤ᠂ ᠵᠢᠭᠤᠯᠴᠢᠯᠠᠯ ᠤᠨ ᠦᠢᠯᠡᠰ ᠪᠣᠯᠤᠨ ᠰᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠠᠶᠢᠴᠢᠯᠠᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ︶       ︵4︶  ᠮᠠᠯᠴᠢᠨ ᠲᠠᠷᠢᠶᠠᠴᠢᠨ ᠪᠠ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠴᠢᠩᠭᠠᠳᠬᠠᠨ᠎ᠠ       15 ᠮᠠᠯᠵᠢᠯ ᠤᠨ ᠲᠠᠯᠠᠪᠠᠶ ᠶᠢ ᠪᠠᠶᠢᠭᠤᠯᠤᠨ ᠡᠵᠡᠩᠨᠡᠭᠰᠡᠨ ᠤ ᠳᠠᠷᠠᠭ᠎ᠠ ᠢᠵᠢ ᠪᠦᠷᠢᠳᠦᠬᠦᠯᠬᠦ ᠡᠪᠡᠰᠦ ᠪᠣᠷᠳᠤᠭ᠎ᠠ ᠳᠠᠷᠢᠬᠤ ᠲᠠᠯᠠᠪᠠᠶ ᠨᠢ ᠪᠠᠷᠤᠭ 25 ᠲᠦᠮᠡᠨ ᠮᠥ ᠳᠤ ᠬᠦᠷᠴᠦ᠂ ᠭᠠᠵᠠᠷ ᠰᠢᠷᠣᠶ ᠶᠢ ᠡᠷᠭᠢᠯᠳᠦᠭᠦᠯᠬᠦ᠂ ᠦᠢᠯᠡᠴᠢᠯᠡᠭᠡᠨ ᠤ ᠬᠠᠮᠵᠢᠯᠴᠠᠭ᠎ᠠ᠂ ᠬᠦᠳᠡᠯᠮᠦᠷᠢ ᠬᠦᠴᠦᠨ ᠰᠢᠩᠭᠡᠭᠡᠵᠦ ᠠᠵᠢᠯ ᠣᠯᠭᠤᠬᠤ ᠵᠡᠷᠭᠡ ᠵᠠᠭᠪᠤᠷ ᠢᠶᠠᠷ ᠳᠠᠮᠵᠢᠭᠤᠯᠤᠨ᠂ 7 ᠲᠦᠮᠡ ᠭᠠᠷᠤᠶ ᠮᠠᠯᠴᠢᠨ ᠲᠠᠷᠢᠶᠠᠴᠢᠨ ᠢ ᠳᠠᠶᠢᠴᠢᠯᠠᠨ ᠠᠵᠤ ᠦᠢᠯᠡᠰ ᠤᠨ ᠬᠡᠯᠬᠢᠶ᠎ᠡ ᠳᠤ ᠣᠷᠣᠭᠤᠯᠵᠤ ᠪᠣᠯᠤᠨ᠎ᠠ᠃       ︵ᠬᠤᠶᠠᠷ︶ ᠵᠠᠭᠤᠨ ᠲᠦᠮᠡᠨ ᠤ ᠲᠠᠰ ᠤᠨ ᠭᠠᠭ᠋ᠠᠶ ᠶᠢᠨ ᠪᠥᠬᠦ ᠠᠵᠤ ᠦᠢᠯᠡᠰ ᠤᠨ ᠬᠡᠯᠬᠢᠶ᠎ᠡ       1. ᠡᠭᠦᠷᠭᠡ ᠬᠠᠷᠠᠯᠲᠠ      ︵1︶  ᠬᠤᠷᠢᠨᠬᠡᠷ ᠰᠢᠶᠠᠨ᠂ ᠦᠴᠤᠸᠠᠨ ᠰᠢᠶᠠᠨ ᠢᠶᠠᠷ ᠭᠤᠤᠯᠳᠠᠯᠭ᠎ᠠ ᠲᠠᠢ ᠣᠷᠣᠨ ᠪᠦᠰᠡ ᠪᠣᠯᠭᠠᠵᠤ᠂ ᠭᠠᠭ᠋ᠠᠶ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂  ᠬᠤᠷᠢᠨᠬᠡᠷ ᠰᠢᠶᠠᠨ ᠤ 100 ᠲᠦᠮᠡᠨ ᠭᠠᠭ᠋ᠠᠶ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠦᠢᠯᠡᠳᠪᠦᠷᠢᠯᠡᠯ ᠢᠶᠠᠨ ᠪᠡᠶᠡᠯᠡᠭᠦᠯᠵᠦ ᠦᠷ᠎ᠡ ᠠᠰᠢᠭ ᠣᠯᠬᠤ ᠶᠢ ᠠᠬᠢᠭᠤᠯᠵᠤ᠂ ᠦᠴᠤᠸᠠᠨ ᠰᠢᠶᠠᠨ ᠤ 100 ᠲᠦᠮᠡᠨ ᠭᠠᠭ᠋ᠠᠶ ᠲᠡᠵᠢᠭᠡᠨ ᠦᠷᠡᠵᠢᠭᠦᠯᠬᠦ ᠲᠥᠷᠥᠯ ᠵᠦᠢᠯ ᠢ ᠡᠬᠢᠯᠡᠭᠦᠯᠵᠦ᠂ 2021 ᠣᠨ ᠤ ᠡᠴᠦᠰ ᠲᠤ 60 ᠲᠦᠮᠡᠨ ᠭᠠᠭ᠋ᠠᠶ ᠲᠡᠵᠢᠭᠡᠨ ᠦᠷᠡᠵᠢᠭᠦᠯᠵᠦ᠂ 2023 ᠣᠨ ᠪᠣᠯᠬᠤ ᠳᠤ᠂ ᠪᠥᠬᠦ ᠬᠤᠲᠠ ᠵᠢᠯ ᠳᠤ 100 ᠲᠦᠮᠡᠨ ᠭᠠᠭ᠋ᠠᠶ ᠪᠣᠷᠳᠣᠵᠤ ᠲᠠᠷᠭᠤᠯᠠᠭᠤᠯᠬᠤ ᠶᠢ ᠪᠡᠶᠡᠯᠡᠭᠦᠯᠦᠨ᠎ᠡ᠃       ︵2︶ ᠬᠤᠷᠢᠨᠭᠡᠷ ᠰᠢᠶᠠᠨ ᠤ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢᠶᠠᠷ ᠭᠤᠤᠯᠳᠠᠯᠭ᠎ᠠ ᠲᠠᠢ ᠣᠷᠣᠨ ᠪᠦᠰᠡ ᠪᠣᠯᠭᠠᠵᠤ ᠂ 2021 ᠣᠨ ᠳᠤ ᠵᠧᠩ ᠳ᠋ᠡ ᠪᠦᠯᠦᠭᠯᠡᠯ ᠤᠨ 300 ᠲᠦᠮᠡᠨ ᠤ ᠨᠢᠲᠤᠯᠵᠤ ᠡᠳ᠋ᠰᠢᠭᠦᠯᠦᠨ ᠪᠣᠯᠪᠠᠰᠤᠷᠠᠭᠤᠯᠬᠤ ᠵᠢᠴᠢ ᠢᠳᠡᠭᠡᠨ ᠡᠳ᠋ᠰᠢᠭᠦᠯᠦᠨ ᠪᠣᠯᠪᠠᠰᠤᠷᠠᠭᠤᠯᠬᠤ ᠦᠢᠯᠡᠳᠪᠦᠷᠢ ᠶᠢ ᠪᠠᠶᠢᠭᠤᠯᠵᠤ᠂ ᠭᠠᠭ᠋ᠠᠶ ᠡᠳ᠋ᠰᠢᠭᠦᠯᠦᠨ ᠪᠣᠯᠪᠠᠰᠤᠷᠠᠭᠤᠯᠬᠤ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ 2023 ᠣᠨ ᠪᠣᠯᠬᠤ ᠳᠤ᠂ ᠨᠢᠲᠤᠯᠵᠤ ᠡᠳ᠋ᠰᠢᠭᠦᠯᠦᠨ ᠪᠣᠯᠪᠠᠰᠤᠷᠠᠭᠤᠯᠬᠤ ᠠᠰᠢᠭᠯᠠᠮᠵᠢ ᠶᠢ ᠴᠠᠭ ᠪᠦᠷᠢ 650 ᠲᠣᠯᠣᠭᠠᠶ ᠬᠦᠷᠭᠡᠵᠦ᠂ ᠨᠢᠲᠤᠯᠵᠤ ᠡᠳ᠋ᠰᠢᠭᠦᠯᠦᠨ ᠪᠣᠯᠪᠠᠰᠤᠷᠠᠭᠤᠯᠬᠤ ᠭᠠᠭᠴᠠ ᠡᠭᠡᠯᠵᠢ ᠶᠢᠨ ᠦᠢᠯᠡᠳᠪᠦᠷᠢᠯᠡᠬᠦ ᠴᠢᠳᠠᠪᠤᠷᠢ ᠶᠢ ᠵᠢᠯ ᠪᠦᠷᠢ 100 ᠲᠦᠮᠡᠨ ᠲᠣᠯᠣᠭᠠᠶ ᠬᠦᠷᠭᠡᠨ᠎ᠡ᠃       2. ᠠᠵᠢᠯ ᠤᠨ ᠠᠷᠭ᠎ᠠ ᠬᠡᠮᠵᠢᠶ᠎ᠡ       ︵1︶  ᠠᠮᠢᠳᠤ ᠭᠠᠭ᠋ᠠᠶ ᠶᠢ ᠡᠳ᠋ᠰᠢᠭᠦᠯᠦᠨ ᠪᠣᠯᠪᠠᠰᠤᠷᠠᠭᠤᠯᠬᠤ ᠠᠵᠤ ᠦᠢᠯᠡᠰ ᠤᠨ ᠬᠡᠯᠬᠢᠶ᠎ᠡ ᠶᠢᠨ ᠪᠥᠲᠥᠭᠡᠨ ᠪᠠᠶᠢᠭᠤᠯᠤᠯᠲᠠ ᠶᠢ ᠤᠷᠲᠤᠳᠬᠠᠨ᠎ᠠ       ᠵᠧᠩ ᠳ᠋ᠡ ᠪᠦᠯᠦᠭᠯᠡᠯ ᠤᠨ ᠭᠠᠭ᠋ᠠᠶ ᠨᠢᠲᠤᠯᠬᠤ ᠲᠥᠷᠥᠯ ᠵᠦᠢᠯ᠂ ᠨᠢᠲᠤᠯᠬᠤ ᠦᠢᠯᠡᠳᠪᠦᠷᠢ ᠶᠢᠨ ᠲᠥᠷᠥᠯ  ᠵᠦᠢᠯ ᠢ ᠬᠡᠷᠡᠭᠵᠢᠬᠦᠯᠬᠦ ᠶᠢ ᠲᠦᠷᠭᠡᠳᠬᠡᠵᠦ᠂ 2021 ᠣᠨ ᠳᠤ ᠨᠢᠭᠡᠳᠦᠭᠡᠷ ᠬᠤᠭᠤᠴᠠᠭᠠᠨ ᠤ ᠪᠠᠷᠢᠯᠭ᠎ᠠ ᠶᠢᠨ ᠠᠵᠢᠯ ᠢ ᠳᠠᠭᠤᠰᠬᠠᠵᠤ ᠠᠰᠢᠭᠯᠠᠯᠲᠠ ᠳᠤ ᠣᠷᠣᠭᠤᠯᠤᠨ᠎ᠠ︔ ᠬᠤᠶᠠᠳᠤᠭᠠᠷ ᠬᠤᠭᠤᠴᠠᠭᠠᠨ ᠤ ᠵᠢᠯ ᠤᠨ ᠭᠠᠷᠤᠯᠲᠠ 10 ᠲᠦᠮᠡᠨ ᠲᠣᠨ ᠤ ᠢᠳᠡᠭᠡᠨ ᠢ ᠨᠠᠷᠢᠯᠢᠭ ᠡᠳ᠋ᠰᠢᠭᠦᠯᠦᠨ ᠪᠣᠯᠪᠠᠰᠤᠷᠠᠭᠤᠯᠬᠤ ᠦᠢᠯᠡᠳᠪᠦᠷᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠡᠬᠢᠯᠡᠭᠦᠯᠵᠦ᠂ 2023 ᠣᠨ ᠳᠤ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ︔ ᠬᠠᠮᠵᠢᠯᠴᠠᠬᠤ ᠨᠢᠭᠡᠴᠡ᠄ ᠬᠤᠲᠠ ᠶᠢᠨ ᠠᠵᠤ ᠦᠢᠯᠡᠳᠪᠦᠷᠢ ᠮᠡᠳᠡᠭᠡ  ᠵᠠᠩᠬᠢᠴᠢᠯᠠᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠷᠢᠨᠬᠡᠷ ᠰᠢᠶᠠᠨ ᠤ ᠠᠷᠠᠳ ᠤᠨ ᠵᠠᠰᠠᠭ ᠤᠨ ᠣᠷᠳᠣᠨ︶       ︵2︶ ᠭᠠᠭ᠋ᠠᠶ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠶᠢ ᠲᠥᠯᠬᠢᠨ ᠠᠬᠢᠭᠤᠯᠤᠨ᠎ᠠ       ① ᠵᠧᠩ ᠳ᠋ᠡ ᠪᠦᠯᠦᠭᠯᠡᠯ ᠤᠨ ᠭᠠᠭ᠋ᠠᠶ ᠲᠡᠵᠢᠭᠡᠨ ᠦᠷᠡᠵᠢᠭᠦᠯᠬᠦ ᠦᠢᠯᠡᠰ ᠤᠨ ᠬᠤᠷᠢᠨᠭᠡᠷ ᠰᠢᠶᠠᠨ ᠳᠠᠬᠢ 4 ᠪᠣᠷᠳᠣᠵᠤ ᠲᠠᠷᠭᠤᠯᠠᠭᠤᠯᠬᠤ ᠲᠠᠯᠠᠪᠠᠢ ︵ᠬᠦᠷᠢᠶᠡᠯᠡᠩ ᠲᠣᠭᠤᠷᠢᠭ︶ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠵᠦ᠂ 2021 ᠣᠨ ᠳᠤ ᠬᠤᠷᠢᠨᠬᠡᠷ ᠰᠢᠶᠠᠨ ᠤ ᠬᠤᠨᠢ ᠶᠢᠨ ᠰᠦᠷᠦᠭ ᠤᠨ ᠭᠤᠤ ᠰᠢᠶᠠᠩ᠂ ᠴᠧᠩ ᠭᠤᠸᠠᠨ ᠪᠠᠯᠭᠠᠰᠤ᠂ ᠱᠧᠩ ᠯᠧ ᠪᠠᠯᠭᠠᠰᠤᠨ ᠳᠠᠬᠢ 3 ᠪᠣᠷᠳᠣᠵᠤ ᠲᠠᠷᠭᠤᠯᠠᠭᠤᠯᠬᠤ ᠲᠠᠯᠠᠪᠠᠢ ︵ᠬᠦᠷᠢᠶᠡᠯᠡᠩ ᠲᠣᠭᠤᠷᠢᠭ︶ ᠶᠢᠨ ᠭᠤᠤᠯ ᠴᠣᠭᠴᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ︔ ᠵᠧᠩ ᠳ᠋ᠡ ᠪᠦᠯᠦᠭᠯᠡᠯ ᠤᠨ ᠦᠴᠤᠸᠠᠨ ᠰᠢᠶᠠᠨ ᠤ ᠡᠯ ᠹᠧᠨ ᠽᠢ ᠰᠢᠶᠠᠩ ᠳᠠᠬᠢ 3 ᠡᠭᠦᠯᠳᠡᠷ ᠤᠨ ᠭᠠᠭ᠋ᠠᠶ ᠶᠢᠨ ᠲᠠᠯᠠᠪᠠᠢ ᠶᠢᠨ ᠭᠤᠣᠯ ᠴᠣᠭᠴᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠵᠡᠷᠭᠡᠪᠡᠷ ᠡᠬᠢᠯᠡᠭᠦᠯᠵᠦ᠂ ᠭᠤᠣᠯᠳᠠᠭᠤ ᠡᠭᠦᠯᠳᠡᠷ ᠤᠨ ᠭᠠᠭ᠋ᠠᠶ ᠶᠢᠨ ᠲᠠᠯᠠᠪᠠᠢ ᠶᠢ ᠠᠰᠢᠭᠯᠠᠯᠲᠠ ᠳᠤ ᠣᠷᠤᠭᠤᠯᠬᠤ ᠪᠠᠷ ᠪᠣᠷᠳᠣᠵᠤ ᠲᠠᠷᠭᠤᠯᠠᠭᠤᠯᠬᠤ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ ᠳᠠᠶᠢᠴᠢᠯᠠᠨ᠎ᠠ᠃ 2023 ᠣᠨ ᠪᠣᠯᠬᠤ ᠳᠤ᠂ ᠪᠦᠬᠦᠨ ᠢ ᠠᠰᠢᠭᠯᠠᠯᠲᠠ ᠳᠤ ᠣᠷᠣᠭᠤᠯᠤᠨ ᠡᠵᠡᠩᠨᠡᠵᠦ᠂ ᠠᠯᠬᠤᠮ ᠠᠯᠬᠤᠮ ᠢᠶᠠᠷ ᠦᠢᠯᠡᠳᠪᠦᠷᠢᠯᠡᠯ ᠢᠶᠠᠨ ᠪᠡᠶᠡᠯᠡᠭᠦᠯᠵᠦ ᠥᠷ᠎ᠡ ᠠᠰᠢᠭ ᠣᠯᠵᠤ᠂ ᠡᠮᠦᠨ᠎ᠡ ᠤᠮᠠᠷ᠎ᠠ ᠬᠤᠶᠠᠷ ᠵᠢᠭᠦᠷ ᠤᠨ ᠭᠠᠭ᠋ᠠᠢ ᠲᠡᠵᠢᠭᠡᠨ ᠦᠷᠡᠵᠢᠭᠦᠯᠬᠦ ᠳᠠᠪᠠᠭᠤᠯᠢᠭ ᠣᠷᠣᠨ ᠢ ᠪᠦᠷᠢᠯᠳᠦᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠷᠢᠨᠬᠡᠷ ᠰᠢᠶᠠᠨ ᠤ ᠠᠷᠠᠳ ᠤᠨ ᠵᠠᠰᠠᠭ ᠤᠨ ᠣᠷᠳᠣᠨ᠂ ᠦᠴᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ︶      ② ᠭᠠᠭ᠋ᠠᠶ ᠲᠡᠵᠢᠭᠡᠨ ᠦᠷᠡᠵᠢᠭᠦᠯᠬᠦ ᠢᠵᠢ ᠪᠦᠷᠢᠳᠦᠭᠦᠯᠬᠦ ᠰᠢᠰᠲ᠋ᠧᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ᠤᠯᠤᠰ ᠤᠨ ᠭᠠᠭ᠋ᠠᠶ ᠶᠢᠨ ᠰᠠᠶᠢᠨ ᠡᠭᠦᠯᠳᠡᠷ ᠤᠨ ᠨᠥᠬᠦᠪᠥᠷᠢ ᠶᠢᠨ ᠲᠥᠷᠥᠯ ᠵᠦᠢᠯ ᠪᠠ ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠮᠠᠯ ᠠᠵᠤ ᠠᠬᠤᠶ ᠶᠢᠨ ᠮᠡᠷᠭᠡᠵᠢᠯ ᠤᠨ ᠲᠤᠰᠬᠠᠶ ᠮᠡᠷᠭᠡᠵᠢᠯᠲᠡᠨ ᠳᠤ ᠲᠦᠰᠢᠭᠯᠡᠨ᠂ ᠭᠠᠭ᠋ᠠᠶ ᠶᠢᠨ ᠭᠠᠷ ᠬᠡᠭᠡᠯᠲᠦᠭᠦᠯᠭᠡ ᠶᠢᠨ ᠮᠡᠷᠭᠡᠵᠢᠯ ᠢ ᠳᠡᠯᠭᠡᠷᠡᠭᠦᠯᠵᠦ᠂ ᠭᠠᠭ᠋ᠠᠶ ᠶᠢ ᠡᠭᠦᠯᠳᠡᠷ ᠰᠠᠶᠢᠵᠢᠷᠠᠭᠤᠯᠤᠨ ᠦᠷᠡᠵᠢᠭᠦᠯᠬᠦ᠂   ᠪᠠᠷᠢᠮᠵᠢᠶᠠᠵᠢᠭᠰᠠᠨ ᠲᠡᠵᠢᠭᠡᠨ ᠦᠷᠡᠵᠢᠭᠦᠯᠬᠦ ᠮᠡᠷᠭᠡᠵᠢᠯ ᠤᠨ ᠦᠢᠯᠡᠴᠢᠯᠡᠭᠡ ᠶᠢ ᠰᠠᠶᠢᠲᠤᠷ ᠠᠳᠬᠤᠵᠤ᠂ ᠠᠮᠢᠳᠤ ᠭᠠᠭ᠋ᠠᠶ ᠶᠢᠨ ᠭᠠᠷᠭᠠᠯᠲᠠ ᠶᠢᠨ ᠨᠣᠷᠮ᠎ᠠ ᠶᠢ ᠳᠡᠭᠡᠭᠰᠢᠯᠡᠭᠦᠯᠦᠨ᠂ ᠬᠡᠩᠬᠦᠳᠡᠭ ᠤᠨ ᠬᠦᠨᠳᠦ ᠶᠢ ᠳᠡᠭᠡᠭᠰᠢᠯᠡᠭᠦᠯᠦᠨ᠎ᠡ︔ ᠥᠪᠡᠷᠲᠡᠭᠡᠨ ᠵᠠᠰᠠᠬᠤ ᠣᠷᠣᠨ ᠤ ᠭᠠᠭ᠋ᠠᠶ ᠨᠢᠲᠤᠯᠬᠤ ᠲᠠᠯᠠᠪᠠᠶ ᠶᠢ ᠪᠠᠷᠢᠮᠵᠢᠶᠠᠵᠢᠭᠤᠯᠤᠨ ᠪᠥᠲᠥᠭᠡᠨ ᠪᠠᠶᠢᠭᠤᠯᠬᠤ ᠲᠥᠷᠥᠯ ᠵᠦᠢᠯ ᠳᠤ ᠲᠦᠰᠢᠭᠯᠡᠨ᠂ ᠪᠥᠬᠦ ᠬᠤᠲᠠ ᠶᠢᠨ ᠣᠲᠣ ᠶᠢᠨ ᠪᠠᠶᠢᠭ᠎ᠠ ᠭᠠᠭ᠋ᠠᠶ ᠨᠢᠲᠤᠯᠬᠤ ᠲᠠᠯᠠᠪᠠᠶ ᠶᠢᠨ ᠲᠤᠷᠰᠢᠯᠲᠠ ᠶᠢᠨ ᠲᠠᠰᠤᠭ ᠤᠨ ᠪᠠᠷᠢᠮᠵᠢᠶᠠᠵᠢᠭᠤᠯᠬᠤ ᠪᠥᠲᠥᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠭᠠᠭ᠋ᠠᠶ ᠶᠢ ᠬᠠᠤᠯᠢ ᠪᠤᠰᠤ ᠪᠠᠷ ᠰᠢᠯᠵᠢᠭᠦᠯᠦᠨ ᠲᠡᠭᠡᠭᠡᠪᠦᠷᠢᠯᠡᠬᠦ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠠᠮᠢᠳᠤ ᠭᠠᠭ᠋ᠠᠶ ᠶᠢᠨ ᠪᠦᠲᠦᠭᠡᠭᠳᠡᠬᠦᠨ ᠢ ᠰᠢᠯᠭᠠᠨ ᠪᠠᠶᠢᠴᠠᠭᠠᠬᠤ ᠬᠢᠷᠢ ᠲᠥᠪᠰᠢᠨ ᠢ ᠳᠡᠭᠡᠭᠰᠢᠯᠡᠭᠦᠯᠵᠦ᠂ ᠭᠠᠭ᠋ᠠᠶ ᠶᠢᠨ ᠮᠢᠬᠠᠨ ᠤ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠬᠦᠢ ᠶᠢ ᠦᠨᠡᠨᠬᠦ ᠪᠠᠳᠤᠯᠠᠨ᠎ᠠ᠃  ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ︔ ᠬᠠᠮᠵᠢᠯᠴᠠᠬᠤ ᠨᠢᠭᠡᠴᠡ᠄ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ︶       ③ ᠵᠧᠩ ᠳ᠋ᠡ ᠪᠦᠯᠦᠭᠯᠡᠯ ᠤᠨ ᠡᠭᠦᠯᠳᠡᠷ ᠤᠨ ᠭᠠᠭ᠋ᠠᠶ ᠶᠢᠨ ᠲᠠᠯᠠᠪᠠᠶ ᠶᠢᠨ ᠲᠣᠭᠤᠷᠢᠨ ᠳᠤ ᠭᠠᠭ᠋ᠠᠶ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠢ ᠢᠵᠢ ᠪᠥᠷᠢᠳᠦᠭᠦᠯᠦᠨ ᠪᠠᠶᠢᠭᠤᠯᠵᠤ᠂ ᠲᠡᠵᠢᠭᠡᠨ ᠦᠷᠡᠵᠢᠭᠦᠯᠬᠦ ᠬᠡᠮᠵᠢᠶ᠎ᠡ ᠶᠢ ᠦᠨᠳᠦᠰᠦᠯᠡᠨ ᠵᠧᠩ ᠳ᠋ᠡ ᠪᠦᠯᠦᠭᠯᠡᠯ ᠤᠨ ᠦᠴᠤᠸᠠᠨ ᠰᠢᠶᠠᠨ ᠤ ᠵᠠᠭᠤᠨ ᠲᠦᠮᠡᠨ ᠭᠠᠭ᠋ᠠᠶ ᠶᠢᠨ ᠲᠦᠬᠦᠷᠵᠢᠭᠰᠡᠨ ᠲᠡᠵᠢᠭᠡᠯ ᠪᠣᠷᠳᠤᠭ᠎ᠠ ᠡᠳ᠋ᠰᠢᠭᠦᠯᠦᠨ ᠪᠣᠯᠪᠠᠰᠤᠷᠠᠭᠤᠯᠬᠤ ᠲᠥᠷᠥᠯ ᠵᠦᠢᠯ ᠢ ᠠᠯᠬᠤᠮ ᠬᠤᠪᠢᠶᠠᠨ ᠢᠵᠢ ᠪᠥᠷᠢᠳᠦᠭᠦᠯᠦᠨ ᠪᠥᠲᠥᠭᠡᠨ ᠪᠠᠶᠢᠭᠤᠯᠵᠤ᠂ ᠬᠤᠭ ᠨᠤᠪᠰᠢ ᠶᠢ ᠰᠢᠢᠳᠪᠦᠷᠢᠯᠡᠬᠦ ᠳᠤ ᠬᠡᠷᠡᠭᠯᠡᠬᠦ ᠭᠠᠵᠠᠷ ᠢ ᠢᠵᠢ ᠪᠥᠷᠢᠳᠦᠭᠦᠯᠬᠦ ᠶᠢᠨ ᠬᠠᠮᠲᠤ ᠮᠠᠯ ᠵᠢᠭᠦᠷᠲᠡᠨ ᠤ ᠢᠯᠭᠠᠳᠠᠰᠤ ᠶᠢᠨ ᠪᠣᠬᠢᠷᠲᠤᠯ ᠢ ᠲᠠᠷᠢᠶᠠᠨ ᠭᠠᠵᠠᠷ ᠲᠤ ᠪᠤᠴᠠᠭᠠᠨ ᠠᠰᠢᠭᠯᠠᠬᠤ ᠶᠢ ᠬᠥᠲᠥᠯᠥᠨ ᠵᠢᠯᠣᠭᠤᠳᠴᠤ᠂ ᠳᠠᠷᠢᠬᠤ — ᠲᠡᠵᠢᠭᠡᠨ ᠦᠷᠡᠵᠢᠭᠦᠯᠬᠦ — ᠬᠥᠷᠥᠰᠥ ᠰᠢᠷᠣᠶ ᠶᠢ ᠰᠠᠶᠢᠵᠢᠷᠠᠭᠤᠯᠬᠤ ᠶᠢ ᠨᠢᠭᠡ ᠴᠤᠭᠴᠠᠵᠢᠭᠤᠯᠤᠨ᠂ ᠪᠣᠬᠢᠷᠲᠤᠯ ᠥᠬᠡᠶ ᠲᠡᠵᠢᠭᠡᠨ ᠦᠷᠡᠵᠢᠭᠦᠯᠬᠦ ᠬᠢᠷᠢ ᠲᠥᠪᠰᠢᠨ ᠢ ᠳᠡᠭᠡᠭᠰᠢᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠵᠤ  ᠦᠢᠯᠡᠳᠪᠦᠷᠢ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠦᠴᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ︶       ④  ᠵᠧᠩ ᠳ᠋ᠡ ᠪᠦᠯᠦᠭᠯᠡᠯ ᠤᠨ ᠲᠦᠭᠦᠬᠡᠢ ᠰᠢᠨ᠎ᠡ ᠰᠣᠷᠭᠤᠭ ᠢᠳᠡᠭᠡᠨ ᠤ ᠵᠢᠵᠢᠭᠯᠡᠨ ᠬᠤᠳᠠᠯᠳᠤᠬᠤ ᠰᠢᠨ᠎ᠡ ᠲᠥᠷᠥᠯ ᠵᠦᠢᠯ ᠪᠠ ᠬᠦᠢᠲᠡᠨ ᠬᠡᠯᠬᠢᠶᠡᠨ ᠤ ᠪᠠᠷᠠᠭᠠᠨ ᠤ ᠬᠦᠢᠯᠭᠡᠭᠡ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃  ᠵᠧᠩ ᠳ᠋ᠠ ᠭᠠᠭ᠋ᠠᠶ ᠶᠢᠨ ᠲᠦᠷᠦᠯ ᠲᠡᠮᠳᠡᠭᠲᠦ ᠶᠢᠨ ᠪᠦᠲᠦᠭᠡᠭᠳᠡᠬᠦᠨ ᠤ ᠪᠠᠷᠢᠮᠵᠢᠶᠠᠵᠢᠭᠰᠠᠨ ᠪᠠᠷᠠᠭᠠᠨ ᠤ ᠬᠦᠢᠯᠭᠡᠭᠡ ᠶᠢᠨ ᠳᠣᠭᠢᠷᠠᠭᠤᠯᠤᠨ ᠬᠦᠷᠭᠡᠬᠦ ᠰᠢᠰᠲ᠋ᠧᠮᠵᠢ ᠶᠢ ᠴᠤᠭᠴᠠᠯᠠᠵᠤ᠂ ᠬᠥᠬᠡᠬᠤᠲᠠ ᠳᠤ ᠴᠢᠨᠠᠷ ᠰᠠᠶᠢᠲᠠᠶ ᠡᠷᠡᠭᠦᠯ ᠭᠠᠭ᠋ᠠᠶ ᠶᠢᠨ ᠮᠢᠬᠠᠨ ᠤ ᠪᠦᠲᠦᠭᠡᠭᠳᠡᠬᠦᠨ ᠢ ᠦᠷᠭᠦᠯᠵᠢᠯᠡᠨ ᠬᠠᠩᠭᠠᠵᠤ᠂ 2021 ᠣᠨ ᠳᠤ ᠲᠡᠯᠭᠡᠭᠦᠷ ᠢ 20 ᠣᠷᠴᠢᠮ ᠬᠥᠭᠵᠢᠭᠦᠯᠵᠦ᠂ ᠲᠠᠷᠢᠶᠠᠯᠠᠩ ᠪᠠ ᠬᠡᠲᠦ ᠳᠡᠯᠭᠡᠭᠦᠷ ᠢ ᠵᠣᠯᠭᠠᠭᠤᠯᠬᠤ᠂ ᠬᠦᠢᠲᠡᠨ ᠬᠡᠯᠬᠢᠶ᠎ᠡ ᠪᠠᠷ ᠲᠣᠬᠢᠷᠠᠭᠤᠯᠤᠨ ᠬᠦᠷᠭᠡᠬᠦ ᠶᠢ ᠪᠡᠶᠡᠯᠡᠭᠦᠯᠵᠦ᠂ ᠲᠦᠭᠦᠬᠡᠢ ᠰᠢᠨ᠎ᠡ ᠰᠣᠷᠭᠤᠭ ᠭᠠᠭ᠋ᠠᠶ ᠶᠢᠨ ᠮᠢᠬᠠᠨ ᠤ ᠪᠦᠲᠦᠭᠡᠭᠳᠡᠬᠦᠨ ᠤ ᠡᠴᠦᠰ ᠤᠨ ᠨᠢᠭᠡ ᠺᠢᠯᠣᠮᠧᠲᠷ ᠢ ᠨᠡᠪᠲᠡᠷᠡᠭᠦᠯᠦᠨ᠎ᠡ᠃ 2023 ᠣᠨ ᠪᠣᠯᠬᠤ ᠳᠤ᠂ ᠲᠦᠭᠦᠬᠡᠢ ᠰᠢᠨ᠎ᠡ ᠰᠣᠷᠭᠤᠭ ᠢᠳᠡᠭᠡᠨ ᠤ ᠵᠢᠵᠢᠭᠯᠡᠨ ᠬᠤᠳᠠᠯᠳᠤᠬᠤ ᠰᠢᠨ᠎ᠡ ᠳᠡᠯᠭᠡᠭᠦᠷ ᠢ 200 ᠣᠷᠴᠢᠮ ᠬᠥᠭᠵᠢᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶       ︵3︶ ᠲᠠᠷᠢᠶᠠᠴᠢᠨ ᠪᠠ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠴᠢᠩᠭᠠᠳᠬᠠᠨ᠎ᠠ       300 ᠲᠦᠮᠡᠨ ᠭᠠᠭ᠋ᠠᠶ ᠲᠡᠵᠢᠭᠡᠨ ᠦᠷᠡᠵᠢᠭᠦᠯᠬᠦ ᠪᠥᠬᠦ ᠠᠵᠤ ᠦᠢᠯᠡᠰ ᠤᠨ ᠬᠡᠯᠬᠢᠶ᠎ᠡ ᠶᠢᠨ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ︽ᠺᠣᠮᠫᠠᠨᠢ + ᠬᠥᠷᠥᠩᠭᠡ + ᠡᠷᠭᠢᠯᠲᠡ + ᠠᠰᠢᠭ ᠲᠤᠰᠠ ᠶᠢᠨ ᠬᠤᠪᠢᠶᠠᠷᠢᠯᠠᠯᠲᠠ︾ ᠮᠠᠯ ᠵᠢᠭᠦᠷᠲᠡᠨ ᠤ ᠬᠠᠮᠵᠢᠯᠴᠠᠨ ᠬᠠᠮᠲᠤᠷᠠᠯᠴᠠᠬᠤ ᠵᠠᠭᠪᠤᠷ᠂ ᠨᠠᠶᠢᠳᠠᠨ ᠬᠠᠮᠢᠶᠠᠷᠤᠭᠤᠯᠵᠤ ᠣᠷᠣᠯᠠᠨ ᠲᠡᠵᠢᠭᠡᠯᠭᠡᠬᠦ᠂ ᠬᠦᠳᠡᠯᠮᠦᠷᠢ ᠬᠦᠴᠦᠨ ᠰᠢᠩᠭᠡᠭᠡᠵᠦ ᠠᠵᠢᠯ ᠣᠯᠭᠤᠬᠤ ᠵᠡᠷᠭᠡ ᠵᠠᠭᠪᠤᠷ ᠢᠶᠠᠷ ᠳᠠᠮᠵᠢᠭᠤᠯᠤᠨ᠂ ᠲᠦᠮᠡ ᠭᠠᠷᠤᠶ ᠡᠷᠦᠬᠡ ᠲᠠᠷᠢᠶᠠᠴᠢᠨ ᠢ ᠳᠠᠶᠢᠴᠢᠯᠠᠨ ᠠᠵᠤ ᠦᠢᠯᠡᠰ ᠤᠨ ᠬᠡᠯᠬᠢᠶ᠎ᠡ ᠳᠤ ᠣᠷᠣᠭᠤᠯᠵᠤ ᠪᠣᠯᠤᠨ᠎ᠠ᠃       ︵ᠭᠤᠷᠪᠠ︶ ᠵᠠᠭᠤᠨ ᠲᠦᠮᠡᠨ ᠤ ᠲᠠᠰ ᠤᠨ ᠡᠷᠳᠡᠨᠢ ᠰᠢᠰᠢ ᠶᠢᠨ ᠪᠥᠬᠦ ᠠᠵᠤ ᠦᠢᠯᠡᠰ ᠤᠨ ᠬᠡᠯᠬᠢᠶ᠎ᠡ       1. ᠡᠭᠦᠷᠭᠡ ᠬᠠᠷᠠᠯᠲᠠ       ︵1︶ ᠲᠦᠮᠡᠳ ᠤᠨ ᠲᠠᠯ᠎ᠠ ᠭᠠᠵᠠᠷ ᠢᠶᠠᠷ ᠭᠤᠤᠯ ᠣᠷᠣᠨ ᠪᠦᠰᠡ ᠪᠣᠯᠭᠠᠵᠤ᠂ 350 ᠲᠦᠮᠡᠨ ᠮᠥ ᠴᠢᠨᠠᠷ ᠰᠠᠶᠢᠲᠠᠶ ᠡᠷᠳᠡᠨᠢ ᠰᠢᠰᠢ ᠶᠢᠨ ᠥᠨᠳᠥᠷ ᠲᠣᠭᠲᠠᠭᠤᠨ ᠤᠨᠠᠯᠲᠠ ᠲᠠᠢ ᠲᠠᠷᠢᠮᠠᠯ ᠤᠨ ᠣᠷᠣᠨ ᠢ ᠪᠥᠲᠥᠭᠡᠨ ᠪᠠᠶᠢᠭᠤᠯᠵᠤ᠂ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠠᠵᠤ ᠠᠬᠤᠶᠢᠯᠠᠯ ᠳᠤ ᠪᠠᠷᠤᠭ 250 ᠲᠦᠮᠡᠨ ᠲᠣᠨ ᠨᠤᠭᠤᠭᠠᠨ ᠳᠠᠷᠤᠰᠢ ᠶᠢᠨ ᠡᠷᠳᠡᠨᠢ ᠰᠢᠰᠢ ᠬᠠᠩᠭᠠᠨ᠎ᠠ᠃       ︵2︶  ᠲᠤᠭᠲᠠᠬᠤ ᠴᠢᠩ ᠱᠦᠢ ᠡᠾᠧ ᠤᠨ ᠬᠦᠷᠢᠶᠡᠯᠡᠩ ᠲᠣᠭᠤᠷᠢᠭ ᠢᠶᠠᠷ ᠭᠤᠤᠯᠳᠠᠯᠭ᠎ᠠ ᠲᠠᠢ ᠣᠷᠣᠨ ᠪᠦᠰᠡ ᠪᠣᠯᠭᠠᠵᠤ᠂ ᠡᠷᠳᠡᠨᠢ ᠰᠢᠰᠢ ᠶᠢᠨ ᠢᠰᠬᠡᠯᠲᠡ ᠶᠢᠨ ᠲᠥᠷᠥᠯ ᠤᠨ ᠲᠦᠭᠦᠬᠡᠶ ᠮᠠᠲ᠋ᠧᠷᠢᠶᠠᠯ ᠤᠨ ᠡᠮ ᠦᠢᠯᠡᠳᠪᠦᠷᠢᠯᠡᠬᠦ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠶᠡᠬᠡᠪᠡᠷ ᠠᠬᠢᠭᠤᠯᠵᠤ᠂ ᠳᠣᠤᠷᠠᠳᠤ ᠤᠷᠤᠰᠬᠠᠯ ᠤᠨ ᠡᠨᠧᠷᠭᠢ ᠶᠢᠨ ᠬᠤᠷᠣᠭᠳᠠᠯ ᠪᠠᠭ᠎ᠠ ᠨᠡᠮᠡᠯᠲᠡ ᠥᠷᠲᠡᠭ ᠶᠡᠬᠡᠲᠡᠶ ᠠᠵᠤ  ᠦᠢᠯᠡᠰ ᠢ ᠬᠥᠭᠵᠢᠭᠦᠯᠦᠨ᠎ᠡ᠃ ᠴᠠᠷᠳᠠᠭᠤᠯ ᠡᠳ᠋ᠰᠢᠭᠦᠯᠦᠨ ᠪᠣᠯᠪᠠᠰᠤᠷᠠᠭᠤᠯᠬᠤ᠂ ᠲᠡᠵᠢᠭᠡᠯ ᠪᠣᠷᠳᠤᠭ᠎ᠠ ᠡᠳ᠋ᠰᠢᠭᠦᠯᠬᠦ ᠵᠡᠷᠭᠡ ᠨᠠᠷᠢᠯᠢᠭ ᠭᠦᠨᠵᠡᠭᠡᠶ ᠡᠳ᠋ᠰᠢᠭᠦᠯᠦᠨ ᠪᠣᠯᠪᠠᠰᠤᠷᠠᠭᠤᠯᠬᠤ ᠠᠵᠤ ᠦᠢᠯᠡᠰ ᠢ ᠢᠳᠡᠪᠬᠢᠲᠡᠶ ᠬᠥᠭᠵᠢᠭᠦᠯᠵᠦ᠂ ᠡᠷᠳᠡᠨᠢ ᠰᠢᠰᠢ ᠡᠳ᠋ᠰᠢᠭᠦᠯᠦᠨ ᠪᠣᠯᠪᠠᠰᠤᠷᠠᠭᠤᠯᠬᠤ ᠠᠵᠤ  ᠦᠢᠯᠡᠰ ᠤᠨ ᠴᠢᠳᠠᠪᠤᠷᠢ ᠶᠢ ᠥᠷᠭᠡᠳᠬᠡᠨ ᠥᠭᠡᠷᠡᠴᠢᠯᠡᠬᠦ ᠪᠠ ᠦᠢᠯᠡᠳᠭᠦᠨ ᠤ ᠲᠠᠰ ᠳᠡᠪᠰᠢᠬᠦ ᠶᠢ ᠲᠦᠷᠭᠡᠳᠬᠡᠨ ᠠᠬᠢᠭᠤᠯᠵᠤ᠂ 2021 ᠣᠨ ᠳᠤ ᠡᠷᠳᠡᠨᠢ ᠰᠢᠰᠢ ᠶᠢ ᠬᠤᠪᠢᠷᠠᠭᠤᠯᠤᠨ ᠡᠳ᠋ᠰᠢᠭᠦᠯᠦᠨ ᠪᠣᠯᠪᠠᠰᠤᠷᠠᠭᠤᠯᠬᠤ ᠴᠢᠳᠠᠪᠤᠷᠢ ᠶᠢ 330 ᠲᠦᠮᠡᠨ ᠲᠣᠨ ᠳᠤ ᠬᠥᠷᠭᠡᠵᠦ᠂ ᠪᠣᠷᠣᠯᠠᠭᠤᠯᠤᠯᠲᠠ ᠶᠢᠨ ᠣᠷᠣᠯᠭ᠎ᠠ ᠶᠢ 125 ᠳ᠋ᠦᠩᠰᠢᠭᠤᠷ ᠲᠥᠭᠦᠷᠢᠭ ᠬᠦᠷᠭᠡᠨ᠎ᠡ᠃ 2023 ᠣᠨ ᠪᠣᠯᠬᠤ ᠳᠤ᠂ ᠡᠷᠳᠡᠨᠢ ᠰᠢᠰᠢ ᠶᠢ ᠬᠤᠪᠢᠷᠠᠭᠤᠯᠤᠨ ᠡᠳ᠋ᠰᠢᠭᠦᠯᠦᠨ ᠪᠣᠯᠪᠠᠰᠤᠷᠠᠭᠤᠯᠬᠤ  ᠴᠢᠳᠠᠪᠤᠷᠢ ᠶᠢ 350 ᠲᠦᠮᠡᠨ ᠲᠣᠨ ᠳᠤ ᠬᠥᠷᠭᠡᠬᠦ ᠶᠢᠨ ᠬᠠᠮᠲᠤ ᠪᠤᠷᠤᠯᠠᠭᠤᠯᠤᠯᠲᠠ ᠶᠢᠨ ᠣᠷᠣᠯᠭ᠎ᠠ ᠶᠢ 140 ᠳ᠋ᠦᠩᠰᠢᠭᠤᠷ ᠲᠥᠭᠦᠷᠢᠭ  ᠭᠦᠷᠭᠡᠨ᠎ᠡ᠃       2. ᠠᠵᠢᠯ ᠤᠨ ᠠᠷᠭ᠎ᠠ ᠬᠡᠮᠵᠢᠶ᠎ᠡ       ︵1︶ ᠡᠷᠳᠡᠨᠢ ᠰᠢᠰᠢ ᠶᠢ ᠨᠠᠷᠢᠯᠢᠭ ᠡᠳ᠋ᠰᠢᠭᠦᠯᠦᠨ ᠪᠣᠯᠪᠠᠰᠤᠷᠠᠭᠤᠯᠬᠤ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠎ᠠ       ᠨᠢᠭᠡ ᠳᠤ ᠡᠷᠳᠡᠨᠢ ᠰᠢᠰᠢ ᠡᠳ᠋ᠰᠢᠭᠦᠯᠦᠨ ᠪᠣᠯᠪᠠᠰᠤᠷᠠᠭᠤᠯᠬᠤ ᠦᠢᠯᠡᠰ ᠤᠨ ᠴᠢᠳᠠᠪᠤᠷᠢ ᠶᠢ ᠥᠷᠭᠡᠳᠬᠡᠨ ᠥᠭᠡᠷᠡᠴᠢᠯᠡᠬᠦ ᠪᠠ ᠦᠢᠯᠡᠳᠬᠦᠨ  ᠤ ᠲᠠᠰ ᠳᠡᠪᠰᠢᠬᠦ ᠶᠢ ᠲᠦᠷᠭᠡᠳᠬᠡᠨ ᠠᠬᠢᠭᠤᠯᠵᠤ᠂ ᠥᠪᠥᠷ ᠮᠣᠩᠭᠤᠯ ᠤᠨ ᠹᠦ᠋ ᠹᠧᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠰᠢᠪᠲᠦᠷᠲᠦ ᠬᠦᠴᠢᠯ ᠤᠨ ᠡᠬᠡ ᠰᠢᠩᠭᠡᠨ ᠢ ᠡᠬᠢ ᠪᠠᠶᠠᠯᠢᠭᠵᠢᠭᠤᠯᠤᠨ ᠠᠰᠢᠭᠯᠠᠬᠤ ᠲᠧᠭᠨᠤᠯᠤᠬᠢ ᠶᠢᠨ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠳᠡᠮᠵᠢᠵᠦ᠂ 2021 ᠣᠨ ᠤ ᠵᠢᠯ ᠤᠨ ᠡᠴᠦᠰ ᠠᠴᠠ ᠡᠮᠦᠨ᠎ᠡ ᠲᠥᠷᠥᠯ ᠵᠦᠢᠯ ᠤᠨ ᠭᠤᠤᠯ ᠴᠣᠭᠴᠠ ᠶᠢᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ︔ ᠶᠢᠨ ᠾᠧ ᠠᠮᠢᠳᠤ ᠪᠣᠳᠠᠰ ᠤᠨ ᠵᠢᠯ ᠳᠤ 52000 ᠲᠣᠨ ᠮᠠᠯ ᠤᠨ ᠡᠮ ᠤᠨ ᠲᠠᠰ ᠤᠨ ᠥᠨᠳᠥᠷ ᠦᠷ᠎ᠡ ᠠᠰᠢᠭᠲᠤ ᠰᠢᠷ᠎ᠠ ᠬᠦᠬᠡᠴᠦ ᠡᠳ᠋ ᠪᠠ 1000 ᠲᠣᠨ ᠳᠠᠪᠤᠰᠤᠨ ᠬᠦᠴᠢᠯ ᠤᠨ ᠰᠢᠷ᠎ᠠ ᠬᠦᠬᠡᠴᠦ ᠡᠳ᠋ ᠪᠦᠬᠦᠢ ᠲᠦᠭᠦᠬᠡᠶ ᠮᠠᠲ᠋ᠧᠷᠢᠶᠠᠯ ᠤᠨ ᠡᠮ ᠦᠢᠯᠡᠳᠪᠦᠷᠢᠯᠡᠬᠦ ᠪᠠ ᠥᠪᠥᠷ ᠮᠣᠩᠭᠤᠯ ᠤᠨ ᠰᠧ ᠯᠦᠩ ᠠᠮᠢᠳᠤ ᠪᠣᠳᠠᠰ ᠤᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠵᠢᠯ ᠤᠨ ᠭᠠᠷᠤᠯᠲᠠ12 ᠲᠦᠮᠡᠨ ᠲᠣᠨ ᠤ ᠥᠨᠳᠥᠷ ᠦᠷ᠎ᠡ ᠠᠰᠢᠭᠲᠤ ᠠᠮᠢᠳᠤ ᠪᠣᠳᠠᠰ ᠤᠨ ᠢᠰᠬᠡᠭᠰᠡᠨ ᠲᠡᠵᠢᠭᠡᠯ ᠪᠣᠷᠳᠤᠭ᠎ᠠ ᠶᠢᠨ ᠦᠢᠯᠡᠳᠪᠦᠷᠢᠯᠡᠯ ᠢ ᠥᠷᠭᠡᠳᠬᠡᠨ ᠪᠠᠶᠢᠭᠤᠯᠬᠤ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠡᠷᠳᠡᠨᠢ ᠰᠢᠰᠢ ᠶᠢ ᠨᠠᠷᠢᠯᠢᠭ ᠡᠳ᠋ᠰᠢᠭᠦᠯᠦᠨ ᠪᠣᠯᠪᠠᠰᠤᠷᠠᠭᠤᠯᠬᠤ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠵᠤ᠂ ᠲᠦᠭᠦᠬᠡᠶ ᠮᠠᠲ᠋ᠧᠷᠢᠶᠠᠯ ᠤᠨ ᠡᠮ᠂ ᠰᠢᠪᠲᠦᠷᠲᠦ ᠬᠦᠴᠢᠯ᠂ ᠠᠮᠢᠳᠤ ᠪᠣᠳᠠᠰ ᠤᠨ ᠡᠮ᠂ ᠠᠮᠢᠳᠤ ᠪᠣᠳᠠᠰ ᠤᠨ ᠬᠢᠮᠢ ᠶᠢᠨ ᠠᠵᠤ ᠦᠢᠯᠡᠳᠪᠦᠷᠢ ᠵᠡᠷᠭᠡ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠲᠠᠢ᠂ ᠥᠨᠳᠥᠷ ᠨᠡᠮᠡᠯᠲᠡ ᠥᠷᠲᠡᠭ ᠲᠠᠢ ᠦᠢᠯᠡᠳᠬᠦᠨ ᠢ ᠬᠥᠭᠵᠢᠭᠦᠯᠦᠨ᠎ᠡ᠃ ᠬᠤᠶᠠᠷ ᠲᠤ ᠡᠷᠳᠡᠨᠢ ᠰᠢᠰᠢ ᠶᠢ ᠨᠠᠷᠢᠯᠢᠭ ᠡᠳ᠋ᠰᠢᠭᠦᠯᠦᠨ ᠪᠣᠯᠪᠠᠰᠤᠷᠠᠭᠤᠯᠬᠤ ᠠᠵᠤ ᠦᠢᠯᠡᠰ ᠤᠨ ᠪᠣᠬᠢᠷᠲᠤᠯ ᠥᠬᠡᠶ ᠪᠣᠯᠭᠠᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠤᠨ᠎ᠠ᠃ ᠡᠷᠳᠡᠨᠢ ᠰᠢᠰᠢ ᠶᠢᠨ ᠢᠰᠬᠡᠯᠲᠡ ᠶᠢᠨ ᠦᠢᠯᠡᠳᠪᠦᠷᠢᠯᠡᠯ ᠤᠨ ᠬᠡᠪᠴᠢᠶ᠎ᠡ ᠶᠢ ᠵᠦᠶ ᠵᠣᠬᠢᠰᠲᠠᠶ ᠬᠢᠵᠠᠭᠠᠷᠯᠠᠵᠤ᠂ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠭᠤᠤᠯᠳᠠᠯᠭ᠎ᠠ ᠲᠠᠢ ᠳᠡᠮᠵᠢᠵᠦ᠂ ᠠᠵᠤ ᠦᠢᠯᠡᠰ ᠤᠨ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠪᠠ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠳᠠᠰᠢ ᠬᠡᠯᠪᠡᠷᠢ ᠪᠠᠨ ᠬᠤᠪᠢᠷᠠᠭᠤᠯᠬᠤ ᠶᠢ ᠲᠦᠯᠬᠢᠨ ᠠᠬᠢᠭᠤᠯᠤᠨ᠎ᠠ᠃ ᠭᠤᠷᠪᠠ ᠳᠤ᠂ ᠪᠣᠬᠢᠷᠲᠤᠯ ᠦᠬᠡᠢ ᠪᠣᠯᠭᠠᠨ ᠬᠡᠯᠪᠡᠷᠢ ᠪᠠᠨ ᠬᠤᠪᠢᠷᠠᠭᠤᠯᠬᠤ ᠪᠠ ᠳᠤᠤᠷᠠᠳᠤ ᠤᠷᠤᠰᠬᠠᠯ ᠤᠨ ᠠᠵᠤ ᠦᠢᠯᠡᠰ ᠤᠨ ᠬᠡᠯᠬᠢᠶ᠎ᠡ ᠶᠢ ᠣᠷᠳᠤᠳᠬᠠᠬᠤ ᠶᠢ ᠲᠡᠮᠵᠢᠨ᠎ᠡ᠃ ᠮᠠᠨ ᠤ ᠬᠤᠲᠠ ᠶᠢᠨ ᠣᠲᠣ ᠶᠢᠨ ᠪᠠᠶᠢᠭ᠎ᠠ ᠡᠷᠳᠡᠨᠢ ᠰᠢᠰᠢ ᠶᠢ ᠨᠠᠷᠢᠯᠢᠭ ᠡᠳ᠋ᠰᠢᠭᠦᠯᠦᠨ ᠪᠣᠯᠪᠠᠰᠤᠷᠠᠭᠤᠯᠬᠤ ᠪᠠ ᠠᠮᠢᠳᠤ ᠪᠣᠳᠠᠰ ᠤᠨ ᠢᠰᠬᠡᠯᠲᠡ ᠶᠢᠨ ᠠᠵᠤ ᠦᠢᠯᠡᠰ ᠤᠨ ᠰᠠᠭᠤᠷᠢ ᠳᠤ ᠲᠦᠰᠢᠭᠯᠡᠨ᠂ ᠠᠵᠤ ᠦᠢᠯᠡᠰ ᠤᠨ ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠲᠠ ᠶᠢ ᠭᠤᠤᠯᠳᠠᠯᠭ᠎ᠠ ᠲᠠᠢ ᠳᠡᠮᠵᠢᠵᠦ᠂ ᠣᠲᠣ ᠶᠢᠨ ᠪᠠᠶᠢᠭ᠎ᠠ ᠠᠵᠤ ᠦᠢᠯᠡᠰ ᠤᠨ ᠲᠦᠭᠦᠬᠡᠶ ᠮᠠᠲ᠋ᠧᠷᠢᠶᠠᠯ ᠤᠨ ᠡᠮ ᠠᠴᠠ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ᠂ ᠥᠨᠳᠥᠷ ᠨᠡᠮᠡᠯᠲᠡ ᠥᠷᠲᠡᠭ ᠪᠥᠬᠦᠶ ᠠᠮᠢᠳᠤ ᠪᠣᠳᠠᠰ ᠤᠨ ᠡᠮ ᠡᠮᠨᠡᠯᠭᠡ ᠳᠠᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠳᠡᠭᠡᠳᠦ ᠲᠠᠰ ᠤᠨ ᠠᠮᠢᠳᠤ ᠪᠣᠳᠠᠰ ᠤᠨ ᠮᠡᠷᠭᠡᠵᠢᠯ ᠤᠨ ᠠᠵᠤ ᠦᠢᠯᠡᠰ ᠤᠨ ᠳᠣᠤᠷᠠᠳᠤ ᠤᠷᠤᠰᠬᠠᠯ ᠤᠨ ᠠᠵᠤ ᠠᠬᠤᠶᠢᠯᠠᠯ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠡᠷᠳᠡᠨᠢ ᠰᠢᠰᠢ ᠶᠢ ᠨᠠᠷᠢᠯᠢᠭ ᠡᠳ᠋ᠰᠢᠭᠦᠯᠦᠨ ᠪᠣᠯᠪᠠᠰᠤᠷᠠᠭᠤᠯᠬᠤ᠂ ᠠᠮᠢᠳᠤ ᠪᠣᠳᠠᠰ ᠤᠨ ᠡᠮ ᠡᠮᠨᠡᠯᠭᠡ ᠬᠠᠮᠵᠢᠯᠴᠠᠨ ᠬᠦᠭᠵᠢᠬᠦ ᠶᠢ ᠠᠬᠢᠭᠤᠯᠤᠨ᠎ᠠ᠃ ᠳᠥᠷᠪᠡ ᠳᠤ ᠥᠪᠥᠷ ᠮᠣᠩᠭᠤᠯ ᠤᠨ ᠮᠧᠩ ᠲᠧ ᠯᠢ ᠡᠯ ᠠᠮᠢ ᠠᠬᠤᠶ ᠶᠢᠨ ᠢᠨᠵᠧᠨᠧᠷᠢᠩ ᠤᠨ ᠬᠢᠵᠠᠭᠠᠷᠲᠤ ᠺᠣᠮᠫᠠᠨᠢ ᠶᠢᠨ ᠲᠠᠷᠢᠶᠠᠯᠠᠩ ᠮᠠᠯ ᠠᠵᠤ ᠠᠬᠤᠶ ᠶᠢᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠵᠢᠴᠢ 50 ᠲᠦᠮᠡᠨ ᠲᠣᠨ ᠤ ᠰᠢᠨ᠎ᠡ ᠬᠡᠯᠪᠡᠷᠢ ᠶᠢᠨ ᠮᠢᠺᠷᠣᠪ ᠤᠨ ᠠᠮᠢ ᠠᠬᠤᠶ ᠶᠢᠨ ᠪᠣᠷᠲᠣᠭᠤᠷ ᠤᠨ ᠲᠥᠷᠥᠯ ᠵᠦᠢᠯ ᠢ ᠳᠡᠮᠵᠢᠵᠦ᠂ 2021 ᠣᠨ ᠤ ᠡᠴᠦᠰ ᠠᠴᠠ ᠡᠮᠦᠨ᠎ᠡ ᠲᠦᠷᠦᠯ ᠵᠦᠢᠯ ᠤᠨ ᠨᠢᠭᠡᠳᠦᠭᠡᠷ ᠬᠤᠭᠤᠴᠠᠭ᠎ᠠ ᠶᠢ ᠪᠡᠶᠡᠯᠡᠭᠦᠯᠵᠦ ᠠᠰᠢᠭᠯᠠᠯᠲᠠ ᠳᠤ ᠣᠷᠤᠭᠤᠯᠤᠨ᠎ᠠ︔ ᠴᠢ ᠳ᠋ᠢ ᠬᠤᠪᠢ ᠡᠵᠡᠮᠳᠡᠭᠰᠡᠨ ᠬᠤᠪᠢᠴᠠᠭᠠᠲᠤ ᠬᠠᠷᠢᠭᠤᠴᠠᠯᠭᠠᠲᠤ ᠺᠣᠮᠫᠠᠨᠢ ᠶᠢᠨ ᠲᠦᠮᠡᠳ ᠵᠡᠭᠦᠨ ᠬᠤᠰᠢᠭᠤᠨ ᠳᠠᠬᠢ ᠪᠢᠤᠮᠠᠰ ᠢ ᠬᠠᠯᠠᠭᠠᠨ ᠵᠠᠳᠠᠷᠠᠭᠤᠯᠵᠤ ᠢᠯᠴᠢ ᠴᠠᠬᠢᠯᠭᠠᠨ ᠨᠡᠭᠦᠷᠡᠰᠦᠳᠦ᠋ᠷᠦᠭᠴᠢᠲᠦ ᠪᠣᠷᠲᠣᠭᠤᠷ ᠢ ᠬᠠᠮᠲᠤᠷᠠᠨ ᠦᠢᠯᠡᠳᠪᠦᠷᠢᠯᠡᠬᠦ ᠲᠥᠷᠥᠯ ᠵᠦᠢᠯ ᠢ ᠠᠬᠢᠭᠤᠯᠵᠤ᠂ ᠡᠰᠢ ᠰᠦᠷᠡᠯ᠂ ᠡᠷᠳᠡᠨᠢ ᠰᠢᠰᠢ ᠶᠢᠨ ᠭᠤᠤᠯ ᠵᠡᠷᠭᠡ ᠳᠠᠭᠠᠯᠲᠠ ᠪᠦᠲᠦᠭᠡᠭᠳᠡᠬᠦᠨ ᠢ ᠶᠡᠷᠦᠩᠬᠡᠶᠢᠯᠡᠨ ᠠᠰᠢᠭᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠦᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠢᠦᠶ ᠴᠢᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶       ︵2︶ ᠣᠳᠣᠬᠢᠴᠢᠯᠠᠭᠰᠠᠨ ᠡᠷᠳᠡᠨᠢ ᠰᠢᠰᠢ ᠶᠢᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ᠎ᠡ      ① ᠳᠠᠪᠠᠭᠤᠯᠢᠭ ᠡᠭᠦᠯᠳᠡᠷ ᠢ ᠰᠢᠯᠢᠨ ᠰᠣᠩᠭᠤᠨ᠎ᠠ᠃ ᠥᠪᠥᠷ ᠮᠣᠩᠭᠤᠯ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠪᠣᠯᠤᠨ ᠮᠧᠩ ᠰᠢᠨ ᠨᠦᠩ᠂  ᠵᠦᠩ ᠰᠢᠩ ᠥᠷ᠎ᠡ ᠶᠢᠨ ᠦᠢᠯᠡᠰ ᠵᠡᠷᠭᠡ ᠦᠷ᠎ᠡ ᠶᠢᠨ ᠦᠢᠯᠡᠰ ᠤᠨ ᠬᠦᠲᠦᠴᠢ ᠠᠵᠤ ᠠᠬᠤᠶᠢᠯᠠᠯ ᠳᠤ ᠲᠦᠰᠢᠭᠯᠡᠨ᠂  ᠡᠭᠦᠯᠳᠡᠷ ᠪᠤᠶᠢᠵᠢᠭᠤᠯᠬᠤ ᠰᠢᠨᠵᠢᠯᠡᠬᠦ ᠤᠬᠠᠭᠠᠨ ᠤ ᠰᠤᠳᠤᠯᠭᠠᠨ ᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠦᠵᠢᠭᠦᠯᠵᠦ᠂ ᠥᠨᠳᠥᠷ ᠤᠨᠠᠯᠲᠠ ᠲᠠᠢ᠂ ᠥᠨᠳᠥᠷ ᠳᠠᠭᠠᠭᠠᠴᠠ ᠲᠠᠢ᠂ ᠪᠡᠶ᠎ᠡ ᠪᠠᠨ  ᠳᠠᠭᠠᠭᠠᠵᠤ ᠡᠷᠯᠢᠰᠡᠵᠢᠬᠦ ᠡᠷᠳᠡᠨᠢ ᠰᠢᠰᠢ ᠶᠢᠨ ᠡᠭᠦᠯᠳᠡᠷ ᠤᠨ ᠢᠷᠡᠯᠲᠡ ᠶᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠲᠣᠰ ᠭᠠᠵᠠᠷ ᠣᠷᠣᠨ ᠳᠤ ᠳᠠᠷᠢᠬᠤ ᠳᠤ ᠳᠣᠭᠢᠷᠠᠬᠤ ᠴᠢᠨᠠᠷ ᠰᠠᠶᠢᠲᠠᠶ ᠥᠨᠳᠥᠷ ᠤᠨᠠᠯᠲᠠ ᠲᠠᠢ ᠠᠮᠤ ᠪᠤᠳᠠᠭ᠎ᠠ ᠪᠣᠷᠳᠣᠭᠠᠨ ᠤ ᠬᠤᠤᠰ ᠬᠡᠷᠡᠭᠴᠡᠭᠡᠲᠦ ᠬᠡᠯᠪᠡᠷᠢ ᠶᠢᠨ ᠡᠷᠳᠡᠨᠢ ᠰᠢᠰᠢ ᠶᠢᠨ ᠡᠭᠦᠯᠳᠡᠷ ᠢ ᠪᠤᠶᠢᠵᠢᠭᠤᠯᠬᠤ ᠶᠢᠨ ᠬᠠᠮᠲᠤ ᠰᠢᠭᠰᠢᠨ ᠰᠣᠩᠭᠤᠵᠤ᠂ ᠡᠷᠳᠡᠨᠢ ᠰᠢᠰᠢ ᠶᠢᠨ ᠰᠠᠶᠢᠨ ᠡᠭᠦᠯᠳᠡᠷ ᠢ ᠳᠡᠭᠡᠭᠰᠢᠯᠡᠭᠦᠯᠦᠨ᠂ ᠡᠷᠳᠡᠨᠢ ᠰᠢᠰᠢ ᠶᠢᠨ ᠲᠠᠩ ᠭᠠᠭᠴᠠ ᠡᠭᠦᠯᠳᠡᠷ ᠢ ᠬᠡᠪᠴᠢᠶᠡᠵᠢᠭᠦᠯᠦᠨ ᠳᠠᠷᠢᠬᠤ ᠶᠢ ᠠᠬᠢᠭᠤᠯᠵᠤ᠂ ᠡᠷᠳᠡᠨᠢ ᠰᠢᠰᠢ ᠶᠢᠨ ᠰᠠᠶᠢᠨ ᠡᠭᠦᠯᠳᠡᠷ ᠤᠨ ᠨᠣᠷᠮ᠎ᠠ ᠶᠢ 100% ᠳᠤ ᠬᠦᠷᠭᠡᠬᠦ ᠪᠠᠷ ᠴᠢᠷᠮᠠᠶᠢᠵᠤ᠂ ᠲᠠᠩ ᠭᠠᠭᠴᠠ ᠡᠭᠦᠯᠳᠡᠷ ᠤᠨ ᠳᠠᠷᠢᠬᠤ ᠬᠡᠪᠴᠢᠶ᠎ᠡ ᠶᠢ 60% ᠠᠴᠠ ᠳᠡᠭᠡᠭᠰᠢ ᠳᠤ ᠬᠦᠷᠭᠡᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶       ② ᠡᠷᠳᠡᠨᠢ ᠰᠢᠰᠢ ᠲᠠᠷᠢᠬᠤ ᠶᠢ ᠣᠷᠣᠨ ᠪᠦᠰᠡ ᠶᠢᠨ ᠴᠢᠨᠠᠷᠳᠠᠢ ᠪᠣᠯᠭᠠᠨ᠎ᠠ᠃ ︽ᠬᠤᠶᠠᠷ ᠣᠷᠣᠨ︾ ᠢ ᠬᠤᠪᠢᠶᠠᠷᠢᠯᠠᠨ ᠲᠣᠭᠲᠠᠭᠠᠬᠤ ᠵᠢᠴᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠳᠤ ᠲᠦᠰᠢᠭᠯᠡᠨ᠂ ᠲᠦᠮᠡᠳ ᠤᠨ ᠲᠠᠯ᠎ᠠ ᠭᠠᠵᠠᠷ ᠢᠶᠠᠷ ᠭᠤᠤᠯ ᠴᠣᠭᠴᠠ ᠪᠣᠯᠭᠠᠵᠤ ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠦᠷᠭᠡᠳᠬᠡᠨ᠂ 2021 ᠣᠨ ᠳᠤ 100.2 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ 2023 ᠣᠨ ᠪᠣᠯᠬᠤ ᠳᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 200 ᠲᠦᠮᠡᠨ ᠮᠦ ᠠᠴᠠ ᠳᠡᠭᠡᠭᠰᠢ ᠥᠭᠡᠷᠡᠴᠢᠯᠡᠨ ᠪᠥᠳᠥᠭᠡᠨ ᠪᠠᠶᠢᠭᠤᠯᠵᠤ᠂ ︽ᠬᠤᠶᠠᠷ ᠣᠷᠣᠨ︾ ᠤ ᠳᠣᠲᠣᠷᠠᠬᠢ ᠦᠨᠳᠦᠰᠦᠨ ᠲᠠᠷᠢᠶᠠᠨ ᠭᠠᠵᠠᠷ ᠪᠣᠯᠤᠨ ᠤᠰᠤᠨ ᠠᠰᠢᠭᠯᠠᠯᠲᠠ ᠶᠢᠨ ᠤᠰᠤᠯᠠᠯᠲᠠ ᠶᠢᠨ ᠨᠥᠬᠦᠴᠡᠯ ᠢ ᠪᠦᠷᠢᠳᠦᠭᠦᠯᠦᠭᠰᠡᠨ ᠲᠠᠷᠢᠶᠠᠨ ᠭᠠᠵᠠᠷ ᠢ ᠦᠨᠳᠦᠰᠦᠨ ᠳᠡᠭᠡᠨ ᠪᠥᠬᠦᠨ ᠢ ᠲᠣᠭᠲᠠᠭᠤᠨ ᠪᠥᠭᠡᠳ ᠥᠨᠳᠥᠷ ᠤᠨᠠᠯᠲᠠ ᠲᠠᠢ ᠲᠠᠷᠢᠶᠠᠨ ᠭᠠᠵᠠᠷ ᠪᠣᠯᠭᠠᠨ ᠥᠭᠡᠷᠡᠴᠢᠯᠡᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶       ③ ᠡᠷᠳᠡᠨᠢ ᠰᠢᠰᠢ ᠲᠠᠷᠢᠬᠤ ᠶᠢ ᠪᠠᠷᠢᠮᠵᠢᠶᠠᠵᠢᠭᠤᠯᠤᠨ᠎ᠠ᠃ ᠪᠣᠷᠳᠤᠭᠤᠷ ᠢ ᠬᠠᠰᠤᠬᠤ᠂ ᠡᠮ ᠢ ᠬᠠᠰᠤᠬᠤ ᠪᠠ ᠥᠨᠳᠥᠷ ᠪᠦᠲᠦᠮᠵᠢᠲᠡᠶ ᠤᠰᠤ ᠠᠷᠪᠢᠯᠠᠬᠤ ᠵᠡᠷᠭᠡ ᠪᠣᠬᠢᠷᠲᠤᠯ ᠥᠬᠡᠶ ᠮᠡᠷᠭᠡᠵᠢᠯ ᠤᠨ ᠪᠠᠷᠢᠮᠵᠢᠶ᠎ᠠ ᠶᠢ ᠭᠤᠤᠯᠳᠠᠯᠭ᠎ᠠ ᠲᠠᠢ ᠳᠡᠯᠭᠡᠷᠡᠭᠦᠯᠵᠦ᠂ ᠡᠷᠳᠡᠨᠢ ᠰᠢᠰᠢ ᠶᠢᠨ ᠪᠣᠬᠢᠷᠲᠤᠯ ᠥᠬᠡᠶ ᠦᠢᠯᠡᠳᠪᠦᠷᠢᠯᠡᠯ ᠤᠨ ᠪᠠᠷᠢᠮᠵᠢᠶ᠎ᠠ ᠶᠢᠨ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠡᠷᠳᠡᠨᠢ ᠰᠢᠰᠢ ᠶᠢᠨ ᠪᠠᠷᠢᠮᠵᠢᠶᠠᠵᠢᠭᠤᠯᠤᠨ ᠦᠢᠯᠡᠳᠪᠦᠷᠢᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ 2021 ᠣᠨ ᠳᠤ᠂ ᠲᠠᠷᠢᠶᠠᠯᠠᠭ᠎ᠠ ᠶᠢᠨ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠲᠠᠯᠠᠪᠠᠶ ᠶᠢ 15 ᠲᠦᠮᠡᠨ ᠮᠥ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠂ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠮᠡᠷᠭᠡᠵᠢᠯ ᠤᠨ ᠪᠦᠷᠬᠦᠴᠡ ᠶᠢ 60% ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠵᠦ᠂ ᠡᠷᠳᠡᠨᠢ ᠰᠢᠰᠢ ᠶᠢᠨ ᠪᠥᠬᠦ ᠶᠠᠪᠤᠴᠠ ᠶᠢᠨ ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ ᠨᠣᠷᠮ᠎ᠠ ᠶᠢ 96.4% ᠳᠤ ᠬᠦᠷᠭᠡᠨ᠎ᠡ᠃ 2023 ᠣᠨ ᠪᠣᠯᠬᠤ ᠳᠤ᠂ ᠲᠠᠷᠢᠶᠠᠯᠠᠭ᠎ᠠ ᠶᠢᠨ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠲᠠᠯᠠᠪᠠᠶ ᠶᠢ ᠰᠢᠨ᠎ᠡ ᠪᠠᠷ 40 ᠲᠦᠮᠡᠨ ᠮᠥ ᠠᠴᠠ ᠳᠡᠭᠡᠭᠰᠢ ᠨᠡᠮᠡᠭᠳᠡᠭᠦᠯᠵᠦ᠂ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠮᠡᠷᠭᠡᠵᠢᠯ ᠤᠨ ᠪᠦᠷᠬᠦᠴᠡ ᠶᠢ 70% ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠵᠦ᠂ ᠡᠷᠳᠡᠨᠢ ᠰᠢᠰᠢ ᠶᠢᠨ ᠪᠥᠬᠦ ᠶᠠᠪᠤᠴᠠ ᠶᠢᠨ ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ ᠨᠣᠷᠮ᠎ᠠ ᠶᠢ 96.8% ᠳᠤ ᠬᠦᠷᠭᠡᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶       ④ ᠡᠷᠳᠡᠨᠢ ᠰᠢᠰᠢ ᠪᠣᠷᠣᠯᠠᠭᠤᠯᠬᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠲᠣᠮᠣ ᠬᠡᠯᠪᠡᠷᠢ ᠶᠢᠨ ᠦᠵᠡᠭᠦᠯᠦᠯᠭᠡ ᠪᠠᠷ ᠳᠠᠮᠵᠢᠭᠤᠯᠤᠨ᠂ ᠠᠵᠤ ᠠᠬᠤᠶᠢᠯᠠᠯ ᠳᠤ ᠳᠡᠯᠭᠡᠨ ᠦᠵᠡᠭᠦᠯᠬᠦ ᠪᠠ ᠦᠢᠯᠡᠳᠭᠦᠨ ᠢᠶᠠᠨ ᠲᠠᠨᠢᠯᠴᠠᠭᠤᠯᠬᠤ ᠲᠠᠪᠴᠠᠩ ᠪᠠᠶᠢᠭᠤᠯᠤᠨ ᠥᠭᠴᠦ᠂ ᠠᠵᠤ ᠠᠬᠤᠶᠢᠯᠠᠯ ᠤᠨ ᠡᠵᠡᠩᠨᠡᠨ ᠪᠣᠷᠣᠯᠠᠭᠤᠯᠬᠤ ᠲᠣᠤᠷ ᠰᠦᠯᠵᠢᠶ᠎ᠡ ᠶᠢ ᠥᠷᠭᠡᠳᠬᠡᠨ᠎ᠡ᠃  ᠰᠦ ᠶᠢᠨ ᠦᠢᠯᠡᠰ ᠤᠨ ᠡᠬᠢ ᠪᠠᠶᠠᠯᠢᠭ ᠢ ᠬᠠᠮᠲᠤᠪᠠᠷ ᠡᠳ᠋ᠯᠡᠬᠦ ᠲᠠᠪᠴᠠᠩ ᠳᠤ ᠲᠦᠰᠢᠭᠯᠡᠨ᠂ ᠨᠣᠭᠤᠭᠠᠨ ᠳᠠᠷᠤᠰᠢ ᠶᠢᠨ ᠡᠷᠳᠡᠨᠢ ᠰᠢᠰᠢ ᠶᠢ ᠢᠯᠡ ᠲᠣᠳᠣ ᠠᠷᠠᠯᠵᠢᠶᠠᠯᠠᠬᠤ ᠶᠢ ᠠᠬᠢᠭᠤᠯᠤᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶       ︵3︶  ᠲᠠᠷᠢᠶᠠᠴᠢᠨ ᠪᠠ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠴᠢᠩᠭᠠᠳᠬᠠᠨ᠎ᠠ       ᠹᠦ᠋ ᠹᠧᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠰᠢᠪᠲᠦᠷᠲᠦ ᠬᠦᠴᠢᠯ ᠤᠨ ᠡᠬᠡ ᠰᠢᠩᠭᠡᠨ ᠢ ᠡᠬᠢ ᠪᠠᠶᠠᠯᠢᠭᠵᠢᠭᠤᠯᠤᠨ ᠠᠰᠢᠭᠯᠠᠬᠤ ᠲᠧᠭᠨᠤᠯᠤᠬᠢ ᠶᠢᠨ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠪᠣᠯᠤᠨ ᠮᠧᠩ ᠲᠧ ᠯᠢ ᠡᠯ ᠤᠨ ᠠᠮᠢ ᠠᠬᠤᠢ ᠶᠢᠨ ᠢᠨᠵᠧᠨᠧᠷᠢᠩ ᠤᠨ ᠬᠢᠵᠠᠭᠠᠷᠲᠤ ᠺᠣᠮᠫᠠᠨᠢ ᠶᠢᠨ 50 ᠲᠦᠮᠡᠨ ᠲᠣᠨ ᠤ ᠰᠢᠨ᠎ᠡ ᠬᠡᠯᠪᠡᠷᠢ ᠶᠢᠨ ᠮᠢᠺᠷᠣᠪ ᠤᠨ ᠠᠮᠢ ᠠᠬᠤᠢ ᠶᠢᠨ ᠪᠤᠷᠳᠤᠭᠤᠷ ᠤᠨ ᠲᠦᠷᠦᠯ ᠵᠦᠢᠯ ᠢ ᠪᠡᠶᠡᠯᠡᠭᠦᠯᠦᠭᠰᠡᠨ ᠤ ᠳᠠᠷᠠᠭ᠎ᠠ᠂ ᠵᠠᠬᠢᠶᠠᠯᠠᠭ᠎ᠠ ᠪᠠᠷ ᠦᠢᠯᠡᠳᠪᠦᠷᠢᠯᠡᠬᠦ᠂ ᠭᠠᠵᠠᠷ ᠰᠢᠷᠣᠢ ᠶᠢ ᠡᠷᠭᠢᠯᠳᠦᠭᠦᠯᠬᠦ᠂ ᠦᠢᠯᠡᠴᠢᠯᠡᠭᠡᠨ ᠤ ᠬᠠᠮᠵᠢᠯᠴᠠᠭ᠎ᠠ᠂ ᠬᠦᠳᠡᠯᠮᠦᠷᠢ ᠬᠦᠴᠦ ᠰᠢᠩᠭᠡᠭᠡᠨ ᠠᠵᠢᠯ ᠣᠯᠭᠤᠬᠤ ᠵᠡᠷᠭᠡ ᠵᠠᠭᠪᠤᠷ ᠢᠶᠠᠷ ᠳᠠᠮᠵᠢᠭᠤᠯᠵᠤ᠂ 700 ᠭᠠᠷᠤᠢ ᠡᠷᠦᠬᠡ ᠲᠠᠷᠢᠶᠠᠴᠢᠨ ᠢ ᠳᠠᠶᠢᠴᠢᠯᠠᠨ ᠠᠵᠤ ᠦᠢᠯᠡᠰ ᠤᠨ ᠬᠡᠯᠬᠢᠶ᠎ᠡ ᠳᠤ ᠣᠷᠣᠭᠤᠯᠵᠤ ᠪᠣᠯᠤᠨ᠎ᠠ᠃       ︵ᠳᠥᠷᠪᠡ︶ ᠵᠠᠭᠤᠨ ᠲᠦᠮᠡᠨ ᠤ ᠲᠠᠰ ᠤᠨ ᠲᠥᠮᠥᠰᠥ ᠶᠢᠨ ᠪᠥᠬᠦ ᠠᠵᠤ ᠦᠢᠯᠡᠰ ᠤᠨ ᠬᠡᠯᠬᠢᠶ᠎ᠡ       1. ᠡᠭᠦᠷᠭᠡ ᠬᠠᠷᠠᠯᠲᠠ      ︵1︶ ᠦᠴᠤᠸᠠᠨ ᠰᠢᠶᠠᠨ᠂ ᠬᠤᠷᠢᠨᠭᠡᠷ ᠰᠢᠶᠠᠨ ᠤ ᠡᠮᠦᠨᠡᠲᠦ ᠬᠡᠰᠡᠭ ᠤᠨ ᠭᠠᠵᠠᠷ ᠣᠷᠣᠨ ᠪᠠ ᠴᠢᠩ ᠱᠦᠶ ᠾᠧ ᠰᠢᠶᠠᠨ ᠢᠶᠠᠷ ᠭᠤᠤᠯ ᠪᠣᠯᠭᠠᠵᠤ᠂ ᠴᠢᠨᠠᠷ ᠰᠠᠶᠢᠲᠠᠶ ᠪᠣᠬᠢᠷᠲᠤᠯ ᠥᠬᠡᠶ ᠭᠠᠵᠠᠷ ᠣᠷᠣᠨ ᠤ ᠣᠨᠴᠠᠯᠢᠭ ᠪᠠ ᠳᠠᠪᠠᠭᠤᠯᠢᠭ ᠢ ᠳᠣᠪᠤᠶᠢᠯᠭᠠᠨ᠂ 2021 ᠣᠨ ᠳᠤ 70 ᠲᠦᠮᠡᠨ ᠮᠥ ᠳᠤ ᠬᠦᠷᠭᠡᠵᠦ᠂ 2023 ᠣᠨ ᠪᠣᠯᠬᠤ ᠳᠤ 100 ᠲᠦᠮᠡᠨ ᠮᠥ ᠴᠢᠨᠠᠷ ᠰᠠᠶᠢᠲᠠᠶ ᠲᠥᠮᠥᠰᠥ ᠳᠠᠷᠢᠬᠤ ᠳᠠᠪᠠᠭᠤᠯᠢᠭ ᠣᠷᠣᠨ ᠢ ᠪᠥᠲᠥᠭᠡᠨ ᠪᠠᠶᠢᠭᠤᠯᠤᠨ᠎ᠠ᠃      ︵2︶ ᠭᠤᠤᠯᠳᠠᠭᠤ ᠦᠴᠤᠸᠠᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠬᠤᠷᠢᠨᠭᠡᠷ ᠰᠢᠶᠠᠨ᠂ ᠴᠢᠩ ᠱᠦᠶ ᠾᠧ ᠰᠢᠶᠠᠨ ᠵᠡᠷᠭᠡ ᠳᠠᠪᠠᠭᠤᠯᠢᠭ ᠭᠠᠷᠤᠯᠲᠠ ᠶᠢᠨ ᠣᠷᠣᠨ ᠳᠤ ᠰᠢᠨ᠎ᠡ ᠡᠭᠦᠯᠳᠡᠷ ᠰᠣᠩᠭᠤᠨ ᠪᠤᠶᠢᠵᠢᠭᠤᠯᠬᠤ ᠶᠢ ᠲᠦᠷᠭᠡᠳᠬᠡᠵᠦ᠂ ᠤᠭ ᠡᠭᠦᠯᠳᠡᠷ ᠪᠠ ᠤᠤᠯ ᠡᠭᠦᠯᠳᠡᠷ ᠤᠨ ᠦᠢᠯᠡᠳᠪᠦᠷᠢᠯᠡᠯ ᠢ ᠲᠡᠳᠬᠦᠨ ᠳᠡᠮᠵᠢᠵᠦ᠂ ᠲᠥᠮᠥᠰᠥ ᠡᠳ᠋ᠰᠢᠭᠦᠯᠦᠨ ᠪᠣᠯᠪᠠᠰᠤᠷᠠᠭᠤᠯᠬᠤ ᠰᠢᠰᠲ᠋ᠧᠮᠵᠢ ᠶᠢ ᠰᠢᠯᠢᠳᠡᠭᠵᠢᠭᠦᠯᠦᠨ᠂ ᠲᠥᠮᠥᠰᠥ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠦᠨ᠎ᠡ᠃       2. ᠠᠵᠢᠯ ᠤᠨ ᠠᠷᠭ᠎ᠠ ᠬᠡᠮᠵᠢᠶ᠎ᠡ       ︵1︶ ᠲᠥᠮᠥᠰᠥ ᠡᠳ᠋ᠰᠢᠭᠦᠯᠦᠨ ᠪᠣᠯᠪᠠᠰᠤᠷᠠᠭᠤᠯᠬᠤ ᠬᠢᠷᠢ ᠲᠥᠪᠰᠢᠨ ᠢ ᠳᠡᠭᠡᠭᠰᠢᠯᠡᠭᠦᠯᠦᠨ᠎ᠡ       ᠬᠤᠸᠠ ᠡᠸᠦ ᠴᠠᠷᠳᠠᠭᠤᠯ᠂ ᠱᠤ᠋ ᠶᠤᠸᠠᠨ ᠺᠠᠩ ᠵᠡᠷᠭᠡ ᠬᠥᠲᠥᠴᠢ ᠠᠵᠤ ᠠᠬᠤᠶᠢᠯᠠᠯ ᠢᠶᠠᠷ ᠳᠠᠶᠢᠴᠢᠯᠠᠭᠤᠯᠵᠤ᠂ ᠲᠥᠮᠥᠰᠥ ᠶᠢ ᠨᠠᠷᠢᠯᠢᠭ ᠡᠳ᠋ᠰᠢᠭᠦᠯᠦᠨ ᠪᠣᠯᠪᠠᠰᠤᠷᠠᠭᠤᠯᠬᠤ ᠨᠢᠭᠡ ᠪᠦᠯᠦᠭ ᠭᠤᠤᠯᠳᠠᠯᠭ᠎ᠠ ᠲᠠᠢ ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠦᠨ᠎ᠡ᠃  ᠬᠤᠸᠠ ᠡᠸᠦ ᠴᠠᠷᠳᠠᠭᠤᠯ ᠤᠨ ᠺᠣᠮᠫᠠᠨᠢ ᠶᠢᠨ 1 ᠲᠦᠮᠡᠨ ᠲᠣᠨ ᠤ ᠲᠥᠮᠥᠰᠥ ᠶᠢᠨ ᠨᠠᠷᠢᠯᠢᠭ ᠬᠢᠴᠡᠲᠡᠶ ᠴᠠᠷᠳᠠᠭᠤᠯ ᠤᠨ ᠦᠢᠯᠡᠳᠪᠦᠷᠢᠯᠡᠯ ᠤᠨ ᠱᠤᠭᠤᠮ ᠪᠠ 1 ᠮᠢᠩᠭᠠᠨ ᠲᠣᠨ ᠤ ᠲᠥᠮᠥᠰᠥ ᠶᠢᠨ ᠰᠢᠭᠦᠰᠦ ᠠᠴᠠ ᠤᠭᠤᠷᠠᠭ ᠤᠨ ᠨᠤᠨᠲᠠᠭ ᠭᠠᠷᠭᠠᠨ ᠠᠪᠬᠤ ᠦᠢᠯᠡᠳᠪᠦᠷᠢᠯᠡᠯ ᠤᠨ ᠱᠤᠭᠤᠮ ᠤᠨ ᠪᠥᠲᠥᠭᠡᠨ ᠪᠠᠶᠢᠭᠤᠯᠤᠯᠲᠠ᠂ ᠱᠤ᠋ ᠶᠤᠸᠠᠨ ᠺᠠᠩ ᠤᠨ 2 ᠲᠦᠮᠡᠨ ᠲᠣᠨ ᠲᠥᠮᠥᠰᠥ ᠶᠢᠨ ᠴᠠᠷᠳᠠᠭᠤᠯ ᠤᠨ ᠦᠢᠯᠡᠳᠪᠦᠷᠢᠯᠡᠯ ᠤᠨ ᠱᠤᠭᠤᠮ ᠪᠠ 200 ᠲᠣᠨ ᠲᠥᠮᠥᠰᠥ ᠶᠢᠨ ᠤᠷᠭᠤᠮᠠᠯ ᠤᠨ ᠤᠮᠳᠠᠭᠠᠨ ᠤ  ᠦᠢᠯᠡᠳᠪᠦᠷᠢᠯᠡᠯ ᠤᠨ ᠱᠤᠭᠤᠮ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ 2021 ᠣᠨ ᠳᠤ ᠬᠤᠸᠠ ᠡᠸᠦ ᠴᠠᠷᠳᠠᠭᠤᠯ ᠤᠨ ᠺᠣᠮᠫᠠᠨᠢ ᠶᠢᠨ 1 ᠮᠢᠩᠭᠠᠨ ᠲᠣᠨ ᠲᠥᠮᠥᠰᠥ ᠶᠢᠨ ᠰᠢᠭᠦᠰᠦ ᠠᠴᠠ ᠤᠭᠤᠷᠠᠭ ᠤᠨ ᠨᠤᠨᠲᠠᠭ ᠢ ᠭᠠᠷᠭᠠᠨ ᠠᠪᠬᠤ ᠦᠢᠯᠡᠳᠪᠦᠷᠢᠯᠡᠯ ᠤᠨ ᠱᠤᠭᠤᠮ ᠤᠨ ᠪᠦᠲᠦᠭᠡᠨ ᠪᠠᠶᠢᠭᠤᠯᠤᠯᠲᠠ ᠪᠠ ᠱᠦ ᠶᠤᠸᠠᠨ ᠺᠠᠩ ᠺᠣᠮᠫᠠᠨᠢ ᠶᠢᠨ 1 ᠲᠦᠮᠡᠨ ᠲᠣᠨ ᠲᠥᠮᠥᠰᠥ ᠶᠢᠨ ᠴᠠᠷᠳᠠᠭᠤᠯ ᠢ ᠡᠳ᠋ᠰᠢᠭᠦᠯᠦᠨ ᠪᠣᠯᠪᠠᠰᠤᠷᠠᠭᠤᠯᠬᠤ ᠲᠦᠷᠦᠯ ᠵᠦᠢᠯ ᠢ ᠠᠰᠢᠭᠯᠠᠯᠲᠠ ᠳᠤ ᠣᠷᠣᠭᠤᠯᠤᠨ᠎ᠠ᠃ ᠡᠭᠦᠨ ᠤ ᠬᠠᠮᠲᠤ ᠪᠠᠰᠠ ᠱᠦ ᠶᠤᠸᠠᠨ ᠺᠠᠩ᠂ ᠮᠸᠢ ᠬᠤᠣ ᠱᠢ ᠫᠢᠨ ᠵᠡᠷᠭᠡ ᠠᠵᠤ ᠠᠬᠤᠶᠢᠯᠠᠯ ᠤᠨ ᠲᠥᠮᠥᠰᠥᠨ ᠤ ᠮᠠᠨᠲᠠᠤ᠂ ᠮᠢᠨᠲᠤᠤᠷ᠂ ᠳᠤᠲᠤᠷᠭᠠᠨ ᠭᠤᠯᠢᠷ ᠵᠡᠷᠭᠡ ᠭᠤᠣᠯ ᠢᠳᠡᠭᠡᠨ ᠤ ᠵᠦᠢᠯᠡᠰ ᠤᠨ ᠪᠦᠳᠦᠭᠡᠨ ᠪᠠᠶᠢᠭᠤᠯᠤᠯᠲᠠ ᠶᠢ ᠢᠳᠡᠪᠬᠢᠲᠡᠶ ᠪᠠᠷ ᠲᠦᠯᠬᠢᠨ ᠠᠬᠢᠭᠤᠯᠤᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠠᠵᠤ  ᠦᠢᠯᠡᠳᠪᠦᠷᠢ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠷᠢᠨᠬᠡᠷ ᠰᠢᠶᠠᠨ ᠤ ᠠᠷᠠᠳ ᠤᠨ ᠵᠠᠰᠠᠭ ᠤᠨ ᠣᠷᠳᠣᠨ᠂ ᠦᠴᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ᠂ ᠲᠦᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ︶       ︵2︶ ᠴᠢᠨᠠᠷ ᠰᠠᠶᠢᠲᠠᠶ ᠲᠥᠮᠥᠰᠥ ᠶᠢᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ᠎ᠡ       ① ᠦᠷ᠎ᠡ ᠶᠢᠨ ᠲᠥᠮᠥᠰᠥ ᠶᠢ  ᠪᠤᠶᠢᠵᠢᠭᠤᠯᠬᠤ ᠰᠢᠰᠲ᠋ᠧᠮᠵᠢ ᠶᠢᠨ ᠪᠠᠶᠢᠭᠤᠯᠤᠯᠲᠠ᠃ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠢᠳᠡᠰᠢᠨ ᠨᠣᠭᠤᠭ᠎ᠠ ᠴᠡᠴᠡᠭ ᠡᠪᠡᠰᠦᠨ ᠤ ᠰᠤᠳᠤᠯᠭᠠᠨ ᠤ ᠭᠠᠵᠠᠷ ︵ᠤᠯᠤᠰ ᠤᠨ ᠲᠥᠮᠥᠰᠥ ᠶᠢᠨ ᠲᠥᠷᠥᠯ ᠤᠨ ᠲᠠᠷᠢᠮᠠᠯ ᠤᠨ ᠰᠤᠳᠤᠯᠭᠠᠨ ᠤ ᠲᠥᠪ︶ ᠲᠠᠢ ᠬᠠᠮᠲᠤᠷᠠᠨ ᠤᠯᠤᠰ ᠤᠨ ᠭᠠᠵᠠᠷ ᠵᠦᠶ ᠶᠢᠨ ᠢᠯᠡᠷᠬᠡᠶᠢᠯᠡᠯᠲᠦ ᠪᠦᠲᠦᠭᠡᠭᠳᠡᠬᠦᠨ — ᠦᠴᠤᠸᠠᠨ ᠤ ᠲᠥᠮᠥᠰᠥ ᠶᠢ ᠳᠠᠬᠢᠨ ᠪᠠᠶᠢᠭᠤᠯᠤᠨ᠎ᠠ᠃ ᠥᠪᠥᠷ ᠮᠣᠩᠭᠤᠯ ︵ᠤᠯᠤᠰ ᠤᠨ ᠲᠠᠰ︶ ᠤᠨ ᠲᠥᠮᠥᠰᠥ ᠶᠢᠨ ᠬᠤᠤᠷ ᠥᠬᠡᠶᠢᠳᠡᠭᠦᠯᠦᠭᠰᠡᠨ ᠦᠷ᠎ᠡ ᠶᠢᠨ ᠲᠥᠮᠥᠰᠥ ᠶᠢ ᠪᠤᠶᠢᠵᠢᠭᠤᠯᠬᠤ ᠲᠥᠪ ᠢᠶᠠᠷ ᠰᠠᠭᠤᠷᠢ ᠪᠣᠯᠭᠠᠵᠤ᠂ ᠲᠡᠭᠦᠨ ᠤ ᠮᠡᠷᠭᠡᠵᠢᠯ ᠤᠨ ᠳᠠᠪᠠᠭᠤᠯᠢᠭ ᠢ ᠬᠦᠢᠴᠡᠳ ᠠᠰᠢᠭᠯᠠᠨ᠂ ᠰᠠᠢ ᠹᠧᠩ᠂ ᠵᠧᠩ ᠹᠧᠩ ᠦᠷ᠎ᠡ ᠶᠢᠨ ᠲᠥᠮᠥᠰᠥ ᠶᠢᠨ ᠬᠥᠲᠥᠴᠢ ᠠᠵᠤ ᠠᠬᠤᠶᠢᠯᠠᠯ ᠤᠨ ᠡᠬᠢ ᠪᠠᠶᠠᠯᠢᠭ ᠤᠨ ᠳᠠᠪᠠᠭᠤᠯᠢᠭ ᠪᠠ ᠲᠥᠬᠦᠭᠡᠷᠦᠮᠵᠢ ᠶᠢᠨ ᠳᠠᠪᠠᠭᠤᠯᠢᠭ ᠲᠤ ᠲᠦᠰᠢᠭᠯᠡᠨ᠂ ᠮᠠᠨ ᠤ ᠬᠤᠲᠠ ᠶᠢᠨ ᠲᠥᠮᠥᠰᠥ ᠶᠢᠨ ᠠᠵᠤ ᠦᠢᠯᠡᠰ ᠤᠨ ᠦᠷ᠎ᠡ ᠶᠢᠨ ᠦᠢᠯᠡᠰ ᠤᠨ ᠬᠥᠭᠵᠢᠯᠲᠡ ᠳᠤ ᠰᠠᠭᠤᠷᠢ ᠨᠥᠬᠦᠴᠡᠯ ᠬᠠᠩᠭᠠᠨ᠎ᠠ᠃ 5 ︵ᠵᠦᠩ  ᠵᠢᠶᠠ 2 ᠨᠣᠮᠧᠷᠲᠦ᠂ ᠰᠢ ᠰᠧᠨ 6 ᠨᠣᠮᠧᠷᠲᠤ᠂ ᠱᠠᠨ ᠰᠢ ᠶᠢᠨ ᠲᠦᠮᠦᠰᠦ 16 ︵ᠭᠠᠩ ᠳᠤ ᠲᠡᠰᠪᠦᠷᠢ ᠲᠠᠢ︶᠂ ᠵᠢᠩ ᠵᠠᠩ ᠲᠥᠮᠥᠰᠥ ᠶᠢᠨ 4 ᠨᠤᠮᠧᠷᠲᠤ᠂ ᠬᠤᠸᠠ ᠱᠦᠸᠧ 7 ᠨᠣᠮᠧᠷᠲᠤ ︶ ᠴᠢᠨᠠᠷ ᠰᠠᠶᠢᠲᠠᠶ ᠡᠯᠪᠡᠭ ᠭᠠᠷᠤᠯᠲᠠ ᠲᠠᠢ ᠲᠥᠷᠥᠯ ᠵᠦᠢᠯ ᠢ ᠣᠷᠣᠭᠤᠯᠤᠨ ᠠᠪᠴᠢᠷᠠᠵᠤ ᠲᠤᠷᠰᠢᠯᠲᠠ ᠬᠢᠵᠦ ᠵᠢᠱᠢᠶ᠎ᠡ ᠦᠵᠡᠭᠦᠯᠦᠨ᠎ᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠷ᠎ᠡ ᠶᠢᠨ ᠬᠠᠮᠢᠶᠠᠷᠤᠯᠲᠠ ᠶᠢᠨ ᠪᠠᠶᠢᠴᠠᠭᠠᠨ ᠬᠡᠮᠵᠢᠬᠦ ᠲᠥᠪ ᠢᠶᠠᠷ ᠰᠠᠭᠤᠷᠢ ᠪᠣᠯᠭᠠᠵᠤ᠂ ᠬᠤᠷᠢᠨᠭᠡᠷ᠂ ᠦᠴᠤᠸᠠᠨ ᠳᠤ 2 ᠦᠷ᠎ᠡ ᠶᠢᠨ ᠲᠥᠮᠥᠰᠥ ᠶᠢᠨ ᠬᠢᠨᠠᠨ ᠬᠡᠮᠵᠢᠬᠦ ᠲᠥᠪ ᠢ ᠪᠠᠶᠢᠭᠤᠯᠵᠤ᠂ ᠬᠤᠶᠠᠳᠤᠭᠠᠷ ᠳᠡᠰ ᠤᠨ ᠬᠢᠨᠠᠨ ᠬᠡᠮᠵᠢᠬᠦ ᠰᠢᠰᠲ᠋ᠧᠮᠵᠢ ᠶᠢ ᠪᠦᠷᠢᠯᠳᠦᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠷᠢᠨᠬᠡᠷ ᠰᠢᠶᠠᠨ ᠤ ᠠᠷᠠᠳ ᠤᠨ ᠵᠠᠰᠠᠭ ᠤᠨ ᠣᠷᠳᠣᠨ᠂ ᠦᠴᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ᠂ ᠴᠢᠩ ᠱᠦᠶ ᠾᠧ ᠰᠢᠶᠠᠨ ᠤ ᠠᠷᠠᠳ ᠤᠨ ᠵᠠᠰᠠᠭ ᠤᠨ ᠣᠷᠳᠣᠨ︶       ② ᠲᠥᠮᠥᠰᠥ ᠲᠠᠷᠢᠬᠤ ᠶᠢ ᠪᠠᠷᠢᠮᠵᠢᠶᠠᠵᠢᠭᠤᠯᠤᠨ᠎ᠠ᠃ ᠲᠥᠮᠥᠰᠥ ᠶᠢ ᠬᠡᠪᠴᠢᠶᠡᠵᠢᠭᠦᠯᠦᠨ ᠳᠠᠷᠢᠬᠤ ᠪᠠ ᠡᠭᠡᠯᠵᠢᠯᠡᠨ ᠳᠠᠷᠢᠬᠤ ᠲᠤᠷᠰᠢᠯᠲᠠ ᠶᠢᠨ ᠴᠡᠭ ᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠲᠥᠮᠥᠰᠥ ᠶᠢᠨ ᠲᠤᠰᠬᠠᠶ ᠬᠤᠷᠰᠢᠶ᠎ᠠ ᠶᠢ ᠪᠤᠶᠢᠵᠢᠭᠤᠯᠬᠤ ᠪᠠᠷ ᠲᠤᠯᠭᠠᠭᠤᠷᠢᠯᠠᠯ ᠪᠣᠯᠭᠠᠵᠤ᠂ ᠬᠠᠷᠢᠴᠠᠩᠭᠤᠶ ᠪᠠᠷ ︽ᠲᠥᠪᠯᠡᠷᠡᠭᠦᠯᠦᠨ ᠵᠠᠯᠭᠠᠯᠳᠤᠭᠤᠯᠬᠤ᠂ ᠪᠦᠬᠦᠯᠢ ᠴᠣᠭᠴᠠ ᠪᠠᠷ ᠠᠬᠢᠭᠤᠯᠬᠤ︾ ᠠᠷᠭ᠎ᠠ ᠶᠢ ᠠᠪᠴᠤ᠂ ᠲᠥᠮᠥᠰᠥ ᠳᠠᠷᠢᠬᠤ ᠲᠤᠰᠬᠠᠢ ᠮᠡᠷᠭᠡᠵᠢᠯ ᠤᠨ ᠬᠢᠷᠢ ᠲᠥᠪᠰᠢᠨ ᠢ ᠳᠡᠭᠡᠭᠰᠢᠯᠡᠭᠦᠯᠦᠨ᠎ᠡ᠃ ᠥᠪᠥᠷ ᠮᠣᠩᠭᠤᠯ ᠤᠨ ᠲᠥᠮᠥᠰᠥ ᠶᠢᠨ ᠬᠤᠤᠷ ᠥᠬᠡᠶᠢᠳᠡᠭᠦᠯᠦᠭᠰᠡᠨ ᠦᠷ᠎ᠡ ᠶᠢᠨ ᠲᠥᠮᠥᠰᠥ ᠶᠢ ᠦᠷᠡᠵᠢᠭᠦᠯᠦᠨ ᠪᠤᠶᠢᠵᠢᠭᠤᠯᠬᠤ ᠲᠥᠪ᠂ ᠥᠪᠥᠷ ᠮᠣᠩᠭᠤᠯ ᠤᠨ ᠲᠥᠮᠥᠰᠥ ᠶᠢᠨ ᠡᠪᠡᠳᠴᠢᠨ ᠬᠤᠷᠣᠬᠠᠶ ᠶᠢᠨ ᠬᠥᠨᠥᠭᠡᠯ ᠢ ᠬᠢᠨᠠᠨ ᠬᠡᠮᠵᠢᠬᠦ ᠪᠠ ᠰᠡᠷᠭᠡᠶᠢᠯᠡᠨ ᠵᠠᠰᠠᠬᠤ ᠰᠤᠳᠤᠯᠭᠠᠨ ᠤ ᠲᠥᠪ ᠢᠶᠠᠷ ᠰᠠᠭᠤᠷᠢ ᠪᠣᠯᠭᠠᠵᠤ᠂ ᠬᠤᠰᠢᠭᠤ ᠰᠢᠶᠠᠨ ᠲᠣᠭᠤᠷᠢᠭ ᠤᠨ ᠲᠥᠮᠥᠰᠥ ᠶᠢᠨ ᠡᠪᠡᠳᠴᠢᠨ ᠬᠤᠷᠣᠬᠠᠶ ᠶᠢᠨ ᠬᠥᠨᠥᠭᠡᠯ ᠢ ᠬᠢᠨᠠᠨ ᠬᠡᠮᠵᠢᠬᠦ ᠥᠷᠲᠡᠭᠡ ᠪᠠᠶᠢᠭᠤᠯᠵᠤ᠂ ᠡᠪᠡᠳᠴᠢᠨ ᠬᠤᠷᠣᠬᠠᠶ ᠶᠢ ᠰᠡᠷᠭᠡᠶᠢᠯᠡᠨ ᠵᠠᠰᠠᠬᠤ ᠮᠡᠷᠭᠡᠵᠢᠯ ᠤᠨ ᠦᠢᠯᠡᠴᠢᠯᠡᠭᠡ ᠬᠠᠩᠭᠠᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ᠂ ᠦᠴᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ᠂ ᠴᠢᠩ ᠱᠦᠶ ᠾᠧ ᠰᠢᠶᠠᠨ ᠤ ᠠᠷᠠᠳ ᠤᠨ ᠵᠠᠰᠠᠭ ᠤᠨ ᠣᠷᠳᠣᠨ︶       ③ ᠲᠥᠮᠥᠰᠥ ᠶᠢ ᠬᠠᠳᠠᠭᠠᠯᠠᠵᠤ ᠪᠣᠷᠣᠯᠠᠭᠤᠯᠬᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠦᠴᠤᠸᠠᠨ ᠰᠢᠶᠠᠨ᠂ ᠬᠤᠷᠢᠨᠬᠡᠷ ᠰᠢᠶᠠᠨ᠂ ᠴᠢᠩ ᠱᠦᠶ ᠾᠧ ᠰᠢᠶᠠᠨ ᠳᠤ ᠬᠦᠢᠯᠭᠡᠭᠡᠨ ᠤ ᠬᠦᠷᠢᠶᠡᠨ ᠳᠠᠬᠢ ᠲᠤᠰᠬᠠᠶ ᠡᠵᠡᠩᠨᠡᠨ ᠪᠣᠷᠣᠯᠠᠭᠤᠯᠬᠤ ᠲᠣᠮᠣ ᠡᠷᠦᠬᠡ ᠶᠢ ᠢᠳᠡᠪᠬᠢᠲᠡᠶ ᠪᠠᠷ ᠪᠤᠶᠢᠵᠢᠭᠤᠯᠵᠤ᠂ ᠬᠥᠬᠡᠬᠤᠲᠠ ᠶᠢᠨ ᠮᠧᠶ ᠲᠦᠩ᠂ ᠵᠡᠭᠦᠨ ᠸᠠᠭᠠᠷ ᠤᠨ ᠠᠶᠢᠯ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠵᠡᠷᠭᠡ ᠲᠥᠮᠥᠰᠥ ᠠᠷᠠᠯᠵᠢᠶᠠᠯᠠᠬᠤ ᠲᠥᠪ ᠢ ᠲᠡᠳᠬᠦᠨ ᠳᠡᠮᠵᠢᠵᠦ᠂ ᠪᠦᠷᠢᠨ ᠲᠡᠭᠦᠯᠳᠡᠷ ᠡᠵᠡᠩᠨᠡᠨ ᠪᠣᠷᠣᠯᠠᠭᠤᠯᠬᠤ ᠲᠣᠤᠷ ᠰᠦᠯᠵᠢᠶ᠎ᠡ ᠪᠠ ᠪᠣᠷᠣᠯᠠᠭᠤᠯᠭ᠎ᠠ ᠶᠢᠨ ᠰᠢᠰᠲ᠋ᠧᠮᠵᠢ ᠶᠢ ᠠᠯᠬᠤᠮ ᠠᠯᠬᠤᠮ ᠢᠶᠠᠷ ᠪᠦᠷᠢᠯᠳᠦᠭᠦᠯᠦᠨ᠎ᠡ᠃ ᠲᠤᠰᠬᠠᠶ ᠲᠡᠭᠡᠭᠡᠪᠦᠷᠢ ᠶᠢᠨ ᠵᠣᠬᠢᠶᠠᠨ ᠪᠠᠶᠢᠭᠤᠯᠤᠯᠲᠠ ᠶᠢ ᠬᠥᠭᠵᠢᠭᠦᠯᠦᠨ᠂ ᠪᠦᠷᠢᠨ ᠲᠡᠭᠦᠯᠳᠡᠷ ᠬᠥᠮᠥᠷᠭᠡᠯᠡᠨ ᠬᠠᠳᠠᠭᠠᠯᠠᠬᠤ ᠰᠢᠰᠲ᠋ᠧᠮᠵᠢ ᠶᠢ ᠪᠠᠶᠢᠭᠤᠯᠵᠤ᠂ ᠡᠯ᠎ᠡ ᠬᠤᠯᠪᠤᠭᠳᠠᠯ ᠪᠦᠬᠦᠢ ᠨᠢᠭᠡᠴᠡ ᠶᠢ ᠵᠣᠬᠢᠴᠠᠭᠤᠯᠤᠨ ᠲᠥᠮᠥᠰᠥ ᠲᠡᠭᠡᠭᠡᠪᠦᠷᠢᠯᠡᠬᠦ ᠰᠠᠭᠠᠳ ᠦᠭᠡᠢ ᠨᠡᠪᠲᠡᠷᠡᠬᠦ ᠵᠠᠮ ᠢ ᠪᠠᠶᠢᠭᠤᠯᠵᠤ᠂ ᠬᠥᠮᠥᠷᠭᠡᠯᠡᠨ ᠬᠠᠳᠠᠭᠠᠯᠠᠬᠤ᠂ ᠲᠡᠭᠡᠭᠡᠪᠦᠷᠢᠯᠡᠬᠦ᠂ ᠪᠣᠷᠣᠯᠠᠭᠤᠯᠬᠤ ᠵᠠᠮ ᠤᠨ ᠰᠠᠭᠠᠳ ᠦᠭᠡᠢ ᠨᠡᠪᠲᠡᠷᠡᠬᠦ ᠶᠢ ᠦᠨᠡᠨᠬᠦ  ᠪᠠᠳᠤᠯᠠᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠷᠢᠨᠬᠡᠷ ᠰᠢᠶᠠᠨ ᠤ ᠠᠷᠠᠳ ᠤᠨ ᠵᠠᠰᠠᠭ ᠤᠨ ᠣᠷᠳᠣᠨ᠂ ᠦᠴᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ᠂ ᠴᠢᠩ ᠱᠦᠶ ᠾᠧ ᠰᠢᠶᠠᠨ ᠤ ᠠᠷᠠᠳ ᠤᠨ ᠵᠠᠰᠠᠭ ᠤᠨ ᠣᠷᠳᠣᠨ︶       ︵3︶  ᠲᠠᠷᠢᠶᠠᠴᠢᠨ ᠪᠠ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠴᠢᠩᠭᠠᠳᠬᠠᠨ᠎ᠠ       ᠬᠤᠸᠠ ᠡᠸᠦ ᠴᠠᠷᠳᠠᠭᠤᠯ ᠤᠨ ᠺᠣᠮᠫᠠᠨᠢ ᠶᠢᠨ ᠮᠢᠩᠭᠠᠨ ᠲᠣᠨ ᠤ ᠲᠥᠮᠥᠰᠥ ᠶᠢᠨ ᠰᠢᠭᠦᠰᠦ ᠠᠴᠠ ᠤᠭᠤᠷᠠᠭ ᠤᠨ ᠨᠤᠨᠲᠠᠭ ᠭᠠᠷᠭᠠᠨ ᠠᠪᠬᠤ ᠦᠢᠯᠡᠳᠪᠦᠷᠢᠯᠡᠯ ᠤᠨ ᠱᠤᠭᠤᠮ ᠪᠣᠯᠤᠨ ᠱᠦ ᠶᠤᠸᠠᠨ ᠺᠠᠩ ᠺᠣᠮᠫᠠᠨᠢ ᠶᠢᠨ 1 ᠲᠦᠮᠡᠨ ᠲᠣᠨ ᠤ ᠲᠥᠮᠥᠰᠥ ᠶᠢᠨ ᠴᠠᠷᠳᠠᠭᠤᠯ ᠢ ᠡᠳ᠋ᠰᠢᠭᠦᠯᠦᠨ ᠪᠣᠯᠪᠠᠰᠤᠷᠠᠭᠤᠯᠬᠤ ᠲᠦᠷᠦᠯ ᠵᠦᠢᠯ ᠠᠰᠢᠭᠯᠠᠯᠲᠠ ᠳᠤ ᠤᠷᠤᠭᠰᠠᠨ ᠤ ᠳᠠᠷᠠᠭ᠎ᠠ᠂ ᠵᠠᠬᠢᠶᠠᠯᠠᠭ᠎ᠠ ᠶᠢᠨ ᠭᠡᠷ᠎ᠡ᠂ ᠬᠦᠳᠡᠯᠮᠦᠷᠢ ᠬᠦᠴᠦ ᠰᠢᠩᠭᠡᠭᠡᠨ ᠠᠵᠢᠯ ᠣᠯᠭᠤᠬᠤ ᠵᠡᠷᠭᠡ ᠵᠠᠭᠪᠤᠷ ᠢᠶᠠᠷ ᠳᠠᠮᠵᠢᠭᠤᠯᠵᠤ᠂ 8000 ᠭᠠᠷᠤᠢ ᠡᠷᠦᠬᠡ ᠶᠢᠨ ᠲᠠᠷᠢᠶᠠᠴᠢᠨ ᠢ ᠠᠵᠤ ᠦᠢᠯᠡᠰ ᠤᠨ ᠬᠡᠯᠬᠢᠶ᠎ᠡ ᠳᠤ ᠣᠷᠣᠭᠤᠯᠵᠤ ᠪᠣᠯᠤᠨ᠎ᠠ᠃       ︵ᠲᠠᠪᠤ︶ ᠵᠠᠭᠤᠨ ᠲᠦᠮᠡᠨ ᠤ ᠲᠠᠰ ᠤᠨ ᠡᠯᠳᠡᠪ ᠠᠮᠤ᠂ ᠲᠣᠰᠣᠯᠢᠭ ᠲᠠᠷᠢᠮᠠᠯ ᠤᠨ ᠪᠥᠬᠦ ᠠᠵᠤ ᠦᠢᠯᠡᠰ ᠤᠨ ᠬᠡᠯᠬᠢᠶ᠎ᠡ       1. ᠡᠭᠦᠷᠭᠡ ᠬᠠᠷᠠᠯᠲᠠ      ︵1︶ ᠦᠴᠤᠸᠠᠨ᠂ ᠴᠢᠩ ᠱᠦᠶ ᠾᠧ ᠰᠢᠶᠠᠨ ᠤ ᠬᠠᠭᠤᠷᠠᠶ ᠲᠠᠷᠢᠶᠠᠨ ᠤ ᠭᠠᠵᠠᠷ ᠣᠷᠣᠨ ᠢᠶᠠᠷ ᠭᠤᠤᠯ ᠪᠣᠯᠭᠠᠵᠤ᠂ ᠴᠢᠨᠠᠷ ᠰᠠᠶᠢᠲᠠᠶ ᠪᠣᠬᠢᠷᠲᠤᠯ ᠥᠬᠡᠶ ᠭᠠᠵᠠᠷ ᠣᠷᠣᠨ ᠤ ᠣᠨᠴᠠᠯᠢᠭ ᠪᠠ ᠳᠠᠪᠠᠭᠤᠯᠢᠭ ᠢ ᠳᠣᠪᠤᠶᠢᠯᠭᠠᠨ᠂ ᠡᠯᠳᠡᠪ ᠠᠮᠤ᠂ ᠲᠣᠰᠣᠯᠢᠭ ᠲᠠᠷᠢᠮᠠᠯ ᠤᠨ ᠦᠢᠯᠡᠳᠪᠦᠷᠢᠯᠡᠯ ᠤᠨ ᠲᠠᠯᠠᠪᠠᠶ ᠶᠢ 150 ᠲᠦᠮᠡᠨ ᠮᠥ ᠳᠤ ᠲᠣᠭᠲᠠᠪᠤᠷᠢᠵᠢᠭᠤᠯᠤᠨ᠎ᠠ᠃       ︵2︶ ᠦᠴᠤᠸᠠᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠴᠢᠩ ᠱᠦᠶ ᠾᠧ ᠰᠢᠶᠠᠨ ᠤ ᠶᠠᠳᠠᠭᠤ ᠶᠢ ᠲᠡᠳᠬᠦᠬᠦ ᠪᠣᠬᠢᠷᠲᠤᠯ ᠥᠬᠡᠶ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢᠶᠠᠷ ᠭᠤᠤᠯ ᠣᠷᠣᠨ ᠪᠦᠰᠡ ᠪᠣᠯᠭᠠᠵᠤ᠂ ᠡᠯᠳᠡᠪ ᠠᠮᠤ᠂ ᠲᠣᠰᠣᠯᠢᠭ ᠲᠠᠷᠢᠮᠠᠯ ᠢᠶᠠᠷ ᠭᠤᠤᠯ ᠲᠦᠭᠦᠬᠡᠶ ᠮᠠᠲ᠋ᠧᠷᠢᠶᠠᠯ ᠪᠣᠯᠭᠠᠭᠰᠠᠨ ᠡᠳ᠋ᠰᠢᠭᠦᠯᠦᠨ ᠪᠣᠯᠪᠠᠰᠤᠷᠠᠭᠤᠯᠤᠭᠰᠠᠨ ᠪᠦᠲᠦᠭᠡᠭᠳᠡᠭᠦᠨ ᠤ ᠲᠥᠷᠦᠯ ᠵᠦᠢᠯ ᠢ ᠤᠯᠠᠮ ᠨᠢᠭᠡ ᠠᠯᠬᠤᠮ ᠪᠠᠶᠠᠯᠢᠭᠵᠢᠭᠤᠯᠤᠨ᠂ ᠡᠯᠳᠡᠪ ᠠᠮᠤ᠂ ᠲᠣᠰᠣᠯᠢᠭ ᠲᠠᠷᠢᠮᠠᠯ ᠤᠨ ᠪᠦᠲᠦᠭᠡᠭᠳᠡᠭᠦᠨ ᠤ ᠨᠠᠷᠠᠲᠤ ᠲᠥᠷᠥᠯ ᠲᠡᠮᠳᠡᠭᠲᠦ ᠶᠢᠨ ᠠᠯᠳᠠᠷᠰᠢᠯ ᠢ ᠳᠡᠭᠡᠭᠰᠢᠯᠡᠭᠦᠯᠵᠦ᠂ ᠳᠠᠷᠢᠬᠤ᠂ ᠡᠳ᠋ᠰᠢᠭᠦᠯᠦᠨ ᠪᠣᠯᠪᠠᠰᠤᠷᠠᠭᠤᠯᠬᠤ᠂ ᠭᠦᠢᠯᠭᠡᠭᠡᠬᠦ᠂ ᠬᠡᠷᠡᠭᠯᠡᠬᠦ ᠪᠥᠬᠦ ᠠᠵᠤ ᠦᠢᠯᠡᠰ ᠤᠨ ᠬᠡᠯᠬᠢᠶ᠎ᠡ ᠶᠢᠨ ᠶᠡᠷᠦᠩᠬᠡᠶᠢᠯᠡᠭᠰᠡᠨ ᠦᠷ᠎ᠡ ᠠᠰᠢᠭ ᠢ ᠳᠡᠭᠡᠭᠰᠢᠯᠡᠭᠦᠯᠦᠨ᠎ᠡ᠃ 2021 ᠣᠨ ᠳᠤ ᠪᠣᠷᠣᠯᠠᠭᠤᠯᠤᠯᠲᠠ ᠶᠢᠨ ᠣᠷᠣᠯᠭ᠎ᠠ ᠶᠢ 6.5 ᠳ᠋ᠦᠩᠰᠢᠭᠤᠷ ᠲᠥᠭᠦᠷᠢᠭ ᠬᠦᠷᠭᠡᠵᠦ᠂ 2023 ᠣᠨ ᠪᠣᠯᠬᠤ ᠳᠤ᠂ ᠡᠯᠳᠡᠪ ᠠᠮᠤ᠂ ᠲᠣᠰᠣᠯᠢᠭ ᠲᠠᠷᠢᠮᠠᠯ ᠤᠨ ᠠᠵᠤ ᠦᠢᠯᠡᠰ ᠤᠨ ᠪᠣᠷᠣᠯᠠᠭᠤᠯᠤᠯᠲᠠ ᠶᠢᠨ ᠣᠷᠣᠯᠭ᠎ᠠ ᠶᠢ 8 ᠳ᠋ᠦᠩᠰᠢᠭᠤᠷ ᠲᠥᠭᠦᠷᠢᠭ  ᠬᠦᠷᠭᠡᠨ᠎ᠡ᠃       2.ᠠᠵᠢᠯ ᠤᠨ ᠠᠷᠭ᠎ᠠ ᠬᠡᠮᠵᠢᠶ᠎ᠡ       ︵1︶ ᠡᠯᠳᠡᠪ ᠠᠮᠤ᠂ ᠲᠣᠰᠣᠯᠢᠭ ᠲᠠᠷᠢᠮᠠᠯ ᠢ ᠡᠳ᠋ᠰᠢᠭᠦᠯᠦᠨ ᠪᠣᠯᠪᠠᠰᠤᠷᠠᠭᠤᠯᠬᠤ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠎ᠠ       ᠶᠠᠨ ᠬᠥ᠋ ᠹᠠᠩ᠂ ᠮᠧᠩ ᠴᠢᠩ ᠵᠡᠷᠭᠡ ᠥᠪᠡᠷᠲᠡᠭᠡᠨ ᠵᠠᠰᠠᠬᠤ ᠣᠷᠣᠨ ᠤ ᠲᠠᠰ ᠤᠨ ᠪᠠ ᠬᠤᠲᠠ ᠶᠢᠨ ᠲᠠᠰ ᠤᠨ ᠬᠥᠲᠥᠴᠢ ᠠᠵᠤ ᠠᠬᠤᠶᠢᠯᠠᠯ ᠳᠤ ᠲᠦᠰᠢᠭᠯᠡᠨ᠂ ᠡᠯᠳᠡᠪ ᠠᠮᠤ᠂ ᠲᠣᠰᠣᠯᠢᠭ ᠲᠠᠷᠢᠮᠠᠯ ᠤᠨ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠪᠠ ᠡᠳ᠋ᠰᠢᠭᠦᠯᠦᠨ ᠪᠣᠯᠪᠠᠰᠤᠷᠠᠭᠤᠯᠬᠤ ᠬᠦᠷᠢᠶᠡᠯᠡᠩ ᠲᠣᠭᠤᠷᠢᠭ ᠢ ᠪᠠᠶᠢᠭᠤᠯᠤᠨ᠎ᠠ᠃ ᠶᠠᠨ ᠬᠥ᠋ ᠹᠠᠩ ᠤᠨ ᠪᠦᠷᠢᠨ ᠠᠮᠤ ᠪᠤᠳᠠᠭᠠᠨ ᠤ ᠠᠮᠢ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ 2021 ᠣᠨ ᠳᠤ ᠵᠢᠯ ᠤᠨ ᠡᠳ᠋ᠰᠢᠭᠦᠯᠦᠨ ᠪᠣᠯᠪᠠᠰᠤᠷᠠᠭᠤᠯᠬᠤ ᠴᠢᠳᠠᠪᠤᠷᠢ 4000 ᠲᠣᠨ ᠤ ᠨᠣᠬᠠᠶ ᠶᠢᠨ ᠬᠤᠰᠢᠭᠤ ᠶᠢᠨ ᠵᠠᠷᠮ᠎ᠠ ᠶᠢᠨ ᠦᠢᠯᠡᠳᠪᠦᠷᠢᠯᠡᠯ ᠤᠨ ᠱᠤᠭᠤᠮ ᠪᠠ 150 ᠲᠣᠨ ᠤ ᠨᠣᠬᠠᠶ ᠶᠢᠨ ᠬᠤᠰᠢᠭᠤ ᠶᠢᠨ ᠲᠣᠰᠣᠨ ᠤ ᠦᠢᠯᠡᠳᠪᠦᠷᠢᠯᠡᠯ ᠤᠨ ᠱᠤᠭᠤᠮ ᠢᠶᠠᠷ ᠲᠤᠷᠰᠢᠨ ᠦᠢᠯᠡᠳᠪᠦᠷᠢᠯᠡᠵᠦ ᠦᠷ᠎ᠡ ᠠᠰᠢᠭ ᠣᠯᠬᠤ ᠶᠢᠨ ᠬᠠᠮᠲᠤ ᠵᠢᠯ ᠳᠤ 1 ᠲᠦᠮᠡᠨ ᠲᠣᠨ ᠤ ᠨᠣᠬᠠᠶ ᠶᠢᠨ ᠬᠤᠰᠢᠭᠤ ᠶᠢᠨ ᠭᠤᠯᠢᠷ ᠤᠨ ᠦᠢᠯᠡᠳᠪᠦᠷᠢᠯᠡᠯ ᠤᠨ ᠱᠤᠭᠤᠮ ᠵᠢᠴᠢ ᠵᠢᠯ ᠤᠨ ᠡᠳ᠋ᠰᠢᠭᠦᠯᠦᠨ ᠪᠣᠯᠪᠠᠰᠤᠷᠠᠭᠤᠯᠬᠤ ᠴᠢᠳᠠᠪᠤᠷᠢ 1000 ᠲᠣᠨ ᠤ ᠨᠣᠬᠠᠶ ᠶᠢᠨ ᠬᠤᠰᠢᠭᠤ ᠶᠢᠨ ᠬᠦᠪᠦᠷᠡᠯ ᠤᠨ ᠨᠠᠬᠢᠶᠠᠨ ᠪᠤᠳᠠᠭ᠎ᠠ ᠶᠢᠨ ᠦᠢᠯᠡᠳᠪᠦᠷᠢᠯᠡᠯ ᠤᠨ ᠱᠤᠭᠤᠮ ᠤᠨ ᠪᠥᠲᠥᠭᠡᠨ ᠪᠠᠶᠢᠭᠤᠯᠤᠯᠲᠠ ᠶᠢ ᠰᠢᠨ᠎ᠡ ᠪᠠᠷ ᠨᠡᠮᠡᠭᠳᠡᠭᠦᠯᠦᠨ᠎ᠡ︔ ᠮᠧᠩ ᠴᠢᠩ ᠤᠨ ᠵᠢᠯ ᠳᠤ 2 ᠲᠦᠮᠡᠨ ᠲᠣᠨ ᠬᠤᠯᠢᠮᠠᠭ ᠠᠮᠤ ᠶᠢᠨ ᠭᠤᠯᠢᠷ ᠰᠢᠢᠳᠪᠦᠷᠢᠯᠡᠬᠦ ᠶᠢ ᠠᠬᠢᠭᠤᠯᠵᠤ᠂ ᠵᠢᠯ ᠤᠨ ᠭᠠᠷᠤᠯᠲᠠ 1 ᠳ᠋ᠦᠩᠰᠢᠭᠤᠷ ᠬᠤᠪᠢ ︵ᠤᠭᠤᠲᠠ︶  ᠬᠦᠷᠬᠦ ᠪᠦᠳᠦᠭᠦᠯᠢᠭ ᠠᠮᠤ ᠶᠢᠨ ᠭᠤᠯᠢᠷ ᠤᠨ ᠬᠤᠶᠠᠷ ᠬᠤᠭᠤᠴᠠᠭᠠᠨ ᠤ ᠲᠥᠷᠥᠯ ᠵᠦᠢᠯ ᠢ ᠨᠠᠶᠢᠳᠠᠪᠤᠷᠢᠵᠢᠭᠤᠯᠵᠤ᠂ 2021 ᠣᠨ ᠳᠤ ᠲᠥᠷᠥᠯ ᠵᠦᠢᠯ ᠤᠨ ᠨᠢᠭᠡᠳᠦᠭᠡᠷ ᠬᠤᠭᠤᠴᠠᠭᠠᠨ ᠤ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ︔ ᠰᠠᠨ ᠵᠤ᠋ ᠯᠢᠶᠠᠩ ᠪᠠᠶᠢᠭᠠᠯᠢᠯᠢᠭ ᠨᠣᠬᠠᠶ ᠶᠢᠨ ᠬᠤᠰᠢᠭᠤ ᠶᠢᠨ ᠠᠵᠤ ᠦᠢᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠲᠧᠭᠨᠤᠯᠤᠬᠢ ᠶᠢᠨ ᠮᠡᠷᠭᠡᠵᠢᠯ ᠢᠶᠠᠨ ᠳᠡᠭᠡᠭᠰᠢᠯᠡᠭᠦᠯᠬᠦ ᠵᠢᠴᠢ ᠪᠦᠳᠦᠭᠡᠭᠳᠡᠭᠦᠨ ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠵᠤ᠂ ᠨᠣᠬᠠᠶ ᠶᠢᠨ ᠬᠤᠰᠢᠭᠤ ᠶᠢᠨ ᠲᠣᠰᠣ᠂ ᠵᠢᠵᠢᠭ ᠤᠭᠤᠲᠠ ᠲᠠᠢ ᠨᠤᠨᠲᠠᠭ᠂ ᠨᠣᠬᠠᠶ ᠶᠢᠨ ᠬᠤᠰᠢᠭᠤ ᠶᠢᠨ ᠢᠰᠬᠡᠭᠦᠷ ᠵᠠᠳᠠᠯᠬᠤ ᠨᠤᠨᠲᠠᠭ᠂ ᠨᠣᠬᠠᠶ ᠶᠢᠨ ᠬᠤᠰᠢᠭᠤ ᠶᠢᠨ ᠬᠤᠰᠢᠭ᠎ᠠ ᠶᠢᠨ ᠫᠧᠫᠲ᠋ᠢᠳ᠋᠂ ᠨᠣᠬᠠᠶ ᠶᠢᠨ ᠬᠤᠰᠢᠭᠤ ᠶᠢᠨ ᠫᠧᠫᠲ᠋ᠢᠳ᠋ ᠵᠢᠴᠢ ᠬᠤᠭᠤᠯᠠ ᠶᠢ ᠣᠷᠤᠯᠠᠬᠤ ᠲᠥᠷᠥᠯ ᠤᠨ ᠲᠥᠬᠦᠮ ᠢᠳᠡᠭᠡᠨ᠂ ᠳᠣᠤᠷ᠎ᠠ ᠫᠦᠷᠢᠨᠲᠦ ᠨᠣᠬᠠᠶ ᠶᠢᠨ ᠬᠤᠰᠢᠭᠤ ᠶᠢᠨ ᠬᠠᠯᠠᠭᠤᠨ ᠲᠣᠭᠤᠭᠠᠨ ᠤ ᠮᠠᠲ᠋ᠧᠷᠢᠶᠠᠯ ᠵᠡᠷᠭᠡ ᠨᠠᠷᠢᠯᠢᠭ ᠡᠳ᠋ᠰᠢᠭᠦᠯᠦᠨ ᠪᠣᠯᠪᠠᠰᠤᠷᠠᠭᠤᠯᠤᠭᠰᠠᠨ ᠥᠨᠳᠥᠷ ᠨᠡᠮᠡᠯᠲᠡ ᠥᠷᠲᠡᠭᠲᠦ  ᠪᠦᠲᠦᠭᠡᠭᠳᠡᠭᠦᠨ ᠢ ᠭᠤᠤᠯᠳᠠᠯᠭ᠎ᠠ ᠲᠠᠢ ᠨᠡᠭᠡᠭᠡᠨ ᠬᠥᠭᠵᠢᠭᠦᠯᠦᠨ᠎ᠡ︔ ᠥᠪᠥᠷ ᠮᠣᠩᠭᠤᠯ ᠤᠨ ᠮᠧᠩ ᠬᠤᠩ ᠮᠠᠭᠠᠯᠢᠩᠭᠤ ᠶᠢᠨ ᠦᠷ᠎ᠡ ᠶᠢᠨ ᠲᠣᠰᠣ ᠶᠢ ᠨᠠᠷᠢᠯᠢᠭ ᠡᠳ᠋ᠰᠢᠭᠦᠯᠦᠨ ᠪᠣᠯᠪᠠᠰᠤᠷᠠᠭᠤᠯᠬᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠤᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠴᠢᠩ ᠱᠦᠶ ᠾᠧ ᠰᠢᠶᠠᠨ ᠤ ᠠᠷᠠᠳ ᠤᠨ ᠵᠠᠰᠠᠭ ᠤᠨ ᠣᠷᠳᠣᠨ᠂ ᠦᠴᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶       ︵2︶ ᠡᠯᠳᠡᠪ ᠠᠮᠤ᠂ ᠲᠣᠰᠣᠯᠢᠭ ᠲᠠᠷᠢᠮᠠᠯ ᠤᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ᠎ᠡ       ① ᠡᠯᠳᠡᠪ ᠠᠮᠤ᠂ ᠲᠣᠰᠣᠯᠢᠭ ᠲᠠᠷᠢᠮᠠᠯ ᠢ ᠪᠠᠷᠢᠮᠵᠢᠶᠠᠵᠢᠭᠤᠯᠤᠨ ᠳᠠᠷᠢᠬᠤ ᠬᠢᠷᠢ ᠲᠥᠪᠰᠢᠨ ᠢ ᠳᠡᠭᠡᠭᠰᠢᠯᠡᠭᠦᠯᠦᠨ᠎ᠡ᠃ 2021 ᠣᠨ ᠳᠤ᠂ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡ ᠪᠠ ᠪᠥᠬᠦ ᠶᠠᠪᠤᠴᠠ ᠶᠢᠨ ᠮᠠᠰᠢᠨᠴᠢᠯᠠᠯᠲᠠ ᠶᠢᠨ ᠮᠡᠷᠭᠡᠵᠢᠯ ᠢ ᠬᠠᠩᠭᠠᠵᠤ ᠳᠡᠶᠢᠯᠬᠦ 10 ᠲᠠᠷᠢᠶᠠᠯᠠᠩ ᠤᠨ ᠮᠠᠰᠢᠨ ᠤ ᠲᠤᠰᠬᠠᠶ ᠬᠤᠷᠰᠢᠶ᠎ᠠ ︵ᠡᠭᠦᠨ ᠳᠤ ᠦᠴᠤᠸᠠᠨ ᠰᠢᠶᠠᠨ 5᠂ ᠴᠢᠩ ᠱᠦᠶ ᠾᠧ ᠰᠢᠶᠠᠨ 3᠂ ᠬᠤᠷᠢᠨᠭᠡᠷ ᠰᠢᠶᠠᠨ 2︶ ᠶᠢ ᠪᠤᠶᠢᠵᠢᠭᠤᠯᠵᠤ᠂ ᠵᠢᠯ ᠪᠦᠷᠢ ᠬᠤᠯᠢᠮᠠᠭ ᠠᠮᠤ ᠳᠠᠷᠢᠬᠤ ᠲᠠᠯᠠᠪᠠᠶ ᠶᠢ 70 ᠲᠦᠮᠡᠨ ᠮᠥ᠂ ᠲᠣᠰᠣᠯᠢᠭ ᠲᠠᠷᠢᠮᠠᠯ ᠳᠠᠷᠢᠬᠤ ᠲᠠᠯᠠᠪᠠᠶ ᠶᠢ 80 ᠲᠦᠮᠡᠨ ᠮᠥ ᠳᠤ ᠲᠣᠭᠲᠠᠪᠤᠷᠢᠵᠢᠭᠤᠯᠤᠨ᠎ᠠ᠃ 2023 ᠣᠨ ᠪᠣᠯᠬᠤ ᠳᠤ᠂ ᠡᠯᠳᠡᠪ ᠠᠮᠤ᠂ ᠲᠣᠰᠣᠯᠢᠭ ᠲᠠᠷᠢᠮᠠᠯ ᠤᠨ ᠪᠠᠷᠢᠮᠵᠢᠶᠠᠵᠢᠭᠤᠯᠤᠨ ᠳᠠᠷᠢᠬᠤ ᠲᠠᠯᠠᠪᠠᠶ ᠶᠢ 25 ᠲᠦᠮᠡᠨ ᠮᠥ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠪᠥᠬᠦ ᠬᠤᠲᠠ ᠶᠢᠨ ᠡᠯᠳᠡᠪ ᠠᠮᠤ᠂ ᠲᠣᠰᠣᠯᠢᠭ ᠲᠠᠷᠢᠮᠠᠯ ᠤᠨ  ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠮᠡᠷᠭᠡᠵᠢᠯ ᠤᠨ ᠪᠦᠷᠬᠦᠴᠡ ᠶᠢ 50% ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠴᠢᠩ ᠱᠦᠶ ᠾᠧ ᠰᠢᠶᠠᠨ ᠤ ᠠᠷᠠᠳ ᠤᠨ ᠵᠠᠰᠠᠭ ᠤᠨ ᠣᠷᠳᠣᠨ᠂ ᠦᠴᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ᠂ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ︶       ② ᠪᠦᠲᠦᠭᠡᠭᠳᠡᠬᠦᠨ ᠤ ᠲᠠᠸᠠᠷ ᠤᠨ ᠲᠡᠮᠳᠡᠭ ᠪᠠ ᠭᠠᠵᠠᠷ ᠵᠦᠢ ᠶᠢᠨ ᠢᠯᠡᠷᠬᠡᠶᠢᠯᠡᠯ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠤᠨ᠎ᠠ᠃ ᠶᠠᠨ ᠬᠥ᠋ ᠹᠠᠩ᠂ ᠮᠧᠩ ᠴᠢᠩ ᠵᠡᠷᠭᠡ ᠡᠯᠳᠡᠪ ᠠᠮᠤ ᠶᠢᠨ ᠨᠠᠷᠠᠲᠤ ᠲᠥᠷᠥᠯ ᠲᠡᠮᠳᠡᠭᠲᠦ ᠶᠢᠨ ᠰᠠᠭᠤᠷᠢᠨ ᠳᠡᠭᠡᠷ᠎ᠡ ᠰᠢᠨ᠎ᠡ ᠪᠦᠲᠦᠭᠡᠭᠳᠡᠭᠦᠨ ᠢ ᠰᠤᠳᠤᠯᠤᠨ ᠨᠡᠭᠡᠭᠡᠵᠦ᠂ ᠡᠯᠳᠡᠪ ᠠᠮᠤ ᠂ ᠲᠣᠰᠣᠯᠢᠭ ᠲᠠᠷᠢᠮᠠᠯ ᠤᠨ ᠦᠢᠯᠡᠳᠪᠦᠷᠢᠯᠡᠯ ᠤᠨ ᠰᠢᠰᠲ᠋ᠧᠮᠵᠢ ᠶᠢ ᠠᠯᠬᠤᠮ ᠠᠯᠬᠤᠮ ᠢᠶᠠᠷ ᠪᠦᠷᠢᠨᠰᠢᠬᠦᠯᠦᠨ ᠲᠡᠭᠦᠯᠳᠡᠷᠵᠢᠭᠦᠯᠵᠦ᠂ ᠬᠤᠯᠪᠤᠭᠳᠠᠯ ᠪᠥᠬᠦᠶ ᠮᠡᠷᠭᠡᠵᠢᠯ ᠤᠨ ᠪᠠᠷᠢᠮᠵᠢᠶ᠎ᠠ᠂ ᠶᠠᠰᠤ ᠴᠢᠨᠠᠷ ᠢ ᠮᠥᠷᠳᠡᠬᠦ ᠰᠢᠰᠲ᠋ᠧᠮᠵᠢ ᠶᠢ ᠪᠠᠶᠢᠭᠤᠯᠤᠨ᠂ ᠴᠢᠨᠠᠷ ᠰᠠᠶᠢᠲᠠᠶ ᠲᠠᠷᠢᠶᠠᠯᠠᠩ ᠤᠨ ᠪᠦᠲᠦᠭᠡᠭᠳᠡᠬᠦᠨ ᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠴᠢᠩ ᠱᠦᠶ ᠾᠧ ᠰᠢᠶᠠᠨ ᠤ ᠠᠷᠠᠳ ᠤᠨ ᠵᠠᠰᠠᠭ ᠤᠨ ᠣᠷᠳᠣᠨ᠂ ᠦᠴᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ᠂ ᠬᠤᠷᠢᠨᠬᠡᠷ ᠰᠢᠶᠠᠨ ᠤ ᠠᠷᠠᠳ ᠤᠨ ᠵᠠᠰᠠᠭ ᠤᠨ ᠣᠷᠳᠣᠨ︶       ︵3︶  ᠲᠠᠷᠢᠶᠠᠴᠢᠨ ᠪᠠ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠴᠢᠩᠭᠠᠳᠬᠠᠨ᠎ᠠ       ᠶᠠᠨ ᠬᠥ᠋ ᠹᠠᠩ ᠤᠨ ᠵᠢᠯ ᠤᠨ ᠡᠳ᠋ᠰᠢᠭᠦᠯᠦᠨ ᠪᠣᠯᠪᠠᠰᠤᠷᠠᠭᠤᠯᠬᠤ ᠴᠢᠳᠠᠪᠤᠷᠢ 4000 ᠲᠣᠨ ᠤ ᠨᠣᠬᠠᠶ ᠶᠢᠨ ᠬᠤᠰᠢᠭᠤ ᠶᠢᠨ ᠵᠠᠷᠮ᠎ᠠ᠂ 150 ᠲᠣᠨ ᠤ ᠨᠣᠬᠠᠶ ᠶᠢᠨ ᠬᠤᠰᠢᠭᠤ ᠶᠢᠨ ᠲᠣᠰᠣᠨ ᠤ ᠦᠢᠯᠡᠳᠪᠦᠷᠢᠯᠡᠯ ᠤᠨ ᠱᠤᠭᠤᠮ ᠪᠠ ᠮᠧᠩ ᠴᠢᠩ ᠤᠨ ᠵᠢᠯ ᠳᠤ 2 ᠲᠦᠮᠡᠨ ᠲᠣᠨ ᠡᠯᠳᠡᠪ ᠠᠮᠤ ᠶᠢᠨ ᠭᠤᠯᠢᠷ ᠢ ᠰᠢᠢᠳᠪᠦᠷᠢᠯᠡᠵᠦ᠂  ᠵᠢᠯ ᠳᠤ 1ᠳ᠋ᠦᠩᠰᠢᠭᠤᠷ ᠬᠤᠪᠢ  ︵ᠤᠭᠤᠲᠠ︶ ᠪᠦᠳᠦᠭᠦᠯᠢᠭ ᠠᠮᠤ ᠶᠢᠨ ᠭᠤᠯᠢᠷ ᠦᠢᠯᠡᠳᠪᠦᠷᠢᠯᠡᠬᠦ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠭᠠᠵᠠᠷ ᠰᠢᠷᠣᠶ ᠶᠢ ᠡᠷᠬᠢᠯᠳᠦᠭᠦᠯᠬᠦ᠂ ᠵᠠᠬᠢᠶᠠᠯᠠᠭ᠎ᠠ ᠶᠢᠨ ᠭᠡᠷ᠎ᠡ᠂ ᠡᠳ᠋ ᠬᠥᠷᠥᠩᠭᠡ ᠶᠢᠨ ᠠᠰᠢᠭ ᠣᠷᠣᠯᠭ᠎ᠠ᠂ ᠬᠦᠳᠡᠯᠮᠦᠷᠢ ᠬᠦᠴᠦᠨ ᠰᠢᠩᠭᠡᠭᠡᠵᠦ ᠠᠵᠢᠯ ᠣᠯᠭᠤᠬᠤ᠂ ᠬᠤᠷᠰᠢᠶ᠎ᠠ ᠶᠢᠨ ᠬᠠᠮᠢᠶᠠᠷᠤᠯᠲᠠ ᠵᠡᠷᠭᠡ ᠣᠯᠠᠨ ᠵᠦᠢᠯ ᠤᠨ ᠵᠠᠭᠪᠤᠷ ᠢᠶᠠᠷ ᠳᠠᠮᠵᠢᠭᠤᠯᠤᠨ᠂ 3200 ᠭᠠᠷᠤᠶ ᠡᠷᠦᠬᠡ ᠲᠠᠷᠢᠶᠠᠴᠢᠨ ᠢ ᠳᠠᠶᠢᠴᠢᠯᠠᠨ ᠠᠵᠤ ᠦᠢᠯᠡᠰ ᠤᠨ ᠬᠡᠯᠬᠢᠶ᠎ᠡ ᠳᠤ ᠣᠷᠣᠭᠤᠯᠵᠤ ᠪᠣᠯᠤᠨ᠎ᠠ᠃       ︵ᠵᠢᠷᠭᠤᠭ᠎ᠠ︶ ᠵᠠᠭᠤᠨ ᠲᠦᠮᠡᠨ ᠤ ᠲᠠᠰ ᠤᠨ ᠮᠢᠬᠠᠨ ᠤ ᠲᠥᠷᠥᠯ ᠤᠨ ᠪᠥᠬᠦ ᠠᠵᠤ ᠦᠢᠯᠡᠰ ᠤᠨ ᠬᠡᠯᠬᠢᠶ᠎ᠡ       1.ᠡᠭᠦᠷᠭᠡ ᠬᠠᠷᠠᠯᠲᠠ       ︵1︶ ᠦᠴᠤᠸᠠᠨ᠂ ᠴᠢᠩ ᠱᠦᠢ ᠾᠧ ᠵᠡᠷᠭᠡ ᠠᠭᠤᠯᠠ ᠳᠣᠪᠣᠴᠠᠭ ᠣᠷᠣᠨ ᠢᠶᠠᠷ ᠭᠤᠣᠯ ᠪᠣᠯᠭᠠᠵᠤ᠂ ᠢᠳᠡᠰᠢᠨ ᠦᠬᠡᠷ ᠲᠡᠵᠢᠭᠡᠨ ᠦᠷᠡᠵᠢᠭᠦᠯᠬᠦ ᠦᠢᠯᠡᠰ ᠢ ᠬᠥᠭᠵᠢᠭᠦᠯᠦᠨ᠎ᠡ︔ ᠲᠦᠮᠡᠳ ᠵᠡᠭᠦᠨ ᠬᠤᠰᠢᠭᠤ᠂ ᠬᠤᠷᠢᠨᠬᠡᠷ ᠰᠢᠶᠠᠨ᠂ ᠲᠣᠭᠲᠠᠬᠤ ᠰᠢᠶᠠᠨ ᠤ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠪᠠᠷ ᠲᠦᠰᠢᠭ ᠪᠣᠯᠭᠠᠵᠤ᠂ ᠰᠠᠭᠠᠯᠢ ᠶᠢᠨ ᠦᠨᠢᠶ᠎ᠡ ᠶᠢᠨ ᠡᠷ᠎ᠡ ᠲᠤᠭᠤᠯ ᠢ ᠪᠣᠷᠳᠣᠵᠤ ᠲᠡᠵᠢᠭᠡᠨ ᠦᠷᠡᠵᠢᠭᠦᠯᠬᠦ ᠶᠢ ᠬᠥᠭᠵᠢᠭᠦᠯᠵᠦ᠂ 2021 ᠣᠨ ᠳᠤ ᠢᠳᠡᠰᠢᠨ ᠦᠬᠡᠷ᠂ ᠢᠳᠡᠰᠢᠨ ᠬᠤᠨᠢ᠂ ᠢᠳᠡᠰᠢᠨ ᠡᠯᠵᠢᠭᠡ ᠶᠢᠨ ᠲᠤᠭ᠎ᠠ ᠶᠢ ᠲᠣᠰ ᠲᠣᠰ 5 ᠲᠥᠮᠡ ᠂ 300 ᠲᠦᠮᠡ᠂ 2 ᠲᠦᠮᠡ ᠬᠦᠷᠭᠡᠨ᠎ᠡ᠃ 2023 ᠣᠨ ᠪᠣᠯᠬᠤ ᠳᠤ᠂ ᠢᠳᠡᠰᠢᠨ ᠦᠬᠡᠷ ᠤᠨ ᠲᠤᠭ᠎ᠠ ᠶᠢ 10 ᠲᠦᠮᠡ ᠳᠤ ᠬᠦᠷᠭᠡᠵᠦ᠂ ᠢᠳᠡᠰᠢᠨ ᠬᠤᠨᠢᠨ ᠤ ᠲᠤᠭ᠎ᠠ ᠶᠢ 300 ᠲᠦᠮᠡ ᠬᠥᠷᠭᠡᠵᠦ᠂ ᠡᠯᠵᠢᠭᠡ ᠶᠢᠨ ᠲᠤᠭ᠎ᠠ ᠶᠢ 2 ᠲᠦᠮᠡ ᠠᠴᠠ ᠳᠡᠭᠡᠭᠰᠢ ᠪᠣᠯᠭᠠᠨ᠎ᠠ᠃       ︵2︶ ᠲᠦᠮᠡᠳ ᠵᠡᠭᠦᠨ ᠬᠤᠰᠢᠭᠤ᠂ ᠬᠤᠷᠢᠨᠬᠡᠷ ᠰᠢᠶᠠᠨ᠂ ᠲᠣᠭᠲᠠᠬᠤ ᠰᠢᠶᠠᠨ᠂ ᠦᠴᠤᠸᠠᠨ ᠰᠢᠶᠠᠨ᠂ ᠴᠢᠩ ᠱᠦᠶ ᠾᠧ ᠰᠢᠶᠠᠨ ᠳᠤ ᠦᠬᠡᠷ ᠬᠤᠨᠢᠨ ᠮᠢᠬ᠎ᠠ ᠡᠳ᠋ᠰᠢᠬᠦᠯᠦᠨ ᠪᠣᠯᠪᠠᠰᠤᠷᠠᠭᠤᠯᠬᠤ ᠬᠥᠲᠥᠴᠢ ᠠᠵᠤ ᠠᠬᠤᠶᠢᠯᠠᠯ ᠢ ᠪᠤᠶᠢᠵᠢᠭᠤᠯᠵᠤ᠂ ᠣᠬᠢ ᠰᠢᠯᠢᠳᠡᠭ ᠦᠬᠡᠷ ᠬᠤᠨᠢᠨ ᠤ ᠮᠢᠬ᠎ᠠ ᠶᠢᠨ ᠬᠠᠩᠭᠠᠯᠭ᠎ᠠ᠂ ᠨᠠᠷᠢᠯᠢᠭ ᠡᠳ᠋ᠰᠢᠭᠦᠯᠦᠨ ᠪᠣᠯᠪᠠᠰᠤᠷᠠᠭᠤᠯᠬᠤ ᠪᠥᠬᠦ ᠠᠵᠤ ᠦᠢᠯᠡᠰ ᠤᠨ ᠬᠡᠯᠬᠢᠶ᠎ᠡ ᠶᠢ ᠬᠥᠭᠵᠢᠭᠦᠯᠦᠨ᠂ ᠰᠢᠨ᠎ᠡ ᠰᠣᠷᠭᠤᠭ ᠮᠢᠬ᠎ᠠ ᠶᠢᠨ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃       2. ᠠᠵᠢᠯ ᠤᠨ ᠠᠷᠭ᠎ᠠ ᠬᠡᠮᠵᠢᠶ᠎ᠡ       ︵1︶ ᠢᠳᠡᠰᠢᠨ ᠦᠬᠡᠷ ᠤᠨ ᠠᠵᠤ ᠦᠢᠯᠡᠰ      ① ᠢᠳᠡᠰᠢᠨ ᠦᠬᠡᠷ ᠡᠳ᠋ᠰᠢᠭᠦᠯᠦᠨ ᠪᠣᠯᠪᠠᠰᠤᠷᠠᠭᠤᠯᠬᠤ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠎ᠠ᠃ ᠨᠠᠷᠢᠯᠢᠬᠵᠢᠭᠤᠯᠤᠨ ᠰᠠᠯᠭᠠᠵᠤ ᠭᠦᠨᠵᠡᠭᠡᠶ ᠡᠳ᠋ᠰᠢᠭᠦᠯᠦᠨ ᠪᠣᠯᠪᠠᠰᠤᠷᠠᠭᠤᠯᠬᠤ ᠶᠢ ᠵᠣᠷᠢᠭᠵᠢᠭᠤᠯᠵᠤ᠂ ᠰᠢᠨ᠎ᠡ ᠰᠣᠷᠭᠤᠭ ᠮᠢᠬᠠᠨ ᠤ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠺᠠᠩ ᠰᠢᠨ ᠮᠠᠯᠵᠢᠯ ᠤᠨ ᠲᠠᠯᠠᠪᠠᠶ ᠶᠢᠨ ᠵᠢᠯ ᠤᠨ ᠭᠠᠷᠤᠯᠲᠠ 2000 ᠲᠣᠨ ᠤ ᠦᠬᠡᠷ ᠤᠨ ᠮᠢᠬᠠᠨ ᠤ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠦᠨ ᠪᠣᠯᠪᠠᠰᠤᠷᠠᠭᠤᠯᠬᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠢᠦᠶ ᠴᠢᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶       ② ᠢᠳᠡᠰᠢᠨ ᠦᠬᠡᠷ ᠲᠡᠵᠢᠭᠡᠨ ᠦᠷᠡᠵᠢᠭᠦᠯᠬᠦ ᠠᠵᠤ ᠦᠢᠯᠡᠰ ᠢ ᠬᠥᠭᠵᠢᠭᠦᠯᠦᠨ᠎ᠡ᠃ ᠥᠪᠥᠷ ᠮᠣᠩᠭᠤᠯ ᠤᠨ ᠺᠤᠸᠠᠢ ᠨᠢᠦ ᠬᠢᠵᠠᠭᠠᠷᠲᠤ ᠺᠣᠮᠫᠠᠨᠢ ᠶᠢᠨ ᠣᠲᠣ ᠶᠢᠨ ᠪᠠᠶᠢᠭ᠎ᠠ ᠲᠠᠪᠴᠠᠩ ᠢᠶᠠᠷ ᠭᠤᠤᠯᠳᠠᠯᠭ᠎ᠠ ᠲᠠᠢ ᠰᠠᠭᠤᠷᠢ ᠪᠣᠯᠭᠠᠵᠤ᠂ ᠮᠠᠨ ᠤ ᠬᠤᠲᠠ ᠶᠢᠨ ᠢᠳᠡᠰᠢᠨ ᠦᠬᠡᠷ ᠢ ᠬᠠᠮᠲᠤᠷᠠᠨ ᠲᠡᠵᠢᠭᠡᠨ ᠦᠷᠡᠵᠢᠭᠦᠯᠬᠦ ᠵᠠᠭᠪᠤᠷ ᠵᠢᠴᠢ ᠲᠣᠮᠣ ᠳ᠋ᠠᠶᠢᠲ᠋ᠠ ᠶᠢᠨ ᠲᠠᠪᠴᠠᠩ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽  ᠪᠤᠳᠠᠰ ᠤᠨ ᠰᠦᠯᠵᠢᠶ᠎ᠡ +︾  ᠪᠠᠷ ᠢᠳᠡᠰᠢᠨ ᠦᠬᠡᠷ ᠤᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠲᠠᠶᠢᠴᠢᠯᠠᠬᠤ ᠶᠢ  ᠴᠢᠩᠭᠠᠳᠬᠠᠨ᠎ᠠ᠃ ᠪᠥᠬᠦ ᠬᠤᠲᠠ ᠶᠢᠨ 50% ᠠᠴᠠ ᠳᠡᠭᠡᠭᠰᠢᠬᠢ ᠢᠳᠡᠰᠢᠨ‌ᠦᠬᠡᠷ ᠤᠨ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠠᠯᠠᠪᠠᠶ ︵ᠡᠷᠦᠬᠡ︶ ᠶᠢ ᠢᠳᠡᠰᠢᠨ ᠦᠬᠡᠷ ᠤᠨ ᠬᠠᠮᠲᠤᠷᠠᠭᠰᠠᠨ ᠲᠡᠵᠢᠭᠡᠨ ᠦᠷᠡᠵᠢᠭᠦᠯᠬᠦ ᠲᠤᠭ᠎ᠠ ᠪᠠᠷᠢᠮᠲᠠ ᠶᠢᠨ ᠲᠠᠪᠴᠠᠩ ᠳᠤ ᠣᠷᠣᠭᠤᠯᠤᠨ᠎ᠠ᠃ 2021 ᠣᠨ ᠳᠤ ᠺᠣᠸᠠᠢ ᠨᠢᠦ ᠶᠢᠨ 5000 ᠦᠬᠡᠷ ᠲᠡᠵᠢᠭᠡᠬᠦ ᠣᠶᠤᠨᠴᠢᠯᠠᠭᠰᠠᠨ ᠢᠳᠡᠰᠢᠨ ᠦᠬᠡᠷ ᠲᠡᠵᠢᠭᠡᠨ ᠦᠷᠡᠵᠢᠭᠦᠯᠬᠦ ᠲᠠᠯᠠᠪᠠᠶ ᠶᠢᠨ ᠭᠤᠤᠯ ᠴᠣᠭᠴᠠ ᠶᠢᠨ ᠪᠠᠷᠢᠯᠭ᠎ᠠ ᠶᠢ ᠪᠡᠶᠡᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠮᠥᠩᠭᠦᠨ ᠬᠦᠢᠯᠭᠡᠭᠡᠨ ᠤ ᠠᠵᠢᠯ ᠤᠨ ᠠᠯᠪᠠᠨ ᠬᠡᠷ᠂ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶       ︵2︶ ᠢᠳᠡᠰᠢᠨ ᠬᠤᠨᠢᠨ ᠤ ᠠᠵᠤ ᠦᠢᠯᠡᠰ      ① ᠨᠢᠲᠤᠯᠵᠤ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠢᠳᠡᠰᠢᠨ ᠬᠤᠨᠢ ᠶᠢ ᠨᠠᠷᠢᠯᠢᠭ ᠡᠳ᠋ᠰᠢᠭᠦᠯᠦᠨ ᠪᠣᠯᠪᠠᠰᠤᠷᠠᠭᠤᠯᠬᠤ ᠠᠵᠤ ᠦᠢᠯᠡᠰ ᠢ ᠳᠡᠭᠡᠭᠰᠢᠯᠡᠭᠦᠯᠦᠨ᠎ᠡ᠃ ᠮᠧᠩ ᠶᠠᠩ ᠮᠠᠯ ᠠᠵᠤ ᠠᠬᠤᠶ ᠶᠢᠨ ᠣᠲᠣ ᠶᠢᠨ ᠪᠠᠶᠢᠭ᠎ᠠ ᠦᠢᠯᠡᠳᠪᠦᠷᠢ ᠶᠢᠨ ᠬᠡᠷ ᠪᠠ ᠲᠥᠬᠦᠭᠡᠷᠦᠮᠵᠢ ᠳᠤ ᠲᠦᠰᠢᠭᠯᠡᠨ᠂ 1 ᠲᠣᠮᠣ ᠬᠡᠯᠪᠡᠷᠢ ᠶᠢᠨ ᠢᠳᠡᠰᠢᠨ ᠬᠤᠨᠢ ᠶᠢ ᠨᠠᠷᠢᠯᠢᠭ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠮᠠᠨ ᠤ ᠬᠤᠲᠠ ᠶᠢᠨ ᠢᠳᠡᠰᠢᠨ ᠬᠤᠨᠢᠨ ᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶       ②  ᠪᠠᠷᠢᠮᠵᠢᠶᠠᠵᠢᠭᠤᠯᠤᠭᠰᠠᠨ ᠲᠡᠵᠢᠭᠡᠨ ᠦᠷᠡᠵᠢᠬᠦᠯᠬᠦ ᠮᠡᠷᠭᠡᠵᠢᠯ ᠢ ᠳᠡᠯᠭᠡᠷᠡᠭᠦᠯᠦᠨ᠎ᠡ᠃ ᠦᠴᠤᠸᠠᠨ ᠰᠢᠶᠠᠨ᠂ ᠬᠤᠷᠢᠨᠬᠡᠷ ᠰᠢᠶᠠᠨ᠂ ᠴᠢᠩ ᠱᠦᠶ ᠾᠧ ᠰᠢᠶᠠᠨ ᠢᠶᠠᠷ ᠭᠤᠤᠯᠳᠠᠯᠭ᠎ᠠ ᠲᠠᠢ ᠣᠷᠣᠨ ᠪᠦᠰᠡ ᠪᠣᠯᠭᠠᠵᠤ᠂ ᠬᠡᠪᠴᠢᠶᠡᠵᠢᠭᠰᠡᠨ ᠲᠠᠯᠠᠪᠡᠢ ᠶᠢ ︽ᠪᠦᠬᠦᠨ ᠢ ᠬᠠᠮᠤᠷᠬᠤ︾ ᠬᠡᠯᠪᠡᠷᠢ ᠪᠠᠷ ᠪᠠᠷᠢᠮᠵᠢᠶᠠᠵᠢᠭᠤᠯᠤᠭᠰᠠᠨ ᠲᠡᠵᠢᠭᠡᠨ ᠦᠷᠡᠵᠢᠭᠦᠯᠬᠦ ᠮᠡᠷᠭᠡᠵᠢᠯ ᠢ ᠳᠡᠯᠭᠡᠷᠡᠭᠦᠯᠵᠦ᠂ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠬᠢᠷᠢ ᠬᠡᠮᠵᠢᠶ᠎ᠡ ᠶᠢ ᠵᠢᠯ ᠪᠦᠷᠢ 5% ᠪᠠᠷ ᠳᠡᠭᠡᠭᠰᠢᠯᠡᠭᠦᠯᠬᠦ ᠶᠢᠨ ᠬᠠᠮᠲᠤ ᠢᠳᠡᠰᠢᠨ ᠬᠤᠨᠢᠨ ᠤ ᠪᠠᠷᠢᠮᠵᠢᠶᠠᠵᠢᠭᠤᠯᠤᠭᠰᠠᠨ ᠵᠢᠱᠢᠶ᠎ᠡ ᠦᠵᠡᠭᠦᠯᠬᠦ ᠲᠠᠯᠠᠪᠠᠶ 3 ᠶᠢ ᠡᠭᠦᠳᠦᠨ ᠪᠠᠶᠢᠭᠤᠯᠤᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶       ③ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃  ᠯᠧ ᠺᠧ ᠠᠮᠢᠳᠤ ᠪᠣᠳᠠᠰ ᠵᠡᠷᠭᠡ ᠡᠭᠦᠯᠳᠡᠷ ᠤᠨ ᠬᠤᠨᠢᠨ ᠤ ᠠᠵᠤ ᠠᠬᠤᠶᠢᠯᠠᠯ ᠳᠤ ᠲᠦᠰᠢᠭᠯᠡᠨ  ᠭᠠᠷ ᠬᠡᠭᠡᠯᠳᠦᠭᠦᠯᠭᠡ᠂ ᠬᠦᠪᠦᠷᠡᠯ ᠰᠢᠯᠵᠢᠭᠦᠯᠬᠦ᠂ ᠠᠳᠠᠯᠢ ᠬᠤᠭᠤᠴᠠᠭᠠᠨ ᠳᠤ ᠣᠷᠤᠭ᠎ᠠ ᠣᠷᠣᠬᠤ ᠵᠡᠷᠭᠡ ᠲᠡᠷᠢᠭᠦᠨ ᠤ ᠮᠡᠷᠭᠡᠵᠢᠯ ᠢ ᠴᠢᠩᠭᠠᠳᠬᠠᠵᠤ᠂ ᠲᠤᠬᠠᠢ ᠶᠢᠨ ᠣᠷᠤᠨ ᠨᠤᠲᠤᠭ ᠲᠤ ᠲᠡᠵᠢᠭᠡᠬᠦ ᠳᠤ ᠨᠠᠩ ᠲᠣᠬᠢᠷᠠᠮᠵᠢᠲᠠᠶ ᠡᠭᠦᠯᠳᠡᠷ ᠢ ᠰᠢᠯᠢᠨ ᠰᠣᠩᠭᠤᠵᠤ᠂ ᠮᠡᠷᠭᠡᠵᠢᠯ ᠤᠨ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ︔ ᠭᠠᠳᠠᠭᠠᠳᠤ ᠶᠢᠨ ᠲᠡᠷᠢᠭᠦᠨ ᠤ ᠡᠭᠦᠯᠳᠡᠷ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ ᠡᠷᠯᠢᠰᠡᠵᠢᠭᠦᠯᠦᠨ ᠰᠠᠶᠢᠵᠢᠷᠠᠭᠤᠯᠬᠤ ᠪᠠ ᠦᠷᠡᠵᠢᠭᠦᠯᠦᠨ ᠨᠡᠮᠡᠭᠳᠡᠭᠦᠯᠵᠦ᠂ ᠣᠲᠣ ᠶᠢᠨ ᠪᠠᠶᠢᠭ᠎ᠠ ᠢᠳᠡᠰᠢᠨ ᠬᠤᠨᠢᠨ ᠤ ᠭᠠᠷ ᠬᠡᠭᠡᠯᠲᠦᠭᠦᠯᠭᠡ ᠶᠢᠨ ᠥᠷᠲᠡᠭᠡ  ᠴᠡᠭ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ 2021 ᠣᠨ ᠳᠤ 30 ᠲᠦᠮᠡ ᠠᠴᠠ ᠳᠡᠭᠡᠭᠰᠢ ᠭᠠᠷ ᠬᠡᠭᠡᠯᠲᠦᠭᠦᠯᠭᠡ ᠬᠢᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶       ︵3︶ ᠡᠯᠵᠢᠭᠡᠨ ᠤ ᠠᠵᠤ ᠦᠢᠯᠡᠰ      ① ᠡᠯᠵᠢᠭᠡᠨ ᠮᠢᠬ᠎ᠠ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠢ ᠪᠤᠶᠢᠵᠢᠭᠤᠯᠤᠨ᠎ᠠ᠃ ᠥᠪᠥᠷ ᠮᠣᠩᠭᠤᠯ ᠤᠨ ᠮᠧᠩ ᠯᠢᠦᠶ ᠢᠳᠡᠭᠡᠨ ᠤ ᠬᠢᠵᠠᠭᠠᠷᠲᠤ ᠺᠣᠮᠫᠠᠨᠢ ᠶᠢᠨ ᠡᠯᠵᠢᠭᠡᠨ ᠮᠢᠬᠠᠨ ᠵᠢᠶᠠᠩ ᠠᠴᠠ ᠪᠤᠰᠤᠳ ᠰᠢᠨ᠎ᠡ  ᠪᠦᠲᠦᠭᠡᠭᠳᠡᠭᠦᠨ ᠢ ᠰᠤᠳᠤᠯᠤᠨ ᠨᠡᠭᠡᠭᠡᠬᠦ ᠶᠢ ᠲᠦᠷᠭᠡᠳᠬᠡᠵᠦ᠂  ᠢᠳᠡᠰᠢᠨ ᠡᠯᠵᠢᠭᠡᠨ ᠤ ᠪᠦᠲᠦᠭᠡᠭᠳᠡᠭᠦᠨ ᠤ ᠲᠥᠷᠥᠯ ᠲᠡᠮᠳᠡᠭᠲᠦ ᠶᠢ ᠲᠡᠰ ᠲᠡᠪᠰᠢᠭᠦᠯᠵᠦ᠂ ᠢᠳᠡᠰᠢᠨ ᠡᠯᠵᠢᠭᠡᠨ ᠤ ᠠᠵᠤ ᠦᠢᠯᠡᠰ ᠤᠨ ᠠᠵᠤ ᠠᠬᠤᠶ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ ᠄ ᠬᠤᠲᠠ ᠶᠢᠨ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶       ② ᠢᠳᠡᠰᠢᠨ ᠡᠯᠵᠢᠭᠡ ᠲᠡᠵᠢᠭᠡᠨ ᠦᠷᠡᠵᠢᠭᠦᠯᠬᠦ ᠬᠡᠪᠴᠢᠶ᠎ᠡ ᠶᠢ ᠥᠷᠭᠡᠳᠬᠡᠵᠦ᠂  ᠼᠤᠤ ᠶᠤᠸᠠᠨ ᠢᠥᠢ ᠯᠢᠥᠢ᠂ ᠲᠦᠩ ᠶᠤᠸᠠᠨ ᠮᠠᠯ ᠠᠵᠤ ᠠᠬᠤᠶ ᠬᠤᠶᠠᠷ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠲᠤ ᠲᠦᠰᠢᠭᠯᠡᠨ᠂ ᠡᠯᠵᠢᠭᠡ ᠲᠡᠵᠢᠭᠡᠨ ᠦᠷᠡᠵᠢᠭᠦᠯᠬᠦ᠂ ᠡᠯᠵᠢᠭᠡᠨ ᠤ ᠪᠦᠲᠦᠭᠡᠭᠳᠡᠬᠦᠨ ᠤ ᠤᠨᠴᠠᠯᠢᠭᠳᠤ ᠠᠵᠤ ᠦᠢᠯᠡᠰ ᠢ ᠬᠥᠭᠵᠢᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶       ③ ᠡᠯᠵᠢᠭᠡᠨ ᠤ ᠦᠷ᠎ᠡ ᠶᠢᠨ ᠰᠢᠩᠭᠡᠨ ᠢ ᠰᠢᠩᠭᠡᠷᠡᠭᠦᠯᠬᠦ᠂ ᠬᠥᠯᠳᠡᠭᠡᠬᠦ᠂ ᠭᠡᠰᠬᠡᠬᠦ ᠵᠡᠷᠭᠡ ᠵᠠᠩᠭᠢᠯᠠᠭ᠎ᠠ ᠶᠢᠨ ᠮᠡᠷᠭᠡᠵᠢᠯ ᠤᠨ ᠰᠢᠪᠲᠤᠯᠤᠯᠲᠠ ᠶᠢ ᠲᠦᠷᠭᠡᠳᠬᠡᠵᠦ᠂ ᠡᠯᠵᠢᠭᠡᠨ ᠤ ᠬᠦᠯᠳᠡᠭᠦᠦ ᠦᠷ᠎ᠡ ᠶᠢᠨ ᠰᠢᠩᠭᠡᠨ ᠤ ᠭᠠᠷ ᠬᠡᠭᠡᠯᠳᠦᠭᠦᠯᠭᠡ ᠶᠢᠨ ᠮᠡᠷᠭᠡᠵᠢᠯ ᠢ ᠰᠤᠳᠤᠯᠵᠤ᠂ ᠰᠢᠯᠢᠳᠡᠭ ᠡᠭᠦᠯᠳᠡᠷ ᠤᠨ ᠠᠵᠢᠷᠭ᠎ᠠ ᠡᠯᠵᠢᠭᠡᠨ ᠤ ᠬᠡᠷᠡᠭᠯᠡᠭᠡᠨ ᠤ ᠥᠷᠲᠡᠭ ᠪᠠ ᠦᠷᠡᠵᠢᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠡᠯᠵᠢᠭᠡᠨ ᠤ ᠡᠭᠦᠯᠳᠡᠷ ᠢ ᠰᠠᠶᠢᠵᠢᠷᠠᠭᠤᠯᠬᠤ ᠦᠶᠡᠯᠡᠯ ᠤᠨ ᠬᠤᠭᠤᠴᠠᠭ᠎ᠠ ᠶᠢ ᠲᠦᠷᠭᠡᠳᠬᠡᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶       ︵4︶  ᠲᠠᠷᠢᠶᠠᠴᠢᠨ ᠪᠠ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠴᠢᠩᠭᠠᠳᠬᠠᠨ᠎ᠠ       ᠺᠤᠸᠠᠢ ᠨᠢᠦ ᠶᠢᠨ 5000 ᠦᠬᠡᠷ ᠲᠡᠵᠢᠭᠡᠬᠦ ᠣᠶᠤᠨᠴᠢᠯᠠᠭᠰᠠᠨ ᠢᠳᠡᠰᠢᠨ ᠦᠬᠡᠷ ᠲᠡᠵᠢᠭᠡᠨ ᠦᠷᠡᠵᠢᠭᠦᠯᠬᠦ ᠲᠠᠯᠠᠪᠠᠶ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠢᠴᠢ ᠺᠠᠩ ᠰᠢᠨ ᠮᠠᠯᠵᠢᠯ ᠤᠨ ᠲᠠᠯᠠᠪᠠᠶ ᠶᠢᠨ ᠵᠢᠯ ᠳᠤ 2000 ᠲᠣᠨ ᠦᠬᠡᠷ ᠤᠨ ᠮᠢᠬᠠᠨ ᠤ ᠪᠦᠲᠦᠭᠡᠭᠳᠡᠬᠦᠨ ᠢ ᠨᠠᠷᠢᠯᠢᠭ  ᠡᠳ᠋ᠰᠢᠭᠦᠯᠦᠨ ᠪᠣᠯᠪᠠᠰᠤᠷᠠᠭᠤᠯᠬᠤ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠵᠠᠬᠢᠶᠠᠯᠠᠭ᠎ᠠ ᠶᠢᠨ ᠭᠡᠷ᠎ᠡ ᠲᠣᠭᠲᠠᠬᠤ᠂  ᠬᠦᠳᠡᠯᠮᠦᠷᠢ ᠬᠦᠴᠦᠨ ᠰᠢᠩᠭᠡᠭᠡᠵᠦ ᠠᠵᠢᠯ ᠣᠯᠭᠤᠬᠤ ᠵᠡᠷᠭᠡ ᠵᠠᠭᠪᠤᠷ ᠢᠶᠠᠷ ᠳᠠᠮᠵᠢᠭᠤᠯᠤᠨ᠂ 5200 ᠭᠠᠷᠤᠶ ᠡᠷᠦᠬᠡ ᠮᠠᠯᠴᠢᠨ ᠲᠠᠷᠢᠶᠠᠴᠢᠨ ᠢ ᠳᠠᠶᠢᠴᠢᠯᠠᠨ ᠠᠵᠤ ᠦᠢᠯᠡᠰ ᠤᠨ ᠬᠡᠯᠬᠢᠶ᠎ᠡ ᠳᠤ ᠣᠷᠣᠭᠤᠯᠵᠤ ᠪᠣᠯᠤᠨ᠎ᠠ᠃       ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠎ᠠ᠃ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠲᠦᠷᠦᠭᠦᠯᠡᠨ ᠬᠠᠷᠢᠭᠤᠴᠠᠭᠰᠠᠨ᠂ ᠡᠯ᠎ᠡ ᠭᠠᠵᠠᠷ ᠣᠷᠣᠨ ᠪᠣᠯᠤᠨ ᠬᠤᠯᠪᠤᠭᠳᠠᠯ ᠪᠥᠬᠦᠶ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠲᠤᠰᠢᠶᠠᠯ ᠢᠶᠠᠨ ᠬᠦᠢᠴᠡᠳᠭᠡᠭᠰᠡᠨ᠂ ᠨᠢᠭᠲᠠ ᠬᠠᠮᠵᠢᠯᠴᠠᠭᠰᠠᠨ ᠠᠵᠢᠯ ᠤᠨ ᠲᠤᠰᠬᠠᠶ ᠠᠩᠭᠢ ᠶᠢ ᠪᠠᠶᠢᠭᠤᠯᠵᠤ᠂ ᠡᠯ᠎ᠡ ᠬᠠᠷᠢᠭᠤᠴᠠᠯᠭᠠᠲᠤ ᠨᠢᠭᠡᠴᠡ ᠨᠦᠭᠦᠳ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠬᠦᠢᠴᠡᠳᠭᠡᠨ᠂ ᠲᠥᠷᠥ ᠶᠢᠨ ᠪᠣᠳᠣᠯᠭ᠎ᠠ ᠶᠢ ᠵᠣᠯᠭᠠᠭᠤᠯᠬᠤ᠂ ᠪᠠᠯᠠ ᠮᠥᠩᠭᠦ ᠶᠢ ᠡᠮᠬᠢᠯᠡᠨ ᠨᠡᠶᠢᠯᠡᠭᠦᠯᠬᠦ᠂ ᠡᠭᠦᠷᠭᠡ ᠶᠢ ᠵᠣᠬᠢᠴᠠᠭᠤᠯᠬᠤ ᠵᠡᠷᠭᠡ ᠠᠵᠢᠯ ᠢ ᠰᠠᠶᠢᠲᠤᠷ ᠬᠢᠵᠦ᠂ ᠵᠡᠷᠭᠡᠪᠡᠷ ᠠᠳᠬᠤᠨ ᠬᠠᠮᠲᠤᠪᠠᠷ ᠠᠬᠢᠭᠤᠯᠬᠤ ᠬᠦᠴᠦᠷᠬᠡᠭ ᠶᠡᠭᠡ ᠨᠡᠶᠢᠯᠡᠯ ᠬᠦᠴᠦᠨ ᠢ ᠪᠦᠷᠢᠯᠳᠦᠭᠦᠯᠦᠨ᠎ᠡ᠃ ᠡᠯ᠎ᠡ ᠬᠤᠰᠢᠭᠤ ᠰᠢᠶᠠᠨ ᠲᠣᠭᠤᠷᠢᠭ ᠪᠣᠳᠠᠲᠠᠶ ᠲᠠᠢ ᠪᠠᠨ ᠤᠶᠠᠯᠳᠤᠭᠤᠯᠤᠨ ᠠᠵᠢᠯ ᠤᠨ ᠲᠤᠰᠬᠠᠶ ᠠᠩᠭᠢ ᠪᠠᠶᠢᠭᠤᠯᠵᠤ᠂ ᠠᠵᠢᠯ ᠤᠨ ᠲᠥᠰᠦᠯ ᠲᠣᠭᠲᠠᠭᠠᠨ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠲᠥᠷᠥ ᠶᠢᠨ ᠪᠣᠳᠣᠯᠭ᠎ᠠ ᠶᠢᠨ ᠲᠡᠮᠵᠢᠯᠭᠡ᠂ ᠡᠬᠢ ᠪᠠᠶᠠᠯᠢᠭ ᠤᠨ ᠲᠣᠬᠢᠷᠠᠭᠤᠯᠤᠯᠲᠠ᠂ ᠪᠠᠯᠠ ᠮᠥᠩᠭᠦ ᠶᠢᠨ ᠲᠣᠬᠢᠷᠠᠭᠤᠯᠤᠯᠲᠠ ᠵᠡᠷᠭᠡ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠴᠢᠬᠤᠯᠠ ᠶᠡᠭᠡ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ ᠰᠢᠢᠳᠪᠦᠷᠢᠯᠡᠬᠦ ᠬᠡᠷᠡᠭᠲᠡᠶ᠃       ︵ᠬᠤᠶᠠᠷ︶ ᠲᠣᠭᠲᠠᠮᠠᠯ ᠬᠤᠭᠤᠴᠠᠭ᠎ᠠ ᠲᠠᠢ ᠪᠠᠷ ᠳᠣᠭᠢᠷᠠᠭᠤᠯᠤᠨ ᠠᠬᠢᠭᠤᠯᠤᠨ᠎ᠠ᠃ ᠲᠣᠭᠲᠠᠮᠠᠯ ᠬᠤᠭᠤᠴᠠᠭ᠎ᠠ ᠲᠠᠢ ᠪᠠᠷ ᠳᠣᠭᠢᠷᠠᠭᠤᠯᠬᠤ ᠲᠣᠭᠲᠠᠴᠠ ᠶᠢ ᠪᠠᠶᠢᠭᠤᠯᠵᠤ᠂ ᠠᠵᠤ ᠦᠢᠯᠡᠰ ᠤᠨ ᠪᠥᠭᠡᠮᠨᠡᠷᠡᠯ ᠤᠨ ᠬᠥᠭᠵᠢᠯᠲᠡ ᠶᠢᠨ ᠳᠤᠮᠳᠠ ᠣᠷᠣᠰᠢᠵᠤ ᠪᠠᠶᠢᠭ᠎ᠠ ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠴᠠᠭ ᠲᠤᠬᠠᠶ ᠳᠤᠨᠢ ᠪᠦᠷᠢᠳᠬᠡᠨ ᠵᠠᠳᠠᠯᠵᠤ᠂ ᠪᠠᠶᠢᠴᠠᠭᠠᠨ ᠰᠤᠳᠤᠯᠵᠤ ᠪᠠᠶᠢᠴᠠᠭᠠᠨ ᠢᠯᠡᠷᠡᠭᠦᠯᠵᠦ᠂ ᠲᠤᠰᠬᠠᠶ ᠮᠡᠷᠭᠡᠵᠢᠯᠲᠡᠨ᠂ ᠡᠷᠳᠡᠮᠲᠡᠨ᠂ ᠠᠵᠤ ᠠᠬᠤᠶᠢᠯᠠᠯᠲᠠᠨ ᠤ ᠶᠠᠷᠢᠯᠴᠠᠬᠤ ᠬᠤᠷᠠᠯ ᠬᠤᠷᠠᠯᠳᠤᠭᠤᠯᠵᠤ ᠰᠠᠨᠠᠯ ᠰᠠᠨᠠᠭᠤᠯᠭ᠎ᠠ ᠶᠢ ᠨᠢ ᠰᠣᠨᠣᠰᠴᠤ᠂ ᠠᠵᠤ ᠦᠢᠯᠡᠰ ᠤᠨ ᠪᠥᠭᠡᠮᠨᠡᠷᠡᠯ ᠪᠠ ᠭᠤᠤᠯᠳᠠᠯᠭ᠎ᠠ ᠲᠠᠢ ᠠᠵᠤ  ᠠᠬᠤᠶᠢᠯᠠᠯ ᠤᠨ ︽  ᠪᠣᠳᠠᠳᠠᠢ ᠪᠠᠶᠢᠳᠠᠯ ᠳᠤᠨᠢ ᠲᠣᠬᠢᠷᠠᠭᠤᠯᠤᠨ︾ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠨ᠎ᠠ᠃ ᠬᠤᠲᠠ ᠰᠢᠶᠠᠨ ᠤ ᠬᠤᠶᠠᠷ ᠱᠠᠲᠤᠨ ᠤ ᠠᠵᠢᠯ ᠤᠨ ᠲᠤᠰᠬᠠᠶ ᠠᠩᠭᠢ ᠨᠢ ᠠᠵᠤ ᠦᠢᠯᠡᠰ ᠤᠨ ᠪᠥᠭᠡᠮᠨᠡᠷᠡᠯ ᠤᠨ ᠬᠥᠭᠵᠢᠯᠲᠡ ᠶᠢᠨ ᠪᠠᠶᠢᠳᠠᠯ ᠢ ᠴᠠᠭ ᠲᠤᠬᠠᠶ ᠳᠤᠨᠢ ᠡᠵᠡᠮᠰᠢᠵᠦ᠂ ᠣᠷᠣᠰᠢᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠬᠡᠷᠡᠭᠲᠡᠶ᠃ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠲᠠᠰᠤᠭ‌‍ᠲ᠋ᠣᠭᠲᠠᠮᠠᠯ ᠬᠤᠭᠤᠴᠠᠭ᠎ᠠ ᠲᠠᠢ ᠪᠠᠷ ᠲᠤᠰᠬᠠᠶ ᠰᠢᠮᠳᠠᠭᠤᠯᠤᠨ ᠪᠠᠶᠢᠴᠠᠭᠠᠯᠲᠠ ᠥᠷᠨᠢᠭᠦᠯᠵᠦ᠂ ᠡᠯ᠎ᠡ ᠵᠦᠢᠯ ᠤᠨ ᠡᠭᠦᠷᠭᠡ ᠶᠢ ᠪᠣᠳᠠᠲᠠᠶ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ ᠃       ︵ᠭᠤᠷᠪᠠ︶ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠴᠢᠩᠭᠠᠷᠠᠭᠤᠯᠤᠨ᠎ᠠ᠃ ︽ᠴᠡᠯᠡᠭᠡᠷ ᠲᠠᠯ᠎ᠠ ᠶᠢᠨ ᠦᠨᠦᠷ ᠠᠮᠲᠠ︾ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ  ᠲᠦᠷᠦᠯ ᠲᠡᠮᠳᠡᠭᠲᠦ  ᠪᠠᠷ ᠭᠤᠣᠯ ᠪᠣᠯᠭᠠᠵᠤ᠂ ᠴᠢᠨᠠᠷ ᠰᠠᠶᠢᠲᠠᠶ ᠠᠵᠤ ᠠᠬᠤᠶᠢᠯᠠᠯ ᠤᠨ ᠲᠥᠷᠥᠯ ᠲᠡᠮᠳᠡᠭᠲᠦ ᠪᠠ ᠪᠦᠲᠦᠭᠡᠭᠳᠡᠬᠦᠨ ᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ ᠶᠢ ᠢᠳᠡᠪᠬᠢᠲᠡᠶ ᠳᠡᠮᠵᠢᠵᠦ᠂ ᠣᠷᠣᠨ ᠨᠤᠲᠤᠭ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢ ᠪᠤᠶᠢᠵᠢᠭᠤᠯᠤᠨ ᠳᠡᠭᠡᠭᠰᠢᠯᠡᠭᠦᠯᠵᠦ᠂ ᠲᠥᠷᠥᠯ ᠲᠡᠮᠳᠡᠭᠲᠦ ᠶᠢ ᠴᠤᠭᠴᠠᠯᠠᠬᠤ ᠶᠢ ᠤᠨᠴᠠᠯᠢᠭᠳᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠳᠠᠪᠠᠭᠤᠯᠢᠭ ᠣᠷᠣᠨ ᠤ ᠪᠥᠲᠥᠭᠡᠨ ᠪᠠᠶᠢᠭᠤᠯᠤᠯᠲᠠ᠂ ︽ᠬᠤᠶᠠᠷ ᠪᠦᠲᠦᠭᠡᠭᠳᠡᠬᠦᠨ ᠨᠢᠭᠡ ᠢᠯᠡᠷᠬᠡᠶᠢᠯᠡᠯ︾ ᠤᠨ ᠪᠦᠲᠦᠭᠡᠭᠳᠡᠬᠦᠨ ᠤ ᠭᠡᠷᠡᠴᠢᠯᠡᠭᠡ ᠯᠦᠭᠡ ᠨᠢᠭᠲᠠ ᠤᠶᠠᠯᠳᠤᠭᠤᠯᠵᠤ᠂ ︽ᠶᠣᠣ ᠱᠠᠩ ᠲᠢᠶᠠᠨ︾᠂ ︽ᠦᠴᠤᠸᠠᠨ ᠤ ᠦᠨᠦᠷ ᠠᠮᠲᠠ︾ ᠵᠡᠷᠭᠡ ᠰᠢᠶᠠᠨ ᠤ ᠤᠨᠴᠠᠯᠢᠭᠳᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢ ᠪᠤᠶᠢᠵᠢᠭᠤᠯᠬᠤ ᠶᠢ ᠢᠳᠡᠪᠬᠢᠲᠡᠶ ᠳᠡᠮᠵᠢᠨ᠎ᠡ᠃ ︽ᠦᠪᠦᠷ ᠮᠤᠩᠭᠤᠯ ᠨᠡᠷᠡᠮᠵᠢᠲᠦ︾ ᠲᠥᠷᠥᠯ ᠲᠡᠮᠳᠡᠭᠲᠦ ᠶᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠣᠨᠴᠠᠯᠢᠭ ᠢᠶᠠᠷ ᠢᠯᠡ ᠲᠣᠳᠣ ᠲᠠᠷᠢᠶᠠᠯᠠᠩ ᠮᠠᠯ ᠠᠵᠤ ᠠᠬᠤᠶ ᠶᠢᠨ ᠲᠥᠷᠥᠯ ᠲᠡᠮᠳᠡᠭᠲᠦ ᠶᠢᠨ ᠰᠢᠰᠲ᠋ᠧᠮᠵᠢ ᠶᠢ ᠪᠠᠶᠢᠭᠤᠯᠤᠨ᠎ᠠ᠃ ᠡᠭᠦᠨ ᠤ ᠬᠠᠮᠲᠤ᠂ ᠲᠣᠮᠣ ᠬᠡᠯᠪᠡᠷᠢ ᠶᠢᠨ ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ᠂ ᠦᠢᠯᠡᠳᠪᠦᠷᠢᠯᠡᠯ ᠤᠨ ᠬᠡᠯᠪᠡᠷᠢ ᠶᠢᠨ ᠠᠵᠤ ᠠᠬᠤᠶᠢᠯᠠᠯ᠂ ᠢᠳᠡᠭᠡᠨ ᠤᠮᠳᠠᠭᠠᠨ ᠤ ᠨᠠᠷᠠᠲᠤ ᠳᠡᠯᠭᠡᠭᠦᠷ ᠪᠠ ᠬᠡᠯᠬᠢᠶᠡᠲᠦ ᠲᠦᠭᠦᠮ ᠦᠵᠡᠭᠦᠯᠬᠦ ᠳᠡᠯᠭᠡᠭᠦᠷ ᠵᠡᠷᠭᠡ ᠠᠷᠭ᠎ᠠ ᠵᠠᠮ ᠳᠤ ᠲᠦᠰᠢᠭᠯᠡᠨ᠂ ᠲᠥᠷᠥᠯ ᠲᠡᠮᠳᠡᠭᠲᠦ ᠶᠢ ᠲᠠᠨᠢᠯᠴᠠᠭᠤᠯᠬᠤ ᠰᠢᠷᠢᠰ ᠠᠵᠢᠯᠯᠠᠭ᠎ᠠ ᠶᠢ ᠡᠷᠭᠢᠯᠡᠵᠦ᠂ ᠲᠥᠷᠥᠯ ᠲᠡᠮᠳᠡᠭᠲᠦ ᠶᠢᠨ ᠦᠨ᠎ᠡ ᠥᠷᠲᠡᠭ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃       ︵ᠳᠥᠷᠪᠡ︶ ᠨᠠᠷᠢᠯᠢᠭ ᠣᠨᠣᠴᠠᠲᠠᠶ ᠪᠠᠷ ᠬᠤᠳᠠᠯᠳᠤᠭᠠᠴᠢᠨ ᠤᠷᠢᠬᠤ ᠶᠢ ᠬᠡᠷᠡᠭᠵᠢᠭᠦᠯᠦᠨ᠎ᠡ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠠᠷᠠᠯᠲᠠ᠂ ᠴᠢᠭᠯᠡᠯ ᠪᠠ ᠭᠤᠣᠯᠳᠠᠯᠭ᠎ᠠ ᠪᠠᠨ ᠲᠣᠳᠣᠷᠬᠠᠶᠢᠯᠠᠵᠤ᠂ ᠰᠦ ᠶᠢᠨ ᠠᠵᠤ ᠦᠢᠯᠡᠰ ᠤᠨ ᠳᠡᠭᠡᠳᠦ ᠳᠣᠤᠷᠠᠳᠤ ᠤᠷᠤᠰᠬᠠᠯ ᠤᠨ ᠢᠵᠢ ᠪᠦᠷᠢᠳᠦᠭᠦᠯᠬᠦ ᠴᠢᠳᠠᠪᠤᠷᠢ᠂ ᠮᠢᠬᠠᠨ ᠤ ᠢᠳᠡᠭᠡᠨ ᠢ ᠨᠠᠷᠢᠯᠢᠭ ᠡᠳ᠋ᠰᠢᠭᠦᠯᠦᠨ ᠪᠣᠯᠪᠠᠰᠤᠷᠠᠭᠤᠯᠬᠤ᠂ ᠲᠠᠷᠢᠶᠠᠯᠠᠩ ᠤᠨ ᠪᠦᠲᠦᠭᠡᠭᠳᠡᠬᠦᠨ ᠤ ᠲᠠᠷᠢᠵᠤ ᠣᠷᠭᠤᠭᠤᠯᠬᠤ᠂ ᠨᠠᠷᠢᠯᠢᠭ ᠡᠳ᠋ᠰᠢᠭᠦᠯᠦᠨ ᠪᠣᠯᠪᠠᠰᠤᠷᠠᠭᠤᠯᠬᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢᠨ ᠲᠣᠭᠤᠷᠢᠨ ᠳᠤ ᠬᠤᠳᠠᠯᠳᠤᠭᠠᠴᠢᠨ ᠤᠷᠢᠬᠤ ᠪᠠ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭ᠎ᠠ ᠶᠢ ᠥᠷᠨᠢᠭᠦᠯᠵᠦ᠂ ︽ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ︾ ︽ᠬᠤᠯᠪᠣᠭᠠᠯᠠᠨ ᠬᠤᠳᠠᠯᠳᠤᠭᠠᠴᠢᠨ ᠤᠷᠢᠬᠤ︾ ︽  ᠴᠢᠩ ᠰᠡᠳᠬᠢᠯ ᠢᠶᠠᠷ ᠬᠤᠳᠠᠯᠳᠤᠭᠠᠴᠢᠨ ᠤᠷᠢᠬᠤ︾ ︽ᠠᠵᠤ ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ︾ ︽ᠨᠠᠷᠢᠯᠢᠭ ᠣᠨᠣᠴᠠᠲᠠᠶ ᠪᠠᠷ ᠬᠤᠳᠠᠯᠳᠤᠭᠠᠴᠢᠨ ᠤᠷᠢᠬᠤ︾ ᠶᠢ ᠴᠢᠬᠤᠯᠠᠴᠢᠯᠠᠵᠤ᠂ ᠠᠵᠤ ᠦᠢᠯᠡᠰ ᠤᠨ ᠪᠥᠭᠡᠮᠨᠡᠷᠡᠯ ᠤᠨ ᠳᠡᠭᠡᠳᠦ ᠳᠣᠤᠷᠠᠳᠤ ᠤᠷᠤᠰᠬᠠᠯ ᠵᠢᠴᠢ ᠬᠤᠯᠪᠣᠭᠳᠠᠬᠤ ᠢᠵᠢ ᠪᠦᠷᠢᠳᠦᠭᠦᠯᠬᠦ ᠠᠵᠤ ᠠᠬᠤᠶᠢᠯᠠᠯ ᠤᠨ ᠬᠠᠷᠢᠯᠴᠠᠨ ᠣᠷᠣᠭᠤᠯᠤᠨ ᠠᠪᠴᠢᠷᠠᠬᠤ᠂ ᠬᠠᠷᠢᠯᠴᠠᠨ ᠠᠬᠢᠭᠤᠯᠬᠤ᠂ ᠬᠠᠮᠲᠤᠪᠠᠷ ᠬᠥᠭᠵᠢᠬᠦ ᠶᠢ ᠵᠣᠷᠢᠭᠵᠢᠭᠤᠯᠤᠨ ᠳᠡᠮᠵᠢᠨ᠎ᠡ᠃      ︵ᠲᠠᠪᠤ︶ ᠪᠠᠯᠠ ᠮᠥᠩᠭᠦ ᠶᠢᠨ ᠪᠠᠲᠤᠯᠠᠭ᠎ᠠ ᠶᠢ ᠴᠢᠩᠭᠠᠳᠬᠠᠨ᠎ᠠ᠃ ᠣᠲᠣ ᠶᠢᠨ ᠪᠠᠶᠢᠭ᠎ᠠ ᠠᠵᠤ ᠦᠢᠯᠡᠰ ᠢ ᠬᠦᠭᠵᠢᠬᠦᠯᠬᠦ ᠲᠤᠰᠬᠠᠶ ᠪᠠᠯᠠ ᠮᠥᠩᠭᠦ ᠶᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠦᠨ᠂ ᠠᠵᠤ ᠦᠢᠯᠡᠰ ᠤᠨ ᠪᠥᠭᠡᠮᠨᠡᠷᠡᠯ ᠤᠨ ᠴᠢᠨᠠᠷ ᠰᠠᠶᠢᠲᠠᠶ ᠬᠥᠭᠵᠢᠯᠲᠡ ᠳᠠᠰᠢ ᠭᠤᠤᠯᠳᠠᠯᠭ᠎ᠠ ᠲᠠᠢ ᠬᠡᠯᠪᠠᠶᠢᠯᠭᠡᠵᠦ᠂ ᠵᠢᠯ ᠪᠦᠷᠢ ᠠᠵᠤ ᠦᠢᠯᠡᠰ ᠤᠨ ᠪᠥᠭᠡᠮᠨᠡᠷᠡᠯ ᠤᠨ ᠬᠥᠭᠵᠢᠯᠲᠡ ᠪᠠ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠤᠨ ᠲᠥᠰᠦᠪ ᠢ ᠦᠨᠳᠦᠰᠦᠯᠡᠨ ᠵᠣᠬᠢᠬᠤ ᠬᠡᠮᠵᠢᠶᠡᠨ ᠤ ᠡᠳ᠋ ᠤᠨ ᠵᠠᠰᠠᠭ ᠤᠨ ᠪᠠᠯᠠ ᠮᠥᠩᠭᠦ ᠲ᠊ ‍ᠣᠭᠢᠷᠠᠭᠤᠯᠵᠤ᠂ ᠠᠵᠤ ᠦᠢᠯᠡᠰ ᠤᠨ ᠪᠥᠭᠡᠮᠨᠡᠷᠡᠯ ᠤᠨ ᠭᠤᠤᠯᠳᠠᠯᠭ᠎ᠠ ᠲᠠᠢ ᠲᠥᠷᠥᠯ ᠵᠦᠢᠯ ᠪᠠ ᠭᠤᠤᠯᠳᠠᠯᠭ᠎ᠠ ᠲᠠᠢ ᠠᠵᠤ ᠠᠬᠤᠶᠢᠯᠠᠯ ᠢ ᠳᠡᠮᠵᠢᠬᠦ ᠳᠤ ᠲᠤᠰᠬᠠᠶ ᠬᠡᠷᠡᠭᠯᠡᠵᠦ᠂ ᠬᠤᠯᠪᠤᠭᠳᠠᠯ ᠪᠥᠬᠦᠶ ᠮᠡᠷᠭᠡᠵᠢᠯ ᠢ ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ ᠢ ᠤᠯᠠᠷᠢᠭᠤᠯᠬᠤ ᠶᠢ ᠲᠡᠳᠬᠦᠨ ᠳᠡᠮᠵᠢᠵᠦ᠂ ᠬᠤᠯᠪᠤᠭᠳᠠᠯ ᠪᠥᠬᠦᠶ ᠰᠢᠨᠵᠢᠯᠡᠬᠦ ᠤᠬᠠᠭᠠᠨ ᠮᠡᠷᠭᠡᠵᠢᠯ ᠤᠨ  ᠴᠢᠳᠠᠪᠤᠷᠢᠳᠠᠨ ᠢ ᠱᠠᠩᠨᠠᠨ ᠬᠦᠬᠢᠬᠦᠯᠦᠨ᠎ᠡ᠃      ︵ᠵᠢᠷᠭᠤᠭ᠎ᠠ︶ ᠢᠵᠢ ᠪᠥᠷᠢᠳᠦᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ ᠤᠨ ᠴᠢᠨᠠᠷ ᠰᠠᠶᠢᠲᠠᠶ ᠬᠥᠭᠵᠢᠯᠲᠡ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠬᠥᠮᠥᠷᠭᠡ ᠪᠠ ᠭᠤᠣᠯᠳᠠᠯᠭ᠎ᠠ ᠲᠠᠢ ᠠᠵᠤ ᠠᠬᠤᠶᠢᠯᠠᠯ ᠤᠨ ᠨᠡᠷᠡᠰ ᠤᠨ ᠵᠢᠭᠰᠠᠭᠠᠯᠲᠠ ᠶᠣᠰᠣᠭᠠᠷ᠂ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠤᠳ ᠬᠠᠷᠢᠭᠤᠴᠠᠨ ᠮᠥᠷᠳᠡᠨ ᠦᠢᠯᠡᠴᠢᠯᠡᠵᠦ᠂ ᠠᠵᠤ ᠠᠬᠤᠶᠢᠯᠠᠯ ᠪᠠ ᠲᠥᠷᠥᠯ ᠵᠦᠢᠯ ᠳᠤ ᠬᠡᠷᠡᠭᠰᠡᠬᠦ ᠡᠯ᠎ᠡ ᠲᠥᠷᠥᠯ ᠤᠨ ᠡᠬᠢ ᠪᠠᠶᠠᠯᠢᠭ ᠤᠨ ᠬᠦᠴᠦᠨ ᠵᠦᠢᠯ ᠢ ᠵᠣᠬᠢᠴᠠᠭᠤᠯᠤᠨ ᠪᠠᠲᠤᠯᠠᠵᠤ᠂ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠨ᠂ ᠬᠥᠭᠵᠢᠯᠲᠡ ᠶᠢ ᠠᠬᠢᠭᠤᠯᠵᠤ᠂ ᠠᠵᠤ  ᠦᠢᠯᠡᠰ ᠤᠨ ᠪᠥᠭᠡᠮᠨᠡᠷᠡᠯ ᠳᠤ ᠬᠡᠷᠡᠭᠰᠡᠬᠦ ᠰᠠᠭᠤᠷᠢ ᠪᠡᠯᠡᠳᠬᠡᠮᠵᠢ ᠶᠢᠨ ᠢᠵᠢ ᠪᠥᠷᠢᠳᠦᠭᠦᠯᠦᠨ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠂ ᠠᠵᠤ ᠦᠢᠯᠡᠰ ᠤᠨ ᠪᠥᠭᠡᠮᠨᠡᠷᠡᠯ ᠤᠨ ᠴᠢᠨᠠᠷ ᠰᠠᠶᠢᠲᠠᠶ ᠬᠥᠭᠵᠢᠬᠦ ᠳᠤ ᠰᠠᠶᠢᠨ ᠰᠠᠶᠢᠬᠠᠨ ᠨᠥᠬᠦᠴᠡᠯ ᠢ ᠡᠭᠦᠳᠴᠦ ᠥᠭᠬᠦ ᠬᠡᠷᠡᠭᠲᠡᠶ᠃
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ