ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2021﹈ 13 ᠳ᠋ᠤᠭᠠᠷ ᠲᠣᠭᠠᠲᠤ | 2021 ᠣᠨ ᠤ 7 ᠳ᠋ᠤᠭᠠᠷ ᠰᠠᠷ᠎ᠠ ᠶᠢᠨ 20 ᠤ ᠡᠳᠦᠷ | | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠬᠤᠯᠪᠣᠭᠳᠠᠯ ᠪᠥᠬᠦᠶ ᠨᠢᠭᠡᠴᠡ ᠳᠤ᠄ | ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠬᠥᠬᠡᠬᠤᠲᠠ ᠶᠢᠨ ᠪᠣᠬᠢᠷᠲᠤᠯ ᠶᠡᠬᠡᠲᠡᠢ | ᠲᠦᠯᠡᠰᠢ ᠰᠢᠲᠠᠭᠠᠬᠤ ᠶᠢ ᠴᠠᠭᠠᠵᠠᠯᠠᠬᠤ ᠣᠷᠣᠨ ᠤ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠪᠥᠲᠥᠭᠡᠨ | ᠪᠠᠶᠢᠭᠤᠯᠤᠯᠲᠠ ᠶᠢᠨ ᠡᠵᠡᠩᠨᠡᠯᠲᠡ ᠶᠢᠨ ᠪᠠᠯᠠ ᠮᠥᠩᠭᠦ ᠶᠢᠨ ᠨᠥᠬᠦᠪᠥᠷᠢ ᠶᠢᠨ ᠲᠥᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠵᠢᠷᠤᠮᠯᠠᠨ | ᠬᠡᠷᠡᠭᠵᠢᠭᠦᠯᠲᠦᠭᠡᠶ᠃ | ᠬᠥᠬᠡᠬᠤᠲᠠ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2021 ᠣᠨ ᠤ 7 ᠳ᠋ᠤᠭᠠᠷ ᠰᠠᠷ᠎ᠠ ᠶᠢᠨ 20 | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | | ᠬᠥᠬᠡᠬᠤᠲᠠ ᠶᠢᠨ ᠪᠣᠬᠢᠷᠲᠤᠯ ᠶᠡᠬᠡᠲᠡᠢ ᠲᠦᠯᠡᠰᠢ ᠰᠢᠲᠠᠭᠠᠬᠤ ᠶᠢ ᠴᠠᠭᠠᠵᠠᠯᠠᠬᠤ ᠣᠷᠣᠨ ᠤ ᠲᠦᠯᠡᠰᠢᠨ ᠨᠡᠭᠦᠷᠡᠰᠦ ᠶᠢ | ᠰᠤᠯᠠ ᠰᠢᠲᠠᠭᠠᠬᠤ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠪᠥᠲᠥᠭᠡᠨ ᠪᠠᠶᠢᠭᠤᠯᠤᠯᠲᠠ ᠶᠢᠨ ᠡᠵᠡᠩᠨᠡᠯᠲᠡ ᠶᠢᠨ | ᠪᠠᠯᠠ ᠮᠥᠩᠭᠦ ᠶᠢᠨ ᠨᠥᠬᠦᠪᠥᠷᠢ ᠶᠢᠨ ᠲᠥᠰᠦᠯ | | ᠣᠷᠣᠨ ᠤ ᠲᠥᠪ ᠤᠨ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠪᠥᠬᠦ ᠲᠠᠯ᠎ᠠ ᠪᠠᠷ ᠴᠢᠩᠭᠠᠳᠬᠠᠵᠤ᠂ ᠪᠣᠬᠢᠷᠲᠤᠯ ᠢ | ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠵᠤ᠂ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ | ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠥᠭᠡᠳ ᠥᠨᠳᠥᠷ ᠦᠷ᠎ᠡ ᠪᠦᠲᠦᠮᠵᠢᠲᠡᠶ ᠠᠬᠢᠭᠤᠯᠬᠤ ᠶᠢᠨ ᠲᠤᠰᠠᠳᠠ᠂ ᠮᠠᠨ ᠤ ᠬᠤᠲᠠ ᠶᠢᠨ | ᠪᠣᠳᠠᠲᠠᠶ ᠲᠠᠢ ᠪᠠᠨ ᠤᠶᠠᠯᠳᠤᠭᠤᠯᠤᠨ᠂ ᠣᠨᠴᠣᠭᠤᠶᠢᠯᠠᠨ ᠲᠣᠰ ᠲᠥᠰᠦᠯ ᠢ ᠲᠣᠭᠲᠠᠭᠠᠪᠠ᠃ | ᠨᠢᠭᠡ᠂ ᠨᠥᠬᠦᠪᠥᠷᠢ ᠥᠭᠬᠦ ᠵᠠᠷᠴᠢᠮ | ᠰᠠᠭᠤᠭᠠᠯᠢ ᠠᠷᠠᠳ ᠤᠨ ᠬᠡᠷᠡᠭᠯᠡᠭᠴᠢ ᠳᠠᠭᠠᠭᠠᠵᠤ ᠳᠡᠶᠢᠯᠬᠦ᠂ ᠠᠵᠤ ᠠᠬᠤᠶᠢᠯᠠᠯ ᠡᠵᠡᠩᠨᠡᠵᠦ ᠳᠡᠶᠢᠯᠬᠦ ᠵᠠᠷᠴᠢᠮ ᠶᠣᠰᠣᠭᠠᠷ᠂ ᠣᠷᠣᠨ ᠨᠤᠲᠤᠭ ᠤᠨ | ᠵᠠᠰᠠᠭ ᠤᠨ ᠣᠷᠳᠣᠨ ᠤ ᠡᠳ᠋ ᠤᠨ ᠵᠠᠰᠠᠭ ᠤᠨ ᠳᠠᠭᠠᠭᠠᠬᠤ ᠴᠢᠳᠠᠪᠤᠷᠢ ᠲᠠᠢ ᠤᠶᠠᠯᠳᠤᠭᠤᠯᠤᠨ᠂ ᠪᠥᠬᠦ ᠬᠤᠲᠠ ᠶᠢᠨ ᠲᠦᠯᠡᠰᠢᠨ ᠨᠡᠭᠦᠷᠡᠰᠦ ᠶᠢ ᠰᠤᠯᠠ | ᠰᠢᠲᠠᠭᠠᠬᠤ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠪᠥᠲᠥᠭᠡᠨ ᠪᠠᠶᠢᠭᠤᠯᠤᠯᠲᠠ ᠶᠢᠨ ᠡᠵᠡᠩᠨᠡᠯᠲᠡ ᠶᠢᠨ ᠨᠥᠬᠦᠪᠥᠷᠢ ᠶᠢᠨ ᠪᠠᠯᠠ ᠮᠥᠩᠭᠦ ᠶᠢ ᠬᠤᠲᠠ ᠶᠢᠨ | ᠡᠳ᠋ ᠤᠨ ᠵᠠᠰᠠᠭ ᠠᠴᠠ 30% ᠶᠢ ᠡᠭᠦᠷᠭᠡᠯᠡᠵᠦ᠂ ᠬᠤᠰᠢᠭᠤ ᠲᠣᠭᠤᠷᠢᠭ ᠤᠨ ᠡᠳ᠋ ᠤᠨ ᠵᠠᠰᠠᠭ ᠠᠴᠠ 70% ᠶᠢ ᠡᠭᠦᠷᠭᠡᠯᠡᠵᠦ᠂ ᠭᠤᠷᠪᠠᠨ ᠵᠢᠯ | ᠨᠥᠬᠦᠪᠦᠷᠢᠯᠡᠨ᠎ᠡ᠃ | ᠬᠤᠶᠠᠷ᠂ ᠨᠥᠬᠦᠪᠥᠷᠢ ᠥᠭᠬᠦ ᠬᠡᠪᠴᠢᠶ᠎ᠡ ᠪᠠ ᠪᠠᠷᠢᠮᠵᠢᠶ᠎ᠠ | ︵ᠨᠢᠭᠡ︶ ᠪᠥᠳᠥᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠨᠥᠬᠦᠪᠥᠷᠢ ᠶᠢᠨ ᠬᠡᠪᠴᠢᠶ᠎ᠡ ᠪᠣᠯᠤᠨ ᠪᠠᠷᠢᠮᠵᠢᠶ᠎ᠠ | 1. ᠲᠥᠪᠯᠡᠷᠡᠭᠦᠯᠦᠭᠰᠡᠨ ᠳᠤᠯᠠᠭᠠᠯᠠᠭ᠎ᠠ ᠶᠢᠨ ᠬᠠᠩᠭᠠᠯᠭ᠎ᠠ ᠳᠤ ᠣᠷᠣᠭᠤᠯᠬᠤ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠳᠤ᠂ ᠨᠢᠭᠡᠳᠦᠭᠡᠷ ᠤᠳᠠᠭᠠᠨ ᠤ | ᠬᠤᠭᠤᠯᠠᠶ ᠶᠢᠨ ᠲᠣᠤᠷ᠂ ᠢᠯᠴᠢ ᠰᠣᠯᠢᠬᠤ ᠥᠷᠲᠡᠭᠡ ᠪᠠ ᠬᠤᠶᠠᠳᠤᠭᠠᠷ ᠤᠳᠠᠭᠠᠨ ᠤ ᠬᠤᠭᠤᠯᠠᠶ ᠶᠢᠨ ᠲᠣᠤᠷ ᠤᠨ ᠪᠥᠲᠥᠭᠡᠨ ᠪᠠᠶᠢᠭᠤᠯᠤᠯᠲᠠ ᠶᠢᠨ | ᠵᠠᠷᠤᠳᠠᠯ ᠳᠤ ᠨᠥᠬᠦᠪᠥᠷᠢ ᠥᠭᠴᠦ᠂ ᠨᠥᠬᠦᠪᠥᠷᠢ ᠶᠢᠨ ᠵᠠᠷᠤᠳᠠᠯ ᠢ ᠪᠠᠷᠢᠯᠭ᠎ᠠ ᠶᠢᠨ ᠳ᠋ᠦᠩᠨᠡᠨ ᠪᠤᠳᠤᠵᠤ ᠬᠢᠨᠠᠨ ᠲᠣᠭᠲᠠᠭᠠᠭᠰᠠᠨ ᠦᠷ᠎ᠡ ᠳ᠋ᠦᠩ ᠢᠶᠠᠷ ᠪᠠᠷᠢᠮᠵᠢᠶ᠎ᠠ | ᠪᠣᠯᠭᠠᠨ᠎ᠠ᠃ | 2. ︽ᠨᠡᠭᠦᠷᠡᠰᠦ ᠶᠢ ᠴᠠᠬᠢᠯᠭᠠᠨ ᠢᠶᠠᠷ ᠰᠣᠯᠢᠭᠰᠠᠨ︾ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠳᠤ᠂ ᠳᠣᠣᠷ᠎ᠠ ᠬᠦᠴᠦᠳᠡᠯᠲᠦ ᠴᠠᠬᠢᠯᠭᠠᠨ ᠲᠣᠣᠷ ᠪᠣᠯᠤᠨ | ᠢᠯᠴᠢ ᠬᠠᠩᠭᠠᠬᠤ ᠲᠥᠬᠦᠭᠡᠷᠦᠮᠵᠢ ᠶᠢᠨ ᠪᠥᠳᠥᠭᠡᠨ ᠪᠠᠶᠢᠭᠤᠯᠤᠯᠲᠠ ᠶᠢᠨ ᠵᠠᠷᠤᠳᠠᠯ ᠳᠤ ᠨᠥᠬᠦᠪᠥᠷᠢ ᠥᠭᠴᠦ᠂ ︵ᠭᠡᠷ ᠳᠣᠲᠣᠷᠠᠬᠢ ᠳᠤᠯᠠᠭᠠᠯᠠᠭ᠎ᠠ ᠶᠢᠨ | ᠬᠠᠪᠲᠠᠰᠤ ᠶᠢ ᠪᠠᠭᠲᠠᠭᠠᠬᠤ ᠥᠭᠡᠢ︶᠂ ᠨᠥᠬᠦᠪᠥᠷᠢ ᠶᠢᠨ ᠵᠠᠷᠤᠳᠠᠯ ᠢ ᠪᠠᠷᠢᠯᠭ᠎ᠠ ᠶᠢᠨ ᠳ᠋ᠦᠩᠨᠡᠨ ᠪᠣᠳᠣᠵᠤ ᠬᠢᠨᠠᠨ ᠲᠣᠭᠲᠠᠭᠠᠭᠰᠠᠨ ᠦᠷ᠎ᠡ ᠳ᠋ᠦᠩ ᠪᠠᠷ ᠪᠠᠷᠢᠮᠵᠢᠶ᠎ᠠ | ᠪᠣᠯᠭᠠᠨ᠎ᠠ᠃ | 3. ︽ᠨᠡᠭᠦᠷᠡᠰᠦ ᠶᠢ ᠰᠢᠲᠠᠮᠠᠬᠠᠢ ᠬᠡᠢ ᠪᠠᠷ ᠰᠣᠯᠢᠭᠰᠠᠨ︾ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠳᠤ᠂ ᠳᠣᠣᠷ᠎ᠠ ᠬᠦᠴᠦᠳᠡᠯᠲᠦ ᠬᠤᠭᠤᠯᠠᠶ᠂ | ᠬᠦᠴᠦᠳᠡᠯ ᠲᠣᠬᠢᠷᠠᠭᠤᠯᠬᠤ ᠬᠠᠶᠢᠷᠴᠠᠭ ︵ᠠᠪᠳᠠᠷ᠎ᠠ ︶ ᠪᠣᠯᠤᠨ ᠭᠡᠷ ᠤᠨ ᠳᠣᠲᠣᠷᠠᠬᠢ ᠢᠯᠴᠢ ᠬᠠᠩᠭᠠᠬᠤ ᠲᠥᠬᠦᠭᠡᠷᠦᠮᠵᠢ ᠶᠢᠨ ᠪᠥᠳᠥᠭᠡᠨ ᠪᠠᠶᠢᠭᠤᠯᠤᠯᠲᠠ ᠶᠢᠨ | ᠵᠠᠷᠤᠳᠠᠯ ᠳᠤ ᠨᠥᠬᠦᠪᠥᠷᠢ ᠥᠭᠴᠦ ︵ᠭᠡᠷ ᠳᠣᠲᠣᠷᠠᠬᠢ ᠳᠤᠯᠠᠭᠠᠯᠠᠭ᠎ᠠ ᠶᠢᠨ ᠬᠠᠪᠲᠠᠰᠤ ᠶᠢ ᠪᠠᠭᠲᠠᠭᠠᠬᠤ ᠥᠭᠡᠢ︶᠂ ᠨᠥᠬᠦᠪᠥᠷᠢ ᠶᠢᠨ ᠵᠠᠷᠤᠳᠠᠯ ᠢ ᠪᠠᠷᠢᠯᠭ᠎ᠠ ᠶᠢᠨ | ᠳ᠋ᠦᠩᠨᠡᠨ ᠪᠣᠳᠣᠵᠤ ᠬᠢᠨᠠᠨ ᠲᠣᠭᠲᠠᠭᠠᠭᠰᠠᠨ ᠦᠷ᠎ᠡ ᠳ᠋ᠦᠩ ᠪᠠᠷ ᠪᠠᠷᠢᠮᠵᠢᠶ᠎ᠠ ᠪᠣᠯᠭᠠᠨ᠎ᠠ᠂ ᠵᠠᠷᠤᠳᠠᠯ ᠤᠨ ᠨᠥᠬᠦᠪᠦᠷᠢ ᠶᠢ 9000 ᠲᠥᠭᠦᠷᠢᠭ/ ᠡᠷᠦᠬᠡ ᠪᠠᠷ | ᠬᠢᠵᠠᠭᠠᠷᠯᠠᠨ᠎ᠠ ︵ᠰᠠᠭᠤᠭᠠᠯᠢ ᠠᠷᠠᠳ ᠤᠨ ᠥᠪᠡᠷᠲᠡᠭᠡᠨ ᠭᠠᠷᠭᠠᠭᠰᠠᠨ 1200 ᠲᠥᠭᠦᠷᠢᠭ ᠢ ᠪᠠᠭᠲᠠᠭᠠᠬᠤ ᠥᠭᠡᠢ︶᠂ ᠬᠡᠲᠦᠷᠡᠭᠰᠡᠨ ᠬᠡᠰᠡᠭ ᠢ ᠠᠵᠤ | ᠠᠬᠤᠶᠢᠯᠠᠯ ᠠᠴᠠ ᠡᠭᠦᠷᠭᠡᠯᠡᠨ᠎ᠡ᠃ | ︵ᠬᠤᠶᠠᠷ︶ ᠡᠵᠡᠩᠨᠡᠯᠲᠡ ᠶᠢᠨ ᠪᠡᠯᠡ ᠮᠥᠩᠭᠦ ᠶᠢ ᠨᠥᠬᠦᠪᠦᠷᠢᠯᠡᠬᠦ ᠬᠦᠷᠢᠶ᠎ᠡ ᠬᠡᠪᠴᠢᠶ᠎ᠡ ᠪᠠ ᠪᠠᠷᠢᠮᠵᠢᠶ᠎ᠠ | 1. ᠲᠥᠪᠯᠡᠷᠡᠭᠦᠯᠦᠭᠰᠡᠨ ᠳᠤᠯᠠᠭᠠᠯᠠᠭ᠎ᠠ ᠶᠢᠨ ᠬᠠᠩᠭᠠᠯᠭ᠎ᠠ ᠳᠤ ᠣᠷᠣᠭᠤᠯᠬᠤ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠳᠤ ᠂ ᠢᠯᠴᠢ ᠴᠠᠬᠢᠯᠭᠠᠨ ᠢ | ᠬᠠᠮᠲᠤᠷᠠᠨ ᠦᠢᠯᠡᠳᠪᠦᠷᠢᠯᠡᠬᠦ ᠪᠠ ᠨᠡᠭᠦᠷᠡᠰᠦ ᠰᠢᠲᠠᠭᠠᠬᠤ ᠵᠤᠤᠬ᠎ᠠ ᠶᠢᠨ ᠡᠵᠡᠩᠨᠡᠯᠲᠡ ᠶᠢ ᠠᠪᠴᠤ ᠬᠡᠷᠡᠭᠯᠡᠭᠰᠡᠨ ᠳᠤ ᠨᠥᠬᠦᠪᠥᠷᠢ ᠥᠭᠬᠦ ᠦᠭᠡᠶ᠂ ᠰᠢᠲᠠᠮᠠᠬᠠᠢ | ᠬᠡᠢ ᠶᠢᠨ ᠵᠤᠤᠬ᠎ᠠ ᠶᠢᠨ ᠡᠵᠡᠩᠨᠡᠯᠲᠡ ᠶᠢ ᠠᠪᠴᠤ ᠬᠡᠷᠡᠭᠯᠡᠭᠰᠡᠨ ᠨᠥᠬᠦᠪᠥᠷᠢ ᠶᠢᠨ ᠵᠠᠷᠤᠳᠠᠯ ᠢ ︽ᠨᠡᠭᠦᠷᠡᠰᠦ ᠲᠦᠯᠡᠵᠦ ᠢᠯᠴᠢ ᠬᠠᠩᠭᠠᠬᠤ ᠵᠤᠤᠬ᠎ᠠ ᠶᠢᠨ | ᠰᠢᠲᠠᠮᠠᠬᠠᠶ ᠬᠡᠢᠵᠢᠭᠦᠯᠬᠦ ᠥᠭᠡᠷᠡᠴᠢᠯᠡᠯᠲᠡ ᠶᠢ ᠬᠡᠷᠡᠭᠵᠢᠭᠦᠯᠬᠦ ᠲᠤᠬᠠᠶ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠷᠯᠠᠯ︾ ︵ᠬᠥᠬᠡᠬᠤᠲᠠ ᠵᠠᠰᠠᠭ | ᠲᠠᠷᠬᠠᠭᠠᠭᠰᠠᠨ ﹇2013﹈ 142 ᠳ᠋ᠤᠭᠠᠷ ᠲᠣᠭᠠᠲᠤ︶ ᠢᠶᠠᠷ ᠯᠠᠪᠯᠠᠯᠲᠠ ᠪᠣᠯᠭᠠᠵᠤ᠂ ᠬᠤᠲᠠ᠂ ᠲᠣᠭᠤᠷᠢᠭ ︵ᠬᠤᠰᠢᠭᠤ︶ ᠬᠤᠶᠠᠷ ᠱᠠᠲᠤᠨ ᠤ ᠵᠠᠰᠠᠭ ᠤᠨ | ᠣᠷᠳᠣᠨ ᠠᠴᠠ ᠲᠡᠭᠰᠢ ᠳᠥᠷᠪᠡᠯᠵᠢᠨ ᠮᠧᠲᠷ ᠪᠦᠷᠢ ᠶᠢᠨ ᠳᠤᠯᠠᠭᠠᠯᠠᠭ᠎ᠠ ᠶᠢᠨ ᠤᠯᠠᠷᠢᠯ ᠤᠨ ᠬᠡᠶ ᠶᠢᠨ ᠬᠤᠷᠣᠭᠳᠠᠯ ᠤᠨ ᠬᠡᠮᠵᠢᠶ᠎ᠡ ᠨᠢ 15 ᠪᠣᠰᠤᠭ᠎ᠠ | ᠳᠥᠷᠪᠡᠯᠵᠢᠨ ᠮᠧᠲᠷ ᠤᠨ ᠪᠠᠷᠢᠮᠵᠢᠶ᠎ᠠ ᠪᠠᠷ᠂ ᠢᠯᠴᠢ ᠬᠠᠩᠭᠠᠬᠤ ᠠᠵᠤ ᠠᠬᠤᠶᠢᠯᠠᠯ ᠳᠤ 0.8 ᠲᠥᠭᠦᠷᠢᠭ / ᠪᠣᠰᠤᠭ᠎ᠠ ᠳᠥᠷᠪᠡᠯᠵᠢᠨ ᠮᠧᠲᠷ ᠤᠨ ᠨᠥᠬᠦᠪᠥᠷᠢ | ᠥᠭᠴᠦ᠂ ᠠᠶᠢᠯ ᠪᠦᠷᠢ ᠳᠤ 100 ᠲᠡᠭᠰᠢ ᠳᠥᠷᠪᠡᠯᠵᠢᠨ ᠮᠧᠲᠷ ᠢᠶᠠᠷ ᠬᠢᠵᠠᠭᠠᠷ ᠪᠣᠯᠭᠠᠵᠤ᠂ 100 ᠲᠡᠭᠰᠢ ᠳᠥᠷᠪᠡᠯᠵᠢᠨ ᠮᠧᠲᠷ ᠲᠤ ᠬᠥᠷᠬᠦ ᠥᠬᠡᠶ ᠶᠢ ᠨᠢ | ᠪᠣᠳᠠᠲᠠᠶ ᠪᠠᠷ ᠳ᠋ᠦᠩᠨᠡᠨ ᠪᠤᠳᠤᠨ᠎ᠠ᠃ | 2. ︽ᠨᠡᠭᠦᠷᠡᠰᠦ ᠶᠢ ᠴᠠᠬᠢᠯᠭᠠᠨ ᠢᠶᠠᠷ ᠰᠣᠯᠢᠭᠰᠠᠨ︾ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠳᠤ᠂ ᠴᠠᠬᠢᠯᠭᠠᠨ ᠤ ᠦᠨ᠎ᠡ ᠳᠤ ︽ᠥᠪᠥᠷ | ᠮᠣᠩᠭᠤᠯ ᠤᠨ ᠪᠠᠷᠠᠭᠤᠨ ᠬᠡᠰᠡᠭ ᠤᠨ ︿ᠨᠡᠭᠦᠷᠡᠰᠦ ᠶᠢ ᠴᠠᠬᠢᠯᠭᠠᠨ ᠢᠶᠠᠷ ᠰᠣᠯᠢᠬᠤ﹀ ᠴᠠᠬᠢᠯᠭᠠᠨ ᠤᠨ ᠦᠨ᠎ᠡ ᠶᠢᠨ ᠲᠥᠷᠥ ᠶᠢᠨ ᠪᠤᠳᠤᠯᠭ᠎ᠠ ᠶᠢ ᠤᠯᠠᠮ ᠨᠢᠭᠡ | ᠠᠯᠬᠤᠮ ᠲᠡᠭᠦᠯᠳᠡᠷᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ | ᠮᠡᠳᠡᠭᠳᠡᠯ︾ ︵ᠥᠪᠥᠷ ᠥᠭᠡᠷᠡᠴᠢᠯᠡᠯᠲᠡ ᠬᠥᠭᠵᠢᠭᠦᠯᠦᠯᠲᠡ ᠦᠨ᠎ᠡ ᠵᠠᠷᠤᠳᠠᠯ ᠥᠰᠥᠭ ︹2020︺996 ᠳ᠋ᠤᠭᠠᠷ ᠲᠣᠭᠠᠲᠤ︶ ᠢ ᠬᠡᠷᠡᠭᠵᠢᠭᠦᠯᠵᠦ᠂ | ᠲᠤᠰᠠᠭᠠᠷ ᠴᠠᠭ ᠬᠤᠪᠢᠶᠠᠭᠰᠠᠨ ᠴᠠᠬᠢᠯᠭᠠᠨ ᠤ ᠦᠨ᠎ᠡ ᠶᠢᠨ ᠲᠥᠷᠥ ᠶᠢᠨ ᠪᠤᠳᠤᠯᠭ᠎ᠠ ᠶᠢ ᠬᠡᠷᠡᠭᠵᠢᠭᠦᠯᠵᠦ᠂ ᠴᠠᠬᠢᠯᠭᠠᠨ ᠳᠤᠯᠠᠭᠠᠯᠠᠭ᠎ᠠ ᠨᠢ ᠴᠠᠬᠢᠯᠭᠠᠨ ᠤ | ᠬᠤᠪᠢᠶᠠᠷᠢ ᠬᠡᠮᠵᠢᠭᠦᠷ ᠢᠶᠠᠷ ᠬᠡᠮᠵᠢᠨ᠂ ᠲᠤᠰᠠᠭᠠᠷ ᠦᠨ᠎ᠡ ᠪᠤᠳᠤᠵᠤ᠂ ᠴᠠᠬᠢᠯᠭᠠᠨ ᠤ ᠵᠠᠷᠤᠳᠠᠯ ᠢ ᠰᠠᠭᠤᠭᠠᠯᠢ ᠠᠷᠠᠳ ᠥᠪᠡᠷ ᠲᠡᠭᠡᠨ ᠡᠭᠦᠷᠭᠡᠯᠡᠨ᠎ᠡ᠃ ᠤᠷᠬᠢᠯ | ᠴᠠᠭ ᠨᠢ 10 ᠴᠠᠭ ︵8᠄ 00 — 18᠄ 00︶ ᠪᠠᠶᠢᠵᠤ᠂ ᠬᠡᠷᠡᠭᠯᠡᠬᠦ ᠴᠠᠬᠢᠯᠭᠠᠨ ᠤ ᠦᠨ᠎ᠡ ᠶᠢ ᠰᠠᠭᠤᠭᠠᠯᠢ ᠠᠷᠠᠳ ᠤᠨ ᠱᠠᠲᠤᠯᠢᠭ ᠴᠠᠬᠢᠯᠭᠠᠨ ᠤ | ᠦᠨ᠎ᠡ ᠶᠢᠨ ᠨᠢᠭᠡᠳᠦᠭᠡᠷ ᠳᠡᠰ ᠤᠨ ᠴᠠᠬᠢᠯᠭᠠᠨ ᠤ ᠦᠨ᠎ᠡ ᠶᠢᠨ ᠰᠠᠭᠤᠷᠢᠨ ᠳᠡᠭᠡᠷ᠎ᠡ ᠭᠷᠠᠳᠦ᠋ᠰ ᠪᠦᠷᠢ ᠶᠢᠨ ᠴᠠᠬᠢᠯᠭᠠᠨ ᠤ ᠦᠨ᠎ᠡ ᠳᠤ 0.05 ᠲᠥᠭᠦᠷᠢᠭ ᠨᠡᠮᠡᠨ᠎ᠡ | ︔ ᠳᠣᠣᠷ᠎ᠠ ᠴᠠᠭ ᠨᠢ 14 ᠴᠠᠭ ︵18᠄ 00 — ᠳᠠᠷᠠᠭ᠎ᠠ ᠡᠳᠦᠷ ᠤᠨ 8᠄ 00︶ ᠪᠠᠶᠢᠵᠤ᠂ ᠴᠠᠬᠢᠯᠭᠠᠨ ᠬᠡᠷᠡᠭᠯᠡᠬᠦ ᠦᠨ᠎ᠡ ᠶᠢ ᠰᠠᠭᠤᠭᠠᠯᠢ ᠠᠷᠠᠳ ᠤᠨ | ᠱᠠᠲᠤᠯᠢᠭ ᠴᠠᠬᠢᠯᠭᠠᠨ ᠤ ᠦᠨ᠎ᠡ ᠶᠢᠨ ᠨᠢᠭᠡᠳᠦᠭᠡᠷ ᠳᠡᠰ ᠤᠨ ᠴᠠᠬᠢᠯᠭᠠᠨ ᠤ ᠦᠨ᠎ᠡ ᠶᠢᠨ ᠰᠠᠭᠤᠷᠢᠨ ᠳᠡᠭᠡᠷ᠎ᠡ ᠭᠷᠠᠳᠦ᠋ᠰ ᠪᠦᠷᠢ ᠶᠢᠨ ᠴᠠᠬᠢᠯᠭᠠᠨ ᠤ ᠦᠨ᠎ᠡ ᠠᠴᠠ | 0.25 ᠲᠥᠭᠦᠷᠢᠭ ᠪᠠᠭᠤᠷᠠᠭᠤᠯᠤᠨ᠎ᠠ᠃ | 3. ︽ᠨᠡᠭᠦᠷᠡᠰᠦ ᠶᠢ ᠰᠢᠲᠠᠮᠠᠬᠠᠢ ᠬᠡᠢ ᠪᠠᠷ ᠰᠣᠯᠢᠭᠰᠠᠨ︾ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠳᠤ᠂ ᠳᠤᠯᠠᠭᠠᠯᠠᠭ᠎ᠠ ᠶᠢᠨ ᠤᠯᠠᠷᠢᠯ ᠪᠦᠷᠢ ᠶᠢᠨ | ᠲᠡᠭᠰᠢ ᠳᠥᠷᠪᠡᠯᠵᠢᠨ ᠮᠧᠲᠷ ᠪᠦᠷᠢ ᠶᠢᠨ ᠬᠡᠷᠡᠭᠯᠡᠬᠦ ᠬᠡᠶ ᠶᠢᠨ ᠬᠡᠮᠵᠢᠶ᠎ᠡ ᠶᠢ 16 ᠪᠣᠰᠤᠭ᠎ᠠ ᠳᠥᠷᠪᠡᠯᠵᠢᠨ ᠮᠧᠲᠷ ᠢᠶᠠᠷ ᠨᠥᠬᠦᠪᠥᠷᠢ ᠶᠢᠨ ᠬᠢᠵᠠᠭᠠᠷ ᠪᠣᠯᠭᠠᠨ᠎ᠠ᠃ | ᠳᠤᠯᠠᠭᠠᠯᠠᠭ᠎ᠠ ᠶᠢᠨ ᠤᠯᠠᠷᠢᠯ ᠪᠦᠷᠢ ᠶᠢᠨ ᠲᠡᠭᠰᠢ ᠳᠥᠷᠪᠡᠯᠵᠢᠨ ᠮᠧᠲᠷ ᠪᠦᠷᠢ ᠶᠢᠨ ᠬᠡᠷᠡᠭᠯᠡᠬᠦ ᠬᠡᠶ ᠶᠢᠨ ᠬᠡᠮᠵᠢᠶ᠎ᠡ ᠨᠢ 16 ᠪᠣᠰᠤᠭ᠎ᠠ ᠳᠥᠷᠪᠡᠯᠵᠢᠨ ᠮᠧᠲᠷ ᠤᠨ | ᠳᠣᠲᠣᠷ᠎ᠠ ᠪᠠᠶᠢᠪᠠᠯ᠂ ᠪᠣᠰᠤᠭ᠎ᠠ ᠳᠥᠷᠪᠡᠯᠵᠢᠨ ᠮᠧᠲᠷ ᠪᠦᠷᠢ ᠶᠢᠨ ᠬᠡᠶ ᠶᠢᠨ ᠦᠨ᠎ᠡ ᠶᠢ ᠬᠤᠲᠠ ᠶᠢᠨ ᠰᠢᠲᠠᠮᠠᠬᠠᠶ ᠬᠡᠶ ᠶᠢᠨ ᠠᠵᠤ ᠠᠬᠤᠶᠢᠯᠠᠯ ᠠᠴᠠ 0.25 | ᠲᠥᠭᠦᠷᠢᠭ ᠢ ᠡᠭᠦᠷᠭᠡᠯᠡᠵᠦ᠂ ᠵᠠᠰᠠᠭ ᠤᠨ ᠣᠷᠳᠣᠨ ᠠᠴᠠ 0.5 ᠲᠥᠭᠦᠷᠢᠭ ᠢ ᠡᠭᠦᠷᠭᠡᠯᠡᠵᠦ᠂ ᠦᠯᠡᠳᠡᠭᠰᠡᠨ ᠵᠠᠷᠤᠳᠠᠯ ᠢ ᠨᠢ ᠰᠠᠭᠤᠭᠠᠯᠢ ᠠᠷᠠᠳ ᠠᠴᠠ | ᠪᠣᠳᠠᠲᠠᠶ ᠪᠠᠷ ᠳ᠋ᠦᠩᠨᠡᠨ ᠪᠤᠳᠤᠨ᠎ᠠ᠃ ᠳᠤᠯᠠᠭᠠᠯᠠᠭ᠎ᠠ ᠶᠢᠨ ᠤᠯᠠᠷᠢᠯ ᠪᠦᠷᠢ ᠶᠢᠨ ᠲᠡᠭᠰᠢ ᠳᠥᠷᠪᠡᠯᠵᠢᠨ ᠮᠧᠲᠷ ᠪᠦᠷᠢ ᠶᠢᠨ ᠬᠡᠷᠡᠭᠯᠡᠬᠦ ᠬᠡᠢ ᠶᠢᠨ ᠬᠡᠮᠵᠢᠶ᠎ᠡ ᠨᠢ 16 | ᠪᠣᠰᠤᠭ᠎ᠠ ᠳᠥᠷᠪᠡᠯᠵᠢᠨ ᠮᠧᠲᠷ ᠠᠴᠠ ᠬᠡᠲᠦᠷᠡᠭᠰᠡᠨ ᠬᠡᠰᠡᠭ ᠢ ᠰᠠᠭᠤᠭᠠᠯᠢ ᠠᠷᠠᠳ ᠬᠡᠪ ᠤᠨ ᠬᠡᠢ ᠶᠢᠨ ᠦᠨ᠎ᠡ ᠪᠠᠷ ᠡᠭᠦᠷᠭᠡᠯᠡᠨ᠎ᠡ᠃ | ᠭᠤᠷᠪᠠ᠂ ᠠᠵᠢᠯ ᠤᠨ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠨᠢᠭᠡᠴᠡ ᠨᠦᠭᠦᠳ ᠦᠵᠡᠯ ᠰᠠᠨᠠᠭ᠎ᠠ ᠲᠠᠨᠢᠯᠲᠠ ᠪᠠᠨ | ᠴᠢᠩᠭᠠᠳᠬᠠᠵᠤ᠂ ᠲᠣᠰ ᠭᠠᠵᠠᠷ ᠣᠷᠣᠨ ᠤ ᠪᠠᠨ ᠠᠵᠢᠯ ᠢ ᠨᠠᠶᠢᠳᠠᠪᠤᠷᠢᠵᠢᠭᠤᠯᠬᠤ ᠲᠥᠰᠦᠯ ᠢ ᠲᠦᠷᠭᠡᠨ ᠲᠣᠭᠲᠠᠭᠠᠵᠤ᠂ ᠭᠤᠤᠯ ᠤᠳᠤᠷᠢᠳᠤᠯᠭ᠎ᠠ ᠨᠢ | ᠪᠡᠶ᠎ᠡ ᠪᠠᠷ ᠢᠶᠠᠨ ᠪᠠᠶᠢᠷᠢᠯᠠᠭᠤᠯᠤᠨ᠂ ᠰᠢᠲᠠᠭᠠᠯᠭ᠎ᠠ ᠶᠢᠨ ᠨᠡᠭᠦᠷᠡᠰᠦ ᠶᠢ ᠲᠠᠷᠠᠬᠠᠶ ᠰᠢᠲᠠᠭᠠᠬᠤ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠪᠥᠲᠥᠭᠡᠨ ᠪᠠᠶᠢᠭᠤᠯᠤᠯᠲᠠ | ᠪᠠ ᠡᠵᠡᠩᠨᠡᠯᠲᠡ ᠶᠢᠨ ᠨᠥᠬᠦᠪᠥᠷᠢ ᠶᠢᠨ ᠪᠠᠯᠠ ᠮᠥᠩᠭᠦ ᠳᠤ ᠲᠣᠭᠠᠴᠠᠭ᠎ᠠ ᠬᠢᠬᠦ᠂ ᠴᠤᠭᠯᠠᠭᠤᠯᠬᠤ ᠪᠠ ᠰᠠᠯᠭᠠᠨ ᠥᠭᠬᠦ ᠠᠵᠢᠯ ᠢ ᠪᠥᠬᠦ ᠬᠦᠴᠦᠨ ᠢᠶᠠᠷ ᠢᠶᠠᠨ | ᠠᠬᠢᠭᠤᠯᠬᠤ ᠬᠡᠷᠡᠭᠲᠡᠶ᠃ | ︵ᠬᠤᠶᠠᠷ︶ ᠪᠠᠯᠠ ᠮᠥᠩᠭᠦ ᠶᠢᠨ ᠪᠠᠲᠤᠯᠠᠭ᠎ᠠ ᠶᠢ ᠴᠢᠩᠭᠠᠷᠠᠭᠤᠯᠤᠨ᠎ᠠ᠃ ᠬᠤᠲᠠ᠂ ᠲᠣᠭᠤᠷᠢᠭ ︵ᠬᠤᠰᠢᠭᠤ︶ ᠬᠤᠶᠠᠷ ᠱᠠᠲᠤᠨ ᠤ ᠡᠳ᠋ ᠤᠨ ᠵᠠᠰᠠᠭ ᠨᠢ | ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠪᠥᠲᠥᠭᠡᠨ ᠪᠠᠶᠢᠭᠤᠯᠤᠯᠲᠠ᠂ ᠡᠵᠡᠩᠨᠡᠯᠲᠡ ᠶᠢᠨ ᠨᠥᠬᠦᠪᠥᠷᠢ ᠶᠢᠨ ᠪᠠᠯᠠ | ᠮᠥᠩᠭᠦ ᠶᠢ ᠣᠨ ᠤ ᠡᠳ᠋ ᠤᠨ ᠵᠠᠰᠠᠭ ᠤᠨ ᠲᠥᠰᠦᠪ ᠲᠡᠭᠡᠨ ᠣᠷᠣᠭᠤᠯᠵᠤ᠂ ᠪᠠᠷᠢᠯᠭ᠎ᠠ ᠶᠢᠨ ᠠᠬᠢᠴᠠ ᠵᠢᠴᠢ ᠢᠯᠴᠢ ᠬᠠᠩᠭᠠᠬᠤ ᠣᠨ ᠢ ᠦᠨᠳᠦᠰᠦᠯᠡᠨ ᠴᠠᠭ | ᠲᠤᠬᠠᠶ ᠳᠤᠨᠢ ᠰᠠᠯᠭᠠᠨ ᠥᠭᠴᠦ᠂ ᠲᠤᠰᠬᠠᠶ ᠵᠣᠭᠤᠰ ᠢ ᠲᠤᠰᠬᠠᠶ ᠵᠦᠢᠯ ᠳᠤ ᠬᠡᠷᠡᠭᠯᠡᠬᠦ ᠶᠢ ᠦᠨᠡᠨᠬᠦ ᠪᠠᠲᠤᠯᠠᠬᠤ ᠶᠢᠨ ᠬᠠᠮᠲᠤ ᠲᠥᠷᠥᠯ ᠵᠦᠢᠯ ᠢ | ᠬᠡᠷᠡᠭᠵᠢᠭᠦᠯᠦᠭᠰᠡᠨ ᠪᠠ ᠲᠤᠰᠬᠠᠶ ᠵᠦᠢᠯ ᠤᠨ ᠪᠠᠯᠠ ᠮᠥᠩᠭᠦ ᠶᠢ ᠬᠡᠷᠡᠭᠯᠡᠭᠰᠡᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠵᠤ᠂ ᠲᠥᠷᠥᠯ | ᠵᠦᠢᠯ ᠢ ᠬᠡᠷᠡᠭᠵᠢᠭᠦᠯᠬᠦ ᠶᠠᠪᠤᠴᠠ ᠳᠤ ᠢᠯᠡᠷᠡᠭᠰᠡᠨ ᠠᠰᠠᠭᠤᠳᠠᠯ ᠢ ᠴᠠᠭ ᠲᠤᠬᠠᠶ ᠳᠤᠨᠢ ᠵᠣᠬᠢᠴᠠᠭᠤᠯᠬᠤ ᠬᠡᠷᠡᠭᠲᠡᠶ᠃ | ︵ᠭᠤᠷᠪᠠ︶ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠎ᠠ᠃ ᠡᠯ᠎ᠡ ᠨᠢᠭᠡᠴᠡ ᠨᠦᠭᠦᠳ ᠰᠣᠨᠢᠨ᠂ ᠲᠧᠯᠸᠢᠰ ᠵᠡᠷᠭᠡ ᠵᠠᠭᠤᠴᠢᠯᠠᠭᠤᠷ ᠢᠶᠠᠷ | ᠳᠠᠮᠵᠢᠭᠤᠯᠤᠨ᠂ ᠰᠠᠭᠤᠭᠠᠯᠢ ᠠᠷᠠᠳ ᠲᠤ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠪᠥᠲᠥᠭᠡᠨ ᠪᠠᠶᠢᠭᠤᠯᠤᠯᠲᠠ ᠶᠢᠨ | ᠡᠵᠡᠩᠨᠡᠯᠲᠡ ᠶᠢᠨ ᠪᠠᠯᠠ ᠮᠥᠩᠭᠦ ᠶᠢᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠣᠯᠠᠨ ᠠᠷᠭ᠎ᠠ ᠵᠠᠮ ᠢᠶᠠᠷ᠂ ᠪᠥᠬᠦ ᠲᠠᠯ᠎ᠠ ᠪᠠᠷ ᠤᠬᠠᠭᠤᠯᠤᠨ ᠲᠠᠶᠢᠯᠪᠤᠷᠢᠯᠠᠵᠤ | ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠢᠳᠡᠪᠬᠢᠲᠡᠶ ᠪᠠᠷ ᠳᠡᠮᠵᠢᠨ ᠬᠠᠮᠵᠢᠯᠴᠠᠨ ᠴᠡᠭᠴᠡᠯᠡᠨ ᠵᠠᠰᠠᠵᠤ᠂ ᠲᠦᠯᠡᠰᠢᠨ ᠨᠡᠭᠦᠷᠡᠰᠦ ᠶᠢ ᠰᠤᠯᠠ | ᠰᠢᠲᠠᠭᠠᠬᠤ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠡᠭᠦᠷᠭᠡ ᠶᠢ ᠲᠦᠷᠭᠡᠨ ᠪᠥᠭᠡᠳ ᠪᠦᠲᠦᠮᠵᠢᠲᠡᠶ ᠪᠠᠷ ᠳᠥᠯᠭᠢᠨ ᠠᠬᠢᠭᠤᠯᠬᠤ ᠳᠤ ᠪᠠᠲᠤᠯᠠᠭ᠎ᠠ ᠬᠠᠩᠭᠠᠬᠤ | ᠬᠡᠷᠡᠭᠲᠡᠶ᠃ | |