ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ︹ 2021 ︺ 9 ᠳ᠋ᠤᠭᠡᠷ ᠲᠣᠭᠠᠲᠤ | 2021 ᠣᠨ ᠤ 6 ᠳ᠋ᠤᠭᠠᠷ ᠰᠠᠷ᠎ᠠ ᠶᠢᠨ 8 ᠤ ᠡᠳᠦᠷ | | | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠬᠤᠲᠠ ᠶᠢᠨ ᠬᠠᠷᠢᠶ᠎ᠠ ᠤᠯᠤᠰ ᠤᠨ ᠥᠮᠴᠢᠯᠡᠯᠲᠦ ᠠᠵᠤ | ᠠᠬᠤᠶᠢᠯᠠᠯ ᠳᠤ᠄ | ︽ᠬᠤᠲᠠ ᠶᠢᠨ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠴᠢᠬᠤᠯᠠ ᠶᠡᠭᠡ ᠪᠠᠯᠠ ᠣᠷᠣᠭᠤᠯᠤᠯᠲᠠ ᠶᠢᠨ ᠵᠦᠢᠯᠡᠰ ᠤᠨ | ᠲᠦᠭᠰᠢᠭᠦᠷᠢ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ︾ ᠶᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ | ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠰᠠᠶᠢᠲᠤᠷ ᠠᠳᠬᠤᠵᠤ ᠨᠠᠶᠢᠳᠠᠪᠤᠷᠢᠵᠢᠭᠤᠯᠲᠤᠭᠠᠶ᠃ | | | ᠬᠤᠳᠠ ᠶᠢᠨ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠴᠢᠬᠤᠯᠠ ᠶᠡᠭᠡ | ᠪᠡᠯᠡ ᠣᠷᠣᠭᠤᠯᠤᠯᠲᠠ ᠶᠢᠨ ᠵᠦᠢᠯᠡᠰ ᠤᠨ ᠲᠦᠭᠰᠢᠭᠦᠷᠢ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ | | | ᠨᠢᠭᠡᠳᠦᠭᠡᠷ ᠪᠦᠯᠦᠭ ᠶᠡᠷᠦᠩᠬᠡᠢ ᠲᠦᠷᠢᠮ | ᠨᠢᠭᠡᠳᠦᠭᠡᠷ ᠵᠦᠢᠯ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠬᠠᠤᠯᠢ ᠶᠣᠰᠣᠭᠠᠷ ᠭᠦᠢᠴᠡᠳᠬᠡᠵᠦ᠂ ᠬᠥᠷᠥᠩᠭᠡ ᠬᠠᠮᠢᠶᠠᠷᠬᠤ ᠪᠠᠷ ᠭᠤᠣᠯ | ᠪᠣᠯᠭᠠᠭᠰᠠᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠤᠲᠠ ᠶᠢᠨ ᠬᠠᠷᠢᠶ᠎ᠠ ᠤᠯᠤᠰ ᠤᠨ ᠥᠮᠴᠢᠯᠡᠯᠲᠦ ᠠᠵᠤ | ᠠᠬᠤᠶᠢᠯᠠᠯ ᠤᠨ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢ ᠵᠢᠷᠤᠮᠵᠢᠭᠤᠯᠤᠨ᠂ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠰᠢᠢᠳᠪᠦᠷᠢᠲᠦ | ᠪᠣᠳᠣᠯᠭ᠎ᠠ ᠶᠢᠨ ᠰᠢᠨᠵᠢᠯᠡᠬᠦ ᠤᠬᠠᠭᠠᠨᠴᠢ ᠴᠢᠨᠠᠷ᠂ ᠪᠦᠲᠦᠮᠵᠢᠲᠦ ᠴᠢᠨᠠᠷ ᠢ ᠳᠡᠭᠡᠭᠰᠢᠯᠡᠭᠦᠯᠵᠦ᠂ ᠪᠡᠯᠡ ᠣᠷᠣᠭᠤᠯᠤᠯᠲᠠ ᠶᠢᠨ ᠲᠦᠭᠰᠢᠭᠦᠷᠢ ᠶᠢ ᠰᠡᠷᠭᠡᠶᠢᠯᠡᠬᠦ ᠶᠢᠨ | ᠲᠥᠯᠦᠭᠡ᠂ ︽ᠺᠣᠮᠫᠠᠨᠢ ᠶᠢᠨ ᠬᠠᠤᠯᠢ︾ ︽ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠤᠯᠢ︾ ᠵᠡᠷᠭᠡ ᠬᠠᠤᠯᠢ ᠴᠠᠭᠠᠵᠠ | ᠳᠦᠷᠢᠮ ᠲᠣᠭᠲᠠᠭᠠᠯ ᠢ ᠦᠨᠳᠦᠰᠦᠯᠡᠨ᠂ ᠲᠥᠷᠥ ᠶᠢᠨ ᠶᠠᠪᠤᠳᠠᠯ ᠤᠨ ᠬᠤᠷᠢᠶᠠᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ | ᠬᠤᠯᠪᠤᠭᠳᠠᠯ ᠪᠦᠬᠦᠢ ᠳᠦᠷᠢᠮ ᠢᠶᠠᠷ ᠯᠠᠪᠯᠠᠯᠲᠠ ᠪᠣᠯᠭᠠᠵᠤ᠂ ᠮᠠᠨ ᠤ ᠬᠤᠲᠠ ᠶᠢᠨ ᠪᠤᠳᠠᠳᠠᠢ ᠲᠠᠢ ᠤᠶᠠᠯᠳᠤᠭᠤᠯᠵᠤ᠂ ᠲᠤᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠬᠤᠳᠠ ᠶᠢᠨ ᠬᠠᠷᠢᠶ᠎ᠠ ᠣᠯᠣᠰ ᠤᠨ ᠥᠮᠴᠢᠯᠡᠯᠲᠦ ᠠᠵᠤ ᠠᠬᠤᠶᠢᠯᠠᠯ ᠭᠡᠳᠡᠭ ᠨᠢ ᠬᠤᠳᠠ ᠶᠢᠨ | ᠵᠠᠰᠠᠭ ᠤᠨ ᠣᠷᠳᠣᠨ ᠠᠴᠠ ᠤᠯᠤᠰ ᠤᠨ ᠥᠮᠴᠢᠯᠡᠯ ᠦᠨᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠳᠤ ᠡᠷᠬᠡ ᠣᠯᠭᠤᠵᠤ ᠪᠡᠯᠡ | ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠬᠠᠤᠯᠢ ᠶᠣᠰᠣᠭᠠᠷ ᠭᠦᠢᠴᠡᠳᠬᠡᠬᠦ ᠤᠯᠤᠰ ᠤᠨ ᠥᠮᠴᠢᠯᠡᠯᠲᠦ ᠠᠵᠤ ᠠᠬᠤᠶᠢᠯᠠᠯ ︵ᠳᠣᠷᠣᠭᠰᠢ ︽ᠠᠵᠤ | ᠠᠬᠤᠶᠢᠯᠠᠯ︾ ᠭᠡᠵᠦ ᠲᠣᠪᠴᠢᠯᠠᠨ᠎ᠠ︶ ᠢ ᠵᠢᠭᠠᠵᠤ ᠪᠤᠢ᠃ | ᠭᠤᠷᠪᠠᠳᠤᠭᠠᠷ ᠵᠦᠢᠯ ᠲᠣᠰ ᠠᠷᠭ᠎ᠠ ᠳᠤ ᠬᠡᠯᠡᠵᠦ ᠪᠠᠶᠢᠭ᠎ᠠ ᠪᠠᠯᠠ ᠣᠷᠣᠭᠤᠯᠤᠯᠲᠠ ᠭᠡᠳᠡᠭ ᠨᠢ ᠠᠵᠤ ᠠᠬᠤᠶᠢᠯᠠᠯ ᠤᠨ ᠬᠢᠯᠢ ᠶᠢᠨ ᠳᠣᠲᠣᠨ᠎ᠠ ᠭᠠᠳᠠᠨᠠᠬᠢ | ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ᠂ ᠰᠲ᠋ᠣᠺ ᠤᠨ ᠡᠷᠬᠡ ᠶᠢᠨ ᠪᠠᠯᠠ ᠣᠷᠣᠭᠤᠯᠤᠯᠲᠠ ᠶᠢ ᠵᠢᠭᠠᠵᠤ ᠪᠣᠶ᠃ ᠭᠤᠣᠯᠳᠠᠭᠤ ᠳᠣᠣᠷ᠎ᠠ ᠵᠢᠭᠰᠠᠭᠠᠭᠰᠠᠨ | ᠪᠡᠯᠡ ᠣᠷᠣᠭᠤᠯᠤᠯᠲᠠ ᠶᠢᠨ ᠠᠵᠢᠯᠯᠠᠭ᠎ᠠ ᠨᠤᠭᠤᠳ ᠪᠠᠭᠲᠠᠨ᠎ᠠ᠄ | ︵ᠨᠢᠭᠡ︶ ᠲᠤᠭᠲᠠᠮᠠᠯ ᠬᠦᠷᠦᠩᠭᠡ ᠶᠢᠨ ᠪᠡᠯᠡ ᠤᠷᠤᠭᠤᠯᠤᠯᠲᠠ᠂ ᠡᠭᠦᠨ ᠳᠤ ᠦᠨᠳᠦᠰᠦᠨ ᠪᠦᠳᠦᠭᠡᠠ ᠪᠠᠶᠢᠭᠤᠯᠤᠯᠲᠠ ᠶᠢᠨ ᠪᠡᠯᠠ ᠣᠷᠣᠭᠤᠯᠤᠯᠲᠠ᠂ | ᠰᠢᠨᠡᠳᠬᠡᠨ ᠥᠭᠡᠷᠡᠴᠢᠯᠡᠬᠦ ᠪᠡᠯᠠ ᠣᠷᠣᠭᠤᠯᠤᠯᠲᠠ᠂ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢ ᠨᠡᠭᠡᠭᠡᠨ ᠠᠰᠢᠭᠯᠠᠬᠤ ᠪᠡᠯᠠ ᠣᠷᠣᠭᠤᠯᠤᠯᠲᠠ | ᠵᠡᠷᠭᠡ ᠪᠠᠭᠲᠠᠨ᠎ᠠ᠃ | ︵ᠬᠤᠶᠠᠷ︶ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ᠂ ᠡᠭᠦᠨ ᠳᠤ ᠰᠲ᠋ᠣᠺ ᠤᠨ ᠡᠷᠬᠡ ᠶᠢ ᠰᠢᠯᠵᠢᠭᠦᠯᠦᠨ ᠠᠪᠬᠤ᠂ ᠬᠤᠳᠠᠯᠳᠤᠨ ᠠᠪᠴᠤ | ᠨᠡᠶᠢᠯᠡᠭᠦᠯᠬᠦ ᠵᠢᠴᠢ ᠪᠦᠬᠦ ᠬᠦᠷᠦᠩᠭᠡ ᠶᠢᠨ᠂ ᠬᠤᠪᠢ ᠡᠵᠡᠮᠳᠡᠭᠰᠡᠨ᠂ ᠬᠤᠪᠢ ᠣᠷᠣᠭᠤᠯᠤᠭᠰᠠᠨ ᠠᠵᠤ ᠠᠬᠤᠶᠢᠯᠠᠯ ᠪᠠᠶᠢᠭᠤᠯᠬᠤ ᠵᠡᠷᠭᠡ ᠪᠠᠭᠲᠠᠨ᠎ᠠ᠃ | ᠳᠥᠷᠪᠡᠳᠦᠭᠡᠷ ᠵᠦᠢᠯ ᠲᠣᠰ ᠠᠷᠭ᠎ᠠ ᠳᠤ ᠬᠡᠯᠡᠵᠦ ᠪᠠᠶᠢᠭ᠎ᠠ ᠴᠢᠬᠤᠯᠠ ᠶᠡᠭᠡ ᠪᠠᠯᠠ ᠣᠷᠣᠭᠤᠯᠤᠯᠲᠠ ᠭᠡᠳᠡᠭ ᠨᠢ ᠠᠵᠤ ᠠᠬᠤᠶᠢᠯᠠᠯ ᠤᠨ ᠺᠣᠮᠫᠠᠨᠢ ᠶᠢᠨ | ᠲᠦᠷᠢᠮ᠂ ᠪᠠᠯᠠ ᠭᠠᠷᠭᠠᠭᠴᠢ ᠶᠢᠨ ᠬᠢᠨᠠᠨ ᠬᠠᠮᠢᠶᠠᠷᠬᠤ ᠡᠷᠬᠡ ᠬᠠᠷᠢᠭᠤᠴᠠᠯᠭ᠎ᠠ ᠶᠢᠨ ᠵᠦᠢᠯᠡᠰ ᠤᠨ ᠨᠠᠷᠢᠨ ᠬᠠᠭᠤᠳᠠᠰᠤ ᠵᠢᠴᠢ ᠲᠣᠰ ᠲᠦᠷᠢᠮ ᠤᠨ ᠲᠣᠭᠲᠠᠭᠠᠯ | ᠶᠣᠰᠣᠭᠠᠷ ᠬᠡᠷᠡᠭ ᠮᠡᠳᠡᠭᠴᠢᠳ ᠤᠨ ᠵᠥᠪᠯᠡᠯ ᠪᠤᠶᠤ ᠶᠡᠷᠦᠩᠬᠡᠶ ᠳᠠᠭᠠᠭᠠᠮᠠᠯ ᠤᠨ ᠠᠯᠪᠠᠨ ᠬᠤᠷᠠᠯ ᠠᠴᠠ ᠰᠤᠳᠤᠯᠤᠨ ᠲᠣᠭᠲᠠᠭᠠᠭᠰᠠᠨ ᠭᠤᠤᠯ ᠠᠵᠢᠯ ᠲᠥᠷᠥᠯ ᠤᠨ | ᠪᠤᠰᠤ ᠲᠥᠷᠥᠯ ᠤᠨ ᠪᠠᠯᠠ ᠣᠷᠣᠭᠤᠯᠤᠯᠲᠠ ᠪᠠ ᠤᠨᠴᠠᠭᠠᠢ ᠬᠢᠨᠠᠨ ᠬᠠᠮᠢᠶᠠᠷᠬᠤ ᠲᠥᠷᠥᠯ ᠤᠨ ᠪᠠᠯᠠ ᠣᠷᠣᠭᠤᠯᠤᠯᠲᠠ ᠶᠢ ᠵᠢᠭᠠᠵᠤ ᠪᠤᠢ᠃ ᠣᠨᠴᠠᠭᠠᠶ ᠬᠢᠨᠠᠨ | ᠬᠠᠮᠢᠶᠠᠷᠬᠤ ᠲᠦᠷᠦᠯ ᠤᠨ ᠪᠡᠯᠡ ᠣᠷᠣᠭᠤᠯᠤᠯᠲᠠ ᠳᠤ ᠬᠢᠯᠢ ᠶᠢᠨ ᠭᠠᠳᠠᠨᠠᠬᠢ ᠪᠡᠯᠡ ᠣᠷᠣᠭᠤᠯᠤᠯᠲᠠ ᠶᠢᠨ ᠲᠦᠷᠦᠯ ᠵᠦᠢᠯ᠂ ᠬᠢᠯᠢ ᠶᠢᠨ ᠳᠣᠲᠣᠷᠠᠬᠢ ᠭᠤᠣᠯ | ᠠᠵᠢᠯ ᠲᠦᠷᠦᠯ ᠤᠨ ᠭᠠᠭᠴᠠ ᠵᠦᠢᠯ ᠤᠨ ᠪᠡᠯᠡ ᠣᠷᠣᠭᠤᠯᠤᠯᠲᠠ ᠶᠢᠨ ᠲᠤᠭ᠎ᠠ ᠨᠢ 5000 ᠲᠦᠮᠡᠨ ᠲᠥᠭᠦᠷᠢᠭ ︵ᠪᠠᠭᠲᠠᠨ᠎ᠠ︶ ᠠᠴᠠ ᠳᠡᠭᠡᠭᠰᠢᠬᠢ ᠪᠡᠯᠡ | ᠣᠷᠣᠭᠤᠯᠤᠯᠲᠠ ᠶᠢᠨ ᠲᠥᠷᠥᠯ ᠵᠦᠢᠯ ᠵᠢᠴᠢ ᠪᠦᠬᠦ ᠬᠦᠷᠦᠩᠭᠡ ᠶᠢᠨ᠂ ᠬᠤᠪᠢ ᠡᠵᠡᠮᠳᠡᠭᠰᠡᠨ ᠬᠤᠶᠠᠳᠤᠭᠠᠷ ᠳᠡᠰ ᠤᠨ ᠠᠵᠤ ᠠᠬᠤᠶᠢᠯᠠᠯ ᠪᠠᠶᠢᠭᠤᠯᠬᠤ ᠶᠢ | ᠪᠠᠭᠲᠠᠭᠠᠨ᠎ᠠ᠃ | ᠭᠤᠤᠯ ᠠᠵᠢᠯ ᠲᠥᠷᠥᠯ ᠭᠡᠳᠡᠭ ᠨᠢ ᠠᠵᠤ ᠠᠬᠤᠶᠢᠯᠠᠯ ᠲᠡᠭᠦᠨ ᠤ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠂ ᠴᠢᠳᠠᠮᠵᠢ ᠶᠢᠨ ᠪᠠᠶᠢᠷᠢ | ᠲᠣᠭᠲᠠᠭᠠᠯᠲᠠ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠲᠥᠯᠥᠪᠵᠢᠭᠦᠯᠭᠡ᠂ ᠡᠵᠡᠩᠨᠡᠯᠲᠡ ᠶᠢᠨ ᠣᠷᠣᠯᠭ᠎ᠠ ᠶᠢᠨ ᠡᠵᠡᠯᠡᠬᠦ ᠬᠠᠷᠢᠴᠠᠯ᠂ ᠡᠳ᠋ | ᠬᠥᠷᠥᠩᠭᠡ ᠶᠢᠨ ᠡᠵᠡᠯᠡᠬᠦ ᠬᠠᠷᠢᠴᠠᠯ ᠵᠡᠷᠭᠡ ᠶᠢ ᠦᠨᠳᠦᠰᠦᠯᠡᠨ ᠲᠣᠭᠲᠠᠭᠠᠬᠤ ᠶᠢᠨ ᠬᠠᠮᠲᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ ᠠᠴᠠ ᠨᠤᠲᠠᠯᠠᠨ ᠲᠣᠭᠲᠠᠭᠠᠵᠤ ᠨᠡᠶᠢᠲᠡᠯᠡᠭᠰᠡᠨ ᠭᠤᠤᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ︵ᠪᠤᠶᠢᠵᠢᠭᠤᠯᠬᠤ | ᠲᠤᠬᠠᠶᠢᠯᠠᠭᠰᠠᠨ ᠠᠵᠢᠯ ᠪᠠᠭᠲᠠᠨ᠎ᠠ︶ ᠢ ᠵᠢᠭᠠᠵᠤ ᠪᠣᠶ᠂ ᠭᠤᠤᠯ ᠠᠵᠢᠯ ᠲᠥᠷᠥᠯ ᠢ ᠵᠠᠷᠴᠢᠮ ᠳᠡᠭᠡᠷ᠎ᠡ ᠪᠠᠨ ᠬᠤᠶᠠᠷ ᠢᠶᠠᠷ ᠬᠢᠵᠠᠭᠠᠷᠯᠠᠵᠤ᠂ ᠪᠤᠶᠢᠵᠢᠭᠤᠯᠬᠤ | ᠲᠤᠬᠠᠶᠢᠯᠠᠭᠰᠠᠨ ᠠᠵᠢᠯ ᠢ ᠬᠤᠶᠠᠷ ᠤᠨ ᠲᠤᠳᠤᠷ᠎ᠠ ᠬᠢᠵᠠᠭᠠᠷᠯᠠᠨ᠎ᠠ᠃ ᠭᠤᠣᠯ ᠠᠵᠢᠯ ᠲᠦᠷᠦᠯ ᠤᠨ ᠪᠤᠰᠤ ᠪᠡᠯᠡ ᠣᠷᠣᠭᠤᠯᠤᠯᠲᠠ ᠭᠡᠳᠡᠭ ᠨᠢ ᠭᠤᠣᠯ ᠠᠵᠢᠯ | ᠲᠦᠷᠦᠯ ᠠᠴᠠ ᠭᠠᠳᠠᠨᠠᠬᠢ ᠪᠡᠯᠡ ᠣᠷᠣᠭᠤᠯᠤᠯᠲᠠ ᠶᠢᠨ ᠵᠦᠢᠯᠡᠰ ᠢ ᠵᠢᠭᠠᠵᠤ ᠪᠣᠶ᠃ | ᠲᠠᠪᠤᠳᠤᠭᠠᠷ ᠵᠦᠢᠯ ᠲᠣᠰ ᠠᠷᠭ᠎ᠠ ᠳᠤ ᠬᠡᠯᠡᠵᠦ ᠪᠠᠶᠢᠭ᠎ᠠ ᠪᠠᠯᠠ ᠣᠷᠣᠭᠤᠯᠤᠯᠲᠠ ᠶᠢᠨ ᠲᠦᠭᠰᠢᠭᠦᠷᠢ ᠭᠡᠳᠡᠭ ᠨᠢ ᠢᠷᠡᠭᠡᠳᠦᠶ ᠶᠢᠨ ᠪᠠᠯᠠ | ᠣᠷᠣᠭᠤᠯᠤᠯᠲᠠ ᠶᠢᠨ ᠠᠰᠢᠭ ᠣᠯᠵᠠᠪᠤᠷᠢ ᠶᠢᠨ ᠲᠣᠭᠲᠠᠪᠤᠷᠢ ᠦᠭᠡᠢ ᠴᠢᠨᠠᠷ᠂ ᠪᠠᠯᠠ ᠣᠷᠣᠭᠤᠯᠤᠯᠲᠠ ᠶᠢᠨ ᠳᠤᠮᠳᠠ ᠠᠰᠢᠭ ᠣᠯᠵᠠᠪᠤᠷᠢ ᠪᠠ ᠡᠬᠡ ᠮᠥᠩᠭᠦ ᠶᠢᠨ | ᠬᠤᠬᠢᠷᠠᠯ ᠳᠤ ᠤᠴᠠᠷᠠᠵᠤ ᠮᠡᠳᠡᠬᠦ ᠲᠦᠭᠰᠢᠭᠦᠷᠢ ᠶᠢ ᠵᠢᠭᠠᠵᠤ ᠪᠣᠶ᠂ ᠡᠭᠦᠨ ᠳᠤ ᠲᠥᠷᠥ ᠶᠢᠨ ᠪᠣᠳᠣᠯᠭ᠎ᠠ ᠶᠢᠨ ᠲᠦᠭᠰᠢᠭᠦᠷᠢ᠂ ᠰᠢᠢᠳᠪᠦᠷᠢᠲᠦ ᠪᠣᠳᠣᠯᠭ᠎ᠠ ᠶᠢᠨ | ᠲᠦᠭᠰᠢᠭᠦᠷᠢ᠂ ᠬᠡᠷᠡᠭᠵᠢᠭᠦᠯᠬᠦ ᠲᠦᠭᠰᠢᠭᠦᠷᠢ᠂ ᠬᠠᠤᠯᠢ ᠴᠠᠭᠠᠵᠠ ᠶᠢᠨ ᠲᠦᠭᠰᠢᠭᠦᠷᠢ᠂ ᠥᠷᠢ ᠥᠭᠴᠡᠭᠡ ᠶᠢᠨ ᠲᠦᠭᠰᠢᠭᠦᠷᠢ᠂ ᠠᠵᠢᠯ ᠮᠡᠷᠭᠡᠵᠢᠯ ᠤᠨ ᠶᠣᠰᠣ | ᠰᠣᠷᠲᠠᠬᠤᠨ ᠤ ᠲᠦᠭᠰᠢᠭᠦᠷᠢ᠂ ᠬᠤᠶᠢᠰᠢᠯᠠᠭᠤᠯᠬᠤ ᠲᠦᠭᠰᠢᠭᠦᠷᠢ᠂ ᠶᠠᠰᠤ ᠴᠢᠨᠠᠷ ᠤᠨ ᠲᠦᠭᠰᠢᠭᠦᠷᠢ᠂ ᠵᠠᠬ᠎ᠠ ᠳᠡᠯᠭᠡᠭᠦᠷ ᠤᠨ ᠲᠦᠭᠰᠢᠭᠦᠷᠢ᠂ ᠬᠤᠷᠰᠢᠭᠰᠠᠨ | ᠲᠠᠯ᠎ᠠ ᠶᠢᠨ ᠢᠲᠡᠭᠡᠮᠵᠢ ᠶᠢᠨ ᠲᠦᠭᠰᠢᠭᠦᠷᠢ᠂ ᠠᠮᠤᠷ ᠲᠦᠪᠰᠢᠨ ᠲᠣᠭᠲᠠᠭᠤᠨ ᠤ ᠲᠦᠭᠰᠢᠭᠦᠷᠢ ᠵᠡᠷᠭᠡ ᠪᠠᠭᠲᠠᠨ᠎ᠠ᠃ | ᠵᠢᠷᠭᠤᠳᠤᠭᠠᠷ ᠵᠦᠢᠯ ᠠᠵᠤ ᠠᠬᠤᠶᠢᠯᠠᠯ ᠪᠣᠯ ᠪᠠᠯᠠ ᠣᠷᠣᠭᠤᠯᠤᠯᠲᠠ ᠶᠢᠨ ᠠᠵᠢᠯᠯᠠᠭ᠎ᠠ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠭᠤᠤᠯ ᠴᠣᠭᠴᠠ᠂ | ᠬᠡᠷᠡᠭᠵᠢᠭᠦᠯᠬᠦ ᠭᠤᠤᠯ ᠴᠣᠭᠴᠠ ᠪᠠ ᠪᠠᠯᠠ ᠣᠷᠣᠭᠤᠯᠤᠯᠲᠠ ᠶᠢᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠬᠠᠷᠢᠭᠤᠴᠠᠯᠭ᠎ᠠ ᠶᠢᠨ ᠭᠤᠤᠯ ᠴᠣᠭᠴᠠ ᠮᠥᠨ | ᠪᠠᠶᠢᠵᠤ᠂ ᠳᠣᠤᠷᠠᠬᠢ ᠡᠭᠦᠷᠭᠡ ᠬᠠᠷᠢᠭᠤᠴᠠᠯᠭ᠎ᠠ ᠶᠢ ᠬᠦᠢᠴᠡᠳᠬᠡᠬᠦ ᠬᠡᠷᠡᠭᠲᠡᠶ᠄ | ︵ᠨᠢᠭᠡ︶ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠪᠠ ᠪᠠᠯᠠ | ᠣᠷᠣᠭᠤᠯᠤᠯᠲᠠ ᠶᠢᠨ ᠬᠡᠷᠡᠭ ᠶᠠᠪᠤᠳᠠᠯ ᠤᠨ ᠡᠮᠦᠨᠡᠬᠢ᠂ ᠬᠡᠷᠡᠭ ᠶᠠᠪᠤᠳᠠᠯ ᠤᠨ ᠳᠤᠮᠳᠠᠬᠢ᠂ ᠬᠡᠷᠡᠭ ᠶᠠᠪᠤᠳᠠᠯ ᠤᠨ ᠳᠠᠷᠠᠭᠠᠬᠢ ᠪᠥᠬᠦ ᠶᠠᠪᠤᠴᠠ ᠶᠢᠨ ᠬᠠᠮᠢᠶᠠᠷᠤᠯᠲᠠ | ᠬᠢᠭᠡᠳ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠲᠥᠷᠢᠮ ᠢ ᠲᠣᠭᠲᠠᠭᠠᠨ ᠬᠡᠷᠡᠭᠵᠢᠭᠦᠯᠬᠦ ᠬᠡᠷᠡᠭᠲᠡᠢ︔ | ︵ᠬᠤᠶᠠᠷ︶ ᠪᠡᠯᠡ ᠣᠷᠣᠭᠤᠯᠤᠯᠲᠠ ᠶᠢᠨ ᠣᠨ ᠤ ᠲᠥᠯᠥᠪᠯᠡᠭᠡ ᠶᠢ ᠲᠣᠭᠲᠠᠭᠠᠨ ᠬᠡᠷᠡᠭᠵᠢᠭᠦᠯᠬᠦ ᠬᠡᠷᠡᠭᠲᠡᠢ᠄ ᠪᠡᠯᠡ ᠣᠷᠣᠭᠤᠯᠤᠯᠲᠠ ᠶᠢᠨ ᠣᠨ ᠤ | ᠲᠥᠯᠥᠪᠯᠡᠭᠡ ᠶᠢ ᠦᠨᠳᠦᠰᠦᠯᠡᠨ ᠪᠡᠯᠡ ᠣᠷᠣᠭᠤᠯᠤᠯᠲᠠ ᠶᠢᠨ ᠣᠨ ᠤ ᠲᠥᠰᠦᠪ ᠢ ᠨᠠᠶᠢᠷᠠᠭᠤᠯᠤᠨ ᠵᠣᠬᠢᠶᠠᠵᠤ᠂ ᠠᠵᠤ ᠠᠬᠤᠶᠢᠯᠠᠯ ᠤᠨ ᠪᠦᠬᠦ ᠲᠠᠯ᠎ᠠ ᠶᠢᠨ | ᠲᠥᠰᠦᠪ ᠤᠨ ᠬᠠᠮᠢᠶᠠᠷᠤᠯᠲᠠ ᠳᠤ ᠣᠷᠣᠭᠤᠯᠤᠨ᠂ ᠪᠡᠯᠡ ᠣᠷᠣᠭᠤᠯᠤᠯᠲᠠ ᠶᠢᠨ ᠣᠨ ᠤ ᠲᠥᠯᠥᠪᠯᠡᠭᠡ ᠶᠢ ᠡᠳ᠋ ᠤᠨ ᠶᠠᠪᠤᠳᠠᠯ ᠤᠨ ᠲᠥᠰᠦᠪ ᠲᠠᠢ | ᠵᠣᠯᠭᠠᠯᠳᠤᠭᠤᠯᠵᠤ᠂ ᠵᠦᠢ ᠵᠣᠬᠢᠰᠲᠠᠶ ᠡᠳ᠋ ᠬᠦᠷᠦᠩᠭᠡ ᠶᠢᠨ ᠥᠷᠢᠲᠦᠯ ᠤᠨ ᠬᠢᠷᠢ ᠬᠡᠮᠵᠢᠶ᠎ᠡ ᠲᠠᠢ ᠵᠣᠬᠢᠴᠠᠭᠤᠯᠬᠤ ᠬᠡᠷᠡᠭᠲᠡᠢ︔ | ︵ᠭᠤᠷᠪᠠ︶ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠪᠣᠯᠤᠮᠵᠢᠲᠤ ᠴᠢᠨᠠᠷ ᠤᠨ ᠰᠤᠳᠤᠯᠭᠠᠨ ᠪᠠ ᠪᠡᠯᠡ ᠣᠷᠣᠭᠤᠯᠤᠯᠲᠠ ᠶᠢᠨ | ᠲᠦᠭᠰᠢᠭᠦᠷᠢ ᠶᠢᠨ ᠦᠨᠡᠯᠡᠨ ᠵᠢᠱᠢᠯᠲᠡ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠣᠨᠴᠠᠭᠠᠶᠢᠯᠠᠨ ᠠᠵᠤ ᠠᠬᠤᠶᠢᠯᠠᠯ ᠤᠨ ᠠᠵᠢᠯᠳᠠᠨ ᠠᠵᠢᠯᠴᠢᠨ ᠲᠦᠮᠡᠨ ᠤ | ᠬᠤᠪᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠮᠥᠷᠲᠡᠭᠡᠨ ᠬᠤᠯᠪᠣᠭᠳᠠᠬᠤ ᠬᠡᠪᠴᠢᠶ᠎ᠡ ᠨᠢ ᠥᠷᠭᠡᠨ᠂ ᠨᠡᠶᠢᠭᠡᠮ ᠤᠨ ᠲᠣᠭᠲᠠᠭᠤᠨ ᠤ ᠠᠰᠠᠭᠤᠳᠠᠯ ᠢ | ᠠᠮᠠᠷᠬᠠᠨ ᠡᠭᠦᠰᠭᠡᠬᠦ ᠴᠢᠬᠤᠯᠠ ᠶᠡᠭᠡ ᠪᠡᠯᠡ ᠣᠷᠣᠭᠤᠯᠤᠯᠲᠠ ᠶᠢᠨ ᠰᠢᠢᠳᠪᠦᠷᠢᠲᠦ ᠪᠤᠳᠤᠯᠭ᠎ᠠ ᠶᠢᠨ ᠵᠦᠢᠯᠡᠰ ᠲᠤ ᠡᠷᠬᠡᠪᠰᠢ ᠨᠡᠶᠢᠭᠡᠮ ᠤᠨ ᠲᠣᠭᠲᠠᠭᠤᠨ ᠤ ᠠᠶᠤᠯ | ᠲᠦᠭᠰᠢᠭᠦᠷᠢ ᠶᠢᠨ ᠦᠨᠡᠯᠡᠨ ᠵᠢᠱᠢᠯᠲᠡ ᠶᠢ ᠰᠠᠶᠢᠨ ᠬᠢᠬᠦ ᠬᠡᠷᠡᠭᠲᠡᠶ︔ | ︵ᠲᠦᠷᠪᠡ︶ ᠪᠡᠯᠡ ᠣᠷᠣᠭᠤᠯᠤᠯᠲᠠ ᠶᠢᠨ ᠰᠢᠢᠳᠪᠦᠷᠢᠲᠦ ᠪᠤᠳᠤᠯᠭ᠎ᠠ ᠲᠣᠭᠲᠠᠭᠠᠬᠤ ᠶᠢᠨ ᠬᠠᠮᠲᠤ ᠬᠠᠷᠠᠭᠠᠯᠵᠠᠭᠰᠠᠨ ᠪᠡᠯᠡ ᠣᠷᠣᠭᠤᠯᠤᠯᠲᠠ ᠶᠢᠨ | ᠠᠶᠤᠯ ᠲᠦᠭᠰᠢᠭᠦᠷᠢ ᠶᠢ ᠡᠭᠦᠷᠭᠡᠯᠡᠵᠦ᠂ ᠪᠡᠯᠡ ᠣᠷᠣᠭᠤᠯᠤᠯᠲᠠ ᠶᠢᠨ ᠵᠦᠢᠯᠡᠰ ᠤᠨ ᠬᠠᠮᠢᠶᠠᠷᠤᠯᠲᠠ ᠪᠠ ᠠᠶᠤᠯ ᠲᠦᠭᠰᠢᠭᠦᠷᠢ ᠶᠢᠨ ᠬᠢᠵᠠᠭᠠᠷᠯᠠᠯ ᠢ ᠴᠢᠩᠭᠠᠳᠬᠠᠬᠤ | ᠬᠡᠷᠡᠭᠲᠡᠢ︔ | ︵ᠲᠠᠪᠤ︶ ᠪᠡᠯᠡ ᠣᠷᠣᠭᠤᠯᠤᠯᠲᠠ ᠶᠢᠨ ᠪᠦᠷᠢᠳᠬᠡᠯ᠂ ᠵᠠᠳᠠᠯᠤᠯᠲᠠ ᠪᠠ ᠬᠤᠶᠢᠨᠠᠬᠢ ᠦᠨᠡᠯᠡᠯᠲᠡ ᠶᠢᠨ ᠠᠵᠢᠯ ᠢ ᠥᠷᠨᠢᠭᠦᠯᠬᠦ ᠬᠡᠷᠡᠭᠲᠡᠢ︔ | ︵ᠵᠢᠷᠭᠤᠭ᠎ᠠ︶ ᠬᠠᠮᠢᠶ᠎ᠠ ᠪᠦᠬᠦᠢ ᠪᠡᠯᠡ ᠣᠷᠣᠭᠤᠯᠤᠯᠲᠠ ᠶᠢ ᠪᠡᠶᠡᠯᠡᠭᠦᠯᠦᠭᠰᠡᠨ ᠪᠠᠶᠢᠳᠠᠯ᠂ ᠴᠢᠬᠤᠯᠠ ᠶᠡᠭᠡ ᠪᠡᠯᠡ ᠣᠷᠣᠭᠤᠯᠤᠯᠲᠠ ᠶᠢᠨ ᠲᠦᠷᠦᠯ ᠵᠦᠢᠯ | ᠵᠡᠷᠭᠡ ᠪᠡᠯᠡ ᠣᠷᠣᠭᠤᠯᠤᠯᠲᠠ ᠶᠢᠨ ᠮᠡᠳᠡᠭᠡ ᠵᠠᠩᠭᠢ ᠶᠢ ᠮᠡᠳᠡᠭᠦᠯᠵᠦ᠂ ᠬᠢᠨᠠᠨ ᠪᠠᠶᠢᠴᠠᠭᠠᠬᠤ ᠳᠤ ᠬᠠᠮᠵᠢᠯᠴᠠᠬᠤ ᠡᠭᠦᠷᠭᠡ ᠶᠢ ᠭᠦᠢᠴᠡᠳᠬᠡᠬᠦ ᠬᠡᠷᠡᠭᠲᠡᠢ︔ | ︵ᠲᠤᠯᠤᠭ᠎ᠠ︶ ᠬᠠᠤᠯᠢ ᠪᠠᠷ ᠲᠣᠭᠲᠠᠭᠠᠭᠰᠠᠨ ᠪᠤᠰᠤᠳ ᠡᠭᠦᠷᠭᠡ ᠬᠠᠷᠢᠭᠤᠴᠠᠯᠭ᠎ᠠ᠃ | ᠳᠣᠯᠣᠳᠤᠭᠠᠷ ᠵᠦᠢᠯ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠯᠤᠰ᠂ ᠥᠪᠡᠷᠲᠡᠭᠡᠨ ᠵᠠᠰᠠᠬᠤ | ᠣᠷᠣᠨ᠂ ᠮᠠᠨ ᠤ ᠬᠤᠳᠠ ᠶᠢᠨ ᠤᠯᠤᠰ ᠤᠨ ᠥᠮᠴᠢᠯᠡᠯ ᠤᠨ ᠬᠥᠷᠥᠩᠭᠡ ᠶᠢᠨ ᠪᠠᠶᠢᠷᠢᠰᠢᠭᠤᠯᠤᠯᠲᠠ ᠬᠢᠭᠡᠳ ᠪᠦᠲᠦᠴᠡ ᠶᠢᠨ ᠲᠤᠬᠢᠷᠠᠭᠤᠯᠤᠯᠳᠠ ᠶᠢᠨ | ᠱᠠᠭᠠᠷᠳᠠᠯᠭ᠎ᠠ ᠶᠣᠰᠣᠭᠠᠷ᠂ ᠬᠥᠷᠥᠩᠭᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠬᠥᠷᠥᠩᠭᠡ ᠶᠢᠨ ᠠᠵᠢᠯᠯᠠᠭᠠᠨ ᠢ ᠵᠢᠷᠤᠮᠵᠢᠭᠤᠯᠬᠤ᠂ ᠬᠥᠷᠥᠩᠭᠡ ᠶᠢᠨ | ᠬᠠᠷᠢᠭᠤᠯᠤᠮᠵᠢ ᠶᠢ ᠳᠡᠭᠡᠭᠰᠢᠯᠡᠭᠦᠯᠬᠦ᠂ ᠬᠥᠷᠥᠩᠭᠡ ᠶᠢᠨ ᠠᠶᠤᠯᠭᠦᠢ ᠶᠢ ᠬᠠᠮᠠᠭᠠᠯᠠᠬᠤ ᠪᠠᠷ ᠭᠤᠣᠯᠳᠠᠯᠭ᠎ᠠ ᠪᠣᠯᠭᠠᠨ᠂ ᠠᠵᠤ ᠠᠬᠤᠶᠢᠯᠠᠯ ᠤᠨ ᠪᠡᠯᠡ ᠣᠷᠣᠭᠤᠯᠬᠤ | ᠥᠢᠯᠡ ᠠᠵᠢᠯᠯᠠᠭ᠎ᠠ ᠳᠤ ᠬᠢᠨᠠᠯᠲᠠ ᠲᠠᠯᠪᠢᠵᠤ᠂ ᠭᠤᠣᠯᠳᠠᠭᠤ ᠳᠣᠣᠷᠠᠬᠢ ᠡᠭᠦᠷᠭᠡ ᠬᠠᠷᠢᠭᠤᠴᠠᠯᠭ᠎ᠠ ᠶᠢ ᠬᠦᠢᠴᠡᠳᠬᠡᠬᠦ ᠬᠡᠷᠡᠭᠲᠡᠶ᠄ | ︵ᠨᠢᠭᠡ︶ ᠠᠵᠤ ᠠᠬᠤᠶᠢᠯᠠᠯ ᠢ ᠵᠢᠯᠣᠭᠤᠳᠤᠨ ᠪᠠᠯᠠ ᠣᠷᠣᠭᠤᠯᠤᠯᠲᠠ ᠶᠢᠨ ᠬᠠᠮᠢᠶᠠᠷᠤᠯᠲᠠ ᠶᠢᠨ ᠲᠦᠷᠢᠮ ᠤᠨ ᠰᠢᠰᠲ᠋ᠧᠮᠵᠢ ᠪᠠ ᠲᠦᠭᠰᠢᠭᠦᠷᠢ ᠶᠢ | ᠬᠠᠮᠢᠶᠠᠷᠤᠨ ᠡᠵᠡᠮᠳᠡᠬᠦ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠦᠨ᠎ᠡ︔ | ︵ᠬᠤᠶᠠᠷ︶ ᠠᠵᠤ ᠠᠬᠤᠶᠢᠯᠠᠯ ᠢ ᠰᠢᠮᠳᠠᠭᠤᠯᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠬᠢᠭᠡᠳ ᠲᠥᠯᠥᠪᠵᠢᠭᠦᠯᠭᠡ ᠪᠠ ᠬᠤᠲᠠ ᠶᠢᠨ ᠨᠠᠮ ᠤᠨ | ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠲᠣᠭᠲᠠᠭᠠᠭᠰᠠᠨ ᠣᠨ ᠤ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠦᠨᠳᠦᠰᠦᠯᠡᠨ ᠪᠠᠯᠠ | ᠣᠷᠣᠭᠤᠯᠤᠯᠲᠠ ᠶᠢᠨ ᠣᠨ ᠤ ᠲᠥᠯᠥᠪᠯᠡᠭᠡ ᠶᠢ ᠨᠠᠶᠢᠷᠠᠭᠤᠯᠤᠨ ᠲᠣᠭᠲᠠᠭᠠᠵᠤ᠂ ᠠᠵᠤ ᠠᠬᠤᠶᠢᠯᠠᠯ ᠤᠨ ᠣᠨ ᠤ ᠪᠠᠯᠠ ᠣᠷᠣᠭᠤᠯᠤᠯᠲᠠ ᠶᠢᠨ ᠲᠥᠯᠥᠪᠯᠡᠭᠡ ᠶᠢ | ᠪᠦᠷᠢᠳᠬᠡᠨ ᠳᠡᠩᠰᠡᠯᠡᠵᠦ᠂ ᠴᠢᠬᠤᠯᠠ ᠶᠡᠭᠡ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠬᠠᠷᠭᠤᠭᠤᠯᠵᠤ᠂ ᠪᠤᠰᠤᠳ ᠲᠥᠷᠥᠯ ᠵᠦᠢᠯ ᠢ ᠪᠦᠷᠢᠳᠬᠡᠨ | ᠲᠠᠩᠰᠠᠯᠠᠨ᠎ᠠ︔ | ︵ᠭᠤᠷᠪᠠ︶ ᠠᠵᠤ ᠠᠬᠤᠶᠢᠯᠠᠯ ᠤᠨ ᠭᠤᠣᠯ ᠠᠵᠢᠯ ᠲᠥᠷᠥᠯ ᠤᠨ ᠭᠠᠷᠴᠠᠭ ᠢ ᠲᠣᠭᠲᠠᠭᠠᠵᠤ ᠨᠡᠶᠢᠲᠡᠯᠡᠨ᠎ᠡ︔ | ︵ᠳᠥᠷᠪᠡ︶ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ ᠬᠠᠮᠢᠶᠠᠷᠤᠯᠲᠠ ᠶᠢᠨ ᠲᠦᠷᠢᠮ ᠪᠠ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠲᠥᠷᠢᠮ | ᠢ ᠬᠡᠷᠡᠭᠵᠢᠭᠦᠯᠵᠦ ᠪᠠᠶᠢᠭ᠎ᠠ ᠪᠠᠶᠢᠳᠠᠯ᠂ ᠴᠢᠬᠤᠯᠠ ᠶᠡᠭᠡ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠰᠢᠢᠳᠪᠦᠷᠢᠲᠦ ᠪᠣᠳᠣᠯᠭ᠎ᠠ ᠪᠠ ᠬᠡᠷᠡᠭᠵᠢᠭᠦᠯᠵᠦ | ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠨ᠎ᠠ︔ | ︵ᠲᠠᠪᠤ︶ ᠠᠵᠤ ᠠᠬᠤᠶᠢᠯᠠᠯ ᠢ ᠵᠢᠯᠣᠭᠤᠳᠤᠨ ᠰᠢᠮᠳᠠᠭᠤᠯᠵᠤ ᠴᠢᠬᠤᠯᠠ ᠶᠡᠭᠡ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠬᠤᠶᠢᠨᠠᠬᠢ | ᠦᠨᠡᠯᠡᠯᠲᠡ ᠶᠢ ᠥᠷᠨᠢᠭᠦᠯᠦᠨ᠎ᠡ︔ | ︵ᠵᠢᠷᠭᠤᠭ᠎ᠠ︶ ᠲᠣᠭᠲᠠᠭᠠᠯ ᠠᠴᠠ ᠵᠥᠷᠢᠴᠡᠨ ᠪᠠᠯᠠ ᠣᠷᠣᠭᠤᠯᠤᠭᠠᠳ ᠤᠯᠤᠰ ᠤᠨ ᠥᠮᠴᠢᠯᠡᠯ ᠤᠨ ᠡᠳ᠋ ᠬᠥᠷᠥᠩᠭᠡ ᠳᠤ ᠬᠤᠬᠢᠷᠠᠯ ᠤᠴᠠᠷᠠᠭᠤᠯᠤᠭᠰᠠᠨ | ᠵᠢᠴᠢ ᠪᠤᠰᠤᠳ ᠬᠦᠨᠳᠦ ᠨᠣᠴᠢᠲᠠᠶ ᠮᠠᠭᠤ ᠦᠷ᠎ᠡ ᠳ᠋ᠦᠩ ᠳᠤ ᠬᠦᠷᠭᠡᠭᠰᠡᠨ ᠠᠴᠠ ᠬᠠᠷᠢᠭᠤᠴᠠᠯᠭ᠎ᠠ ᠨᠡᠬᠡᠮᠵᠢᠯᠡᠨ᠎ᠡ︔ | ︵ᠲᠤᠯᠤᠭ᠎ᠠ︶ ᠬᠠᠤᠯᠢ ᠪᠠᠷ ᠲᠣᠭᠲᠠᠭᠠᠭᠰᠠᠨ ᠪᠤᠰᠤᠳ ᠡᠭᠦᠷᠭᠡ ᠬᠠᠷᠢᠭᠤᠴᠠᠯᠭ᠎ᠠ᠃ | ᠨᠠᠢᠮᠠᠳᠤᠭᠠᠷ ᠵᠦᠢᠯ ᠠᠵᠤ ᠠᠬᠤᠶᠢᠯᠠᠯ ᠤᠨ ᠪᠡᠯᠡ ᠣᠷᠣᠭᠤᠯᠬᠤ ᠠᠵᠢᠯᠯᠠᠭ᠎ᠠ ᠳᠣᠣᠷᠠᠬᠢ ᠵᠠᠷᠴᠢᠮ ᠤᠳ ᠢ ᠵᠢᠷᠤᠮᠯᠠᠬᠤ ᠬᠡᠷᠡᠭᠲᠡᠶ᠄ | ︵ᠨᠢᠭᠡ︶ ᠭᠤᠤᠯ ᠠᠵᠢᠯ ᠲᠥᠷᠥᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠎ᠡ᠃ ᠤᠯᠤᠰ᠂ ᠥᠪᠡᠷᠲᠡᠭᠡᠨ | ᠵᠠᠰᠠᠬᠤ ᠣᠷᠣᠨ ᠤ ᠠᠵᠤ ᠦᠢᠯᠡᠰ ᠤᠨ ᠲᠥᠷᠥ ᠶᠢᠨ ᠪᠣᠳᠣᠯᠭ᠎ᠠ ᠵᠢᠴᠢ ᠮᠠᠨ ᠤ ᠬᠤᠲᠠ ᠶᠢᠨ ᠤᠯᠤᠰ ᠤᠨ ᠥᠮᠴᠢᠯᠡᠯ ᠤᠨ ᠬᠥᠷᠥᠩᠭᠡ ᠶᠢᠨ ᠪᠠᠶᠢᠷᠢᠰᠢᠭᠤᠯᠤᠯᠲᠠ | ᠬᠢᠭᠡᠳ ᠪᠦᠲᠦᠴᠡ ᠶᠢᠨ ᠲᠣᠬᠢᠷᠠᠭᠤᠯᠤᠯᠲᠠ ᠶᠢᠨ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ ᠪᠡᠯᠡ ᠣᠷᠤᠭᠤᠯᠵᠤ᠂ ᠡᠭᠦᠨ ᠳᠤ ᠨᠡᠶᠢᠲᠡ ᠶᠢᠨ ᠠᠰᠠᠷᠠᠮᠵᠢ ᠶᠢᠨ | ᠲᠥᠷᠥᠯ ᠤᠨ ᠠᠵᠤ ᠠᠬᠤᠶᠢᠯᠠᠯ ᠤᠨ ᠣᠨ ᠤ ᠭᠤᠤᠯ ᠠᠵᠢᠯ ᠲᠥᠷᠥᠯ ᠤᠨ ᠪᠠᠯᠠ ᠣᠷᠣᠭᠤᠯᠤᠯᠲᠠ ᠶᠢ ᠪᠡᠶᠡᠯᠡᠭᠦᠯᠦᠭᠰᠡᠨ ᠬᠡᠮᠵᠢᠶ᠎ᠡ ᠶᠢ ᠣᠨ ᠤ ᠪᠠᠯᠠ | ᠣᠷᠣᠭᠤᠯᠤᠯᠲᠠ ᠶᠢᠨ ᠶᠡᠷᠦᠩᠬᠡᠶ ᠬᠡᠮᠵᠢᠶᠡᠨ ᠤ 95% ᠠᠴᠠ ᠳᠣᠤᠷ᠎ᠠ ᠥᠬᠡᠶ᠂ ᠣᠨᠴᠠᠭᠠᠢ ᠴᠢᠳᠠᠮᠵᠢ ᠶᠢᠨ ᠲᠥᠷᠥᠯ ᠤᠨ ᠠᠵᠤ ᠠᠬᠤᠶᠢᠯᠠᠯ ᠤᠨ ᠭᠤᠤᠯ | ᠠᠵᠢᠯ ᠲᠥᠷᠥᠯ ᠤᠨ ᠪᠠᠯᠠ ᠣᠷᠣᠭᠤᠯᠤᠯᠲᠠ ᠶᠢ ᠪᠡᠶᠡᠯᠡᠭᠦᠯᠦᠭᠰᠡᠨ ᠬᠡᠮᠵᠢᠶ᠎ᠡ ᠶᠢ ᠣᠨ ᠤ ᠪᠠᠯᠠ ᠣᠷᠣᠭᠤᠯᠤᠯᠲᠠ ᠶᠢᠨ ᠶᠡᠷᠦᠩᠬᠡᠶ ᠬᠡᠮᠵᠢᠶᠡᠨ ᠤ 92% ᠠᠴᠠ | ᠳᠣᠤᠷ᠎ᠠ ᠦᠭᠡᠢ᠂ ᠬᠤᠳᠠᠯᠳᠤᠭᠠᠨ ᠤ ᠥᠷᠢᠰᠥᠯᠳᠦᠭᠡᠨ ᠤ ᠲᠥᠷᠥᠯ ᠤᠨ ᠠᠵᠤ ᠠᠬᠤᠶᠢᠯᠠᠯ ᠤᠨ ᠭᠤᠤᠯ ᠠᠵᠢᠯ ᠲᠥᠷᠥᠯ ᠤᠨ ᠪᠠᠯᠠ ᠣᠷᠣᠭᠤᠯᠤᠯᠲᠠ ᠶᠢ | ᠪᠡᠶᠡᠯᠡᠭᠦᠯᠦᠭᠰᠡᠨ ᠬᠡᠮᠵᠢᠶ᠎ᠡ ᠶᠢ ᠣᠨ ᠤ ᠪᠠᠯᠠ ᠣᠷᠤᠭᠤᠯᠤᠯᠲᠠ ᠶᠢᠨ ᠶᠡᠷᠦᠩᠬᠡᠢ ᠬᠡᠮᠵᠢᠶᠡᠨ ᠤ 90% ᠠᠴᠠ ᠲᠤᠤᠷ᠎ᠠ ᠦᠭᠡᠢ ᠪᠠᠶᠢᠯᠭᠠᠨ᠎ᠠ᠃ | ︵ᠬᠤᠶᠠᠷ︶ ᠵᠢᠷᠤᠮᠵᠢᠭᠤᠯᠤᠨ ᠠᠵᠢᠯᠯᠠᠭᠤᠯᠵᠤ᠂ ᠦᠷ᠎ᠡ ᠠᠰᠢᠭ ᠢ ᠴᠢᠬᠤᠯᠠᠴᠢᠯᠠᠨ᠎ᠠ᠃ ᠠᠵᠤ ᠠᠬᠤᠶᠢᠯᠠᠯ ᠪᠡᠯᠡ ᠣᠷᠣᠭᠤᠯᠬᠤ ᠳᠠᠭᠠᠨ ᠤᠯᠤᠰ ᠤᠨ | ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠤ᠂ ᠪᠡᠯᠡ ᠣᠷᠣᠭᠤᠯᠤᠯᠲᠠ ᠶᠢᠨ ᠰᠢᠢᠳᠪᠦᠷᠢᠲᠦ ᠪᠤᠳᠤᠯᠭ᠎ᠠ ᠪᠠ ᠬᠢᠨᠠᠨ ᠵᠥᠪᠰᠢᠶᠡᠷᠡᠬᠦ | ᠲᠡᠰ ᠲᠠᠷᠠᠭᠠᠯᠠᠯ ᠢ ᠴᠢᠩᠭ᠎ᠠ ᠵᠢᠷᠤᠮᠵᠢᠭᠤᠯᠬᠤ ᠬᠡᠷᠡᠭᠲᠡᠶ︔ ᠪᠡᠯᠡ ᠣᠷᠣᠭᠤᠯᠤᠯᠲᠠ ᠶᠢᠨ ᠬᠠᠷᠢᠭᠤᠯᠤᠮᠵᠢ ᠶᠢᠨ ᠬᠢᠷᠢ ᠲᠦᠪᠰᠢᠨ ᠢ ᠴᠢᠷᠮᠠᠶᠢᠨ ᠳᠡᠭᠡᠭᠰᠢᠯᠡᠭᠦᠯᠵᠦ᠂ | ᠦᠷ᠎ᠡ ᠠᠰᠢᠭ ᠢᠶᠠᠷ ᠳᠣᠣᠷ᠎ᠠ ᠦᠷ᠎ᠡ ᠠᠰᠢᠭ ᠦᠭᠡᠢ ᠲᠥᠷᠥᠯ ᠵᠦᠢᠯ ᠳᠤ ᠪᠡᠯᠡ ᠣᠷᠣᠭᠤᠯᠬᠤ ᠶᠢ ᠴᠢᠩᠭ᠎ᠠ ᠴᠠᠭᠠᠵᠠᠯᠠᠨ᠎ᠠ᠃ | ︵ᠭᠤᠷᠪᠠ︶ ᠴᠢᠳᠠᠯ ᠤᠨ ᠢᠶᠠᠨ ᠬᠢᠷᠢ ᠪᠠᠷ ᠬᠢᠵᠦ᠂ ᠲᠦᠭᠰᠢᠭᠦᠷᠢ ᠶᠢ ᠴᠢᠩᠭ᠎ᠠ ᠡᠵᠡᠮᠳᠡᠨ᠎ᠡ᠃ ᠪᠡᠯᠡ ᠣᠷᠣᠭᠤᠯᠤᠯᠲᠠ ᠶᠢᠨ ᠬᠡᠪᠴᠢᠶ᠎ᠡ ᠨᠢ ᠠᠵᠤ | ᠠᠬᠤᠶᠢᠯᠠᠯ ᠤᠨ ᠬᠥᠷᠥᠩᠭᠡ ᠶᠢᠨ ᠪᠣᠳᠠᠲᠤ ᠬᠦᠴᠦᠨ᠂ ᠬᠥᠷᠥᠩᠭᠡ ᠶᠢᠨ ᠥᠷᠢ ᠥᠭᠴᠡᠭᠡ ᠶᠢᠨ ᠬᠢᠷᠢ ᠬᠡᠮᠵᠢᠶ᠎ᠡ᠂ ᠪᠣᠳᠠᠲᠠᠶ ᠪᠡᠯᠡ ᠴᠤᠭᠯᠠᠭᠤᠯᠬᠤ ᠴᠢᠳᠠᠪᠤᠷᠢ᠂ | ᠡᠵᠡᠩᠨᠡᠯᠲᠡ ᠬᠠᠮᠢᠶᠠᠷᠤᠯᠲᠠ ᠶᠢᠨ ᠬᠢᠷᠢ ᠬᠡᠮᠵᠢᠶ᠎ᠡ ᠪᠣᠯᠤᠨ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠵᠡᠷᠭᠡ ᠯᠦᠭᠡ ᠬᠠᠷᠢᠯᠴᠠᠨ ᠵᠣᠬᠢᠴᠠᠵᠤ᠂ ᠥᠷᠢ ᠥᠭᠴᠡᠭᠡ | ᠶᠡᠬᠡᠲᠡᠶ ᠠᠵᠤ ᠠᠬᠤᠶᠢᠯᠠᠯ ᠵᠠᠷᠴᠢᠮ ᠳᠡᠭᠡᠷ᠎ᠡ ᠪᠠᠨ ᠥᠷᠢ ᠥᠭᠴᠡᠭᠡ ᠶᠢᠨ ᠨᠤᠷᠮ᠎ᠠ ᠶᠢ ᠥᠨᠳᠥᠷ ᠪᠣᠯᠭᠠᠬᠤ ᠲᠥᠷᠥᠯ ᠵᠦᠢᠯ ᠢ ᠬᠡᠷᠡᠭᠵᠢᠭᠦᠯᠵᠦ ᠪᠣᠯᠬᠤ ᠥᠭᠡᠢ᠃ | | ᠬᠤᠶᠠᠳᠤᠭᠠᠷ ᠪᠦᠯᠦᠭ ᠪᠡᠯᠡ ᠣᠷᠣᠭᠤᠯᠤᠯᠲᠠ ᠶᠢᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠰᠢᠰᠲ᠋ᠧᠮᠵᠢ ᠶᠢᠨ ᠪᠠᠶᠢᠭᠤᠯᠤᠯᠲᠠ | ᠶᠢᠰᠦᠳᠦᠭᠡᠷ ᠵᠦᠢᠯ ᠠᠵᠤ ᠠᠬᠤᠶᠢᠯᠠᠯ ᠪᠠᠯᠠ ᠣᠷᠣᠭᠤᠯᠤᠯᠲᠠ ᠶᠢᠨ ᠦᠷ᠎ᠡ ᠠᠰᠢᠭ ᠤᠨ ᠣᠨᠣᠯᠵᠢᠬᠤᠨ ᠪᠠ ᠲᠦᠭᠰᠢᠭᠦᠷᠢ ᠶᠢ ᠰᠡᠷᠭᠡᠶᠢᠯᠡᠬᠦ ᠦᠵᠡᠯ | ᠤᠬᠠᠮᠰᠠᠷ ᠢ ᠪᠠᠲᠤ ᠪᠣᠶ ᠪᠣᠯᠭᠠᠵᠤ᠂ ᠪᠠᠯᠠ ᠣᠷᠣᠭᠤᠯᠤᠯᠲᠠ ᠶᠢᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠠᠵᠤ ᠠᠬᠤᠶᠢᠯᠠᠯ ᠤᠨ ᠪᠥᠬᠦ ᠲᠠᠯ᠎ᠠ ᠶᠢᠨ | ᠲᠦᠭᠰᠢᠭᠦᠷᠢ ᠶᠢᠨ ᠬᠠᠮᠢᠶᠠᠷᠤᠯᠲᠠ ᠶᠢ ᠬᠡᠷᠡᠭᠵᠢᠭᠦᠯᠬᠦ᠂ ᠠᠷᠢᠭᠤᠨ ᠴᠢᠬᠡᠴᠢ ᠶᠢᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠬᠤ ᠶᠢᠨ ᠴᠢᠬᠤᠯᠠ | ᠠᠭᠤᠯᠭ᠎ᠠ ᠪᠣᠯᠭᠠᠵᠤ᠂ ᠪᠠᠯᠠ ᠣᠷᠣᠭᠤᠯᠤᠯᠲᠠ ᠶᠢᠨ ᠬᠠᠮᠢᠶᠠᠷᠤᠯᠲᠠ ᠪᠠ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠲᠦᠷᠢᠮ ᠢ ᠪᠠᠶᠢᠭᠤᠯᠤᠨ ᠪᠦᠷᠢᠨᠰᠢᠬᠦᠯᠵᠦ᠂ | ᠳᠣᠤᠷᠠᠬᠢ ᠭᠤᠤᠯ ᠠᠭᠤᠯᠭ᠎ᠠ ᠶᠢ ᠭᠤᠤᠯᠳᠠᠯᠭ᠎ᠠ ᠲᠠᠢ ᠪᠠᠭᠲᠠᠭᠠᠬᠤ ᠬᠡᠷᠡᠭᠲᠡᠶ᠄ | ︵ᠨᠢᠭᠡ︶ ᠪᠡᠯᠡ ᠣᠷᠣᠭᠤᠯᠬᠤ ᠳᠤ ᠵᠢᠷᠤᠮᠯᠠᠬᠤ ᠶᠣᠰᠣᠲᠠᠶ ᠦᠨᠳᠦᠰᠦᠨ ᠵᠠᠷᠴᠢᠮ︔ | ︵ᠬᠤᠶᠠᠷ︶ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢᠨ ᠶᠠᠪᠤᠴᠠ᠂ ᠬᠠᠮᠢᠶᠠᠷᠤᠯᠲᠠ ᠶᠢᠨ ᠰᠠᠯᠠᠭ᠎ᠠ ᠮᠥᠴᠢᠷ ᠬᠢᠭᠡᠳ ᠬᠤᠯᠪᠤᠭᠳᠠᠯ ᠪᠥᠬᠦᠢ | ᠡᠭᠦᠷᠭᠡ ᠬᠠᠷᠢᠭᠤᠴᠠᠯᠭ᠎ᠠ︔ | ︵ᠭᠤᠷᠪᠠ︶ ᠪᠡᠯᠡ ᠣᠷᠣᠭᠤᠯᠤᠯᠲᠠ ᠶᠢᠨ ᠰᠢᠢᠳᠪᠦᠷᠢᠲᠦ ᠪᠤᠳᠤᠯᠭ᠎ᠠ ᠶᠢᠨ ᠵᠢᠷᠤᠮ᠂ ᠰᠢᠢᠳᠪᠦᠷᠢᠲᠦ ᠪᠤᠳᠤᠯᠭ᠎ᠠ ᠶᠢᠨ ᠪᠠᠶᠢᠭᠤᠯᠤᠮᠵᠢ ᠵᠢᠴᠢ ᠲᠡᠭᠦᠨ ᠤ | ᠡᠭᠦᠷᠭᠡ ᠬᠠᠷᠢᠭᠤᠴᠠᠯᠭ᠎ᠠ︔ | ︵ᠲᠦᠷᠪᠡ︶ ᠪᠡᠯᠡ ᠣᠷᠣᠭᠤᠯᠤᠯᠲᠠ ᠶᠢᠨ ᠮᠡᠳᠡᠭᠡ ᠵᠠᠩᠭᠢᠵᠢᠭᠰᠠᠨ ᠬᠠᠮᠢᠶᠠᠷᠤᠯᠲᠠ ᠶᠢᠨ ᠲᠦᠷᠢᠮ︔ | ︵ᠲᠠᠪᠤ︶ ᠪᠡᠯᠡ ᠣᠷᠣᠭᠤᠯᠤᠯᠲᠠ ᠶᠢᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠳᠥᠷᠢᠮ︔ | ︵ᠵᠢᠷᠭᠤᠭ᠎ᠠ︶ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠪᠡᠶᠡᠯᠡᠭᠦᠯᠬᠦ᠂ ᠲᠤᠷᠭᠤᠨ ᠵᠣᠭᠰᠣᠭᠠᠬᠤ᠂ ᠳᠠᠭᠤᠰᠬᠠᠬᠤ ᠪᠤᠶᠤ ᠣᠬᠤᠷᠢᠵᠤ ᠭᠠᠷᠬᠤ | ᠲᠥᠷᠢᠮ︔ | ︵ᠲᠤᠯᠤᠭ᠎ᠠ︶ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠬᠤᠶᠢᠨᠠᠬᠢ ᠦᠨᠡᠯᠡᠯᠲᠡ ᠶᠢᠨ ᠲᠦᠷᠢᠮ︔ | ︵ᠨᠠᠢᠮᠠ︶ ᠲᠣᠭᠲᠠᠭᠠᠯ ᠠᠴᠠ ᠵᠥᠷᠢᠴᠡᠨ ᠪᠡᠯᠡ ᠣᠷᠣᠭᠤᠯᠤᠭᠰᠠᠨ ᠠᠴᠠ ᠬᠠᠷᠢᠭᠤᠴᠠᠯᠭ᠎ᠠ ᠨᠡᠬᠡᠮᠵᠢᠯᠡᠬᠦ ᠲᠥᠷᠢᠮ︔ | ︵ᠶᠢᠰᠦ︶ ᠬᠠᠷᠢᠶ᠎ᠠ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠠᠵᠢᠯᠯᠠᠭ᠎ᠠ ᠳᠤ ᠬᠢᠨᠠᠯᠲᠠ ᠲᠠᠯᠪᠢᠬᠤ ᠪᠠ ᠬᠠᠮᠢᠶᠠᠷᠬᠤ ᠲᠦᠷᠢᠮ︔ | ︵ᠠᠷᠪᠠ︶ ᠬᠢᠯᠢ ᠶᠢᠨ ᠭᠠᠳᠠᠨᠠᠬᠢ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠬᠦ ᠲᠦᠷᠢᠮ᠃ | ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ ᠬᠠᠮᠢᠶᠠᠷᠤᠯᠲᠠ ᠪᠠ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠳᠥᠷᠢᠮ ᠢ ᠬᠡᠷᠡᠭ ᠮᠡᠳᠡᠭᠴᠢᠳ ᠤᠨ | ᠵᠥᠪᠯᠡᠯ ︵ᠶᠡᠷᠦᠩᠬᠡᠶ ᠳᠠᠭᠠᠭᠠᠮᠠᠯ ᠤᠨ ᠠᠯᠪᠠᠨ ᠬᠤᠷᠠᠯ︶ ᠤᠨ ᠬᠠᠮᠲᠤ ᠶᠢᠨ ᠰᠢᠢᠳᠪᠦᠷᠢᠲᠦ ᠪᠣᠳᠣᠯᠭ᠎ᠠ ᠪᠠᠷ ᠪᠠᠲᠤᠯᠠᠭᠰᠠᠨ ᠤ ᠳᠠᠷᠠᠭ᠎ᠠ ᠤᠯᠤᠰ ᠤᠨ | ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ | ᠠᠷᠪᠠᠳᠤᠭᠠᠷ ᠵᠦᠢᠯ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠠᠵᠤ ᠠᠬᠤᠶᠢᠯᠠᠯ ᠤᠨ ᠪᠡᠯᠡ | ᠣᠷᠣᠭᠤᠯᠤᠯᠲᠠ ᠶᠢᠨ ᠣᠨ ᠤ ᠲᠥᠯᠥᠪᠯᠡᠭᠡ᠂ ᠤᠯᠠᠷᠢᠯ ᠬᠢᠭᠡᠳ ᠣᠨ ᠤ ᠪᠡᠯᠡ ᠣᠷᠣᠭᠤᠯᠤᠯᠲᠠ ᠶᠢ ᠪᠡᠶᠡᠯᠡᠭᠦᠯᠦᠭᠰᠡᠨ ᠪᠠᠶᠢᠳᠠᠯ᠂ ᠴᠢᠬᠤᠯᠠ ᠶᠡᠭᠡ ᠪᠡᠯᠡ | ᠣᠷᠣᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠦᠭᠰᠡᠨ ᠪᠠᠶᠢᠳᠠᠯ ᠵᠡᠷᠭᠡ ᠳᠤ ᠵᠠᠳᠠᠯᠤᠯᠲᠠ ᠬᠢᠬᠦ ᠪᠠ ᠬᠠᠮᠢᠶᠠᠷᠤᠯᠲᠠ ᠬᠢᠨ᠎ᠡ᠃ ᠠᠵᠤ ᠠᠬᠤᠶᠢᠯᠠᠯ ᠨᠢ ᠲᠣᠰ | ᠠᠷᠭ᠎ᠠ ᠶᠢᠨ ᠲᠣᠭᠲᠠᠭᠠᠯ ᠶᠣᠰᠣᠭᠠᠷ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠳᠤ ᠪᠠᠯᠠ ᠣᠷᠣᠭᠤᠯᠤᠯᠲᠠ ᠶᠢᠨ | ᠮᠡᠳᠡᠭᠡ ᠵᠠᠩᠭᠢ ᠶᠢᠨ ᠬᠠᠮᠢᠶ᠎ᠠ ᠪᠥᠬᠦᠶ ᠮᠠᠲ᠋ᠧᠷᠢᠶᠠᠯ ᠢᠶᠠᠨ ᠮᠡᠳᠡᠭᠦᠯᠦᠨ ᠬᠦᠷᠭᠡᠬᠦ ᠬᠡᠷᠡᠭᠲᠡᠢ᠃ | ᠠᠷᠪᠠᠨ ᠨᠢᠭᠡᠳᠦᠭᠡᠷ ᠵᠦᠢᠯ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠪᠠᠶᠢᠯᠳᠤᠬᠤ ᠪᠤᠳᠤᠯᠭ᠎ᠠ ᠶᠢᠨ | ᠲᠥᠯᠥᠪᠵᠢᠭᠦᠯᠭᠡ᠂ ᠡᠳ᠋ ᠤᠨ ᠶᠠᠪᠤᠳᠠᠯ ᠤᠨ ᠬᠢᠨᠠᠯᠲᠠ᠂ ᠥᠮᠴᠢᠯᠡᠯ ᠤᠨ ᠡᠷᠬᠡ ᠶᠢᠨ ᠬᠠᠮᠢᠶᠠᠷᠤᠯᠲᠠ᠂ ᠬᠢᠨᠠᠨ ᠰᠢᠯᠭᠠᠵᠤ ᠬᠤᠪᠢᠶᠠᠷᠢᠯᠠᠬᠤ ᠵᠡᠷᠭᠡ ᠬᠢᠨᠠᠨ | ᠬᠠᠮᠢᠶᠠᠷᠬᠤ ᠡᠭᠦᠷᠭᠡ ᠴᠢᠳᠠᠪᠤᠷᠢ ᠶᠢᠨ ᠨᠡᠶᠢᠯᠡᠯ ᠬᠦᠴᠦᠨ ᠢ ᠪᠠᠳᠠᠷᠠᠭᠤᠯᠤᠨ᠂ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠠᠵᠢᠯᠯᠠᠭ᠎ᠠ ᠶᠢᠨ ᠪᠥᠬᠦ | ᠶᠠᠪᠤᠴᠠ ᠳᠤ ᠪᠥᠬᠦ ᠲᠠᠯ᠎ᠠ ᠪᠠᠷ ᠬᠢᠨᠠᠯᠲᠠ ᠲᠠᠯᠪᠢᠵᠤ᠂ ᠪᠡᠯᠡ ᠣᠷᠣᠭᠤᠯᠤᠯᠲᠠ ᠶᠢᠨ ᠲᠦᠭᠰᠢᠭᠦᠷᠢ ᠶᠢ ᠴᠠᠭ ᠲᠤᠬᠠᠶ ᠳᠤᠨᠢ ᠣᠯᠵᠤ ᠮᠡᠳᠡᠨ᠂ ᠪᠡᠯᠡ | ᠣᠷᠣᠭᠤᠯᠤᠯᠲᠠ ᠶᠢᠨ ᠬᠤᠬᠢᠷᠠᠯ ᠢ ᠪᠠᠭᠠᠰᠬᠠᠬᠤ ᠬᠡᠷᠡᠭᠲᠡᠶ᠃ | ᠭᠤᠷᠪᠠᠳᠤᠭᠠᠷ ᠪᠦᠯᠦᠭ ᠪᠡᠯᠡ ᠣᠷᠣᠭᠤᠯᠤᠯᠲᠠ ᠶᠢᠨ ᠬᠡᠷᠡᠭ ᠶᠠᠪᠤᠳᠠᠯ ᠤᠨ ᠡᠮᠦᠨᠡᠬᠢ ᠬᠠᠮᠢᠶᠠᠷᠤᠯᠲᠠ | ᠠᠷᠪᠠᠨ ᠬᠤᠶᠠᠳᠤᠭᠠᠷ ᠵᠦᠢᠯ ᠠᠵᠤ ᠠᠬᠤᠶᠢᠯᠠᠯ ᠲᠣᠰ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠬᠢᠭᠡᠳ ᠲᠥᠯᠥᠪᠵᠢᠭᠦᠯᠭᠡ ᠪᠠ | ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠲᠣᠭᠲᠠᠭᠠᠭᠰᠠᠨ ᠠᠵᠢᠯ ᠤᠨ ᠡᠭᠦᠷᠭᠡ ᠶᠢᠨ ᠶᠣᠰᠣᠭᠠᠷ ᠪᠠᠯᠠ ᠣᠷᠣᠭᠤᠯᠤᠯᠲᠠ ᠶᠢᠨ | ᠣᠨ ᠤ ᠲᠥᠯᠥᠪᠯᠡᠭᠡ ᠪᠠᠨ ᠨᠠᠶᠢᠷᠠᠭᠤᠯᠤᠨ ᠲᠤᠭᠲᠠᠭᠠᠵᠤ᠂ ᠵᠢᠯ ᠪᠦᠷᠢ ᠶᠢᠨ 2 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠬᠡᠷᠡᠭ ᠮᠡᠳᠡᠭᠴᠢᠳ ᠤᠨ | ᠵᠥᠪᠯᠡᠯ ᠤᠨ ᠰᠢᠢᠳᠪᠦᠷᠢ ᠪᠤᠶᠤ ᠶᠡᠷᠦᠩᠬᠡᠶ ᠳᠠᠭᠠᠭᠠᠮᠠᠯ ᠤᠨ ᠠᠯᠪᠠᠨ ᠬᠤᠷᠠᠯ ᠤᠨ ᠲᠣᠪᠴᠢ ᠲᠡᠮᠳᠡᠭᠯᠡᠯ᠂ ᠠᠵᠤ ᠠᠬᠤᠶᠢᠯᠠᠯ ᠤᠨ ᠬᠢᠨᠠᠨ ᠵᠥᠪᠯᠡᠵᠦ ᠪᠠᠲᠤᠯᠠᠭᠰᠠᠨ | ᠪᠠᠯᠠ ᠣᠷᠣᠭᠤᠯᠤᠯᠲᠠ ᠶᠢᠨ ᠣᠨ ᠤ ᠲᠥᠯᠥᠪᠯᠡᠭᠡ ᠵᠡᠷᠭᠡ ᠬᠤᠯᠪᠤᠭᠳᠠᠯ ᠪᠥᠬᠦᠶ ᠮᠠᠲ᠋ᠧᠷᠢᠶᠠᠯ ᠢᠶᠠᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ ᠳᠤ ᠮᠡᠳᠡᠭᠦᠯᠦᠨ ᠬᠦᠷᠭᠡᠬᠦ ᠬᠡᠷᠡᠭᠲᠡᠶ᠃ ᠪᠡᠯᠡ ᠣᠷᠣᠭᠤᠯᠤᠯᠲᠠ ᠶᠢᠨ ᠲᠥᠯᠥᠪᠯᠡᠭᠡ ᠳᠤ ᠳᠣᠣᠷᠠᠬᠢ ᠠᠭᠤᠯᠭ᠎ᠠ ᠶᠢ ᠪᠠᠭᠲᠠᠭᠠᠬᠤ | ᠮᠦᠷᠲᠡᠭᠡᠨ ᠡᠳᠡᠭᠡᠷ ᠢᠶᠠᠷ ᠬᠢᠵᠠᠭᠠᠷᠯᠠᠭᠳᠠᠬᠤ ᠦᠭᠡᠢ᠄ | ︵ᠨᠢᠭᠡ︶ ᠪᠠᠯᠠ ᠣᠷᠣᠭᠤᠯᠤᠯᠲᠠ ᠶᠢᠨ ᠴᠢᠭᠯᠡᠯ ᠬᠢᠭᠡᠳ ᠶᠡᠷᠦᠩᠬᠡᠶ ᠬᠠᠷᠠᠯᠲᠠ᠂ ᠡᠭᠦᠨ ᠳᠤ ᠠᠵᠤ ᠠᠬᠤᠶᠢᠯᠠᠯ ᠤᠨ ᠬᠥᠭᠵᠢᠯᠲᠡ ᠶᠢᠨ ᠶᠠᠰᠤ ᠴᠢᠨᠠᠷ | ᠬᠢᠭᠡᠳ ᠦᠷ᠎ᠡ ᠠᠰᠢᠭ ᠤᠨ ᠳᠡᠭᠡᠭᠰᠢᠯᠡᠯᠲᠡ ᠶᠢᠨ ᠵᠢᠱᠢᠭᠰᠡᠨ ᠬᠤᠪᠢ ᠨᠡᠮᠡᠷᠢ ᠵᠡᠷᠭᠡ ᠶᠢ ᠪᠠᠭᠲᠠᠭᠠᠨ᠎ᠠ︔ | ︵ᠬᠤᠶᠠᠷ︶ ᠪᠡᠯᠡ ᠣᠷᠣᠭᠤᠯᠤᠯᠲᠠ ᠶᠢᠨ ᠬᠡᠪᠴᠢᠶ᠎ᠡ᠂ ᠪᠡᠯᠡ ᠮᠥᠩᠭᠦ ᠶᠢᠨ ᠢᠷᠡᠯᠳᠡ ᠬᠢᠭᠡᠳ ᠪᠦᠷᠢᠯᠳᠦᠯ᠂ ᠠᠵᠤ ᠠᠬᠤᠶᠢᠯᠠᠯ ᠤᠨ ᠡᠳ᠋ | ᠬᠥᠷᠥᠩᠭᠡ ᠶᠢᠨ ᠥᠷᠢᠲᠦᠯ ᠤᠨ ᠨᠤᠷᠮ᠎ᠠ ᠶᠢᠨ ᠬᠢᠷᠢ ᠬᠡᠮᠵᠢᠶ᠎ᠡ ᠵᠢᠴᠢ ᠪᠡᠯᠡ ᠣᠷᠣᠭᠤᠯᠬᠤ ᠪᠠᠷ ᠪᠠᠶᠢᠭ᠎ᠠ ᠲᠥᠷᠥᠯ ᠵᠦᠢᠯ ᠤᠨ ᠥᠷᠢᠲᠦᠯ ᠤᠨ ᠨᠤᠷᠮ᠎ᠠ ᠳᠤ | ᠦᠵᠡᠭᠦᠯᠬᠦ ᠨᠥᠯᠥᠭᠡ ᠶᠢᠨ ᠲᠤᠬᠠᠶ ᠵᠠᠳᠠᠯᠤᠯᠲᠠ᠃ | ︵ᠭᠤᠷᠪᠠ︶ ᠪᠠᠯᠠ ᠣᠷᠣᠭᠤᠯᠤᠯᠲᠠ ᠶᠢᠨ ᠪᠦᠲᠦᠴᠡ ᠶᠢᠨ ᠵᠠᠳᠠᠯᠤᠯᠲᠠ᠂ ᠡᠭᠦᠨ ᠳᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ᠂ ᠰᠲ᠋ᠣᠺ ᠤᠨ | ᠡᠷᠬᠡ ᠶᠢᠨ ᠪᠠᠯᠠ ᠣᠷᠣᠭᠤᠯᠤᠯᠲᠠ ᠶᠢᠨ ᠬᠤᠪᠢ ᠶᠢᠨ ᠵᠢᠩ᠂ ᠭᠤᠤᠯ ᠠᠵᠢᠯ ᠲᠦᠷᠦᠯ ᠪᠠ ᠭᠤᠤᠯ ᠠᠵᠢᠯ ᠲᠦᠷᠦᠯ ᠤᠨ ᠪᠤᠰᠤ ᠪᠠᠯᠠ ᠣᠷᠣᠭᠤᠯᠤᠯᠲᠠ ᠶᠢᠨ | ᠬᠤᠪᠢ ᠶᠢᠨ ᠵᠢᠩ ᠵᠡᠷᠭᠡ ᠪᠠᠭᠲᠠᠨ᠎ᠠ︔ | ︵ᠳᠥᠷᠪᠡ︶ ᠴᠢᠬᠤᠯᠠ ᠶᠡᠭᠡ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠪᠠᠶᠢᠳᠠᠯ᠂ ᠡᠭᠦᠨ ᠳᠤ ᠲᠥᠷᠥᠯ ᠵᠦᠢᠯ ᠤᠨ ᠨᠡᠷᠡᠶᠢᠳᠦᠯ᠂ ᠰᠢᠨᠵᠢ | ᠴᠢᠨᠠᠷ᠂ ᠲᠥᠷᠥᠯ ᠢᠯᠭᠠᠯ᠂ ᠠᠭᠤᠯᠭ᠎ᠠ᠂ ᠪᠠᠯᠠ ᠣᠷᠣᠭᠤᠯᠤᠯᠲᠠ ᠶᠢᠨ ᠬᠡᠮᠵᠢᠶ᠎ᠡ᠂ ᠪᠠᠯᠠ ᠮᠥᠩᠭᠦ ᠶᠢᠨ ᠢᠷᠡᠯᠲᠡ᠂ ᠬᠡᠷᠡᠭᠵᠢᠬᠦᠯᠬᠦ ᠬᠤᠭᠤᠴᠠᠭ᠎ᠠ᠂ ᠪᠠᠯᠠ | ᠣᠷᠣᠭᠤᠯᠤᠯᠲᠠ ᠶᠢᠨ ᠵᠢᠱᠢᠭᠰᠡᠨ ᠠᠰᠢᠭ ᠣᠯᠵᠠᠪᠤᠷᠢ᠂ ᠪᠡᠶᠡᠯᠡᠭᠦᠯᠦᠭᠰᠡᠨ ᠪᠠᠯᠠ ᠣᠷᠣᠭᠤᠯᠤᠯᠲᠠ ᠶᠢᠨ ᠨᠡᠶᠢᠲᠡ ᠬᠡᠮᠵᠢᠶ᠎ᠡ᠂ ᠲᠣᠰ ᠵᠢᠯ ᠤᠨ ᠲᠥᠯᠥᠪᠯᠡᠭᠰᠡᠨ | ᠪᠠᠯᠠ ᠣᠷᠣᠭᠤᠯᠤᠯᠲᠠ ᠶᠢᠨ ᠬᠡᠮᠵᠢᠶ᠎ᠡ ᠬᠢᠭᠡᠳ ᠪᠡᠶᠡᠯᠡᠭᠦᠯᠦᠭᠰᠡᠨ ᠠᠬᠢᠴᠠ ᠶᠢᠨ ᠵᠠᠭᠤᠨ ᠤ ᠬᠠᠷᠢᠴᠠᠯ ᠵᠡᠷᠭᠡ ᠪᠠᠭᠲᠠᠨ᠎ᠠ︔ | ︵ᠲᠠᠪᠤ︶ ᠲᠦᠭᠰᠢᠭᠦᠷᠢ ᠶᠢᠨ ᠵᠠᠳᠠᠯᠤᠯᠲᠠ ᠶᠢᠨ ᠮᠡᠳᠡᠭᠦᠯᠦᠯᠲᠡ ᠵᠡᠷᠭᠡ᠃ | ᠠᠷᠪᠠᠨ ᠭᠤᠷᠪᠠᠳᠤᠭᠠᠷ ᠵᠦᠢᠯ ᠠᠵᠤ ᠠᠬᠤᠶᠢᠯᠠᠯ ᠪᠡᠯᠡ ᠣᠷᠣᠭᠤᠯᠤᠯᠲᠠ ᠶᠢᠨ ᠣᠨ ᠤ ᠲᠥᠯᠥᠪᠯᠡᠭᠡ ᠶᠢ ᠴᠢᠩᠭ᠎ᠠ ᠬᠡᠷᠡᠭᠵᠢᠭᠦᠯᠵᠦ᠂ ᠣᠨᠴᠠᠭᠠᠢ | ᠪᠠᠶᠢᠳᠠᠯ ᠠᠴᠠ ᠪᠣᠯᠣᠭᠠᠳ ᠪᠡᠯᠡ ᠣᠷᠣᠭᠤᠯᠤᠯᠲᠠ ᠶᠢᠨ ᠣᠨ ᠤ ᠲᠥᠯᠥᠪᠯᠡᠭᠡ ᠳᠤ ᠦᠨᠡᠨᠬᠦ ᠲᠤᠬᠢᠷᠠᠭᠤᠯᠤᠯᠳᠠ ᠬᠢᠬᠦ ᠴᠢᠬᠤᠯᠠ ᠲᠠᠢ ᠪᠣᠯ ᠠᠵᠤ | ᠠᠬᠤᠶᠢᠯᠠᠯ ᠠᠴᠠ ᠲᠤᠬᠢᠷᠠᠭᠤᠯᠤᠯᠳᠠ ᠬᠢᠭᠰᠡᠨ ᠰᠢᠯᠲᠠᠭᠠᠨ᠂ ᠲᠤᠬᠢᠷᠠᠭᠤᠯᠤᠯᠳᠠ ᠶᠢᠨ ᠠᠭᠤᠯᠭ᠎ᠠ᠂ ᠬᠠᠮᠢᠶ᠎ᠠ ᠪᠥᠬᠦᠢ ᠬᠢᠨᠠᠨ ᠵᠥᠪᠰᠢᠶᠡᠷᠡᠭᠰᠡᠨ ᠪᠢᠴᠢᠭ | ᠮᠠᠲ᠋ᠧᠷᠢᠶᠠᠯ᠂ ᠠᠵᠤ ᠠᠬᠤᠶᠢᠯᠠᠯ ᠤᠨ ᠳᠣᠲᠣᠭᠠᠳᠤ ᠶᠢᠨ ᠰᠢᠢᠳᠪᠦᠷᠢᠲᠦ ᠪᠤᠳᠤᠯᠭ᠎ᠠ ᠶᠢᠨ ᠪᠢᠴᠢᠭ ᠮᠠᠲ᠋ᠧᠷᠢᠶᠠᠯ ᠵᠡᠷᠭᠡ ᠮᠠᠲ᠋ᠧᠷᠢᠶᠠᠯ ᠢᠶᠠᠨ ᠤᠯᠤᠰ ᠤᠨ | ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠳᠤ ᠮᠡᠳᠡᠭᠦᠯᠬᠦ ᠬᠡᠷᠡᠭᠲᠡᠶ᠃ | ᠠᠷᠪᠠᠨ ᠳᠥᠷᠪᠡᠳᠦᠭᠡᠷ ᠵᠦᠢᠯ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠵᠤ ᠠᠬᠤᠢᠯᠠᠯ ᠤᠨ ᠪᠡᠯᠡ | ᠣᠷᠣᠭᠤᠯᠤᠯᠲᠠ ᠶᠢᠨ ᠣᠨ ᠤ ᠲᠥᠯᠥᠪᠯᠡᠭᠡ ᠶᠢ ᠳᠠᠩᠰᠠᠯᠠᠨ ᠬᠠᠮᠢᠶᠠᠷᠴᠤ᠂ ᠪᠡᠯᠡ ᠣᠷᠣᠭᠤᠯᠤᠯᠲᠠ ᠶᠢᠨ ᠣᠨ ᠤ ᠲᠥᠯᠥᠪᠯᠡᠭᠡ ᠳᠤ ᠣᠷᠣᠭᠤᠯᠤᠭᠰᠠᠨ ᠲᠦᠷᠦᠯ | ᠵᠦᠢᠯ ᠢ ᠲᠥᠷᠥᠯ ᠬᠤᠪᠢᠶᠠᠨ ᠬᠠᠮᠢᠶᠠᠷᠤᠨ᠎ᠠ᠃ ᠡᠭᠦᠨ ᠳᠤ᠄ ᠪᠠᠯᠠ ᠣᠷᠣᠭᠤᠯᠤᠯᠲᠠ ᠶᠢᠨ ᠣᠨ ᠤ ᠲᠥᠯᠥᠪᠯᠡᠭᠡ ᠳᠤ ᠵᠢᠭᠰᠠᠭᠠᠨ ᠣᠷᠣᠭᠤᠯᠤᠭᠰᠠᠨ ᠴᠢᠬᠤᠯᠠ | ᠶᠡᠭᠡ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠬᠠᠷᠭᠤᠭᠤᠯᠤᠨ ᠬᠠᠮᠢᠶᠠᠷᠴᠤ᠂ ᠪᠤᠰᠤᠳ ᠲᠥᠷᠥᠯ ᠵᠦᠢᠯ ᠢ ᠳᠡᠩᠰᠡᠯᠡᠨ ᠬᠠᠮᠢᠶᠠᠷᠤᠨ᠎ᠠ᠃ | ᠠᠷᠪᠠᠨ ᠲᠠᠪᠤᠳᠤᠭᠠᠷ ᠵᠦᠢᠯ ᠠᠵᠤ ᠠᠬᠤᠶᠢᠯᠠᠯ ᠤᠨ ᠴᠢᠬᠤᠯᠠ ᠶᠡᠭᠡ ᠪᠡᠯᠡ ᠣᠷᠣᠭᠤᠯᠤᠯᠲᠠ ᠶᠢᠨ ᠲᠦᠷᠦᠯ ᠵᠦᠢᠯ ᠨᠢ ᠳᠣᠲᠣᠭᠠᠳᠤ ᠶᠢᠨ | ᠰᠢᠢᠳᠪᠦᠷᠢᠲᠦ ᠪᠤᠳᠤᠯᠭ᠎ᠠ ᠲᠣᠭᠲᠠᠭᠠᠬᠤ ᠵᠢᠷᠤᠮ ᠢ ᠭᠦᠢᠴᠡᠳᠬᠡᠭᠰᠡᠨ ᠤ ᠲᠠᠷᠠᠭ᠎ᠠ᠂ ᠬᠡᠷᠡᠭᠵᠢᠭᠦᠯᠬᠦ ᠠᠴᠠ ᠪᠠᠨ ᠡᠮᠦᠨ᠎ᠡ ᠤᠯᠤᠰ ᠤᠨ ᠥᠮᠴᠢᠯᠡᠯ ᠤᠨ ᠡᠳ᠋ | ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠳᠤ ᠳᠣᠣᠷᠠᠬᠢ ᠮᠠᠲ᠋ᠧᠷᠢᠶᠠᠯ ᠤᠳ ᠢ ᠮᠡᠳᠡᠭᠦᠯᠦᠨ ᠬᠦᠷᠭᠡᠬᠦ ᠬᠡᠷᠡᠭᠲᠡᠶ᠄ | ︵ᠨᠢᠭᠡ︶ ᠬᠢᠨᠠᠨ ᠬᠠᠷᠭᠤᠭᠤᠯᠤᠯᠲᠠ ᠶᠢᠨ ᠵᠢᠭᠠᠪᠤᠷᠢ ᠠᠪᠬᠤ ᠪᠢᠴᠢᠭ ᠮᠠᠲ᠋ᠧᠷᠢᠶᠠᠯ ︔ | ︵ᠬᠤᠶᠠᠷ︶ ᠠᠵᠤ ᠠᠬᠤᠶᠢᠯᠠᠯ ᠤᠨ ᠳᠣᠲᠣᠭᠠᠳᠤ ᠶᠢᠨ ᠰᠢᠢᠳᠪᠦᠷᠢᠲᠦ ᠪᠤᠳᠤᠯᠭ᠎ᠠ ᠶᠢᠨ ᠪᠢᠴᠢᠭ ᠮᠠᠲ᠋ᠧᠷᠢᠶᠠᠯ ︵ᠬᠡᠷᠡᠭ ᠮᠡᠳᠡᠭᠴᠢᠳ ᠤᠨ ᠵᠥᠪᠯᠡᠯ ᠤᠨ | ᠰᠢᠢᠳᠪᠦᠷᠢ ᠪᠤᠶᠤ ᠶᠡᠷᠦᠩᠬᠡᠶ ᠲᠠᠭᠠᠭᠠᠮᠠᠯ ᠤᠨ ᠠᠯᠪᠠᠨ ᠬᠤᠷᠠᠯ ᠤᠨ ᠲᠣᠪᠴᠢ ᠲᠡᠮᠳᠡᠭᠯᠡᠯ︶︔ | ︵ᠭᠤᠷᠪᠠ︶ ᠲᠦᠷᠦᠯ ᠵᠦᠢᠯ ᠤᠨ ᠪᠣᠯᠤᠮᠵᠢ ᠶᠢᠨ ᠰᠤᠳᠤᠯᠭᠠᠨ ᠤ ᠮᠡᠳᠡᠭᠦᠯᠦᠯᠲᠡ︔ | ︵ᠳᠥᠷᠪᠡ︶ ᠪᠠᠯᠠ ᠣᠷᠣᠭᠤᠯᠬᠤ ᠪᠠᠷ ᠪᠠᠶᠢᠭ᠎ᠠ ᠲᠥᠷᠥᠯ ᠵᠦᠢᠯ ᠤᠨ ᠪᠠᠶᠢᠳᠠᠯ᠂ ᠡᠭᠦᠨ ᠳᠤ ᠲᠥᠷᠥᠯ ᠵᠦᠢᠯ ᠤᠨ ᠦᠨᠳᠦᠰᠦᠨ ᠪᠠᠶᠢᠳᠠᠯ᠂ ᠲᠥᠷᠥᠯ | ᠵᠦᠢᠯ ᠤᠨ ᠪᠠᠯᠠ ᠮᠥᠩᠭᠦ ᠶᠢᠨ ᠢᠷᠡᠯᠲᠡ᠂ ᠲᠣᠰ ᠪᠠᠯᠠ ᠣᠷᠣᠭᠤᠯᠤᠯᠲᠠ ᠶᠢᠨ ᠠᠵᠤ ᠠᠬᠤᠶᠢᠯᠠᠯ ᠤᠨ ᠡᠳ᠋ ᠬᠥᠷᠥᠩᠭᠡ ᠶᠢᠨ ᠥᠷᠢᠲᠦᠯ ᠤᠨ ᠬᠡᠪᠴᠢᠶ᠎ᠡ ᠵᠢᠴᠢ | ᠡᠳ᠋ ᠬᠥᠷᠥᠩᠭᠡ ᠶᠢᠨ ᠥᠷᠢᠲᠦᠯ ᠤᠨ ᠨᠣᠷᠮ᠎ᠠ ᠳᠤ ᠦᠵᠡᠭᠦᠯᠬᠦ ᠨᠥᠯᠥᠭᠡ ᠶᠢᠨ ᠪᠠᠶᠢᠳᠠᠯ ᠤᠨ ᠵᠠᠳᠠᠯᠤᠯᠲᠠ᠂ ᠪᠠᠯᠠ ᠣᠷᠣᠭᠤᠯᠤᠯᠲᠠ ᠶᠢᠨ ᠲᠦᠭᠰᠢᠭᠦᠷᠢ ᠶᠢ | ᠦᠨᠡᠯᠡᠨ ᠵᠢᠱᠢᠬᠦ ᠵᠢᠴᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠡᠷᠭᠡ ᠠᠭᠤᠯᠭ᠎ᠠ ᠶᠢ ᠪᠠᠭᠲᠠᠭᠠᠬᠤ ᠮᠦᠷᠲᠡᠭᠡᠨ ᠡᠳᠡᠭᠡᠷ ᠢᠶᠠᠷ ᠬᠢᠵᠠᠭᠠᠷᠯᠠᠭᠳᠠᠬᠤ ᠦᠭᠡᠢ︔ | ︵ᠲᠠᠪᠤ︶ ᠬᠠᠤᠯᠢ ᠴᠠᠭᠠᠵᠠ ᠶᠢᠨ ᠰᠠᠨᠠᠯ ᠤᠨ ᠪᠢᠴᠢᠭ︔ | ︵ᠵᠢᠷᠭᠤᠭ᠎ᠠ︶ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ ᠶᠢᠨ ᠲᠦᠷᠦᠯ ᠵᠦᠢᠯ ᠳᠤ ᠬᠤᠯᠪᠣᠭᠳᠠᠭᠰᠠᠨ ᠬᠠᠷᠢᠭᠤᠴᠠᠯᠭ᠎ᠠ ᠪᠠᠨ ᠭᠦᠢᠴᠡᠳᠬᠡᠭᠰᠡᠨ | ᠪᠠᠶᠢᠴᠠᠭᠠᠯᠲᠠ ᠶᠢᠨ ᠮᠡᠳᠡᠭᠦᠯᠦᠯᠲᠡ᠂ ᠤᠢᠢᠷ᠎ᠠ ᠶᠢᠨ ᠨᠢᠭᠡ ᠬᠤᠭᠤᠴᠠᠭᠠᠨ ᠤ ᠡᠳ᠋ ᠤᠨ ᠶᠠᠪᠤᠳᠠᠯ ᠤᠨ ᠬᠢᠨᠠᠨ ᠪᠤᠳᠤᠯᠳᠠ ᠶᠢᠨ ᠮᠡᠳᠡᠭᠦᠯᠦᠯᠲᠡ᠂ ᠡᠳ᠋ | ᠬᠦᠷᠦᠩᠭᠡ ᠶᠢ ᠦᠨᠡᠯᠡᠨ ᠵᠢᠱᠢᠭᠰᠡᠨ ᠮᠡᠳᠡᠭᠦᠯᠦᠯᠲᠡ ᠵᠡᠷᠭᠡ︔ | ︵ᠲᠤᠯᠤᠭ᠎ᠠ︶ ᠬᠠᠮᠢᠶ᠎ᠠ ᠪᠦᠬᠦᠢ ᠭᠡᠷ᠎ᠡ᠂ ᠬᠡᠯᠡᠯᠴᠡᠭᠡᠷ ︵ᠲᠥᠰᠦᠯ︶︔ | ︵ᠨᠠᠢᠮᠠ︶ ᠴᠢᠬᠤᠯᠠ ᠪᠦᠬᠦᠢ ᠪᠤᠰᠤᠳ ᠮᠠᠲ᠋ᠧᠷᠢᠶᠠᠯ ᠤᠳ᠃ | ᠠᠷᠪᠠᠨ ᠵᠢᠷᠭᠤᠳᠤᠭᠠᠷ ᠵᠦᠢᠯ ᠠᠵᠤ ᠠᠬᠤᠶᠢᠯᠠᠯ ᠳᠣᠣᠷᠠᠬᠢ ᠴᠢᠬᠤᠯᠠ ᠶᠡᠭᠡ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠬᠦ ᠳᠤ᠂ | ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠵᠢᠷᠤᠮ ᠶᠣᠰᠣᠭᠠᠷ ᠬᠢᠨᠠᠨ ᠬᠠᠷᠭᠤᠭᠤᠯᠵᠤ ᠵᠥᠪᠰᠢᠶᠡᠷᠡᠭᠰᠡᠨ ᠤ | ᠲᠠᠷᠠᠭ᠎ᠠ ᠰᠠᠶ᠋ᠢ ᠬᠡᠷᠡᠭᠵᠢᠭᠦᠯᠵᠦ ᠪᠣᠯᠤᠨ᠎ᠠ᠄ | ︵ᠨᠢᠭᠡ︶ ᠪᠦᠬᠦ ᠬᠦᠷᠦᠩᠭᠡ ᠶᠢᠨ ᠪᠡᠯᠡ ᠣᠷᠤᠭᠤᠯᠤᠭᠰᠠᠨ ᠪᠠ ᠬᠤᠪᠢ ᠡᠵᠡᠮᠳᠡᠭᠰᠡᠨ ᠬᠤᠶᠠᠳᠤᠭᠠᠷ ᠳᠡᠰ ᠤᠨ ᠠᠵᠤ ᠠᠬᠤᠶᠢᠯᠠᠯ ᠢ ᠪᠠᠶᠢᠭᠤᠯᠬᠤ︔ | ︵ᠬᠤᠶᠠᠷ︶ ᠬᠢᠯᠢ ᠶᠢᠨ ᠳᠣᠲᠣᠷᠠᠬᠢ ᠭᠤᠤᠯ ᠠᠵᠢᠯ ᠲᠦᠷᠦᠯ ᠤᠨ ᠭᠠᠭᠴᠠ ᠵᠦᠢᠯ ᠤᠨ ᠪᠠᠯᠠ ᠣᠷᠣᠭᠤᠯᠤᠯᠲᠠ ᠶᠢᠨ ᠬᠡᠮᠵᠢᠶ᠎ᠡ ᠨᠢ 5000 ᠲᠦᠮᠡᠨ | ᠲᠥᠭᠦᠷᠢᠭ ︵ᠪᠠᠭᠲᠠᠨ᠎ᠠ︶ ᠠᠴᠠ ᠳᠡᠭᠡᠭᠰᠢ᠂ 1 ᠳ᠋ᠦᠩᠰᠢᠭᠤᠷ ᠲᠥᠭᠦᠷᠢᠭ ᠠᠴᠠ ᠳᠣᠷᠣᠭᠰᠢᠬᠢ ᠪᠠᠯᠠ ᠣᠷᠣᠭᠤᠯᠤᠯᠲᠠ ᠶᠢᠨ ᠲᠥᠷᠥᠯ ᠵᠦᠢᠯ︔ | ︵ᠭᠤᠷᠪᠠ︶ ᠬᠢᠯᠢ ᠶᠢᠨ ᠳᠣᠲᠣᠷᠠᠬᠢ ᠭᠤᠤᠯ ᠠᠵᠢᠯ ᠲᠦᠷᠦᠯ ᠤᠨ ᠪᠤᠰᠤ ᠭᠠᠭᠴᠠ ᠵᠦᠢᠯ ᠤᠨ ᠪᠠᠯᠠ ᠣᠷᠣᠭᠤᠯᠤᠯᠲᠠ ᠶᠢᠨ ᠬᠡᠮᠵᠢᠶ᠎ᠡ ᠨᠢ 5000 | ᠲᠦᠮᠡᠨ ᠲᠥᠭᠦᠷᠢᠭ ︵ᠪᠠᠭᠲᠠᠨ᠎ᠠ︶ ᠠᠴᠠ ᠳᠣᠷᠣᠭᠰᠢᠬᠢ ᠪᠠᠯᠠ ᠣᠷᠣᠭᠤᠯᠤᠯᠲᠠ ᠶᠢᠨ ᠲᠥᠷᠥᠯ ᠵᠦᠢᠯ᠃ | ᠠᠷᠪᠠᠨ ᠳᠣᠯᠣᠳᠤᠭᠠᠷ ᠵᠦᠢᠯ ᠠᠵᠤ ᠠᠬᠤᠶᠢᠯᠠᠯ ᠳᠣᠣᠷᠠᠬᠢ ᠴᠢᠬᠤᠯᠠ ᠶᠡᠭᠡ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠬᠦ ᠳᠤ᠂ | ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠬᠤᠳᠠ ᠶᠢᠨ ᠵᠠᠰᠠᠭ ᠤᠨ ᠣᠷᠳᠤᠨ ᠳᠤ ᠮᠡᠳᠡᠭᠦᠯᠵᠦ ᠬᠢᠨᠠᠨ | ᠵᠥᠪᠰᠢᠶᠡᠷᠡᠭᠦᠯᠦᠭᠰᠡᠨ ᠤ ᠲᠠᠷᠠᠭ᠎ᠠ ᠰᠠᠶ᠋ᠢ ᠬᠡᠷᠡᠭᠵᠢᠭᠦᠯᠵᠦ ᠪᠣᠯᠤᠨ᠎ᠠ᠄ | ︵ᠨᠢᠭᠡ︶ ᠬᠢᠯᠢ ᠶᠢᠨ ᠭᠠᠳᠠᠨᠠᠬᠢ ᠪᠡᠯᠡ ᠣᠷᠣᠭᠤᠯᠤᠯᠲᠠ ᠶᠢᠨ ᠲᠥᠷᠥᠯ ᠵᠦᠢᠯ︔ | ︵ᠬᠤᠶᠠᠷ︶ ᠬᠢᠯᠢ ᠶᠢᠨ ᠳᠣᠲᠣᠷᠠᠬᠢ ᠭᠤᠣᠯ ᠠᠵᠢᠯ ᠲᠦᠷᠦᠯ ᠤᠨ ᠭᠠᠭᠴᠠ ᠵᠦᠢᠯ ᠤᠨ ᠪᠡᠯᠡ ᠣᠷᠣᠭᠤᠯᠤᠯᠲᠠ ᠶᠢᠨ ᠬᠡᠮᠵᠢᠶ᠎ᠡ ᠨᠢ 1 ᠳ᠋ᠦᠩᠰᠢᠭᠤᠷ | ᠲᠥᠭᠦᠷᠢᠭ ︵ᠪᠠᠭᠲᠠᠨ᠎ᠠ︶ ᠠᠴᠠ ᠳᠡᠭᠡᠭᠰᠢᠬᠢ ᠪᠡᠯᠡ ᠣᠷᠣᠭᠤᠯᠤᠯᠲᠠ ᠶᠢᠨ ᠲᠥᠷᠥᠯ ᠵᠦᠢᠯ︔ | ︵ᠭᠤᠷᠪᠠ︶ ᠬᠢᠯᠢ ᠶᠢᠨ ᠳᠣᠲᠣᠷᠠᠬᠢ ᠭᠤᠣᠯ ᠠᠵᠢᠯ ᠲᠦᠷᠦᠯ ᠤᠨ ᠪᠣᠰᠤ ᠭᠠᠭᠴᠠ ᠵᠦᠢᠯ ᠤᠨ ᠪᠡᠯᠡ ᠣᠷᠣᠭᠤᠯᠤᠯᠲᠠ ᠶᠢᠨ ᠬᠡᠮᠵᠢᠶ᠎ᠡ ᠨᠢ 5000 | ᠲᠦᠮᠡᠨ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠶᠢᠨ ᠲᠥᠷᠥᠯ ᠵᠦᠢᠯ᠃ | ᠠᠷᠪᠠᠨ ᠨᠠᠢᠮᠠᠳᠤᠭᠠᠷ ᠵᠦᠢᠯ ᠠᠵᠤ ᠠᠬᠤᠶᠢᠯᠠᠯ ᠤᠨ ᠬᠡᠷᠡᠭᠵᠢᠭᠦᠯᠵᠦ ᠪᠠᠶᠢᠭ᠎ᠠ ᠬᠢᠯᠢ ᠶᠢᠨ ᠳᠣᠲᠣᠷᠠᠬᠢ ᠭᠤᠣᠯ ᠠᠵᠢᠯ ᠲᠦᠷᠦᠯ ᠤᠨ ᠭᠠᠭᠴᠠ ᠵᠦᠢᠯ ᠤᠨ | ᠪᠡᠯᠡ ᠣᠷᠣᠭᠤᠯᠤᠯᠲᠠ ᠶᠢᠨ ᠬᠡᠮᠵᠢᠶ᠎ᠡ ᠨᠢ 5000 ᠲᠦᠮᠡᠨ ᠲᠥᠭᠦᠷᠢᠭ ᠠᠴᠠ ᠳᠣᠷᠣᠭᠰᠢᠬᠢ ᠪᠡᠯᠡ ᠣᠷᠣᠭᠤᠯᠤᠯᠲᠠ ᠶᠢᠨ ᠲᠥᠷᠥᠯ ᠵᠦᠢᠯ ᠬᠢᠭᠡᠳ ᠲᠤᠰ | ᠠᠷᠭ᠎ᠠ ᠶᠢᠨ ᠠᠷᠪᠠᠨ ᠵᠢᠷᠭᠤᠳᠤᠭᠠᠷ ᠵᠦᠢᠯ᠂ ᠠᠷᠪᠠᠨ ᠳᠣᠯᠣᠳᠤᠭᠠᠷ ᠵᠦᠢᠯ ᠤᠨ ᠲᠣᠭᠲᠠᠭᠠᠯ ᠠᠴᠠ ᠭᠠᠳᠠᠨᠠᠬᠢ ᠪᠡᠯᠡ ᠣᠷᠣᠭᠤᠯᠤᠯᠲᠠ ᠶᠢᠨ ᠲᠥᠷᠥᠯ ᠵᠦᠢᠯ ᠢ | ᠠᠵᠤ ᠠᠬᠤᠶᠢᠯᠠᠯ ᠠᠴᠠ ᠲᠣᠭᠲᠠᠭᠠᠯ ᠶᠣᠰᠣᠭᠠᠷ ᠳᠣᠲᠣᠭᠠᠳᠤ ᠶᠢᠨ ᠰᠢᠢᠳᠪᠦᠷᠢᠲᠦ ᠪᠤᠳᠤᠯᠭ᠎ᠠ ᠲᠤᠭᠲᠠᠭᠠᠬᠤ ᠲᠡᠰ ᠳᠠᠷᠠᠭᠠᠯᠠᠯ ᠢ ᠭᠦᠢᠴᠡᠳᠬᠡᠭᠰᠡᠨ ᠤ ᠲᠠᠷᠠᠭ᠎ᠠ | ᠬᠡᠷᠡᠭᠵᠢᠭᠦᠯᠦᠨ᠎ᠡ᠃ | ᠠᠷᠪᠠ ᠶᠢᠰᠦᠳᠦᠭᠡᠷ ᠵᠦᠢᠯ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠨᠢ ᠬᠤᠯᠪᠤᠭᠳᠠᠯ ᠪᠥᠬᠦᠢ ᠬᠠᠤᠯᠢ | ᠴᠠᠭᠠᠵᠠ ᠬᠠᠤᠯᠢ ᠲᠣᠭᠲᠠᠭᠠᠯ ᠪᠣᠯᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠭᠠᠯ ᠢ ᠦᠨᠳᠦᠰᠦᠯᠡᠨ᠂ | ᠬᠢᠨᠠᠨ ᠬᠠᠷᠭᠤᠭᠤᠯᠬᠤ ᠬᠠᠮᠢᠶᠠᠷᠤᠯᠲᠠ ᠳᠤ ᠵᠢᠭᠰᠠᠭᠠᠨ ᠣᠷᠣᠭᠤᠯᠤᠭᠰᠠᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠪᠡᠯᠡ ᠣᠷᠣᠭᠤᠯᠤᠯᠲᠠ ᠶᠢᠨ | ᠲᠥᠷᠥᠯ ᠵᠦᠢᠯ ᠢ ᠬᠡᠷᠡᠭᠵᠢᠭᠦᠯᠬᠦ ᠶᠢᠨ ᠴᠢᠬᠤᠯᠠ ᠴᠢᠨᠠᠷ᠂ ᠠᠵᠤ ᠠᠬᠤᠶᠢᠯᠠᠯ ᠤᠨ ᠡᠵᠡᠩᠨᠡᠯᠲᠡ ᠬᠥᠭᠵᠢᠯᠲᠡ ᠶᠢ ᠨᠥᠯᠥᠭᠡᠯᠡᠬᠦ ᠬᠡᠮᠵᠢᠶ᠎ᠡ᠂ ᠠᠵᠤ ᠠᠬᠤᠶᠢᠯᠠᠯ ᠤᠨ | ᠪᠡᠯᠡ ᠣᠷᠣᠭᠤᠯᠤᠯᠲᠠ ᠶᠢᠨ ᠲᠦᠭᠰᠢᠭᠦᠷᠢ ᠶᠢ ᠳᠠᠭᠠᠭᠠᠬᠤ ᠴᠢᠳᠠᠪᠤᠷᠢ ᠵᠡᠷᠭᠡ ᠲᠠᠯ᠎ᠠ ᠠᠴᠠ ᠬᠢᠨᠠᠨ ᠬᠠᠷᠭᠤᠭᠤᠯᠵᠤ᠂ ᠴᠢᠬᠤᠯᠠ ᠲᠠᠢ ᠦᠶ᠎ᠡ ᠳᠤ ᠭᠤᠷᠪᠠᠳᠠᠬᠢ | ᠡᠳᠡᠭᠡᠳ ᠤᠨ ᠵᠠᠭᠤᠴᠢ ᠪᠠᠶᠢᠭᠤᠯᠤᠮᠵᠢ ᠳᠤ ᠨᠠᠶᠢᠳᠠᠵᠤ ᠪᠡᠯᠡ ᠣᠷᠣᠭᠤᠯᠤᠯᠲᠠ ᠶᠢᠨ ᠲᠥᠷᠥᠯ ᠵᠦᠢᠯ ᠳᠤ ᠨᠤᠲᠠᠯᠠᠯᠲᠠ ᠬᠢᠯᠭᠡᠵᠦ ᠪᠣᠯᠤᠨ᠎ᠠ᠃ | ᠳᠥᠷᠪᠡᠳᠦᠭᠡᠷ ᠪᠦᠯᠦᠭ ᠪᠡᠯᠡ ᠣᠷᠣᠭᠤᠯᠤᠯᠲᠠ ᠶᠢᠨ ᠬᠡᠷᠡᠭ ᠶᠠᠪᠤᠳᠠᠯ ᠤᠨ ᠳᠤᠮᠳᠠᠬᠢ ᠬᠠᠮᠢᠶᠠᠷᠤᠯᠲᠠ | ᠬᠤᠷᠢᠳᠤᠭᠠᠷ ᠵᠦᠢᠯ ᠠᠵᠤ ᠠᠬᠤᠶᠢᠯᠠᠯ ᠡᠵᠡᠩᠨᠡᠯᠲᠡ ᠶᠢᠨ ᠳᠤᠮᠳᠠᠬᠢ ᠪᠡᠯᠡ ᠣᠷᠣᠭᠤᠯᠤᠯᠲᠠ ᠵᠢᠨᠲ᠋ᠥ᠋ᠷᠥᠯ ᠵᠦᠢᠯ ᠳᠤ ᠲᠣᠭᠲᠠᠮᠠᠯ ᠬᠤᠭᠤᠴᠠᠭ᠎ᠠ ᠲᠠᠢ ᠪᠠᠷ | ᠮᠥᠷᠳᠡᠨ ᠵᠠᠳᠠᠯᠤᠯᠲᠠ ᠬᠢᠵᠦ᠂ ᠭᠠᠳᠠᠭᠠᠳᠤ ᠣᠷᠴᠢᠨ ᠤ ᠬᠤᠪᠢᠷᠠᠯᠲᠠ ᠪᠣᠯᠤᠨ ᠲᠥᠷᠥᠯ ᠵᠦᠢᠯ ᠤᠨ ᠲᠤᠰ ᠪᠡᠶ᠎ᠡ ᠶᠢᠨ ᠪᠠᠶᠢᠳᠠᠯ ᠢ ᠦᠨᠳᠦᠰᠦᠯᠡᠨ᠂ ᠴᠠᠭ | ᠲᠤᠬᠠᠶ ᠳᠤᠨᠢ ᠲᠠᠬᠢᠨ ᠰᠢᠢᠳᠪᠦᠷᠢᠲᠦ ᠪᠤᠳᠤᠯᠭ᠎ᠠ ᠲᠣᠭᠲᠠᠭᠠᠬᠤ ᠬᠡᠷᠡᠭᠲᠡᠶ᠃ ᠴᠢᠬᠤᠯᠠ ᠶᠡᠭᠡ ᠪᠠᠯᠠ ᠣᠷᠣᠭᠤᠯᠤᠯᠲᠠ ᠶᠢᠨ ᠲᠥᠷᠥᠯ ᠵᠦᠢᠯ ᠳᠤ᠂ ᠪᠠᠰᠠ | ᠬᠡᠷᠡᠭᠴᠡᠭᠡ ᠪᠠᠨ ᠦᠨᠳᠦᠰᠦᠯᠡᠨ ᠳᠠᠬᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠠᠴᠠ ᠪᠠᠨ ᠡᠮᠦᠨ᠎ᠡ ᠳᠤᠮᠳᠠ ᠬᠤᠭᠤᠴᠠᠭᠠᠨ ᠤ ᠦᠨᠡᠯᠡᠨ ᠵᠢᠱᠢᠯᠲᠡ ᠬᠢᠬᠦ | ᠬᠡᠷᠡᠭᠲᠡᠶ︔ ᠪᠡᠯᠡ ᠣᠷᠣᠭᠤᠯᠤᠯᠲᠠ ᠶᠢᠨ ᠲᠦᠷᠦᠯ ᠵᠦᠢᠯ ᠤᠨ ᠪᠡᠶᠡᠯᠡᠭᠳᠡᠬᠦ ᠶᠢ ᠨᠥᠯᠥᠭᠡᠯᠡᠬᠦ ᠲᠣᠮᠤ ᠶᠡᠭᠡ ᠠᠰᠢᠭ ᠦᠭᠡᠢ ᠬᠤᠪᠢᠷᠠᠯᠲᠠ ᠭᠠᠷᠤᠭᠰᠠᠨ ᠦᠶ᠎ᠡ ᠳᠤ᠂ | ᠲᠤᠷᠭᠤᠨ ᠵᠣᠭᠰᠣᠭᠠᠬᠤ᠂ ᠳᠠᠭᠤᠰᠬᠠᠬᠤ ᠪᠤᠶᠤ ᠤᠬᠤᠷᠢᠨ ᠭᠠᠷᠬᠤ ᠲᠣᠭᠲᠠᠴᠠ ᠶᠢ ᠡᠬᠢᠯᠡᠭᠦᠯᠬᠦ ᠬᠡᠷᠡᠭᠲᠡᠶ᠃ | ᠬᠤᠷᠢᠨ ᠨᠢᠭᠡᠳᠦᠭᠡᠷ ᠵᠦᠢᠯ ᠠᠵᠤ ᠠᠬᠤᠶᠢᠯᠠᠯ ᠠᠴᠠ ᠤᠯᠠᠷᠢᠯ ᠪᠦᠷᠢ ᠶᠢᠨ ᠳᠠᠭᠤᠰᠤᠭᠰᠠᠨ ᠤ ᠲᠠᠷᠠᠭ᠎ᠠ ᠰᠠᠷ᠎ᠠ ᠶᠢᠨ 10 ᠤ ᠡᠳᠦᠷ ᠠᠴᠠ ᠡᠮᠦᠨ᠎ᠡ | ᠤᠯᠠᠷᠢᠯ ᠤᠨ ᠪᠡᠯᠡ ᠣᠷᠣᠭᠤᠯᠤᠯᠲᠠ ᠶᠢ ᠪᠡᠶᠡᠯᠡᠭᠦᠯᠦᠭᠰᠡᠨ ᠪᠠᠶᠢᠳᠠᠯ ᠤᠨ ᠲᠤᠬᠠᠶ ᠬᠠᠮᠢᠶ᠎ᠠ ᠪᠦᠬᠦᠢ ᠮᠠᠲ᠋ᠧᠷᠢᠶᠠᠯ ᠢᠶᠠᠨ ᠵᠢᠩᠬᠢᠨᠢ ᠪᠢᠴᠢᠭ ᠮᠠᠲ᠋ᠧᠷᠢᠶᠠᠯ ᠢᠶᠠᠷ | ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠳᠤ ᠮᠡᠳᠡᠭᠦᠯᠬᠦ ᠬᠡᠷᠡᠭᠲᠡᠶ᠃ | ᠬᠤᠷᠢᠨ ᠬᠤᠶᠠᠳᠤᠭᠠᠷ ᠵᠦᠢᠯ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠠᠵᠤ ᠠᠬᠤᠶᠢᠯᠠᠯ ᠤᠨ | ᠬᠡᠷᠡᠭᠵᠢᠬᠦᠯᠵᠦ ᠪᠠᠶᠢᠭ᠎ᠠ ᠴᠢᠬᠤᠯᠠ ᠶᠡᠭᠡ ᠪᠡᠯᠡ ᠣᠷᠣᠭᠤᠯᠤᠯᠲᠠ ᠶᠢᠨ ᠲᠥᠷᠥᠯ ᠵᠦᠢᠯ ᠳᠤ ᠲᠠᠰᠢᠷᠠᠮ ᠢᠶᠠᠷ ᠬᠢᠨᠠᠯᠲᠠ ᠲᠠᠯᠪᠢᠨ ᠪᠠᠶᠢᠴᠠᠭᠠᠯᠲᠠ ᠬᠢᠵᠦ᠂ ᠲᠥᠷᠥᠯ | ᠵᠦᠢᠯ ᠤᠨ ᠰᠢᠢᠳᠪᠦᠷᠢᠲᠦ ᠪᠤᠳᠤᠯᠭ᠎ᠠ᠂ ᠬᠡᠷᠡᠭᠵᠢᠭᠦᠯᠵᠦ ᠪᠠᠶᠢᠭ᠎ᠠ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠵᠤ᠂ ᠣᠯᠵᠤ ᠮᠡᠳᠡᠭᠰᠡᠨ ᠠᠰᠠᠭᠤᠳᠠᠯ ᠢᠶᠠᠨ ᠠᠵᠤ | ᠠᠬᠤᠶᠢᠯᠠᠯ ᠳᠤ ᠰᠠᠨᠠᠭᠤᠯᠬᠤ ᠬᠡᠷᠡᠭᠲᠡᠶ᠃ | ᠲᠠᠪᠤᠳᠤᠭᠠᠷ ᠪᠦᠯᠦᠭ ᠪᠡᠯᠡ ᠣᠷᠣᠭᠤᠯᠤᠯᠲᠠ ᠶᠢᠨ ᠬᠡᠷᠡᠭ ᠶᠠᠪᠤᠳᠠᠯ ᠤᠨ ᠳᠠᠷᠠᠭᠠᠬᠢ ᠬᠠᠮᠢᠶᠠᠷᠤᠯᠲᠠ | ᠬᠤᠷᠢᠨ ᠭᠤᠷᠪᠠᠳᠤᠭᠠᠷ ᠵᠦᠢᠯ ᠠᠵᠤ ᠠᠬᠤᠶᠢᠯᠠᠯ ᠠᠴᠠ ᠣᠨ ᠤ ᠪᠡᠯᠡ ᠣᠷᠣᠭᠤᠯᠤᠯᠲᠠ ᠪᠠᠨ ᠪᠡᠶᠡᠯᠡᠭᠦᠯᠦᠭᠰᠡᠨ ᠪᠠᠶᠢᠳᠠᠯ ᠤᠨ ᠮᠡᠳᠡᠭᠦᠯᠦᠯᠲᠡ ᠪᠠᠨ | ᠨᠠᠶᠢᠷᠠᠭᠤᠯᠤᠨ ᠲᠤᠭᠲᠠᠭᠠᠬᠤ ᠶᠢᠨ ᠬᠠᠮᠲᠤ ᠲᠠᠷᠠᠭ᠎ᠠ ᠵᠢᠯ ᠤᠨ ᠨᠢᠭᠡᠳᠦᠭᠡᠷ ᠰᠠᠷ᠎ᠠ ᠶᠢᠨ 31 ᠤ ᠡᠳᠦᠷ ᠠᠴᠠ ᠡᠮᠦᠨ᠎ᠡ ᠤᠯᠤᠰ ᠤᠨ ᠥᠮᠴᠢᠯᠡᠯ ᠤᠨ ᠡᠳ᠋ | ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠳᠤ ᠮᠡᠳᠡᠭᠦᠯᠦᠨ ᠬᠦᠷᠭᠡᠬᠦ ᠬᠡᠷᠡᠭᠲᠡᠶ᠃ ᠣᠨ ᠤ ᠪᠠᠯᠠ ᠣᠷᠣᠭᠤᠯᠤᠯᠲᠠ ᠶᠢ ᠪᠡᠶᠡᠯᠡᠭᠦᠯᠦᠭᠰᠡᠨ | ᠪᠠᠶᠢᠳᠠᠯ ᠤᠨ ᠮᠡᠳᠡᠭᠦᠯᠦᠯᠲᠡ ᠳᠤ ᠳᠣᠤᠷᠠᠬᠢ ᠠᠭᠤᠯᠭ᠎ᠠ ᠶᠢ ᠪᠠᠭᠲᠠᠭᠠᠬᠤ ᠮᠦᠷᠲᠡᠭᠡᠨ ᠡᠳᠡᠭᠡᠷ ᠢᠶᠠᠷ ᠬᠢᠵᠠᠭᠠᠷᠯᠠᠭᠳᠠᠬᠤ ᠥᠬᠡᠶ᠄ | ︵ᠨᠢᠭᠡ︶ ᠣᠨ ᠤ ᠪᠡᠯᠡ ᠣᠷᠣᠭᠤᠯᠤᠯᠲᠠ ᠶᠢ ᠪᠡᠶᠡᠯᠡᠭᠦᠯᠦᠭᠰᠡᠨ ᠶᠡᠷᠦᠩᠬᠡᠶ ᠪᠠᠶᠢᠳᠠᠯ︔ | ︵ᠬᠤᠶᠠᠷ︶ ᠪᠡᠯᠡ ᠣᠷᠣᠭᠤᠯᠤᠯᠲᠠ ᠶᠢᠨ ᠣᠨ ᠤ ᠲᠥᠯᠥᠪᠯᠡᠭᠡ ᠯᠦᠭᠡ ᠶᠢᠨ ᠵᠥᠷᠢᠶ᠎ᠡ ᠵᠢᠴᠢ ᠵᠠᠳᠠᠯᠤᠯᠲᠠ︔ | ︵ᠭᠤᠷᠪᠠ︶ ᠣᠨ ᠤ ᠪᠡᠯᠡ ᠣᠷᠣᠭᠤᠯᠤᠯᠲᠠ ᠶᠢᠨ ᠦᠷ᠎ᠡ ᠪᠦᠲᠦᠮᠵᠢ ᠶᠢᠨ ᠵᠠᠳᠠᠯᠤᠯᠲᠠ︔ | ︵ᠲᠦᠷᠪᠡ︶ ᠴᠢᠬᠤᠯᠠ ᠶᠡᠭᠡ ᠪᠡᠯᠡ ᠣᠷᠣᠭᠤᠯᠤᠯᠲᠠ ᠶᠢᠨ ᠲᠦᠷᠦᠯ ᠵᠦᠢᠯ ᠤᠨ ᠠᠬᠢᠴᠠ ᠶᠢᠨ ᠪᠠᠶᠢᠳᠠᠯ︔ | ︵ᠲᠠᠪᠤ︶ ᠣᠨ ᠤ ᠪᠡᠯᠡ ᠣᠷᠣᠭᠤᠯᠤᠯᠲᠠ ᠶᠢᠨ ᠬᠡᠷᠡᠭ ᠶᠠᠪᠤᠳᠠᠯ ᠤᠨ ᠳᠠᠷᠠᠭᠠᠬᠢ ᠦᠨᠡᠯᠡᠯᠲᠡ ᠶᠢᠨ ᠠᠵᠢᠯ ᠢ ᠥᠷᠨᠢᠭᠦᠯᠦᠭᠰᠡᠨ ᠪᠠᠶᠢᠳᠠᠯ︔ | ︵ᠵᠢᠷᠭᠤᠭ᠎ᠠ︶ ᠣᠨ ᠤ ᠪᠠᠯᠠ ᠣᠷᠣᠭᠤᠯᠤᠯᠲᠠ ᠳᠤ ᠣᠷᠣᠰᠢᠵᠤ ᠪᠠᠶᠢᠭ᠎ᠠ ᠭᠤᠤᠯ ᠠᠰᠠᠭᠤᠳᠠᠯ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠃ | ᠠᠵᠤ ᠠᠬᠤᠶᠢᠯᠠᠯ ᠠᠴᠠ ᠪᠡᠯᠡ ᠣᠷᠣᠭᠤᠯᠤᠯᠲᠠ ᠶᠢᠨ ᠲᠥᠰᠦᠪ ᠢ ᠪᠡᠶᠡᠯᠡᠭᠦᠯᠦᠭᠰᠡᠨ ᠪᠠᠶᠢᠳᠠᠯ ᠢᠶᠠᠨ ᠣᠨ ᠤ ᠡᠳ᠋ ᠤᠨ ᠶᠠᠪᠤᠳᠠᠯ ᠤᠨ ᠲᠥᠰᠦᠪ ᠤᠨ | ᠭᠦᠢᠴᠡᠳᠬᠡᠯ ᠳᠡᠭᠡᠨ ᠨᠡᠶᠢᠲᠡᠯᠡᠬᠦ ᠬᠡᠷᠡᠭᠲᠡᠶ᠃ | ᠬᠤᠷᠢᠨ ᠳᠥᠷᠪᠡᠳᠦᠭᠡᠷ ᠵᠦᠢᠯ ᠠᠵᠤ ᠠᠬᠤᠶᠢᠯᠠᠯ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠬᠤᠶᠢᠨᠠᠬᠢ ᠦᠨᠡᠯᠡᠯᠲᠡ ᠶᠢᠨ ᠠᠵᠢᠯ ᠢ | ᠲᠥᠯᠥᠪᠯᠡᠭᠡ ᠲᠠᠢ ᠪᠠᠷ ᠥᠷᠨᠢᠭᠦᠯᠵᠦ᠂ ᠲᠤᠷᠰᠢᠯᠭ᠎ᠠ ᠪᠠᠨ ᠳ᠋ᠦᠩᠨᠡᠨ᠂ ᠪᠡᠯᠡ ᠣᠷᠣᠭᠤᠯᠤᠯᠲᠠ ᠶᠢᠨ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠣᠭᠲᠠᠴᠠ ᠶᠢ | ᠲᠡᠭᠦᠯᠳᠡᠷᠵᠢᠭᠦᠯᠵᠦ᠂ ᠲᠦᠷᠥᠯ ᠵᠦᠢᠯ ᠤᠨ ᠠᠮᠵᠢᠯᠲᠠ ᠶᠢᠨ ᠨᠤᠷᠮ᠎ᠠ ᠪᠠ ᠪᠡᠯᠡ ᠣᠷᠣᠭᠤᠯᠤᠯᠲᠠ ᠶᠢᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠶ᠃ | ᠬᠤᠷᠢᠨ ᠲᠠᠪᠤᠳᠤᠭᠠᠷ ᠵᠦᠢᠯ ᠤᠯᠤᠰ ᠤᠨ ᠥᠮᠴᠢᠯᠡᠯ ᠤᠨ ᠡᠳ᠋ ᠭᠦᠷᠤᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠠᠵᠤ ᠠᠬᠤᠶᠢᠯᠠᠯ ᠤᠨ | ᠡᠳ᠋ ᠤᠨ ᠶᠠᠪᠤᠳᠠᠯ ᠤᠨ ᠣᠨ ᠤ ᠲᠥᠰᠦᠪ ᠤᠨ ᠭᠦᠢᠴᠡᠳᠬᠡᠯ ᠢ ᠬᠢᠨᠠᠨ ᠪᠤᠳᠤᠬᠤ ᠦᠶ᠎ᠡ ᠳᠤ᠂ ᠪᠡᠯᠡ ᠣᠷᠣᠭᠤᠯᠤᠯᠲᠠ ᠶᠢᠨ ᠣᠨ ᠤ ᠲᠥᠯᠥᠪᠯᠡᠭᠡ ᠶᠢ | ᠬᠡᠷᠡᠭᠵᠢᠭᠦᠯᠦᠭᠰᠡᠨ ᠪᠠᠶᠢᠳᠠᠯ ᠢ ᠲᠤᠰᠬᠠᠢ ᠬᠢᠨᠠᠨ ᠪᠣᠳᠤᠬᠤ ᠬᠡᠷᠡᠭᠲᠡᠢ᠃ | ᠵᠢᠷᠭᠤᠳᠤᠭᠠᠷ ᠪᠦᠯᠦᠭ ᠪᠡᠯᠡ ᠣᠷᠣᠭᠤᠯᠤᠯᠲᠠ ᠶᠢᠨ ᠲᠦᠭᠰᠢᠭᠦᠷᠢ ᠶᠢᠨ ᠬᠠᠮᠢᠶᠠᠷᠤᠯᠲᠠ | ᠬᠤᠷᠢᠨ ᠵᠢᠷᠭᠤᠳᠤᠭᠠᠷ ᠵᠦᠢᠯ ᠠᠵᠤ ᠠᠬᠤᠶᠢᠯᠠᠯ ᠪᠡᠯᠡ ᠣᠷᠣᠭᠤᠯᠤᠯᠲᠠ ᠶᠢᠨ ᠵᠦᠢᠯᠡᠰ ᠤᠨ ᠰᠢᠢᠳᠪᠦᠷᠢᠲᠦ ᠪᠤᠳᠤᠯᠭ᠎ᠠ ᠶᠢ ︽ᠭᠤᠷᠪᠠᠨ ᠴᠢᠬᠤᠯᠠ | ᠨᠢᠭᠡ ᠶᠡᠭᠡ︾ ᠰᠢᠢᠳᠪᠦᠷᠢᠲᠦ ᠪᠤᠳᠤᠯᠭ᠎ᠠ ᠶᠢᠨ ᠬᠡᠪᠴᠢᠶᠡᠨ ᠳᠤ ᠣᠷᠣᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠷᠢᠳᠠᠴᠢ ᠰᠢᠢᠳᠪᠦᠷᠢᠲᠦ ᠪᠤᠳᠤᠯᠭ᠎ᠠ | ᠲᠣᠭᠲᠠᠭᠠᠬᠤ ᠵᠢᠷᠤᠮ ᠢ ᠴᠢᠩᠭ᠎ᠠ ᠭᠦᠢᠴᠡᠳᠬᠡᠬᠦ ᠬᠡᠷᠡᠭᠲᠡᠶ᠂ ᠠᠵᠤ ᠠᠬᠤᠶᠢᠯᠠᠯ ᠤᠨ ᠬᠡᠷᠡᠭ ᠮᠡᠳᠡᠭᠴᠢᠳ ᠤᠨ ᠵᠥᠪᠯᠡᠯ ︵ᠶᠡᠷᠦᠩᠬᠡᠶ ᠳᠠᠭᠠᠭᠠᠮᠠᠯ ᠤᠨ ᠠᠯᠪᠠᠨ | ᠬᠤᠷᠠᠯ︶ ᠪᠣᠯ ᠴᠢᠬᠤᠯᠠ ᠶᠡᠭᠡ ᠪᠡᠯᠡ ᠣᠷᠣᠭᠤᠯᠤᠯᠲᠠ ᠶᠢᠨ ᠲᠦᠷᠦᠯ ᠵᠦᠢᠯ ᠤᠨᠰᠢᠢᠳᠪᠦᠷᠢᠲᠦ ᠪᠤᠳᠤᠯᠭ᠎ᠠ ᠲᠣᠭᠲᠠᠭᠠᠬᠤ ᠡᠴᠦᠰ ᠤᠨ ᠪᠠᠶᠢᠭᠤᠯᠤᠮᠵᠢ ᠪᠣᠯᠬᠤ | ᠪᠥᠭᠡᠳ ᠰᠢᠢᠳᠪᠦᠷᠢᠲᠦ ᠪᠤᠳᠤᠯᠭ᠎ᠠ ᠶᠢᠨ ᠦᠷ᠎ᠡ ᠳ᠋ᠦᠩ ᠳᠤ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃ ᠬᠡᠷᠡᠭ ᠮᠡᠳᠡᠭᠴᠢᠳ ᠤᠨ ᠵᠥᠪᠯᠡᠯ ︵ᠶᠡᠷᠦᠩᠬᠡᠶ | ᠳᠠᠭᠠᠭᠠᠮᠠᠯ ᠤᠨ ᠠᠯᠪᠠᠨ ᠬᠤᠷᠠᠯ︶ ᠨᠢ ᠺᠣᠮᠫᠠᠨᠢ ᠶᠢᠨ ᠲᠦᠷᠢᠮ ᠪᠠ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ ᠬᠠᠮᠢᠶᠠᠷᠤᠯᠲᠠ ᠶᠢᠨ ᠲᠦᠷᠢᠮ ᠤᠨ | ᠲᠣᠭᠲᠠᠭᠠᠯ ᠶᠣᠰᠣᠭᠠᠷ ᠴᠢᠬᠤᠯᠠ ᠶᠡᠭᠡ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠯᠡᠵᠦ᠂ ᠪᠠᠯᠠ ᠣᠷᠣᠭᠤᠯᠤᠯᠲᠠ ᠶᠢᠨ ᠲᠥᠷᠥᠯ ᠵᠦᠢᠯ ᠢ | ᠵᠠᠷᠴᠢᠮ ᠳᠡᠭᠡᠷ᠎ᠡ ᠪᠠᠨ ᠠᠰ ᠠᠰ ᠢᠶᠠᠷ ᠨᠢ ᠵᠥᠪᠯᠡᠬᠦ ᠬᠡᠷᠡᠭᠲᠡᠶ᠂ ᠳᠠᠮᠵᠢᠭᠤᠯᠤᠨ ᠭᠠᠷ ᠤᠨ ᠥᠰᠥᠭ ᠵᠢᠷᠤᠬᠤ ᠠᠷᠭ᠎ᠠ ᠮᠠᠶ᠋ᠢᠭ ᠢᠶᠠᠷ ᠲᠤᠬᠠᠶ ᠶᠢᠨ ᠲᠠᠯᠠᠪᠤᠷ ᠤᠨ | ᠬᠤᠷᠠᠯ ᠢᠶᠠᠷ ᠬᠢᠨᠠᠨ ᠵᠥᠪᠯᠡᠬᠦ ᠶᠢ ᠣᠷᠣᠯᠠᠭᠤᠯᠵᠤ ᠪᠣᠯᠬᠤ ᠥᠬᠡᠶ᠃ ᠬᠤᠷᠠᠯ ᠳᠤ ᠣᠷᠣᠯᠴᠠᠭᠰᠠᠳ ᠰᠠᠨᠠᠯ ᠢᠶᠠᠨ ᠭᠦᠢᠴᠡᠳ ᠢᠯᠡᠳᠬᠡᠬᠦ ︵ᠵᠥᠪᠰᠢᠶᠡᠷᠡᠬᠦ᠂ | ᠡᠰᠡᠷᠭᠦᠴᠡᠬᠦ ᠤᠴᠢᠷ ᠰᠢᠯᠲᠠᠭᠠᠨ ᠪᠠᠭᠲᠠᠨ᠎ᠠ︶ ᠬᠡᠷᠡᠭᠲᠡᠶ᠂ ᠬᠤᠷᠠᠯ ᠳᠤ ᠣᠷᠣᠯᠴᠠᠭᠰᠠᠳ ᠳᠤᠷᠠᠳᠤᠭᠰᠠᠨ ᠰᠠᠨᠠᠯ ᠳᠠᠭᠠᠨ ᠬᠠᠷᠢᠭᠤᠴᠠᠯᠭ᠎ᠠ ᠡᠭᠦᠷᠭᠡᠯᠡᠵᠦ᠂ ᠪᠤᠢ | ᠪᠣᠯᠤᠭᠰᠠᠨ ᠰᠢᠢᠳᠪᠦᠷᠢ ︵ᠠᠯᠪᠠᠨ ᠬᠤᠷᠠᠯ ᠤᠨ ᠲᠣᠪᠴᠢ ᠲᠡᠮᠳᠡᠭᠯᠡᠯ︶ ᠶᠢᠨ ᠬᠠᠭᠤᠯᠪᠤᠷᠢ ᠶᠢ ᠲᠦᠷᠦᠯ ᠵᠦᠢᠯ ᠤᠨ ᠮᠠᠲ᠋ᠧᠷᠢᠶᠠᠯ ᠲᠠᠢ ᠬᠠᠮᠲᠤ ᠳᠤᠨᠢ ᠲᠠᠩᠰᠠ | ᠡᠪᠬᠡᠮᠡᠯ ᠳᠤ ᠣᠷᠣᠭᠤᠯᠤᠨ ᠬᠠᠳᠠᠭᠠᠯᠠᠵᠤ᠂ ᠪᠠᠶᠢᠴᠠᠭᠠᠬᠤ ᠳᠤ ᠲᠠᠩᠰᠨ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ | ᠬᠤᠷᠢᠨ ᠳᠣᠯᠣᠳᠤᠭᠠᠷ ᠵᠦᠢᠯ ᠠᠵᠤ ᠠᠬᠤᠶᠢᠯᠠᠯ ᠪᠡᠯᠡ ᠣᠷᠣᠭᠤᠯᠬᠤ ᠠᠴᠠ ᠪᠠᠨ ᠡᠮᠦᠨ᠎ᠡ᠂ ᠲᠦᠷᠦᠯ ᠵᠦᠢᠯ ᠤᠨ ᠰᠣᠩᠭᠤᠯᠲᠠ᠂ ᠡᠮᠦᠨᠡᠬᠢ | ᠬᠤᠭᠤᠴᠠᠭᠠᠨ ᠤ ᠨᠤᠲᠠᠯᠠᠯᠲᠠ ᠶᠢᠨ ᠲᠦᠭᠰᠢᠭᠦᠷᠢ ᠶᠢᠨ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ︔ ᠪᠣᠯᠤᠮᠵᠢ ᠶᠢᠨ ᠴᠢᠨᠠᠷᠲᠠᠶ ᠰᠤᠳᠤᠯᠭᠠᠨ ᠪᠠ | ᠲᠦᠭᠰᠢᠭᠦᠷᠢ ᠶᠢᠨ ᠵᠠᠳᠠᠯᠤᠯᠲᠠ ᠶᠢ ᠬᠢᠨᠠᠮᠠᠭᠠᠶ ᠥᠷᠨᠢᠭᠦᠯᠵᠦ᠂ ᠲᠥᠷᠥᠯ ᠵᠦᠢᠯ ᠤᠨ ᠪᠠᠯᠠ ᠣᠷᠣᠭᠤᠯᠤᠯᠲᠠ᠂ ᠬᠠᠮᠢᠶᠠᠷᠤᠯᠲᠠ᠂ ᠤᠬᠤᠷᠢᠨ ᠭᠠᠷᠬᠤ ᠪᠥᠬᠦ | ᠶᠠᠪᠤᠴᠠ ᠶᠢᠨ ᠰᠤᠳᠤᠯᠭᠠᠨ ᠨᠤᠲᠠᠯᠠᠯᠲᠠ ᠶᠢ ᠰᠠᠶᠢᠲᠤᠷ ᠬᠢᠬᠦ ᠬᠡᠷᠡᠭᠲᠡᠢ᠃ | ᠬᠤᠷᠢᠨ ᠨᠠᠢᠮᠠᠳᠤᠭᠠᠷ ᠵᠦᠢᠯ ᠠᠵᠤ ᠠᠬᠤᠶᠢᠯᠠᠯ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠤ᠂ ᠪᠠᠶᠢᠭᠤᠯᠤᠭᠰᠠᠨ | ᠦᠨ᠎ᠡ ᠶᠢ ᠬᠢᠵᠠᠭᠠᠷᠯᠠᠬᠤ ᠪᠠ ᠪᠠᠷᠢᠯᠭ᠎ᠠ ᠶᠢᠨ ᠬᠤᠭᠤᠴᠠᠭᠠᠨ ᠤ ᠶᠠᠰᠤ ᠴᠢᠨᠠᠷ ᠤᠨ ᠲᠦᠭᠰᠢᠭᠦᠷᠢ ᠶᠢᠨ ᠬᠠᠮᠢᠶᠠᠷᠤᠯᠲᠠ ᠶᠢ ᠴᠢᠩᠭᠠᠷᠠᠭᠤᠯᠵᠤ᠂ ᠲᠥᠷᠥᠯ ᠵᠦᠢᠯ ᠤᠨ | ᠪᠡᠯᠡ ᠣᠷᠣᠭᠤᠯᠤᠯᠲᠠ ᠶᠢᠨ ᠲᠦᠢᠮᠣ ᠲᠥᠰᠦᠪ ᠢ ᠴᠢᠩᠭ᠎ᠠ ᠬᠢᠵᠠᠭᠠᠷᠯᠠᠵᠤ᠂ ᠬᠢᠵᠠᠭᠠᠷᠯᠠᠭᠰᠠᠨ ᠬᠡᠮᠵᠢᠶ᠎ᠡ ᠪᠠᠷ ᠵᠢᠷᠤᠭᠯᠠᠨ ᠲᠥᠯᠥᠪᠯᠡᠬᠦ ᠬᠡᠷᠡᠭᠲᠡᠶ᠃ | ᠬᠤᠷᠢ ᠶᠢᠰᠦᠳᠦᠭᠡᠷ ᠵᠦᠢᠯ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ ᠳᠠᠭᠤᠰᠤᠭᠰᠠᠨ ᠤ ᠳᠠᠷᠠᠭ᠎ᠠ᠂ ᠠᠵᠤ ᠠᠬᠤᠶᠢᠯᠠᠯ ᠲᠥᠷᠥᠯ | ᠵᠦᠢᠯ ᠤᠨ ᠬᠢᠨᠠᠨ ᠪᠤᠳᠤᠯᠲᠠ ᠶᠢᠨ ᠲᠦᠭᠰᠢᠭᠦᠷᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠲᠤᠰᠬᠠᠶ ᠬᠢᠨᠠᠨ | ᠪᠤᠳᠤᠯᠲᠠ ᠶᠢ ᠬᠢᠨᠠᠮᠠᠭᠠᠶ ᠥᠷᠨᠢᠭᠦᠯᠵᠦ᠂ ᠪᠠᠯᠠ ᠣᠷᠣᠭᠤᠯᠤᠯᠲᠠ ᠶᠢᠨ ᠰᠢᠢᠳᠪᠦᠷᠢᠲᠦ ᠪᠣᠳᠣᠯᠭ᠎ᠠ᠂ ᠪᠠᠯᠠ ᠮᠥᠩᠭᠦ ᠶᠢᠨ ᠬᠡᠷᠡᠭᠯᠡᠯᠲᠡ᠂ ᠪᠠᠯᠠ | ᠣᠷᠣᠭᠤᠯᠤᠯᠲᠠ ᠶᠢᠨ ᠠᠰᠢᠭ ᠣᠯᠵᠠᠪᠤᠷᠢ᠂ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠭᠤᠤᠯᠳᠠᠯᠭ᠎ᠠ ᠲᠠᠢ ᠬᠢᠨᠠᠨ | ᠪᠤᠳᠤᠬᠤ ᠬᠡᠷᠡᠭᠲᠡᠶ᠃ | ᠭᠤᠴᠢᠳᠤᠭᠠᠷ ᠵᠦᠢᠯ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠵᠤ ᠠᠬᠤᠶᠢᠯᠠᠯ ᠤᠨ ᠪᠡᠯᠡ | ᠣᠷᠣᠭᠤᠯᠤᠯᠲᠠ ᠶᠢᠨ ᠲᠦᠭᠰᠢᠭᠦᠷᠢ ᠶᠢᠨ ᠬᠠᠮᠢᠶᠠᠷᠤᠯᠲᠠ ᠪᠠᠨ ᠴᠢᠩᠭᠠᠳᠬᠠᠬᠤ ᠶᠢ ᠰᠢᠮᠳᠠᠭᠤᠯᠤᠨ ᠬᠢᠨᠠᠨ ᠬᠠᠮᠢᠶᠠᠷᠴᠤ᠂ ᠴᠢᠬᠤᠯᠠ ᠲᠠᠢ ᠦᠶ᠎ᠡ ᠳᠤ ᠬᠢᠨᠠᠨ | ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢ ᠬᠢᠨᠠᠨ ᠬᠠᠮᠢᠶᠠᠷᠬᠤ ᠰᠢᠰᠲ᠋ᠧᠮᠵᠢ ᠶᠢ ᠪᠡᠶ᠎ᠡ ᠪᠠᠨ ᠳᠠᠭᠠᠭᠠᠭᠰᠠᠨ ᠭᠤᠷᠪᠠᠳᠠᠬᠢ | ᠡᠲᠡᠭᠡᠳ ᠤᠨ ᠪᠠᠶᠢᠭᠤᠯᠤᠮᠵᠢ ᠳᠤ ᠨᠠᠶᠢᠳᠠᠨ ᠦᠨᠡᠯᠡᠨ ᠵᠢᠱᠢᠭᠦᠯᠵᠦ᠂ ᠦᠨᠡᠯᠡᠨ ᠵᠢᠱᠢᠭᠰᠡᠨ ᠦᠷ᠎ᠡ ᠳ᠋ᠦᠩ ᠢ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠳᠤ | ᠴᠠᠭ ᠲᠤᠬᠠᠶ ᠳᠤᠨᠢ ᠬᠠᠷᠢᠭᠤ ᠲᠤᠰᠬᠠᠵᠤ᠂ ᠬᠤᠯᠪᠤᠭᠳᠠᠯ ᠪᠥᠬᠦᠶ ᠠᠵᠤ ᠠᠬᠤᠶᠢᠯᠠᠯ ᠦᠨᠡᠯᠡᠨ ᠵᠢᠱᠢᠭᠰᠡᠨ ᠦᠷ᠎ᠡ ᠳ᠋ᠦᠩ ᠤᠨ ᠶᠣᠰᠣᠭᠠᠷ ᠣᠷᠣᠰᠢᠵᠤ ᠪᠠᠶᠢᠭ᠎ᠠ | ᠠᠰᠠᠭᠤᠳᠠᠯ ᠢ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ᠂ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ ᠲᠦᠭᠰᠢᠭᠦᠷᠢ ᠶᠢᠨ ᠬᠠᠮᠢᠶᠠᠷᠤᠯᠲᠠ ᠶᠢᠨ | ᠰᠢᠰᠲ᠋ᠧᠮᠵᠢ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ | ᠳᠣᠯᠣᠳᠤᠭᠠᠷ ᠪᠦᠯᠦᠭ ᠬᠠᠷᠢᠭᠤᠴᠠᠯᠭ᠎ᠠ ᠨᠡᠬᠡᠮᠵᠢᠯᠡᠬᠦ | ᠭᠤᠴᠢᠨ ᠨᠢᠭᠡᠳᠦᠭᠡᠷ ᠵᠦᠢᠯ ᠠᠵᠤ ᠠᠬᠤᠶᠢᠯᠠᠯ ᠪᠡᠯᠡ ᠣᠷᠣᠭᠤᠯᠤᠯᠲᠠ ᠶᠢᠨ ᠮᠡᠳᠡᠭᠡ ᠵᠠᠩᠭᠢ ᠪᠠᠨ ᠮᠡᠳᠡᠭᠦᠯᠦᠨ ᠬᠦᠷᠭᠡᠬᠦ ᠬᠠᠷᠢᠭᠤᠴᠠᠯᠭ᠎ᠠ ᠪᠠᠨ | ᠭᠦᠢᠴᠡᠳᠬᠡᠵᠦ᠂ ᠪᠡᠯᠡ ᠣᠷᠣᠭᠤᠯᠤᠯᠲᠠ ᠶᠢᠨ ᠮᠡᠳᠡᠭᠡ ᠵᠠᠩᠭᠢ ᠪᠠᠨ ᠮᠡᠳᠡᠭᠦᠯᠬᠦ ᠥᠭᠡᠢ ᠨᠢᠭᠤᠭᠰᠠᠨ᠂ ᠴᠠᠭ ᠲᠤᠬᠠᠶ ᠳᠤᠨᠢ ᠮᠡᠳᠡᠭᠦᠯᠦᠨ ᠬᠦᠷᠭᠡᠭᠰᠡᠨ ᠥᠭᠡᠢ ᠶᠢ | ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠵᠠᠷᠯᠠᠨ ᠰᠢᠭᠦᠮᠵᠢᠯᠡᠬᠦ ᠬᠡᠷᠡᠭᠲᠡᠶ᠃ | ᠭᠤᠴᠢᠨ ᠬᠤᠶᠠᠳᠤᠭᠠᠷ ᠵᠦᠢᠯ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠪᠠᠶᠢᠪᠠᠯ᠂ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢᠨ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠶ ᠪᠤᠶᠤ ᠵᠥᠪ ᠣᠨᠣᠪᠴᠢᠲᠠᠶ ᠭᠦᠢᠴᠡᠳᠬᠡᠭᠰᠡᠨ ᠦᠭᠡᠶ᠂ ᠤᠯᠤᠰ ᠤᠨ ᠥᠮᠴᠢᠯᠡᠯ ᠤᠨ ᠡᠳ᠋ | ᠬᠥᠷᠥᠩᠭᠡ ᠳᠤ ᠬᠤᠬᠢᠷᠠᠯ ᠤᠴᠠᠷᠠᠭᠤᠯᠤᠭᠰᠠᠨ ᠵᠢᠴᠢ ᠪᠤᠰᠤᠳ ᠬᠦᠨᠳᠦ ᠨᠣᠴᠢᠲᠠᠶ ᠮᠠᠭᠤ ᠦᠷ᠎ᠡ ᠳ᠋ᠦᠩ ᠳᠤ ᠬᠦᠷᠭᠡᠭᠰᠡᠨ ᠪᠠᠶᠢᠪᠠᠯ᠂ ︽ᠠᠵᠤ ᠠᠬᠤᠶᠢᠯᠠᠯ ᠤᠨ | ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠤᠯᠢ︾ ︽ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠤᠳᠤᠷᠢᠳᠬᠤ ᠬᠥᠮᠦᠰ ᠤᠨ ᠠᠷᠢᠭᠤᠨ | ᠴᠢᠬᠡᠴᠢ ᠪᠠᠷ ᠠᠵᠢᠯ ᠡᠷᠭᠢᠯᠡᠬᠦ ᠲᠣᠭᠲᠠᠭᠠᠯ ᠤᠳ︾ ︽ᠬᠥᠬᠡᠬᠤᠲᠠ ᠶᠢᠨ ᠬᠠᠷᠢᠶ᠎ᠠ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠲᠣᠭᠲᠠᠭᠠᠯ ᠠᠴᠠ | ᠵᠦᠷᠢᠴᠡᠭᠰᠡᠨ ᠡᠵᠡᠩᠨᠡᠯᠲᠡ ᠪᠠᠯᠠ ᠣᠷᠣᠭᠤᠯᠤᠯᠲᠠ ᠠᠴᠠ ᠬᠠᠷᠢᠭᠤᠴᠠᠯᠭ᠎ᠠ ᠨᠡᠬᠡᠮᠵᠢᠯᠡᠬᠦ ᠠᠷᠭ᠎ᠠ︾ ︵ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ︹ 2020 | ︺7 ᠳ᠋ᠤᠭᠠᠷ ᠲᠣᠭᠠᠲᠤ︶ ᠵᠡᠷᠭᠡ ᠬᠠᠮᠢᠶ᠎ᠠ ᠪᠥᠬᠦᠶ ᠲᠣᠭᠲᠠᠭᠠᠯ ᠶᠣᠰᠣᠭᠠᠷ᠂ ᠬᠠᠮᠢᠶ᠎ᠠ ᠪᠥᠬᠦᠶ ᠰᠠᠯᠠᠭ᠎ᠠ ᠮᠥᠴᠢᠷ ᠠᠵᠤ ᠠᠬᠤᠶᠢᠯᠠᠯ ᠤᠨ ᠡᠵᠡᠩᠨᠡᠭᠴᠢ | ᠬᠠᠮᠢᠶᠠᠷᠤᠭᠴᠢ ᠠᠴᠠ ᠬᠠᠷᠢᠭᠤᠴᠠᠯᠭ᠎ᠠ ᠨᠡᠬᠡᠮᠵᠢᠯᠡᠨ᠎ᠡ᠃ | ᠨᠠᠢᠮᠠᠳᠤᠭᠠᠷ ᠪᠦᠯᠦᠭ ᠳᠠᠭᠠᠯᠳᠤᠭᠤᠯᠤᠭᠰᠠᠨ ᠲᠦᠷᠢᠮ | ᠭᠤᠴᠢᠨ ᠭᠤᠷᠪᠠᠳᠤᠭᠠᠷ ᠵᠦᠢᠯ ᠤᠯᠤᠰ ᠤᠨ ᠥᠮᠴᠢᠯᠡᠯ ᠤᠨ ᠬᠦᠷᠦᠩᠭᠡ ᠶᠢᠨ ᠡᠵᠡᠩᠨᠡᠯᠲᠡ ᠶᠢᠨ ᠺᠣᠮᠫᠠᠨᠢ ᠨᠢ ᠤᠯᠤᠰ ᠤᠨ ᠥᠮᠴᠢᠯᠡᠯ ᠤᠨ ᠡᠳ᠋ | ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠡᠷᠬᠡ ᠣᠯᠭᠤᠭᠰᠠᠨ ᠬᠡᠪᠴᠢᠶᠡᠨ ᠳᠣᠲᠣᠷ᠎ᠠ᠂ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ | ᠵᠦᠢᠯᠡᠰ ᠤᠨ ᠬᠠᠮᠢᠶᠠᠷᠤᠯᠲᠠ ᠡᠵᠡᠮᠳᠡᠯ ᠢ ᠴᠢᠩᠭᠠᠳᠬᠠᠬᠤ ᠬᠡᠷᠡᠭᠲᠡᠢ᠃ | ᠭᠤᠴᠢᠨ ᠳᠥᠷᠪᠡᠳᠦᠭᠡᠷ ᠵᠦᠢᠯ ᠲᠤᠰ ᠠᠷᠭ᠎ᠠ ᠶᠢ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ | ᠬᠠᠷᠢᠭᠤᠴᠠᠨ ᠲᠠᠶᠢᠯᠪᠤᠷᠢᠯᠠᠨ᠎ᠠ᠃ | ᠭᠤᠴᠢᠨ ᠲᠠᠪᠤᠳᠤᠭᠠᠷ ᠵᠦᠢᠯ ᠲᠤᠰ ᠠᠷᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | |