ᠬᠦᠬᠡᠬᠤᠲᠠ ᠵᠠᠰᠠᠭ ᠠᠯᠪᠠᠨ ᠦᠰᠦᠭ ︵2021︶ 57 ᠳ᠋ᠤᠭᠠᠷ ᠲᠤᠭᠠᠲᠤ | 2021 ᠣᠨ ᠤ 7 ᠳ᠋ᠤᠭᠠᠷ ᠰᠠᠷ᠎ᠠ ᠶᠢᠨ 6 ᠤ ᠡᠳᠦᠷ | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ᠂ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄ | ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠪᠥᠬᠦ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶᠠᠨ ᠤ ᠠᠵᠢᠯᠯᠠᠭ᠎ᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠳᠤ ᠭᠠᠷᠴᠤ ᠠᠵᠢᠯ ᠡᠷᠬᠢᠯᠡᠬᠦ ᠬᠡᠷᠡᠭᠵᠢᠭᠦᠯᠬᠦ ᠲᠥᠰᠦᠯ︾ | ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠵᠢᠷᠤᠮᠯᠠᠨ ᠬᠡᠷᠡᠭᠵᠢᠭᠦᠯᠲᠦᠭᠡᠶ᠃ | | | ᠪᠥᠬᠦ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠶᠢᠨ ᠣᠯᠠᠨ ᠨᠡᠶᠢᠲᠡ ᠶᠢᠨ | ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠳᠤ ᠭᠠᠷᠴᠤ ᠠᠵᠢᠯ ᠡᠷᠬᠢᠯᠡᠬᠦ ᠬᠡᠷᠡᠭᠵᠢᠭᠦᠯᠬᠦ ᠲᠥᠰᠦᠯ | | | ︽ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠢ ᠨᠡᠶᠢᠳᠭᠡᠨ ᠬᠠᠮᠲᠤᠪᠠᠷ ᠡᠳ᠋ᠯᠡᠬᠦ ᠶᠢ ᠭᠦᠨᠵᠡᠭᠡᠶᠢᠷᠡᠭᠦᠯᠬᠦ ᠲᠤᠬᠠᠶ ᠵᠢᠯᠣᠭᠤᠳᠬᠤ | ᠰᠠᠨᠠᠯ︾ ︵ᠲᠥᠷᠥ ᠠᠯᠪᠠᠨ ᠵᠠᠬᠢᠳᠠᠯ︹ 2019 ︺ 41 ᠳ᠋ᠤᠭᠡᠷ ᠲᠣᠭᠠᠲᠤ︶ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠤᠨ᠂ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢ ᠪᠠᠷ ᠵᠠᠰᠠᠭᠰᠠᠨ᠂ ᠳᠠᠶᠠᠭᠠᠷᠴᠢᠯᠠᠭᠰᠠᠨ ᠬᠤᠳᠠᠯᠳᠤᠭ᠎ᠠ ᠡᠷᠭᠢᠯᠡᠬᠦ | ᠣᠷᠴᠢᠨ ᠨᠦᠬᠦᠴᠡᠯ ᠢ ᠲᠦᠷᠭᠡᠳᠬᠡᠨ ᠪᠣᠶ ᠪᠣᠯᠭᠠᠬᠤ ᠶᠢᠨ ᠲᠤᠰᠠᠳᠠ᠂ ᠤᠨᠴᠠᠭᠠᠶᠢᠯᠠᠨ ᠲᠣᠰ ᠲᠥᠰᠦᠯ ᠢ ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ | ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ | ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ | ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶ᠎ᠠ ᠶᠢᠨ ᠲᠦᠷᠢᠮ ᠤᠨ ᠥᠭᠡᠷᠡᠴᠢᠯᠡᠯᠲᠡ ᠶᠢ ᠲᠦᠷᠭᠡᠳᠬᠡᠬᠦ ᠪᠠᠷ ᠭᠠᠷᠳᠠᠴᠠ ᠪᠤᠯᠭᠠᠨ᠂ ᠮᠠᠨ ᠤ ᠬᠤᠲᠠ ᠶᠢᠨ ᠡᠯ᠎ᠡ ᠲᠥᠷᠥᠯ ᠤᠨ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠠᠵᠢᠯᠯᠠᠭ᠎ᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠳᠤ ᠭᠠᠷᠴᠤ | ᠵᠢᠷᠤᠮᠵᠢᠭᠤᠨ ᠠᠵᠢᠯᠯᠠᠬᠤ ᠶᠢ ᠪᠥᠬᠦ ᠲᠠᠯ᠎ᠠ ᠪᠠᠷ ᠠᠬᠢᠭᠤᠯᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ | ᠂ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠣᠷᠣᠨ ᠤ ᠲᠥᠪ ᠬᠤᠲᠠ ᠶᠢᠨ ᠠᠵᠤ ᠠᠬᠤᠶ ᠶᠢᠨ ᠴᠢᠨᠠᠷ | ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ᠃ | ᠬᠤᠶᠠᠷ᠂ ᠶᠡᠷᠦᠩᠬᠡᠶ ᠬᠠᠷᠠᠯᠲᠠ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠭᠠᠷᠴᠠᠭ︾ ︵2019 ᠤᠨ ᠤ | ᠬᠡᠪᠯᠡᠯ︶ ᠤᠨ ᠲᠣᠭᠲᠠᠭᠠᠯ ᠲᠠᠢ ᠬᠠᠷᠢᠴᠠᠭᠤᠯᠵᠤ᠂ 2021 ᠣᠨ ᠤ 7 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠥᠪᠡᠷᠲᠡᠭᠡᠨ ᠵᠠᠰᠠᠬᠤ ᠣᠷᠣᠨ ᠤ | ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠲᠤ ᠣᠷᠣᠵᠤ ᠰᠠᠭᠤᠨ ᠲᠤᠬᠠᠶᠢᠯᠠᠭᠰᠠᠨ ᠠᠵᠢᠯ ᠢᠶᠠᠨ ᠥᠷᠨᠢᠭᠦᠯᠦᠭᠰᠡᠨ ᠤᠯᠤᠰ ᠤᠨ | ᠦᠮᠴᠢᠯᠡᠯᠲᠦ ᠠᠵᠤ ᠠᠬᠤᠶᠢᠯᠠᠯ ᠤᠨ ᠥᠮᠴᠢᠯᠡᠯ ᠤᠨ ᠡᠷᠬᠡ ︵ᠡᠳ᠋ ᠬᠥᠷᠥᠩᠭᠡ︶ ᠶᠢ ᠰᠢᠯᠵᠢᠭᠦᠯᠦᠨ ᠬᠤᠳᠠᠯᠳᠤᠬᠤ ᠪᠠ ᠲᠡᠮᠦᠷ ᠵᠠᠮ ᠤᠨ ᠪᠦᠲᠦᠭᠡᠨ | ᠪᠠᠶᠢᠭᠤᠯᠤᠯᠲᠠ ᠶᠢᠨ ᠢᠨᠵᠧᠨᠧᠷᠢᠩ ᠤᠨ ᠲᠥᠷᠥᠯ ᠵᠦᠢᠯ ᠵᠡᠷᠭᠡ ᠠᠴᠠ ᠭᠠᠳᠠᠨ᠎ᠠ᠂ ᠪᠥᠬᠦ ᠬᠤᠲᠠ ᠶᠢᠨ ᠪᠣᠶ ᠪᠥᠬᠦᠶ ᠤᠯᠤᠰ ᠤᠨ ᠥᠮᠴᠢᠯᠡᠯᠲᠦ ᠪᠠᠯᠠ | ᠣᠷᠣᠭᠤᠯᠤᠯᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠷᠥᠯ ᠵᠦᠢᠯ ︵ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ | ᠵᠦᠢᠯ᠂ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠷᠥᠯ ᠵᠦᠢᠯ᠂ ᠥᠮᠴᠢᠯᠡᠬᠦ ᠡᠷᠬᠡ ᠡᠳ᠋ ᠬᠥᠷᠥᠩᠭᠡ ᠶᠢ ᠰᠢᠢᠳᠪᠦᠷᠢᠯᠡᠬᠦ ᠲᠥᠷᠥᠯ ᠵᠦᠢᠯ᠂ ᠣᠷᠴᠢᠨ | ᠲᠣᠭᠤᠷᠢᠨ ᠤ ᠡᠷᠬᠡ ᠶᠢᠨ ᠠᠷᠠᠯᠵᠢᠶᠠᠨ ᠤ ᠲᠥᠷᠥᠯ ᠵᠦᠢᠯ ᠵᠡᠷᠭᠡ ᠪᠠᠭᠲᠠᠨ᠎ᠠ︶ ᠢ ᠴᠥᠮ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ | ᠲᠠᠪᠴᠠᠩ ᠳᠤ ᠭᠠᠷᠭᠠᠵᠤ ᠠᠵᠢᠯᠯᠠᠭᠤᠯᠤᠨ᠎ᠠ᠃ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠠᠴᠠ ᠡᠯ᠎ᠡ ᠲᠥᠷᠥᠯ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠠᠵᠢᠯᠯᠠᠭ᠎ᠠ ᠳᠤ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ | ᠬᠢᠵᠦ᠂ ᠡᠯ᠎ᠡ ᠬᠠᠮᠢᠶ᠎ᠠ ᠪᠥᠬᠦᠶ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ | ᠶᠣᠰᠣᠭᠠᠷ ᠲᠣᠰ ᠠᠵᠢᠯ ᠲᠥᠷᠥᠯ ᠤᠨ ᠢᠶᠠᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠥᠷᠥᠯ ᠵᠦᠢᠯ ᠢ ᠬᠢᠨᠠᠯᠲᠠ ᠲᠠᠯᠪᠢᠵᠤ ᠬᠠᠮᠢᠶᠠᠷᠤᠨ᠎ᠠ᠃ | ︽ᠭᠠᠷᠭᠠᠬᠤ ᠶᠣᠰᠣᠲᠠᠶ ᠶᠢ ᠨᠢ ᠵᠠᠪᠠᠯ ᠭᠠᠷᠭᠠᠬᠤ︾ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠠᠵᠢᠯᠯᠠᠭ᠎ᠠ ᠶᠢ ᠲᠤᠷᠰᠢᠨ ᠠᠵᠢᠯᠯᠠᠭᠤᠯᠤᠭᠠᠳ | ᠠᠮᠵᠢᠯᠲᠠ ᠲᠠᠢ ᠲᠤᠷᠰᠢᠯᠭ᠎ᠠ ᠣᠯᠤᠭᠰᠠᠨ ᠰᠠᠭᠤᠷᠢᠨ ᠳᠡᠭᠡᠷ᠎ᠡ᠂ ᠪᠥᠬᠦ ᠶᠠᠪᠤᠴᠠ ᠶᠢ ᠡᠯᠧᠺᠲᠷᠣᠨᠴᠢᠯᠠᠭᠰᠠᠨ ᠠᠷᠠᠯᠵᠢᠶ᠎ᠠ ᠶᠢᠨ ᠵᠠᠭᠪᠤᠷ ᠢ ᠪᠥᠬᠦ ᠲᠠᠯ᠎ᠠ ᠪᠠᠷ | ᠬᠡᠷᠡᠭᠵᠢᠭᠦᠯᠵᠦ᠂ ᠣᠯᠠᠨ ᠨᠡᠶᠢᠲᠡ ᠶᠢᠨ ᠡᠬᠢ ᠪᠠᠶᠠᠯᠢᠭ ᠢ ︽ᠰᠦᠯᠵᠢᠶᠡᠨ ᠭᠠᠳᠠᠨ᠎ᠠ ᠠᠷᠠᠯᠵᠢᠶᠠᠯᠠᠬᠤ ᠥᠬᠡᠶ᠂ ᠰᠦᠯᠵᠢᠶᠡᠨ ᠳᠡᠭᠡᠷ᠎ᠡ ᠪᠦᠬᠦᠨ ᠢ ᠢᠯᠡ ᠪᠣᠯᠭᠠᠬᠤ | ︾ ᠠᠵᠢᠯ ᠤᠨ ᠬᠠᠷᠠᠯᠲᠠ ᠶᠢ ᠪᠡᠶᠡᠯᠡᠭᠦᠯᠦᠨ᠎ᠡ᠃ | ᠭᠤᠷᠪᠠ᠂ ᠵᠠᠬ᠎ᠠ ᠳᠡᠯᠭᠡᠭᠦᠷ ᠲᠤ ᠭᠠᠷᠴᠤ ᠠᠷᠠᠯᠵᠢᠶᠠᠯᠠᠬᠤ ᠬᠦᠷᠢᠶ᠎ᠡ ᠬᠡᠪᠴᠢᠶ᠎ᠡ | ︵ᠨᠢᠭᠡ︶ ᠪᠥᠳᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠲᠥᠷᠥᠯ᠄ | ᠬᠠᠤᠯᠢ ᠶᠣᠰᠣᠭᠠᠷ ᠡᠷᠬᠡᠪᠰᠢ ᠳᠠᠭᠠᠭᠠᠴᠢᠯᠠᠯᠲᠠ ᠵᠠᠷᠯᠠᠬᠤ ᠬᠡᠷᠡᠭᠲᠡᠶ ᠲᠥᠷᠥᠯ ᠵᠦᠢᠯ ᠳᠤ ᠬᠠᠷᠢᠶᠠᠯᠠᠭᠳᠠᠪᠠᠯ᠂ ᠨᠢᠭᠡᠨᠲᠡ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠳᠤ ᠣᠷᠣᠵᠤ ᠰᠠᠭᠤᠭᠰᠠᠨ ᠬᠡᠷ ᠪᠠᠶᠢᠰᠢᠩ ᠤᠨ ᠢᠨᠵᠧᠨᠧᠷᠢᠩ ᠪᠠ ᠬᠤᠲᠠ ᠶᠢᠨ ᠶᠠᠪᠤᠳᠠᠯ ᠤᠨ ᠢᠨᠵᠧᠨᠧᠷᠢᠩ᠂ ᠵᠠᠮ | ᠬᠠᠷᠢᠯᠴᠠᠭᠠᠨ ᠤ ᠢᠨᠵᠧᠨᠧᠷᠢᠩ᠂ ᠤᠰᠤᠨ ᠠᠰᠢᠭᠯᠠᠯᠲᠠ ᠶᠢᠨ ᠢᠨᠵᠧᠨᠧᠷᠢᠩ ᠵᠢᠴᠢ ᠢᠨᠵᠧᠨᠧᠷᠢᠩ ᠯᠦᠭᠡ ᠬᠤᠯᠪᠣᠭᠳᠠᠬᠤ ᠬᠠᠶᠢᠨ ᠪᠠᠶᠢᠴᠠᠭᠠᠬᠤ᠂ ᠵᠢᠷᠤᠭᠯᠠᠨ | ᠲᠥᠯᠥᠪᠯᠡᠬᠦ᠂ ᠬᠢᠨᠠᠨ ᠬᠠᠮᠢᠶᠠᠷᠬᠤ᠂ ᠯᠠᠪᠯᠠᠭ᠎ᠠ ᠥᠭᠬᠦ᠂ ᠲᠥᠬᠦᠭᠡᠷᠦᠮᠵᠢ ᠮᠠᠲ᠋ᠧᠷᠢᠶᠠᠯ ᠬᠤᠳᠠᠯᠳᠤᠨ ᠠᠪᠬᠤ ᠵᠡᠷᠭᠡ ᠶᠢ ᠪᠠᠭᠲᠠᠭᠠᠨ᠎ᠠ᠃ ᠳᠣᠤᠷᠠᠬᠢ ᠪᠥᠲᠥᠭᠡᠨ | ᠪᠠᠶᠢᠭᠤᠯᠤᠯᠲᠠ ᠶᠢᠨ ᠢᠨᠵᠧᠨᠧᠷᠢᠩ ᠶᠢᠨ ᠲᠥᠷᠥᠯ ᠵᠦᠢᠯ ᠵᠢᠴᠢ ᠢᠨᠵᠧᠨᠧᠷᠢᠩ ᠶᠢᠨ ᠲᠥᠷᠥᠯ ᠵᠦᠢᠯ ᠯᠦᠭᠡ ᠬᠤᠯᠪᠣᠭᠳᠠᠬᠤ ᠬᠠᠶᠢᠨ ᠪᠠᠶᠢᠴᠠᠭᠠᠬᠤ᠂ ᠵᠢᠷᠤᠭᠯᠠᠨ | ᠲᠥᠯᠥᠪᠯᠡᠬᠦ᠂ ᠬᠢᠨᠠᠨ ᠬᠠᠮᠢᠶᠠᠷᠬᠤ᠂ ᠯᠠᠪᠯᠠᠭ᠎ᠠ ᠥᠭᠬᠦ᠂ ᠲᠥᠬᠦᠭᠡᠷᠦᠮᠵᠢ ᠮᠠᠲ᠋ᠧᠷᠢᠶᠠᠯ ᠬᠤᠳᠠᠯᠳᠤᠨ ᠠᠪᠬᠤ ᠵᠡᠷᠭᠡ ᠶᠢ ᠡᠷᠬᠡᠪᠰᠢ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠳᠤ ᠣᠷᠣᠭᠤᠯᠵᠤ ᠠᠵᠢᠯ ᠢᠶᠠᠨ ᠥᠷᠨᠢᠭᠦᠯᠬᠦ ᠬᠡᠷᠡᠭᠲᠡᠶ᠃ | ︵1︶ ᠡᠨᠧᠷᠭᠢ ᠶᠢᠨ ᠰᠠᠭᠤᠷᠢ ᠲᠦᠬᠦᠭᠡᠷᠦᠮᠵᠢ ᠶᠢᠨ ᠢᠨᠵᠧᠨᠧᠷᠢᠩ᠃ ᠡᠭᠦᠨ ᠳᠤ ᠨᠡᠭᠦᠷᠡᠰᠦ᠂ ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠶ ᠬᠡᠶ᠂ | ᠴᠠᠬᠢᠯᠭᠠᠨ ᠬᠦᠴᠦᠨ᠂ ᠰᠢᠨ᠎ᠡ ᠡᠨᠧᠷᠭᠢ ᠵᠡᠷᠭᠡ ᠡᠨᠧᠷᠭᠢ ᠶᠢᠨ ᠰᠠᠭᠤᠷᠢ ᠲᠦᠬᠦᠭᠡᠷᠦᠮᠵᠢ ᠶᠢᠨ ᠢᠨᠵᠧᠨᠧᠷᠢᠩ ᠪᠠᠭᠲᠠᠨ᠎ᠠ᠃ ︵ᠠᠵᠢᠯ ᠲᠥᠷᠥᠯ ᠤᠨ ᠬᠢᠨᠠᠯᠲᠠ | ᠲᠠᠯᠪᠢᠬᠤ ᠰᠠᠯᠠᠭ᠎ᠠ ᠮᠥᠴᠢᠷ ᠪᠣᠯ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︶ | ︵2︶ ᠮᠧᠬᠠᠨᠢᠭ ᠡᠯᠧᠺᠲᠷᠣᠨ ᠤ ᠦᠢᠯᠡᠳᠬᠦᠨ ᠤ ᠤᠯᠠᠨ ᠤᠯᠤᠰ ᠤᠨ ᠳᠠᠭᠠᠭᠠᠴᠢᠯᠠᠯᠲᠠ ᠵᠠᠷᠯᠠᠬᠤ᠃ ︵ᠠᠵᠢᠯ ᠲᠥᠷᠥᠯ ᠤᠨ ᠬᠢᠨᠠᠯᠲᠠ ᠲᠠᠯᠪᠢᠬᠤ | ᠰᠠᠯᠠᠭ᠎ᠠ ᠮᠥᠴᠢᠷ ᠪᠣᠯ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶ | ︵3︶ ᠤᠢ ᠰᠢᠭᠤᠶ ᠶᠢᠨ ᠢᠨᠵᠧᠨᠧᠷᠢᠩ᠃ ᠡᠭᠦᠨ ᠳᠤ ᠨᠤᠭᠤ ᠭᠠᠵᠠᠷ ᠢ ᠬᠠᠮᠠᠭᠠᠯᠠᠬᠤ ᠢᠨᠵᠧᠨᠧᠷᠢᠩ᠂ ᠤᠢ ᠰᠢᠭᠤᠶ ᠶᠢᠨ ᠭᠠᠯ ᠢ ᠰᠡᠷᠭᠡᠶᠢᠯᠡᠬᠦ | ᠢᠨᠵᠧᠨᠧᠷᠢᠩ᠂ ᠤᠢ ᠮᠣᠳᠣᠨ ᠤ ᠬᠥᠨᠥᠭᠡᠯᠲᠡᠶ ᠠᠮᠢᠳᠤ ᠪᠣᠳᠠᠰ ᠢ ᠰᠡᠷᠭᠡᠶᠢᠯᠡᠨ ᠵᠠᠰᠠᠬᠤ ᠢᠨᠵᠧᠨᠧᠷᠢᠩ᠂ ᠤᠯᠤᠰ ᠤᠨ ᠲᠡᠰ ᠤᠨ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠤ ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ᠂ ᠪᠠᠶᠢᠭᠠᠯᠢ ᠶᠢᠨ ᠤᠢ ᠰᠢᠭᠤᠶ ᠶᠢ ᠬᠠᠮᠠᠭᠠᠯᠠᠬᠤ ᠢᠨᠵᠧᠨᠧᠷᠢᠩ᠂ | ᠡᠯᠡᠰᠦᠷᠬᠡᠭᠵᠢᠬᠦ ᠶᠢ ᠰᠡᠷᠭᠡᠶᠢᠯᠡᠨ ᠵᠠᠰᠠᠬᠤ ᠢᠨᠵᠧᠨᠧᠷᠢᠩ᠂ ᠠᠭᠯᠠᠭ ᠠᠭᠤᠯᠠ ᠶᠢ ᠨᠣᠭᠤᠭᠠᠷᠠᠭᠤᠯᠬᠤ ᠢᠨᠵᠧᠨᠧᠷᠢᠩ ᠵᠢᠴᠢ ᠪᠤᠰᠤᠳ ᠤᠢ ᠰᠢᠭᠤᠶ ᠶᠢᠨ | ᠢᠨᠵᠧᠨᠧᠷᠢᠩ ᠪᠠᠭᠲᠠᠨ᠎ᠠ᠃ ︵ᠠᠵᠢᠯ ᠲᠥᠷᠥᠯ ᠤᠨ ᠬᠢᠨᠠᠯᠲᠠ ᠲᠠᠯᠪᠢᠬᠤ ᠰᠠᠯᠠᠭ᠎ᠠ ᠮᠥᠴᠢᠷ ᠪᠣᠯ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ | ᠲᠣᠪᠴᠢᠶ᠎ᠠ︶ | ︵4︶ ᠵᠠᠮ ᠬᠠᠷᠢᠯᠴᠠᠭᠠᠨ ᠤ ᠢᠨᠵᠧᠨᠧᠷᠢᠩ ᠳᠠᠬᠢ ᠤᠰᠤᠨ ᠲᠡᠭᠡᠭᠡᠪᠦᠷᠢ ᠶᠢᠨ ᠢᠨᠵᠧᠨᠧᠷᠢᠩ᠃ ︵ᠠᠵᠢᠯ ᠲᠥᠷᠥᠯ ᠤᠨ ᠬᠢᠨᠠᠯᠲᠠ ᠲᠠᠯᠪᠢᠬᠤ ᠰᠠᠯᠠᠭ᠎ᠠ | ᠮᠥᠴᠢᠷ ᠪᠣᠯ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ︶ | ︵ᠬᠤᠶᠠᠷ︶ ᠵᠠᠰᠠᠭ ᠤᠨ ᠣᠷᠳᠣᠨ ᠤ ᠬᠤᠳᠠᠯᠳᠤᠨ ᠠᠪᠬᠤ ᠲᠦᠷᠦᠯ᠄ | ᠬᠤᠲᠠ ᠶᠢᠨ ᠱᠠᠲᠤᠨ ᠤ ᠪᠠᠶᠢᠭᠤᠯᠤᠯᠭ᠎ᠠ᠂ ᠠᠵᠢᠯ ᠦᠢᠯᠡᠰ ᠤᠨ ᠨᠢᠭᠡᠴᠡ ᠪᠣᠯᠤᠨ ᠪᠦᠯᠬᠦᠮ ᠤᠨ ᠵᠣᠬᠢᠶᠠᠨ ᠪᠠᠶᠢᠭᠤᠯᠤᠯᠲᠠ᠂ ᠡᠳ᠋ ᠤᠨ ᠵᠠᠰᠠᠭ ᠤᠨ | ᠴᠢᠨᠠᠷᠲᠠᠶ ᠪᠠᠯᠠ ᠮᠥᠩᠭᠦ ᠶᠢ ᠬᠡᠷᠡᠭᠯᠡᠨ ᠬᠠᠤᠯᠢ ᠶᠣᠰᠣᠭᠠᠷ ᠲᠣᠭᠲᠠᠭᠠᠭᠰᠠᠨ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠤᠨ ᠳᠣᠲᠣᠷᠠᠬᠢ ᠪᠤᠶᠤ | ᠬᠤᠳᠠᠯᠳᠤᠨ ᠠᠪᠬᠤ ᠬᠡᠮᠵᠢᠶ᠎ᠡ ᠶᠢᠨ ᠪᠠᠷᠢᠮᠵᠢᠶ᠎ᠠ ᠠᠴᠠ ᠳᠡᠭᠡᠭᠰᠢᠬᠢ ᠪᠠᠷᠠᠭ᠎ᠠ᠂ ᠢᠨᠵᠧᠨᠧᠷᠢᠩ᠂ ᠦᠢᠯᠡᠴᠢᠯᠡᠭᠡᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ | ᠲᠥᠷᠥᠯ ᠵᠦᠢᠯ ᠢ ᠬᠤᠳᠠᠯᠳᠤᠨ ᠠᠪᠬᠤ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠳᠠᠷᠤᠮᠠᠯᠯᠠᠨ | ᠲᠠᠷᠬᠠᠭᠠᠭᠰᠠᠨ ︽ᠪᠥᠬᠦ ᠣᠷᠣᠨ ᠤ ᠨᠢᠭᠡᠳᠦᠯᠲᠡᠶ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠵᠢᠴᠢ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ︵2020 | ᠣᠨ ᠤ ᠬᠡᠪᠯᠡᠯ︶︾ ᠶᠢ ᠴᠢᠩᠭ᠎ᠠ ᠵᠢᠷᠤᠮᠯᠠᠨ ᠬᠡᠷᠡᠭᠵᠢᠭᠦᠯᠬᠦ ᠬᠡᠷᠡᠭᠲᠡᠶ᠃ ︵ᠠᠵᠢᠯ ᠲᠥᠷᠥᠯ ᠤᠨ ᠬᠢᠨᠠᠯᠲᠠ ᠲᠠᠯᠪᠢᠬᠤ ᠰᠠᠯᠠᠭ᠎ᠠ ᠮᠥᠴᠢᠷ ᠪᠣᠯ ᠬᠤᠲᠠ ᠶᠢᠨ | ᠡᠳ᠋ ᠤᠨ ᠵᠠᠰᠠᠭ ᠤᠨ ᠲᠣᠪᠴᠢᠶ᠎ᠠ︶ | ︵ᠭᠤᠷᠪᠠ︶ ᠡᠬᠢ ᠪᠠᠶᠠᠯᠢᠭ ᠡᠳ᠋ ᠬᠥᠷᠥᠩᠭᠡ ᠶᠢᠨ ᠲᠥᠷᠥᠯ᠄ | ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠳᠤ ᠨᠢᠭᠡᠨᠲᠡ ᠭᠠᠷᠤᠭᠰᠠᠨ ᠬᠤᠲᠠ ᠶᠢᠨ ᠱᠠᠲᠤᠨ ᠤ ᠤᠯᠤᠰ ᠤᠨ ᠥᠮᠴᠢᠯᠡᠯᠲᠦ | ᠭᠠᠵᠠᠷ ᠰᠢᠷᠣᠶ ᠶᠢᠨ ᠬᠡᠷᠡᠭᠯᠡᠬᠦ ᠡᠷᠬᠡ ᠪᠠ ᠠᠭᠤᠷᠬᠠᠶ ᠶᠢᠨ ᠦᠢᠯᠡᠰ ᠤᠨ ᠡᠷᠬᠡ ᠶᠢ ᠰᠢᠯᠵᠢᠭᠦᠯᠦᠨ ᠬᠤᠳᠠᠯᠳᠤᠬᠤ ᠠᠴᠠ ᠭᠠᠳᠠᠨ᠎ᠠ᠂ ᠤᠰᠤᠨ ᠤ ᠡᠷᠬᠡ᠂ ᠣᠶ | ᠰᠢᠭᠤᠶ ᠶᠢᠨ ᠡᠷᠬᠡ ᠵᠡᠷᠭᠡ ᠡᠬᠢ ᠪᠠᠶᠠᠯᠢᠭ ᠡᠳ᠋ ᠬᠥᠷᠥᠩᠭᠡ ᠶᠢᠨ ᠲᠥᠷᠥᠯ ᠤᠨ ᠠᠷᠠᠯᠵᠢᠶ᠎ᠠ ᠶᠢᠨ ᠲᠥᠷᠥᠯ ᠵᠦᠢᠯ ᠪᠠ ᠡᠯ᠎ᠡ ᠬᠤᠰᠢᠭᠤ ᠰᠢᠶᠠᠨ ᠲᠣᠭᠤᠷᠢᠭ ᠤᠨ | ᠤᠯᠤᠰ ᠤᠨ ᠥᠮᠴᠢᠯᠡᠯᠲᠦ ᠭᠠᠵᠠᠷ ᠰᠢᠷᠣᠶ ᠶᠢᠨ ᠬᠡᠷᠡᠭᠯᠡᠬᠦ ᠡᠷᠬᠡ ᠶᠢ ᠰᠢᠯᠵᠢᠭᠦᠯᠦᠨ ᠬᠤᠳᠠᠯᠳᠤᠬᠤ ᠳᠤ ᠡᠷᠬᠡᠪᠰᠢ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶ᠎ᠠ ᠶᠢᠨ ᠲᠠᠪᠴᠠᠩ ᠳᠤ ᠭᠠᠷᠴᠤ ᠠᠵᠢᠯ ᠢᠶᠠᠨ ᠡᠷᠬᠢᠯᠡᠬᠦ ᠬᠡᠷᠡᠭᠲᠡᠶ᠃ | ︵1︶ ᠤᠰᠤᠨ ᠤ ᠡᠷᠬᠡ᠂ ᠡᠭᠦᠨ ᠳᠤ ᠣᠷᠣᠨ ᠪᠦᠰᠡ ᠶᠢᠨ ᠤᠰᠤᠨ ᠤ ᠡᠷᠬᠡ ᠶᠢᠨ ᠠᠷᠠᠯᠵᠢᠶ᠎ᠠ᠂ ᠤᠰᠤ ᠲᠠᠲᠠᠬᠤ ᠡᠷᠬᠡ ᠶᠢᠨ ᠠᠷᠠᠯᠵᠢᠶ᠎ᠠ ᠵᠡᠷᠭᠡ | ᠪᠠᠭᠲᠠᠨ᠎ᠠ᠃ ︵ᠠᠵᠢᠯ ᠲᠥᠷᠥᠯ ᠤᠨ ᠬᠢᠨᠠᠯᠲᠠ ᠲᠠᠯᠪᠢᠬᠤ ᠰᠠᠯᠠᠭ᠎ᠠ ᠮᠥᠴᠢᠷ ᠪᠣᠯ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ︶ | ︵2︶ ᠤᠢ ᠰᠢᠭᠤᠢ ᠶᠢᠨ ᠡᠷᠬᠡ᠂ ᠡᠭᠦᠨ ᠳᠤ ᠤᠯᠤᠰ ᠤᠨ ᠥᠮᠴᠢᠯᠡᠯ ᠤᠨ ᠰᠢᠭᠤᠶᠢᠲᠤ ᠭᠠᠵᠠᠷ᠂ ᠤᠢ ᠰᠢᠭᠤᠶ᠂ ᠨᠤᠲᠤᠭ ᠪᠡᠯᠴᠢᠭᠡᠷ ᠤᠨ ᠬᠡᠷᠡᠭᠯᠡᠬᠦ | ᠡᠷᠬᠡ᠂ ᠲᠦᠷᠢᠶᠡᠰᠦᠯᠡᠬᠦ ᠡᠷᠬᠡ ᠪᠠ ᠤᠢ ᠰᠢᠭᠤᠢ ᠶᠢᠨ ᠥᠮᠴᠢᠯᠡᠯ ᠤᠨ ᠡᠷᠬᠡ ᠶᠢ ᠰᠢᠯᠵᠢᠭᠦᠯᠦᠨ ᠬᠤᠳᠠᠯᠳᠤᠬᠤ᠂ ᠬᠠᠮᠲᠤ ᠠᠴᠠ ᠨᠢᠭᠡᠳᠦᠯᠲᠡᠶ ᠡᠵᠡᠩᠨᠡᠨ | ᠬᠠᠮᠢᠶᠠᠷᠴᠤ ᠪᠠᠶᠢᠭ᠎ᠠ ᠰᠢᠭᠤᠶᠢᠲᠤ ᠭᠠᠵᠠᠷ᠂ ᠨᠤᠲᠤᠭ ᠪᠡᠯᠴᠢᠭᠡᠷ ᠤᠨ ᠡᠵᠡᠩᠨᠡᠯᠲᠡ ᠶᠢᠨ ᠡᠷᠬᠡ ᠪᠠ ᠤᠢ ᠰᠢᠭᠤᠢ ᠶᠢᠨ ᠥᠮᠴᠢᠯᠡᠯ ᠤᠨ ᠡᠷᠬᠡ ᠶᠢ ᠰᠢᠯᠵᠢᠭᠦᠯᠦᠨ | ᠬᠤᠳᠠᠯᠳᠤᠬᠤ ᠶᠢ ᠪᠠᠭᠲᠠᠭᠠᠨ᠎ᠠ᠃ ︵ᠠᠵᠢᠯ ᠲᠥᠷᠥᠯ ᠤᠨ ᠬᠢᠨᠠᠯᠲᠠ ᠲᠠᠯᠪᠢᠬᠤ ᠰᠠᠯᠠᠭ᠎ᠠ ᠮᠥᠴᠢᠷ ᠪᠣᠯ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ | ᠲᠣᠪᠴᠢᠶ᠎ᠠ︶ | ︵3︶ ᠪᠤᠰᠤᠳ ᠪᠠᠶᠢᠭᠠᠯᠢ ᠶᠢᠨ ᠡᠬᠢ ᠪᠠᠶᠠᠯᠢᠭ ᠤᠨ ᠡᠷᠬᠡ᠂ ᠡᠭᠦᠨ ᠳᠤ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠰᠠᠭᠤᠷᠢ ᠮᠥᠩᠭᠦᠨ ᠤ ᠲᠦᠷᠦᠯ | ᠵᠦᠢᠯ᠂ ᠬᠥᠳᠡᠭᠡ ᠲᠣᠰᠬᠤᠨ ᠤ ᠭᠠᠵᠠᠷ ᠰᠢᠷᠣᠶ ᠶᠢ ᠡᠮᠬᠢᠯᠡᠨ ᠴᠡᠭᠴᠡᠯᠡᠬᠦ᠂ ᠭᠠᠵᠠᠷ ᠰᠢᠨᠵᠢᠯᠡᠭᠡᠨ ᠤ ᠣᠷᠴᠢᠨ ᠠᠬᠤᠶ ᠶᠢ ᠵᠠᠰᠠᠬᠤ ᠢᠨᠵᠧᠨᠧᠷᠢᠩ ᠪᠠᠭᠲᠠᠨ᠎ᠠ᠃ | ︵ᠠᠵᠢᠯ ᠲᠥᠷᠥᠯ ᠤᠨ ᠬᠢᠨᠠᠯᠲᠠ ᠲᠠᠯᠪᠢᠬᠤ ᠰᠠᠯᠠᠭ᠎ᠠ ᠮᠥᠴᠢᠷ ᠪᠣᠯ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ︶ | ︵4︶ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ᠂ ᠡᠭᠦᠨ ᠳᠤ ᠬᠥᠳᠡᠭᠡ ᠲᠣᠰᠬᠤᠨ ᠤ ᠬᠠᠮᠲᠤ ᠶᠢᠨ ᠭᠠᠵᠠᠷ ᠰᠢᠷᠣᠶ ᠶᠢᠨ | ᠡᠵᠡᠩᠨᠡᠯᠲᠡ ᠶᠢᠨ ᠡᠷᠬᠡ ᠶᠢ ᠡᠷᠭᠢᠯᠲᠡ ᠳᠤ ᠣᠷᠣᠭᠤᠯᠬᠤ᠂ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠶ ᠡᠳ᠋ ᠬᠦᠷᠦᠩᠭᠡ ᠶᠢ | ᠲᠦᠷᠢᠶᠡᠰᠦᠯᠡᠭᠦᠯᠬᠦ᠂ ᠬᠥᠳᠡᠭᠡ ᠲᠣᠰᠬᠤᠨ ᠤ ᠬᠠᠮᠲᠤ ᠶᠢᠨ ᠡᠳ᠋ ᠬᠦᠷᠦᠩᠭᠡ ᠶᠢᠨ ᠰᠲ᠋ᠣᠺ ᠤᠨ ᠡᠷᠬᠡ ᠶᠢ ᠰᠢᠯᠵᠢᠭᠦᠯᠦᠨ ᠥᠭᠬᠦ᠂ ᠠᠭᠯᠠᠭ ᠠᠭᠤᠯᠠ᠂ ᠲᠠᠴᠢᠷ | ᠭᠤᠤ᠂ ᠬᠠᠯᠴᠠᠭᠠᠶ ᠲᠤᠪᠦ᠂ ᠡᠵᠡᠭᠦᠶ ᠲᠠᠩ ᠤᠨ ᠬᠡᠷᠡᠭᠯᠡᠬᠦ ᠡᠷᠬᠡ ᠶᠢ ᠡᠷᠭᠢᠯᠲᠡ ᠳᠤ ᠣᠷᠣᠭᠤᠯᠬᠤ ᠶᠢ ᠪᠠᠭᠲᠠᠭᠠᠨ᠎ᠠ᠃ ︵ᠠᠵᠢᠯ ᠲᠥᠷᠥᠯ ᠤᠨ ᠬᠢᠨᠠᠯᠲᠠ | ᠲᠠᠯᠪᠢᠬᠤ ᠰᠠᠯᠠᠭ᠎ᠠ ᠮᠥᠴᠢᠷ ᠪᠣᠯ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ︶ | ︵5︶ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠥᠮᠴᠢᠯᠡᠬᠦ ᠡᠷᠬᠡ ᠶᠢᠨ ᠡᠳ᠋ ᠬᠦᠷᠦᠩᠭᠡ᠂ ᠡᠭᠦᠨ ᠳᠤ ᠵᠠᠰᠠᠭ ᠵᠠᠬᠢᠷᠭᠠᠨ ᠤ ᠪᠠᠶᠢᠭᠤᠯᠭ᠎ᠠ᠂ | ᠠᠵᠢᠯ ᠦᠢᠯᠡᠰ ᠤᠨ ᠨᠢᠭᠡᠴᠡ᠂ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠲᠤᠰᠬᠠᠶ ᠠᠰᠢᠭ ᠤᠨ ᠡᠷᠬᠡ᠂ ᠵᠣᠬᠢᠶᠠᠯ ᠪᠦᠲᠦᠭᠡᠯ ᠤᠨ ᠡᠷᠬᠡ᠂ ᠲᠠᠸᠠᠷ ᠤᠨ | ᠲᠡᠮᠳᠡᠭᠲᠦ ᠶᠢᠨ ᠡᠷᠬᠡ ᠪᠠᠨ ᠰᠢᠯᠵᠢᠭᠦᠯᠦᠨ ᠥᠭᠬᠦ᠂ ᠵᠠᠰᠠᠭ ᠵᠠᠬᠢᠷᠭᠠᠨ ᠤ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ᠂ ᠪᠦᠯᠬᠦᠮ ᠤᠨ ᠵᠣᠬᠢᠶᠠᠨ | ᠪᠠᠶᠢᠭᠤᠯᠤᠯᠲᠠ ᠶᠢᠨ ᠠᠪᠴᠠᠭᠠᠨ ᠤ ᠡᠷᠬᠡ ᠶᠢ ᠭᠠᠳᠠᠭᠰᠢ ᠰᠢᠢᠳᠪᠦᠷᠢᠯᠡᠬᠦ ᠵᠡᠷᠭᠡ ᠪᠠᠭᠲᠠᠨ᠎ᠠ᠃ ︵ᠠᠵᠢᠯ ᠲᠥᠷᠥᠯ ᠤᠨ ᠬᠢᠨᠠᠯᠲᠠ ᠲᠠᠯᠪᠢᠬᠤ ᠰᠠᠯᠠᠭ᠎ᠠ ᠮᠥᠴᠢᠷ | ᠪᠣᠯ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ︶ | ︵6︶ ᠳᠠᠯᠳᠠ ᠡᠳ᠋ ᠬᠦᠷᠦᠩᠭᠡ᠂ ᠡᠭᠦᠨ ᠳᠤ ᠰᠠᠭᠤᠷᠢ ᠲᠥᠬᠦᠭᠡᠷᠦᠮᠵᠢ ᠪᠠ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠣᠨᠴᠠ ᠵᠥᠪᠰᠢᠶᠡᠷᠡᠯ ᠤᠨ | ᠡᠵᠡᠩᠨᠡᠯᠲᠡ ᠶᠢᠨ ᠡᠷᠬᠡ ᠶᠢ ᠣᠯᠭᠤᠬᠤ᠂ ᠬᠤᠳᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠲᠥᠬᠦᠭᠡᠷᠦᠮᠵᠢ ᠵᠢᠴᠢ ᠤᠯᠠᠨ ᠨᠡᠶᠢᠲᠡ ᠶᠢᠨ ᠲᠠᠯᠠᠪᠤᠷ | ᠭᠠᠵᠠᠷ ᠢ ᠬᠡᠷᠡᠭᠯᠡᠬᠦ ᠡᠷᠬᠡ᠂ ᠳᠠᠭᠠᠭᠠᠴᠢᠯᠠᠨ ᠡᠵᠡᠩᠨᠡᠬᠦ ᠡᠷᠬᠡ᠂ ᠨᠡᠷ᠎ᠡ ᠬᠠᠳᠠᠬᠤ ᠡᠷᠬᠡ ᠶᠢ ᠲᠥᠯᠥᠪᠦᠷᠢ ᠲᠠᠢ ᠪᠠᠷ ᠰᠢᠯᠵᠢᠭᠦᠯᠦᠨ ᠥᠭᠬᠦ ᠶᠢ ᠪᠠᠭᠲᠠᠭᠠᠨ᠎ᠠ᠃ ︵ | ᠠᠵᠢᠯ ᠲᠥᠷᠥᠯ ᠤᠨ ᠬᠢᠨᠠᠯᠲᠠ ᠲᠠᠯᠪᠢᠬᠤ ᠰᠠᠯᠠᠭ᠎ᠠ ᠮᠥᠴᠢᠷ ᠪᠣᠯ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠲᠣᠪᠴᠢᠶ᠎ᠠ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ︶ | ︵7︶ ᠵᠠᠷᠭᠤ ᠳᠤ ᠬᠤᠯᠪᠣᠭᠳᠠᠭᠰᠠᠨ ᠡᠳ᠋ ᠬᠦᠷᠦᠩᠭᠡ᠂ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠥᠷᠨᠢᠭᠦᠯᠦᠭᠰᠡᠨ ᠵᠠᠷᠭᠤ ᠳᠤ ᠬᠤᠯᠪᠣᠭᠳᠠᠭᠰᠠᠨ᠂ | ᠪᠠᠷᠢᠴᠠᠭᠠᠯᠠᠭᠰᠠᠨ ᠪᠤᠶᠤ ᠲᠣᠷᠭᠠᠵᠤ ᠬᠤᠷᠢᠶᠠᠨ ᠠᠪᠤᠭᠰᠠᠨ ᠡᠳ᠋ ᠬᠦᠷᠦᠩᠭᠡ ᠶᠢ ᠰᠢᠢᠳᠪᠦᠷᠢᠯᠡᠭᠰᠡᠨ ᠵᠡᠷᠭᠡ᠃ ︵ᠠᠵᠢᠯ ᠲᠥᠷᠥᠯ ᠤᠨ ᠬᠢᠨᠠᠯᠲᠠ ᠲᠠᠯᠪᠢᠬᠤ | ᠰᠠᠯᠠᠭ᠎ᠠ ᠮᠥᠴᠢᠷ ᠪᠣᠯ ᠬᠤᠲᠠ ᠶᠢᠨ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ︶ | ︵ᠲᠦᠷᠪᠡ︶ ᠣᠷᠴᠢᠨ ᠲᠤᠭᠤᠷᠢᠨ ᠤ ᠡᠷᠬᠡ ᠶᠢᠨ ᠲᠦᠷᠦᠯ᠄ | ᠮᠠᠨ ᠤ ᠬᠤᠲᠠ ᠶᠢᠨ ᠡᠬᠢ ᠪᠠᠶᠠᠯᠢᠭ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠴᠢᠬᠤᠯᠠᠲᠠᠶ ᠣᠷᠴᠢᠨ ᠲᠣᠭᠤᠷᠢᠨ ᠤ ᠡᠷᠬᠡ ᠶᠢᠨ ᠠᠷᠠᠯᠵᠢᠶᠠᠨ ᠤ | ᠲᠥᠷᠥᠯ ᠵᠦᠢᠯ ᠨᠢ ᠡᠷᠬᠡᠪᠰᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠳᠤ ᠭᠠᠷᠬᠤ ᠠᠵᠢᠯ ᠢᠶᠠᠨ ᠡᠷᠬᠢᠯᠡᠬᠦ ᠬᠡᠷᠡᠭᠲᠡᠶ᠃ | ︵1︶ ᠡᠨᠧᠷᠭᠢ ᠬᠡᠷᠡᠭᠯᠡᠬᠦ ᠡᠷᠬᠡ ᠶᠢᠨ ᠠᠷᠠᠯᠵᠢᠶ᠎ᠠ᠃ ︵ᠠᠵᠢᠯ ᠲᠥᠷᠥᠯ ᠤᠨ ᠬᠢᠨᠠᠯᠲᠠ ᠲᠠᠯᠪᠢᠬᠤ ᠰᠠᠯᠠᠭ᠎ᠠ ᠮᠥᠴᠢᠷ ᠪᠣᠯ ᠬᠤᠲᠠ ᠶᠢᠨ ᠠᠮᠢ | ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ︶ | ᠳᠥᠷᠪᠡ᠂ ᠡᠭᠦᠷᠭᠡ ᠶᠢᠨ ᠬᠤᠪᠢᠶᠠᠷᠢᠯᠠᠯ ᠪᠠ ᠴᠠᠭ ᠬᠤᠭᠤᠴᠠᠭ᠎ᠠ | ︵ᠨᠢᠭᠡ︶ ᠠᠷᠠᠯᠵᠢᠶᠠᠨ ᠤ ᠪᠡᠯᠡᠳᠬᠡᠯ ︵ᠪᠡᠶᠡᠯᠡᠭᠦᠯᠬᠦ ᠴᠠᠭ ᠬᠤᠭᠤᠴᠠᠭ᠎ᠠ ᠨᠢ 2021 ᠣᠨ ᠤ 7 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ︶ | ᠪᠢᠴᠢᠭ ᠮᠠᠲ᠋ᠧᠷᠢᠶᠠᠯ ᠢ ᠪᠠᠭᠤᠯᠭᠠᠭᠰᠠᠨ ᠡᠳᠦᠷ ᠠᠴᠠ ᠡᠬᠢᠯᠡᠨ 7 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠡᠯ᠎ᠡ ᠬᠠᠮᠢᠶ᠎ᠠ ᠪᠥᠬᠦᠶ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ | ᠰᠠᠨᠠᠭᠠᠴᠢᠯᠠᠭ᠎ᠠ ᠠᠴᠠ ᠪᠠᠨ ᠵᠤᠯᠭᠠᠭᠤᠯᠵᠤ᠂ ᠡᠯ᠎ᠡ ᠲᠥᠷᠥᠯ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠥᠷᠥᠯ ᠵᠦᠢᠯ ᠢ ᠲᠠᠯᠠᠪᠤᠷ ᠲᠤ | ᠣᠷᠣᠭᠤᠯᠬᠤ ᠡᠮᠦᠨᠡᠬᠢ ᠬᠤᠭᠤᠴᠠᠭᠠᠨ ᠤ ᠪᠡᠯᠡᠳᠭᠡᠯ ᠠᠵᠢᠯ ᠢ ᠰᠠᠶᠢᠲᠤᠷ ᠬᠢᠨ᠎ᠡ᠃ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠯ᠎ᠡ ᠲᠥᠷᠥᠯ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠠᠵᠢᠯᠯᠠᠭ᠎ᠠ ᠳᠤ ᠱᠠᠭᠠᠷᠳᠠᠭᠳᠠᠬᠤ | ᠠᠷᠠᠯᠵᠢᠶ᠎ᠠ ᠶᠢᠨ ᠲᠠᠯᠠᠪᠤᠷ ᠭᠠᠵᠠᠷ ᠪᠠ ᠵᠥᠭᠡᠯᠡᠨ ᠬᠠᠲᠠᠭᠤ ᠲᠤᠨᠤᠭ ᠤᠨ ᠪᠠᠲᠤᠯᠠᠭ᠎ᠠ ᠶᠢ ᠬᠠᠷᠢᠭᠤᠴᠠᠨ ᠲᠤᠬᠢᠷᠠᠭᠤᠯᠤᠨ᠎ᠠ ; ᠡᠯ᠎ᠡ ᠵᠦᠢᠯ ᠤᠨ ᠤᠯᠠᠨ | ᠨᠡᠶᠢᠲᠠ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠠᠵᠢᠯᠯᠠᠭ᠎ᠠ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠥᠮᠦᠵᠢᠯ ᠪᠣᠯᠪᠠᠰᠤᠷᠠᠭᠤᠯᠤᠯ ᠤᠨ ᠠᠵᠢᠯ | ᠢ ᠰᠠᠶᠢᠲᠤᠷ ᠬᠢᠬᠦ ᠶᠢ ᠬᠠᠷᠢᠭᠤᠴᠠᠨ᠎ᠠ᠃ | ︵ᠬᠤᠶᠠᠷ︶ ᠲᠥᠷᠥᠯ ᠵᠦᠢᠯ ᠢ ᠲᠤᠷᠰᠢᠨ ᠠᠵᠢᠯᠯᠠᠭᠤᠯᠬᠤ ︵ᠪᠡᠶᠡᠯᠡᠭᠦᠯᠬᠦ ᠴᠠᠭ ᠬᠤᠭᠤᠴᠠᠭ᠎ᠠ ᠨᠢ 2022 ᠣᠨ ᠤ 6 ᠳ᠋ᠤᠭᠠᠷ ᠰᠠᠷ᠎ᠠ ᠶᠢᠨ 30 ᠤ | ᠡᠳᠦᠷ︶ | 2021 ᠣᠨ ᠤ 8 ᠳ᠋ᠤᠭᠠᠷ ᠰᠠᠷ᠎ᠠ ᠶᠢᠨ 1 ᠤ ᠡᠳᠦᠷ ᠠᠴᠠ 2022 ᠣᠨ ᠤ 6 ᠳ᠋ᠤᠭᠠᠷ ᠰᠠᠷ᠎ᠠ ᠶᠢᠨ 30 ᠤ ᠡᠳᠦᠷ ᠪᠣᠯᠲᠠᠯ᠎ᠠ᠂ ᠬᠤᠲᠠ ᠶᠢᠨ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶ᠎ᠠ ᠶᠢᠨ ᠦᠢᠯᠡᠴᠢᠯᠡᠭᠡᠨ ᠤ ᠲᠥᠪ ᠪᠠ ᠬᠤᠲᠠ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠪ ᠤᠨ ᠡᠯ᠎ᠡ ᠲᠥᠷᠥᠯ ᠤᠨ ᠣᠯᠠᠨ ᠨᠡᠶᠢᠲᠡ ᠶᠢᠨ | ᠡᠬᠢ ᠪᠠᠶᠠᠯᠢᠭ ᠤᠨ ᠠᠷᠠᠯᠵᠢᠶ᠎ᠠ ᠶᠢᠨ ᠲᠤᠷᠰᠢᠨ ᠠᠵᠢᠯᠯᠠᠭᠤᠯᠬᠤ ᠠᠵᠢᠯᠯᠠᠭ᠎ᠠ ᠶᠢ ᠬᠠᠤᠯᠢ ᠶᠣᠰᠣᠭᠠᠷ ᠥᠷᠨᠢᠭᠦᠯᠬᠦ ᠶᠢ ᠬᠠᠷᠢᠭᠤᠴᠠᠨ ᠵᠣᠬᠢᠶᠠᠨ ᠪᠠᠶᠢᠭᠤᠯᠵᠤ᠂ | ᠲᠤᠷᠰᠢᠨ ᠠᠵᠢᠯᠯᠠᠭᠤᠯᠬᠤ ᠬᠤᠭᠤᠴᠠᠭᠠᠨ ᠳᠤ ᠤᠯᠠᠮᠵᠢᠯᠠᠯᠲᠤ ᠴᠠᠭᠠᠰᠤᠨ ᠳᠠᠭᠠᠭᠠᠴᠢᠯᠠᠯᠲᠠ ᠶᠢᠨ ᠪᠢᠴᠢᠭ ᠢ ᠬᠢᠨᠠᠨ ᠲᠣᠭᠲᠠᠭᠠᠬᠤ ᠠᠴᠠ ᠡᠯᠧᠺᠲᠷᠣᠨᠴᠢᠯᠠᠭᠰᠠᠨ | ᠬᠢᠨᠠᠨ ᠲᠣᠭᠲᠠᠭᠠᠯᠲᠠ ᠳᠠᠰᠢ ᠠᠯᠬᠤᠮ ᠠᠯᠬᠤᠮ ᠢᠶᠠᠷ ᠰᠢᠯᠵᠢᠨ᠎ᠡ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠱᠠᠭᠠᠷᠳᠠᠯᠭ᠎ᠠ ᠶᠣᠰᠣᠭᠠᠷ ᠲᠥᠷᠥᠯ ᠵᠦᠢᠯ ᠢ | ᠬᠢᠨᠠᠨ ᠪᠠᠶᠢᠴᠠᠭᠠᠬᠤ᠂ ᠳᠠᠩᠰᠠᠯᠠᠬᠤ ᠪᠠ ᠲᠤᠬᠠᠶ ᠶᠢᠨ ᠭᠠᠵᠠᠷ ᠲᠤᠨᠢ ᠬᠢᠨᠠᠯᠲᠠ ᠲᠠᠯᠪᠢᠬᠤ ᠠᠵᠢᠯ ᠢ ᠰᠠᠶᠢᠲᠤᠷ ᠬᠢᠬᠦ ᠬᠡᠷᠡᠭᠲᠡᠶ᠃ | ︵ᠭᠤᠷᠪᠠ︶ ᠪᠥᠬᠦ ᠶᠠᠪᠤᠴᠠ ᠶᠢ ᠡᠯᠧᠺᠲᠷᠤᠨᠴᠢᠯᠠᠨ ᠠᠵᠢᠯᠯᠠᠭᠤᠯᠬᠤ ︵ᠪᠡᠶᠡᠯᠡᠭᠦᠯᠬᠦ ᠴᠠᠭ ᠬᠤᠭᠤᠴᠠᠭ᠎ᠠ ᠨᠢ 2022 ᠣᠨ ᠤ 12 ᠳ᠋ᠤᠭᠠᠷ | ᠰᠠᠷ᠎ᠠ ᠶᠢᠨ 31 ᠤ ᠡᠳᠦᠷ︶ | | ᠡᠯ᠎ᠡ ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠵᠢᠯᠴᠠᠨ ᠵᠥᠭᠡᠯᠡᠨ ᠲᠤᠨᠤᠭ ᠤᠨ ᠦᠢᠯᠡᠴᠢᠯᠡᠭᠡᠨ ᠤ ᠬᠤᠳᠠᠯᠳᠤᠭᠠᠴᠢᠨ ᠢ ᠵᠣᠬᠢᠶᠠᠨ | ᠪᠠᠶᠢᠭᠤᠯᠵᠤ᠂ ᠰᠢᠨ᠎ᠡ ᠲᠠᠪᠴᠠᠩ ᠳᠤ ᠭᠠᠷᠴᠤ ᠠᠷᠠᠯᠵᠢᠶᠠᠯᠠᠬᠤ ᠲᠥᠷᠥᠯ ᠵᠦᠢᠯ ᠤᠨ ᠡᠯᠧᠺᠲᠷᠣᠨ ᠠᠷᠠᠯᠵᠢᠶᠠᠨ ᠤ ᠰᠢᠰᠲ᠋ᠧᠮ ᠢ ᠨᠡᠭᠡᠭᠡᠨ ᠪᠠᠶᠢᠭᠤᠯᠵᠤ᠂ | ᠲᠤᠷᠰᠢᠨ ᠠᠵᠢᠯᠯᠠᠭᠤᠯᠤᠭᠠᠳ ᠠᠮᠵᠢᠯᠲᠠ ᠲᠠᠢ ᠲᠤᠷᠰᠢᠯᠭ᠎ᠠ ᠪᠠ ᠰᠠᠶᠢᠨ ᠦᠷ᠎ᠡ ᠪᠦᠲᠦᠮᠵᠢ ᠣᠯᠤᠭᠰᠠᠨ ᠰᠠᠭᠤᠷᠢᠨ ᠳᠡᠭᠡᠷ᠎ᠡ᠂ ᠡᠯ᠎ᠡ ᠲᠥᠷᠥᠯ ᠤᠨ | ᠠᠷᠠᠯᠵᠢᠶ᠎ᠠ ᠶᠢᠨ ᠠᠵᠢᠯᠯᠠᠭ᠎ᠠ ᠶᠢ ᠠᠯᠬᠤᠮ ᠠᠯᠬᠤᠮ ᠢᠶᠠᠷ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠡᠯᠧᠺᠲᠷᠣᠨ ᠠᠷᠠᠯᠵᠢᠶ᠎ᠠ ᠶᠢᠨ | ᠰᠢᠰᠲ᠋ᠧᠮ ᠳᠤ ᠣᠷᠣᠭᠤᠯᠵᠤ᠂ ᠠᠷᠠᠯᠵᠢᠶ᠎ᠠ ᠶᠢᠨ ᠠᠵᠢᠯᠯᠠᠭ᠎ᠠ ᠶᠢᠨ ᠪᠥᠬᠦ ᠶᠢ ᠡᠯᠧᠺᠲᠷᠤᠨᠴᠢᠯᠠᠨ ᠰᠦᠯᠵᠢᠶᠡᠨ ᠳᠡᠭᠡᠷ᠎ᠡ ᠠᠵᠢᠯᠯᠠᠭᠤᠯᠤᠨ᠎ᠠ᠃ | ᠲᠠᠪᠤ᠂ ᠠᠵᠢᠯ ᠤᠨ ᠱᠠᠭᠠᠷᠳᠠᠯᠭ᠎ᠠ | ︵ᠨᠢᠭᠡ︶ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠬᠦᠯᠭᠦ ᠬᠡᠷᠡᠭᠲᠡᠢ | ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯ ᠨᠢ ᠣᠷᠣᠨ ᠤ ᠲᠥᠪ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ | ᠰᠢᠯᠢᠳᠡᠭᠵᠢᠭᠦᠯᠬᠦ᠂ ᠣᠷᠣᠨ ᠤ ᠲᠥᠪ ᠬᠤᠲᠠ ᠶᠢᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠬᠦ ᠲᠠᠢ ᠬᠤᠯᠪᠣᠭᠳᠠᠵᠤ᠂ ᠡᠯ᠎ᠡ ᠭᠠᠵᠠᠷ ᠣᠷᠣᠨ᠂ ᠡᠯ᠎ᠡ | ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠭᠤᠣᠯ ᠤᠳᠤᠷᠢᠳᠤᠯᠭ᠎ᠠ ᠪᠡᠶ᠎ᠡ ᠪᠠᠷ ᠢᠶᠠᠨ | ᠪᠠᠶᠢᠷᠢᠯᠠᠭᠤᠯᠤᠨ ᠠᠬᠢᠭᠤᠯᠵᠤ᠂ ᠨᠢᠭᠡᠨᠲᠡ ᠲᠣᠭᠲᠠᠭᠠᠭᠰᠠᠨ ᠡᠭᠦᠷᠭᠡ ᠬᠠᠷᠠᠯᠲᠠ ᠶᠣᠰᠣᠭᠠᠷ ᠠᠵᠢᠯ ᠤᠨ ᠵᠠᠩᠭᠢᠯᠠᠭ᠎ᠠ ᠶᠢᠨ ᠴᠡᠭ ᠢ ᠨᠠᠷᠢᠯᠢᠬᠵᠢᠭᠤᠯᠵᠤ᠂ | ᠬᠠᠷᠢᠭᠤᠴᠠᠯᠭᠠᠲᠤ ᠰᠠᠯᠠᠭ᠎ᠠ ᠮᠥᠴᠢᠷ ᠪᠣᠯᠤᠨ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠵᠣᠬᠢᠴᠠᠭᠤᠯᠤᠨ | ᠲᠤᠬᠢᠷᠠᠭᠤᠯᠵᠤ᠂ ᠬᠠᠮᠤᠭ ᠲᠦᠷᠦᠭᠦᠨ ᠳᠤ ᠠᠰᠠᠭᠤᠳᠠᠯ ᠢ ᠢᠯᠡᠷᠡᠭᠦᠯᠬᠦ ᠪᠠ ᠰᠢᠢᠳᠪᠦᠷᠢᠯᠡᠵᠦ᠂ ᠪᠦᠬᠦ ᠬᠤᠳᠠ ᠶᠢᠨ ᠳᠡᠭᠡᠳᠦ ᠲᠤᠤᠷᠠᠳᠤ ᠱᠠᠳᠤ ᠪᠠᠷ ᠢᠶᠠᠨ ᠱᠠᠳᠤ | ᠱᠠᠳᠤ ᠪᠠᠷ ᠨᠠᠶᠢᠳᠠᠪᠤᠷᠢᠵᠢᠭᠤᠯᠬᠤ ᠶᠢ ᠠᠳᠬᠤᠬᠤ ᠬᠠᠷᠢᠭᠤᠴᠠᠯᠭ᠎ᠠ ᠶᠢᠨ ᠬᠡᠯᠬᠢᠶ᠎ᠡ ᠶᠢ ᠪᠦᠷᠢᠯᠳᠦᠭᠦᠯᠵᠦ᠂ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ | ᠬᠡᠷᠡᠭᠲᠡᠢ᠃ | ︵ᠬᠤᠶᠠᠷ︶ ᠠᠵᠢᠯ ᠤᠨ ᠬᠠᠷᠢᠭᠤᠴᠠᠯᠭ᠎ᠠ ᠶᠢ ᠪᠤᠲᠠᠲᠠᠶᠢᠵᠢᠭᠤᠯᠬᠤ ᠬᠡᠷᠡᠭᠲᠡᠢ | ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠥᠬᠦ ᠬᠤᠲᠠ ᠶᠢᠨ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠠᠵᠢᠯ ᠳᠤ ᠶᠡᠷᠦᠩᠬᠡᠢ ᠬᠢᠨᠠᠯᠲᠠ ᠬᠠᠮᠢᠶᠠᠷᠤᠯᠲᠠ ᠬᠢᠬᠦ ᠶᠢ ᠬᠠᠷᠢᠭᠤᠴᠠᠵᠤ᠂ ᠪᠥᠬᠦ ᠬᠤᠲᠠ ᠶᠢᠨ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠠᠵᠢᠯᠯᠠᠭ᠎ᠠ ᠶᠢ ᠵᠤᠬᠢᠶᠠᠨ ᠪᠠᠶᠢᠭᠤᠯᠤᠨ ᠬᠢᠨᠠᠯᠲᠠ ᠲᠠᠯᠪᠢᠵᠤ ᠪᠠᠶᠢᠴᠠᠭᠠᠬᠤ᠂ ᠶᠡᠷᠦᠩᠬᠡᠶᠢᠯᠡᠨ ᠭᠥᠯᠢᠶᠡᠨ | ᠠᠪᠴᠤ ᠰᠢᠢᠳᠪᠦᠷᠢᠯᠡᠬᠦ᠂ ᠲᠠᠪᠴᠠᠩ ᠤᠨ ᠳᠡᠭᠡᠷᠡᠬᠢ ᠠᠷᠠᠯᠵᠢᠶ᠎ᠠ ᠶᠢᠨ ᠠᠵᠢᠯᠯᠠᠭ᠎ᠠ ᠶᠢᠨ ᠵᠠᠭᠠᠯᠳᠤᠯᠭ᠎ᠠ ᠶᠢ ᠬᠤᠪᠢᠶᠠᠨ ᠲᠠᠷᠬᠠᠭᠠᠬᠤ ᠪᠠ ᠰᠢᠢᠳᠪᠦᠷᠢᠯᠡᠬᠦ ᠶᠢ | ᠬᠠᠷᠢᠭᠤᠴᠠᠨ᠎ᠠ᠃ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠠᠮᠢ | ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠰᠣᠶᠣᠯ | ᠵᠢᠭᠤᠯᠴᠢᠯᠠᠯ ᠤᠨ ᠲᠣᠪᠴᠢᠶ᠎ᠠ ᠵᠡᠷᠭᠡ ᠡᠯ᠎ᠡ ᠬᠤᠯᠪᠤᠭᠳᠠᠯ ᠪᠥᠬᠦᠶ ᠠᠵᠢᠯ ᠲᠥᠷᠥᠯ ᠤᠨ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠶᠣᠰᠣᠭᠠᠷ ᠲᠣᠰ ᠠᠵᠢᠯ ᠲᠥᠷᠥᠯ ᠤᠨ ᠢᠶᠠᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠠᠵᠢᠯᠯᠠᠭ᠎ᠠ ᠶᠢᠨ ᠬᠢᠨᠠᠯᠲᠠ | ᠬᠠᠮᠢᠶᠠᠷᠤᠯᠲᠠ ᠶᠢ ᠬᠠᠷᠢᠭᠤᠴᠠᠵᠤ᠂ ᠲᠣᠰ ᠠᠵᠢᠯ ᠲᠥᠷᠥᠯ ᠤᠨ ᠢᠶᠠᠨ ᠳᠣᠲᠣᠷᠠᠬᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠠᠵᠢᠯᠯᠠᠭ᠎ᠠ ᠶᠢᠨ | ᠵᠠᠭᠠᠯᠳᠤᠯᠭ᠎ᠠ ᠶᠢ ᠭᠥᠯᠢᠶᠡᠨ ᠠᠪᠴᠤ ᠰᠢᠢᠳᠪᠦᠷᠢᠯᠡᠬᠦ ᠬᠡᠷᠡᠭᠲᠡᠶ᠃ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠦᠢᠯᠡᠴᠢᠯᠡᠭᠡᠨ ᠤ | ᠲᠥᠪ᠂ ᠬᠤᠲᠠ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠪ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ | ᠲᠠᠪᠴᠠᠩ ᠳᠤ ᠭᠠᠷᠤᠭᠰᠠᠨ ᠢᠨᠵᠧᠨᠧᠷᠢᠩ ᠤᠨ ᠳᠠᠭᠠᠭᠠᠴᠢᠯᠠᠯᠲᠠ ᠵᠠᠷᠯᠠᠬᠤ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠭᠠᠵᠠᠷ ᠰᠢᠷᠣᠶ ᠶᠢ ᠰᠢᠯᠵᠢᠭᠦᠯᠦᠨ | ᠬᠤᠳᠠᠯᠳᠤᠬᠤ᠂ ᠡᠳ᠋ ᠬᠥᠷᠥᠩᠭᠡ ᠶᠢ ᠰᠢᠢᠳᠪᠦᠷᠢᠯᠡᠬᠦ ᠪᠠ ᠥᠮᠴᠢᠯᠡᠬᠦ ᠡᠷᠬᠡ ᠶᠢ ᠠᠷᠠᠯᠵᠢᠶᠠᠯᠠᠬᠤ ᠵᠡᠷᠭᠡ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠬᠤ᠂ ᠦᠢᠯᠡᠴᠢᠯᠡᠬᠦ᠂ ᠬᠡᠷᠡᠭᠵᠢᠭᠦᠯᠬᠦ ᠪᠠ ᠲᠤᠬᠠᠶ ᠶᠢᠨ ᠲᠠᠯᠠᠪᠠᠢ ᠶᠢᠨ ᠬᠠᠮᠢᠶᠠᠷᠤᠯᠲᠠ ᠶᠢ ᠡᠭᠦᠷᠭᠡᠯᠡᠨ᠎ᠡ᠃ | ᠡᠯ᠎ᠡ ᠬᠤᠯᠪᠤᠭᠳᠠᠯ ᠪᠥᠬᠦᠶ ᠰᠠᠯᠠᠭ᠎ᠠ ᠮᠥᠴᠢᠷ ᠤᠳ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠠᠵᠢᠯᠲᠠᠨ ᠢᠶᠠᠨ ᠲᠤᠲᠤᠷᠬᠠᠢ ᠲᠤᠭᠲᠠᠭᠠᠨ᠂ | ᠠᠵᠢᠯ ᠤᠨ ᠶᠠᠪᠤᠴᠠ ᠪᠠᠨ ᠲᠡᠭᠦᠯᠳᠡᠷᠵᠢᠭᠦᠯᠵᠦ᠂ ᠬᠢᠨᠠᠯᠲᠠ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠪᠠᠨ ᠦᠨᠡᠨᠬᠦ ᠭᠦᠢᠴᠡᠳᠭᠡᠬᠦ ᠬᠡᠷᠡᠭᠲᠡᠶ᠃ | ︵ᠭᠤᠷᠪᠠ︶ ᠬᠠᠮᠵᠢᠯᠴᠠᠨ ᠬᠠᠮᠵᠢᠯᠴᠠᠬᠤ ᠶᠢ ᠴᠢᠩᠭᠠᠳᠬᠠᠬᠤ ᠬᠡᠷᠡᠭᠲᠡᠢ | ᠡᠯ᠎ᠡ ᠬᠤᠯᠪᠤᠭᠳᠠᠯ ᠪᠥᠬᠦᠶ ᠰᠠᠯᠠᠭ᠎ᠠ ᠮᠥᠴᠢᠷ ᠤᠳ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠴᠠᠭ ᠤᠨ ᠱᠠᠭᠠᠷᠳᠠᠯᠭ᠎ᠠ ᠶᠣᠰᠣᠭᠠᠷ ᠡᠯ᠎ᠡ ᠲᠥᠷᠥᠯ ᠤᠨ ᠣᠯᠠᠨ ᠨᠡᠶᠢᠲᠡ ᠶᠢᠨ | ᠡᠬᠢ ᠪᠠᠶᠠᠯᠢᠭ ᠤᠨ ᠠᠷᠠᠯᠵᠢᠶ᠎ᠠ ᠶᠢᠨ ᠲᠥᠷᠥᠯ ᠵᠦᠢᠯ ᠤᠨ ᠲᠠᠪᠴᠠᠩ ᠳᠤ ᠭᠠᠷᠴᠤ ᠠᠷᠠᠯᠵᠢᠶᠠᠯᠠᠬᠤ ᠠᠴᠠ ᠡᠮᠦᠨᠡᠬᠢ ᠪᠡᠯᠡᠳᠬᠡᠯ ᠠᠵᠢᠯ ᠢ ᠰᠠᠶᠢᠲᠤᠷ ᠬᠢᠵᠦ᠂ | ᠲᠠᠪᠴᠠᠩ ᠳᠤ ᠭᠠᠷᠴᠤ ᠠᠷᠠᠯᠵᠢᠶᠠᠯᠠᠬᠤ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ ᠨᠥᠬᠦᠴᠡᠯ᠂ ᠲᠠᠪᠴᠠᠩ ᠳᠤ ᠭᠠᠷᠬᠤ ᠴᠢᠬᠤᠯᠠ ᠨᠥᠬᠦᠴᠡᠯ ᠪᠠ | ᠠᠷᠠᠯᠵᠢᠶ᠎ᠠ ᠶᠢᠨ ᠶᠠᠪᠤᠴᠠ ᠶᠢ ᠲᠣᠳᠣᠷᠬᠠᠶᠢᠯᠠᠵᠤ᠂ ᠲᠠᠪᠴᠠᠩ ᠳᠤ ᠰᠢᠨ᠎ᠡ ᠪᠠᠷ ᠭᠠᠷᠤᠭᠰᠠᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠥᠷᠥᠯ | ᠵᠦᠢᠯ ᠤᠨ ᠡᠯᠧᠺᠲᠷᠣᠨ ᠠᠷᠠᠯᠵᠢᠶ᠎ᠠ ᠶᠢᠨ ᠰᠢᠰᠲ᠋ᠧᠮ ᠢ ᠰᠤᠳᠤᠯᠤᠨ ᠨᠡᠭᠡᠭᠡᠬᠦ ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃ ᠡᠯ᠎ᠡ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠯᠤᠭ᠎ᠠ ᠬᠠᠷᠢᠯᠴᠠᠨ ᠬᠠᠮᠵᠢᠯᠴᠠᠬᠤ ᠪᠠᠨ ᠴᠢᠩᠭᠠᠳᠬᠠᠵᠤ᠂ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠠᠵᠢᠯ ᠤᠨ ᠡᠷᠴᠢᠮ ᠢᠶᠠᠨ ᠴᠢᠩᠭᠠᠷᠠᠭᠤᠯᠤᠨ᠂ | ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠶᠡᠷᠦᠩᠬᠡᠶᠢᠯᠡᠭᠰᠡᠨ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠠᠮᠵᠢᠯᠴᠠᠨ ᠬᠢᠨᠠᠨ ᠬᠠᠮᠢᠶᠠᠷᠬᠤ ᠳᠠᠪᠠᠭᠤᠯᠢᠭ ᠢ ᠪᠠᠳᠠᠷᠠᠭᠤᠯᠵᠤ᠂ ᠡᠷᠬᠡ ᠲᠡᠭᠰᠢ ᠲᠥᠪ ᠭᠤᠤᠯᠴᠢ᠂ ᠢᠯᠡ | ᠲᠣᠳᠣ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ ᠃ | ︵ᠲᠦᠷᠪᠡ︶ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ | ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠯ᠎ᠡ ᠬᠤᠯᠪᠤᠭᠳᠠᠯ ᠪᠥᠬᠦᠶ ᠰᠠᠯᠠᠭ᠎ᠠ | ᠮᠥᠴᠢᠷ ᠲᠠᠢ ᠬᠠᠮᠲᠤᠷᠠᠨ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ ᠬᠦᠴᠦᠲᠡᠶ ᠠᠷᠭ᠎ᠠ ᠬᠡᠮᠵᠢᠶ᠎ᠡ ᠠᠪᠴᠤ᠂ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶ᠎ᠠ ᠶᠢᠨ ᠪᠠᠶᠢᠭᠤᠯᠤᠯ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠬᠦᠯᠵᠦ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ | ᠲᠦᠷᠢᠮ ᠢ ᠲᠡᠭᠦᠯᠲᠡᠷᠵᠢᠭᠦᠯᠬᠦ ᠬᠡᠷᠡᠭᠲᠡᠢ᠃ ᠲᠥᠷᠥᠯ ᠵᠦᠢᠯ ᠢ ᠬᠢᠨᠠᠨ ᠵᠥᠪᠰᠢᠶᠡᠷᠡᠬᠦ ᠪᠠ ᠦᠢᠯᠡᠴᠢᠯᠡᠭᠡᠨ ᠤ ᠰᠠᠯᠠᠭ᠎ᠠ ᠮᠥᠴᠢᠷ ᠳᠠᠭᠠᠭᠠᠴᠢᠯᠠᠯᠲᠠ ᠵᠠᠷᠯᠠᠬᠤ | ᠨᠥᠬᠦᠴᠡᠯ ᠢ ᠲᠣᠳᠣᠷᠬᠠᠶᠢᠯᠠᠵᠤ᠂ ᠲᠠᠪᠴᠠᠩ ᠳᠤ ᠭᠠᠷᠬᠤ ᠴᠢᠬᠤᠯᠠ ᠨᠥᠬᠦᠴᠡᠯ ᠢ ᠳᠥᠭᠦᠮᠴᠢᠯᠡᠨ᠂ ᠠᠷᠠᠯᠵᠢᠶᠠᠯᠠᠬᠤ ᠶᠠᠪᠤᠴᠠ ᠶᠢ ᠰᠢᠯᠢᠳᠡᠭᠵᠢᠭᠦᠯᠵᠦ᠂ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠰᠢᠭᠯᠠᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ ᠡᠯ᠎ᠡ ᠬᠢᠨᠠᠯᠲᠠ ᠬᠠᠮᠢᠶᠠᠷᠤᠯᠲᠠ ᠶᠢᠨ | ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠵᠠᠭᠠᠭ ᠬᠢᠵᠠᠭᠠᠷ ᠢ ᠲᠣᠳᠣᠷᠬᠠᠶᠢᠯᠠᠵᠤ᠂ ᠰᠠᠯᠠᠭ᠎ᠠ ᠮᠥᠴᠢᠷ ᠤᠨ ᠵᠣᠬᠢᠴᠠᠭᠤᠯᠤᠨ ᠵᠥᠪᠳᠡᠯᠴᠡᠬᠦ ᠲᠣᠭᠲᠠᠴᠠ ᠶᠢ | ᠪᠠᠶᠢᠭᠤᠯᠤᠨ᠂ ᠠᠷᠠᠯᠵᠢᠶ᠎ᠠ ᠶᠢᠨ ᠠᠵᠢᠯᠯᠠᠭ᠎ᠠ ᠶᠢᠨ ᠰᠡᠵᠢᠭᠯᠡᠯ᠂ ᠵᠠᠭᠠᠯᠳᠤᠯᠭ᠎ᠠ ᠵᠡᠷᠭᠡ ᠭᠤᠮᠣᠳᠠᠯ ᠱᠠᠭᠠᠷᠳᠠᠯᠭ᠎ᠠ ᠳᠤ ᠬᠠᠷᠢᠭᠤ ᠲᠤᠰᠬᠠᠵᠤ ᠰᠢᠢᠳᠪᠦᠷᠢᠯᠡᠬᠦ | ᠲᠣᠭᠲᠠᠴᠠ ᠶᠢ ᠲᠡᠭᠦᠯᠳᠡᠷᠵᠢᠭᠦᠯᠵᠦ᠂ ᠬᠠᠮᠲᠤᠷᠠᠨ ᠬᠢᠨᠠᠨ ᠬᠠᠮᠢᠶᠠᠷᠬᠤ ᠪᠠ ᠬᠠᠮᠵᠢᠯᠴᠠᠨ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ ︽ | ᠢᠨᠲ᠋ᠧᠷ ᠰᠦᠯᠵᠢᠶ᠎ᠡ + ᠬᠢᠨᠠᠨ ᠬᠠᠮᠢᠶᠠᠷᠤᠯᠲᠠ︾ ᠶᠢ ᠶᠡᠬᠡᠪᠡᠷ ᠬᠡᠷᠡᠭᠵᠢᠭᠦᠯᠵᠦ᠂ ᠬᠢᠨᠠᠨ ᠬᠠᠮᠢᠶᠠᠷᠬᠤ ᠴᠢᠳᠠᠪᠤᠷᠢ ᠪᠠᠨ ᠳᠡᠭᠡᠭᠰᠢᠯᠡᠭᠦᠯᠦᠨ᠂ ᠢᠲᠡᠭᠡᠯ | ᠠᠯᠳᠠᠭᠰᠠᠳ ᠢ ᠵᠠᠯᠬᠠᠭᠠᠨ ᠰᠢᠢᠳᠭᠡᠬᠦ ᠡᠷᠴᠢᠮ ᠢᠶᠠᠨ ᠴᠢᠩᠭᠠᠷᠠᠭᠤᠯᠵᠤ᠂ ᠲᠥᠪ ᠭᠤᠤᠯᠴᠢ ᠬᠢᠨᠠᠯᠲᠠ ᠬᠠᠮᠢᠶᠠᠷᠤᠯᠲᠠ ᠪᠠᠷ ᠪᠠᠷ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶ᠎ᠠ ᠶᠢᠨ ᠥᠨᠳᠥᠷ ᠪᠦᠲᠦᠮᠵᠢᠲᠡᠶ ᠬᠥᠭᠵᠢᠯᠲᠡ ᠶᠢ ᠠᠬᠢᠭᠤᠯᠬᠤ ᠬᠡᠷᠡᠭᠲᠡᠢ᠃ | | | |